ᠶᠠᠩ ᠳ᠋ᠦᠩ ᠸᠧᠶ ᠪᠤᠯᠪᠠᠰᠤᠷᠠᠭᠤᠯᠤᠯᠳᠠ ᠶᠢᠨ ᠲᠣᠭᠤᠷᠢᠭ ᠤᠨ ᠪᠠᠷᠠᠭᠤᠨ ᠭᠠᠷᠴᠠ ᠶᠢᠨ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠲᠣᠬᠢᠷᠠᠭᠤᠯᠪᠠ
ᠨᠡᠶᠢᠲᠡᠯᠡᠭᠰᠡᠨ ᠴᠠᠭ᠄
2024/7/22
      7 ᠰᠠᠷ᠎ᠠ ᠶᠢᠨ 11 ᠤ ᠡᠳᠦᠷ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠶᠠᠩ ᠳ᠋ᠦᠩ ᠸᠧᠶ ᠪᠤᠯᠪᠠᠰᠤᠷᠠᠭᠤᠯᠤᠯᠳᠠ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠳᠡᠯ ᠠᠭᠤᠯᠠ ᠪᠠᠯᠭᠠᠰᠤ᠂ ᠲᠥᠷᠥᠯ ᠵᠦᠢᠯ ᠤᠨ ᠺᠣᠮᠫᠠᠨᠢ ᠵᠡᠷᠭᠡ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠤᠨ ᠢ ᠵᠣᠬᠢᠶᠠᠨ ᠪᠠᠶᠢᠭᠤᠯᠵᠤ ᠭᠠᠭᠴᠠᠮᠤᠳᠤ ᠬᠢᠯᠢ ᠶᠢᠨ ᠪᠣᠭᠤᠮᠲᠠ ᠶᠢᠨ ᠪᠣᠯᠪᠠᠰᠤᠷᠠᠭᠤᠯᠤᠯᠳᠠ ᠶᠢᠨ ᠲᠣᠭᠤᠷᠢᠭ ᠤᠨ ᠪᠠᠷᠠᠭᠤᠨ ᠭᠠᠷᠴᠠ ᠶᠢᠨ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠴᠡᠭᠴᠡᠯᠡᠨ ᠵᠠᠰᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ  ᠰᠢᠢᠳᠪᠦᠷᠢᠯᠡᠬᠦ ᠶᠢ ᠲᠤᠬᠠᠶ ᠶᠢᠨ ᠭᠠᠵᠠᠷ ᠲᠤᠨᠢ ᠠᠬᠢᠭᠤᠯᠪᠠ᠃ ᠪᠤᠯᠪᠠᠰᠤᠷᠠᠭᠤᠯᠤᠯᠳᠠ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠲᠦᠷᠦᠭᠦᠯᠡᠨ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠰᠦᠯ ᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠢᠨᠵᠧᠨᠧᠷᠢᠩ ᠢ ᠬᠡᠷᠡᠭᠵᠢᠭᠦᠯᠬᠦ ᠭᠠᠵᠠᠷ ᠣᠷᠣᠨ ᠨᠢᠭᠡᠪᠦᠷᠢ ᠳᠤ ᠬᠦᠷᠲᠡᠯ᠎ᠡ ᠪᠣᠳᠠᠲᠠᠶᠢᠵᠢᠭᠤᠯᠬᠤ ᠶᠢ ᠱᠠᠭᠠᠷᠳᠠᠪᠠ᠃ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠺᠣᠮᠫᠠᠨᠢ ᠨᠢ ᠶᠡᠷᠦᠩᠬᠡᠶᠢᠯᠡᠨ ᠵᠠᠰᠠᠬᠤ ᠠᠵᠢᠯ ᠢ ᠴᠢᠨᠠᠷ ᠰᠠᠶᠢᠲᠠᠶ ᠠᠬᠢᠭᠤᠯᠵᠤ᠂ ᠢᠨᠵᠧᠨᠧᠷᠢᠩ ᠢ ᠡᠷᠲᠡᠬᠡᠨ ᠳᠠᠭᠤᠰᠬᠠᠬᠤ ᠶᠢ ᠪᠠᠲᠤᠯᠠᠨ᠂ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠬᠡᠷᠡᠭᠲᠡᠶ ᠬᠡᠵᠦ ᠱᠠᠭᠠᠷᠳᠠᠪᠠ᠃
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ