ᠤᠷᠠᠳ ᠤᠨ ᠳᠤᠮᠳᠠᠳᠤ ᠬᠤᠰᠢᠭᠤᠨ ᠤ ᠳᠡᠯ ᠠᠭᠤᠯᠠ ᠪᠠᠯᠭᠠᠰᠤᠨ ᠤ ᠯᠠᠵᠤᠤ ᠡᠯᠪᠡᠭ ᠬᠤᠷᠢᠶᠠᠯᠲᠠ ᠣᠯᠵᠠᠢ
ᠨᠡᠶᠢᠲᠡᠯᠡᠭᠰᠡᠨ ᠴᠠᠭ᠄
2024/7/22
      ᠣᠶᠢᠷ᠎ᠠ ᠶᠢᠨ ᠡᠳᠦᠷ᠂ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠤ ᠳᠡᠯ ᠠᠭᠤᠯᠠ ᠪᠠᠯᠭᠠᠰᠤᠨ ᠤ ᠠᠩᠬᠠᠳᠤᠭᠠᠷ ᠬᠤᠭᠤᠴᠠᠭᠠᠨ ᠤ ᠯᠠᠵᠤᠤ  ᠶᠢᠨ ᠠᠵᠤ ᠦᠢᠯᠡᠰ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠤ ᠦᠢᠯᠡᠰ ᠤᠨ ᠲᠠᠨᠢᠯᠴᠠᠭᠤᠯᠭ᠎ᠠ ᠶᠢᠨ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠪᠠ᠂ ᠣᠷᠤᠨ ᠤ ᠳᠣᠲᠣᠭᠠᠳᠤ ᠭᠠᠳᠠᠭᠠᠳᠤ ᠶᠢᠨ ᠬᠤᠳᠠᠯᠳᠤᠭᠠᠴᠢᠳ ᠤᠨ ᠨᠡᠶᠢᠭᠡᠮᠯᠢᠭ᠂ ᠠᠵᠤ ᠠᠬᠤᠶᠢᠯᠠᠯ ᠤᠨ ᠲᠥᠯᠥᠭᠡᠯᠡᠭᠴᠢ 140 ᠭᠠᠷᠤᠢ ᠬᠦᠮᠦᠨ ᠬᠠᠮᠲᠤ ᠪᠠᠷ ᠯᠠᠵᠤᠤ ᠶᠢᠨ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠪᠠ ᠢᠷᠡᠭᠡᠳᠦᠢ ᠶᠢᠨ ᠬᠦᠭᠵᠢᠯᠲᠡ ᠶᠢᠨ ᠲᠤᠬᠠᠢ ᠰᠤᠳᠤᠯᠤᠨ ᠶᠠᠷᠢᠯᠴᠠᠵᠤ᠂ ᠯᠠᠵᠤᠤ ᠶᠢᠨ ᠠᠵᠤ ᠦᠢᠯᠡᠰ ᠤᠨ ᠰᠢᠯᠢᠳᠡᠭᠵᠢᠨ ᠬᠥᠭᠵᠢᠬᠦ᠂ ᠥᠭᠡᠳᠡᠯᠡᠨ ᠳᠠᠪᠰᠢᠬᠤ ᠶᠢ ᠲᠦᠯᠬᠢᠨ ᠠᠬᠢᠭᠤᠯᠪᠠ᠃       ᠣᠶᠢᠷ᠎ᠠ ᠶᠢᠨ ᠵᠢᠯ ᠠᠴᠠ ᠨᠠᠭᠠᠰᠢ᠂ ᠳᠡᠯ ᠠᠭᠤᠯᠠ ᠪᠠᠯᠭᠠᠰᠤ ᠦᠪᠡᠷ ᠤᠨ ᠡᠬᠢ ᠪᠠᠶᠠᠯᠢᠭ ᠤᠨ ᠳᠠᠪᠠᠭᠤᠯᠢᠭ ᠲᠤ ᠪᠠᠨ ᠰᠠᠭᠤᠷᠢᠯᠠᠵᠤ᠂ ᠬᠠᠮᠲᠤ ᠶᠢᠨ ᠠᠵᠤ ᠠᠬᠤᠢ  ᠶᠢ ᠬᠥᠭᠵᠢᠭᠦᠯᠦᠨ ᠪᠤᠵᠠᠭᠠᠶᠢᠷᠠᠭᠤᠯᠬᠤ ᠪᠠᠷ ᠭᠠᠷᠳᠠᠴᠠ ᠪᠣᠯᠭᠠᠵᠤ᠂ ᠯᠠᠵᠤᠤ ᠲᠠᠷᠢᠬᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠯᠠᠵᠤᠤ ᠲᠠᠷᠢᠬᠤ ᠠᠴᠠ ᠯᠠᠵᠤᠤ ᠶᠢ ᠨᠠᠷᠢᠯᠢᠭ ᠡᠳ᠋ᠰᠢᠭᠦᠯᠬᠦ ᠬᠦᠷᠲᠡᠯ᠎ᠡ ᠪᠦᠬᠦ ᠶᠠᠪᠤᠴᠠ ᠶᠢ ᠬᠦᠭᠵᠢᠭᠦᠯᠵᠦ᠂ ᠣᠬᠤᠷᠬᠠᠨ ᠬᠡᠳᠦᠨ ᠵᠢᠯ ᠤᠨ ᠬᠤᠭᠤᠴᠠᠭᠠᠨ ᠳᠤ᠂ ᠯᠠᠵᠤᠤ ᠶᠢᠨ ᠦᠢᠯᠡᠰ ᠨᠢ ᠨᠢᠭᠡᠨᠲᠡ ᠳᠡᠯ ᠠᠭᠤᠯᠠ ᠪᠠᠯᠭᠠᠰᠤᠨ ᠤ ᠭᠡᠷᠡᠯ ᠰᠠᠴᠤᠷᠠᠭᠰᠠᠨ ᠨᠡᠷ᠎ᠡ ᠶᠢᠨ ᠬᠠᠭᠤᠳᠠᠰᠤ ᠪᠣᠯᠵᠠᠢ᠃       ᠴᠠᠭ ᠮᠥᠴᠡ ᠶᠢ ᠡᠷᠭᠢᠴᠡᠭᠦᠯᠬᠦᠶ᠎ᠡ᠂ 2018 ᠣᠨ ᠳᠤ᠂ ᠳᠡᠯ ᠠᠭᠤᠯᠠ ᠪᠠᠯᠭᠠᠰᠤᠨ ᠤ ᠰᠾᠢ ᠢ ᠲᠠᠩ ᠲᠣᠰᠬᠤᠨ ᠤ ᠨᠠᠮ ᠤᠨ ᠡᠭᠦᠷ ᠯᠠᠵᠤᠤ ᠳᠠᠷᠢᠬᠤ ᠳᠠᠪᠠᠭᠤᠯᠢᠭ ᠢᠶᠠᠨ ᠠᠰᠢᠭᠯᠠᠵᠤ᠂ ︽ᠨᠠᠮ ᠤᠨ ᠡᠭᠦᠷ + ᠬᠦᠷᠢᠶᠡᠯᠡᠩ ᠲᠣᠭᠤᠷᠢᠭ + ᠠᠵᠤ ᠠᠬᠤᠶᠢᠯᠠᠯ + ᠨᠠᠮ ᠤᠨ ᠭᠡᠰᠢᠭᠦᠨ + ᠲᠠᠷᠢᠶᠠᠴᠢᠨ ᠡᠷᠦᠬᠡ + ᠶᠠᠳᠠᠭᠤ ᠬᠦᠴᠢᠷᠳᠡᠯᠲᠡᠢ ᠡᠷᠦᠬᠡ︾ ᠶᠢᠨ ᠬᠥᠭᠵᠢᠯᠲᠡ ᠶᠢᠨ ᠵᠠᠭᠪᠤᠷ ᠶᠣᠰᠣᠭᠠᠷ᠂ ᠢ ᠲᠠᠩ ᠬᠤᠩ ᠢᠳᠡᠭᠡᠨ ᠤ ᠬᠢᠵᠠᠭᠠᠷᠲᠤ ᠺᠣᠮᠫᠠᠨᠢ ᠶᠢ ᠡᠭᠦᠳᠦᠨ ᠪᠠᠶᠢᠭᠤᠯᠵᠤ᠂ ᠯᠠᠵᠤᠤ ᠶᠢᠨ ᠬᠠᠭᠠᠰ ᠪᠦᠲᠦᠭᠡᠭᠳᠡᠬᠦᠨ ᠤ ᠦᠢᠯᠡᠳᠪᠦᠷᠢᠯᠡᠯ ᠤᠨ ᠱᠤᠭᠤᠮ ᠵᠢᠴᠢ ᠪᠦᠷᠢᠨ ᠠᠲ᠋ᠦ᠋ᠴᠢᠯᠠᠭᠰᠠᠨ ᠯᠠᠵᠤᠤ ᠶᠢᠨ ᠵᠢᠶᠠᠩ ᠦᠢᠯᠡᠳᠪᠦᠷᠢᠯᠡᠬᠦ ᠴᠤᠪᠤᠷᠠᠯ ᠱᠤᠭᠤᠮ ᠪᠠ ᠪᠦᠲᠦᠭᠡᠭᠳᠡᠬᠦᠨ ᠡᠳ᠋ᠰᠢᠭᠦᠯᠬᠦ ᠦᠢᠯᠡᠳᠪᠦᠷᠢ ᠶᠢᠨ ᠲᠠᠰᠤᠭ ᠢ ᠲᠣᠬᠢᠷᠠᠭᠤᠯᠤᠨ᠂ ᠰᠢᠨ᠎ᠡ ᠰᠣᠷᠭᠤᠭ ᠯᠠᠵᠤᠤ ᠶᠢᠨ ᠵᠢᠶᠠᠩ ᠢᠶᠠᠷ ᠭᠤᠣᠯ ᠪᠣᠯᠭᠠᠭᠰᠠᠨ᠂ ᠣᠷᠣᠨ ᠨᠤᠲᠤᠭ ᠤᠨ ᠣᠨᠴᠠᠯᠢᠭ ᠲᠠᠢ ᠴᠡᠪᠡᠷ ᠪᠠᠶᠢᠭᠠᠯᠢᠯᠢᠭ ᠲᠠᠷᠢᠶᠠᠴᠢᠨ ᠡᠷᠦᠬᠡ ᠶᠢᠨ ᠢᠳᠡᠭᠡᠨ ᠢ ᠦᠢᠯᠡᠳᠪᠦᠷᠢᠯᠡᠨ ᠡᠳ᠋ᠰᠢᠭᠦᠯᠵᠦ᠂ ᠠᠵᠤ ᠦᠢᠯᠡᠰ ᠤᠨ ᠬᠡᠯᠬᠢᠶᠡᠵᠢᠯ ᠢ ᠤᠯᠠᠮ ᠨᠢᠭᠡ ᠠᠯᠬᠤᠮ ᠤᠷᠳᠤᠳᠬᠠᠪᠠ᠃       2022 ᠣᠨ ᠳᠤ᠂ ᠨᠠᠮ ᠤᠨ ᠡᠭᠦᠷ ᠠᠴᠠ ᠬᠤᠷᠰᠢᠶᠠᠵᠢᠯ ᠢ ᠳᠠᠭᠠᠭᠤᠯᠤᠨ ᠡᠷᠬᠢᠯᠡᠬᠦ ᠠᠵᠠ ᠲᠣᠬᠢᠶᠠᠯ ᠢ ᠴᠢᠩᠭ᠎ᠠ ᠠᠳᠬᠤᠵᠤ᠂ ᠰᠾᠢ ᠢ ᠲᠠᠩ ᠲᠣᠰᠬᠤᠨ ᠤ ᠨᠠᠮ ᠤᠨ ᠡᠭᠦᠷ ᠵᠥᠩ ᠶᠤᠸᠠᠢ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ ᠢ ᠫᠠᠶᠢᠰᠠ ᠡᠯᠭᠦᠨ ᠪᠠᠶᠢᠭᠤᠯᠵᠤ᠂ ᠭᠠᠵᠠᠷ ᠰᠢᠷᠣᠢ ᠶᠢ ᠲᠥᠪᠯᠡᠷᠡᠭᠦᠯᠦᠨ ᠡᠷᠭᠢᠯᠲᠡ ᠳᠤ ᠣᠷᠣᠭᠤᠯᠵᠤ ᠡᠷᠳᠡᠨᠢ ᠰᠢᠰᠢ ᠶᠢ ᠰᠢᠷ᠎ᠠ ᠪᠤᠷᠴᠠᠭ ᠪᠠ ᠯᠠᠵᠤᠤ ᠲᠠᠢ ᠲᠠᠪᠬᠤᠷᠯᠠᠨ ᠲᠠᠷᠢᠬᠤ ᠵᠢᠴᠢ ᠠᠵᠤ ᠠᠬᠤᠶᠢᠯᠠᠯ ᠢ ᠬᠤᠯᠪᠤᠭᠠᠯᠠᠨ ᠦᠢᠯᠡᠳᠪᠦᠷᠢ ᠪᠠᠶᠢᠭᠤᠯᠤᠨ ᠯᠠᠵᠤᠤ ᠡᠳ᠋ᠰᠢᠭᠦᠯᠵᠦ᠂ ᠯᠠᠵᠤᠤ ᠡᠳ᠋ᠰᠢᠭᠦᠯᠬᠦ᠂ ᠰᠤᠩᠭᠤᠬᠤ᠂ ᠬᠠᠲᠠᠭᠠᠬᠤ᠂ ᠬᠠᠳᠠᠭᠠᠯᠠᠬᠤ ᠶᠢ ᠨᠢᠭᠡ ᠴᠣᠭᠴᠠᠵᠢᠭᠤᠯᠤᠭᠰᠠᠨ ᠬᠠᠭᠠᠰ ᠪᠦᠲᠦᠭᠡᠭᠳᠡᠬᠦᠨ ᠤ ᠦᠢᠯᠡᠳᠪᠦᠷᠢᠯᠡᠯ ᠡᠳ᠋ᠰᠢᠭᠦᠯᠦᠯᠲᠡ ᠶᠢᠨ ᠰᠠᠭᠤᠷᠢᠨ ᠭᠠᠵᠠᠷ ᠢ ᠪᠠᠶᠢᠭᠤᠯᠵᠤ᠂ ᠨᠠᠮ ᠤᠨ ᠭᠡᠰᠢᠭᠦᠨ ᠤᠯᠠᠨ ᠲᠦᠮᠡᠨ ᠢ ᠲᠠᠶᠢᠴᠢᠯᠠᠨ ᠪᠦᠯᠬᠦᠮᠳᠡᠭᠦᠯᠦᠨ ᠬᠥᠭᠵᠢᠭᠦᠯᠵᠦ᠂ ᠲᠣᠰᠬᠤᠨ ᠤ ᠠᠷᠠᠳ ᠤᠨ ᠢᠳᠡᠪᠬᠢᠲᠡᠢ ᠪᠠᠷ ᠬᠤᠷᠰᠢᠶᠠᠵᠢᠯ ᠳᠤ ᠣᠷᠣᠬᠤ ᠶᠢ ᠵᠣᠷᠢᠭᠵᠢᠭᠤᠯᠵᠤ᠂ ᠨᠡᠩ ᠤᠯᠠᠨ ᠲᠦᠮᠡᠨ ᠳᠤ ᠯᠠᠵᠤᠤ ᠶᠢᠨ ᠡᠯᠪᠡᠭ ᠬᠤᠷᠢᠶᠠᠯᠲᠠ ᠣᠯᠣᠭᠰᠠᠨ ᠦᠷ᠎ᠡ ᠪᠦᠲᠦᠭᠡᠯ ᠢ ᠡᠳ᠋ᠯᠡᠭᠦᠯᠪᠡ᠃ ᠲᠤᠬᠠᠢ ᠶᠢᠨ ᠵᠢᠯ ᠳᠤ᠂ ᠯᠠᠵᠤᠤ ᠲᠠᠷᠢᠭᠰᠠᠨ ᠭᠡᠰᠢᠭᠦᠳ ᠲᠤ ᠪᠠᠨ 234 ᠲᠦᠮᠡᠨ ᠲᠥᠭᠦᠷᠢᠭ ᠤᠨ ᠠᠰᠢᠭ ᠣᠷᠣᠯᠭ᠎ᠠ ᠬᠤᠪᠢᠶᠠᠨ ᠥᠭᠴᠦ᠂ ᠬᠤᠷᠰᠢᠶᠠᠵᠢᠯ ᠤᠨ ᠴᠡᠪᠡᠷ ᠠᠰᠢᠭ ᠣᠷᠣᠯᠭ᠎ᠠ ᠨᠢ 300 ᠭᠠᠷᠤᠢ ᠲᠦᠮᠡᠨ ᠲᠥᠭᠦᠷᠢᠭ ᠲᠤ ᠬᠦᠷᠴᠡᠢ᠃       ᠰᠾᠢ ᠢ ᠲᠠᠩ ᠲᠣᠰᠬᠤᠨ ᠤ ︽ᠴᠡᠭ ᠢᠶᠠᠷ ᠨᠡᠶᠢᠳᠡᠮ ᠢ ᠳᠠᠶᠢᠴᠢᠯᠠᠬᠤ︾ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠳᠠᠭᠠᠯᠳᠤᠨ᠂ ᠳᠡᠯ ᠠᠭᠤᠯᠠ ᠪᠠᠯᠭᠠᠰᠤᠨ ᠤ ᠯᠠᠵᠤᠤ ᠲᠠᠷᠢᠬᠤ ᠲᠠᠯᠠᠪᠠᠢ ᠨᠢᠭᠡᠨᠲᠡ ᠬᠤᠶᠠᠷ ᠲᠦᠮᠡᠨ ᠮᠦ ᠶᠢ ᠳᠠᠪᠠᠵᠤ᠂ ᠲᠠᠷᠢᠮᠠᠯ ᠳᠤ ᠬᠡᠷᠡᠭᠯᠡᠭᠰᠡᠨ ᠴᠢᠬᠢ ᠮᠣᠳᠣᠨ ᠤ ᠬᠡᠮᠵᠢᠶ᠎ᠡ 0.85 ᠳ᠋ᠦᠩᠰᠢᠭᠤᠷ ᠰᠢᠬᠠᠮ ᠰᠠᠭᠤᠷᠢ ᠳᠤ ᠬᠦᠷᠴᠡᠢ᠃ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠤᠭᠲᠤᠨ ᠳᠡᠯ ᠠᠭᠤᠯᠠ ᠪᠠᠯᠭᠠᠰᠤ ᠪᠠᠰᠠ ᠰᠢᠨ᠎ᠡ ᠬᠥᠭᠵᠢᠯᠲᠡ ᠶᠢᠨ ᠠᠵᠠ ᠲᠣᠬᠢᠶᠠᠯ ᠢ ᠡᠷᠢᠯᠬᠢᠯᠡᠵᠦ ᠡᠬᠢᠯᠡᠪᠡ᠃       ︽ᠨᠢᠭᠡ ᠪᠠᠯᠭᠠᠰᠤ ᠨᠢᠭᠡ ᠨᠡᠷᠡᠲᠦ ᠲᠦᠷᠦᠯ ᠳᠡᠮᠳᠡᠭᠲᠦ︾ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠨ ᠳᠡᠭᠡᠷ᠎ᠡ᠂ ᠳᠡᠯ ᠠᠭᠤᠯᠠ ᠪᠠᠯᠭᠠᠰᠤ ᠤᠳᠤᠷᠢᠳᠬᠤ ᠺᠠᠳ᠋ᠷ᠂ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ ᠪᠠᠷ ᠪᠦᠷᠢᠯᠳᠦᠭᠦᠯᠦᠭᠰᠡᠨ ᠠᠷᠠᠯᠵᠢᠶᠠᠴᠢᠨ ᠤᠷᠢᠬᠤ ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠵᠤ᠂ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ᠂ ᠯᠠᠵᠤᠤ ᠶᠢᠨ ᠨᠠᠷᠢᠯᠢᠭ ᠡᠳ᠋ᠰᠢᠭᠦᠯᠦᠯᠲᠡ᠂ ᠲᠦᠷᠦᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠲᠥᠯᠥᠪᠵᠢᠭᠦᠯᠦᠨ ᠡᠵᠡᠩᠨᠡᠬᠦ ᠵᠡᠷᠭᠡ ᠲᠠᠯ᠎ᠠ ᠪᠠᠷ ᠲᠡᠷᠢᠭᠦᠨ ᠤ ᠭᠠᠵᠠᠷ ᠣᠷᠣᠨ ᠳᠤ ᠬᠦᠷᠴᠦ ᠠᠷᠠᠯᠵᠢᠶᠠᠴᠢᠨ ᠤᠷᠢᠵᠤ ᠰᠤᠷᠤᠯᠴᠠᠭᠤᠯᠵᠤ᠂ ᠤᠯᠠᠭᠠᠨ ᠯᠠᠵᠤᠤ ᠶᠢᠨ ᠨᠡᠷᠡᠲᠦ ᠲᠦᠷᠦᠯ ᠲᠡᠮᠳᠡᠭᠲᠦ ᠶᠢ ᠪᠦᠬᠦ ᠬᠦᠴᠦᠨ ᠢᠶᠠᠷ ᠢᠶᠠᠨ ᠠᠯᠳᠠᠷᠰᠢᠭᠤᠯᠪᠠ᠃       ᠡᠭᠦᠨ ᠤ ᠬᠠᠮᠲᠤ᠂ ᠳᠡᠯ ᠠᠭᠤᠯᠠᠨ ᠪᠠᠯᠭᠠᠰᠤ ᠣᠳᠣ ᠪᠠᠶᠢᠭ᠎ᠠ ᠠᠵᠤ ᠦᠢᠯᠡᠰ ᠤᠨ ᠳᠠᠪᠠᠭᠤᠯᠢᠭ ᠢᠶᠠᠨ ᠦᠷᠭᠦᠯᠵᠢᠯᠡᠨ ᠭᠦᠨ ᠠᠭᠤᠳᠠᠯᠵᠤ᠂ ︽ᠪᠣᠯᠪᠠᠰᠤᠷᠠᠭᠤᠯᠬᠤ︾ ᠪᠠ ︽ᠨᠡᠷᠡᠲᠦ ᠲᠦᠷᠦᠯ ᠳᠡᠮᠳᠡᠭᠲᠦ︾ ᠳᠤ ᠪᠦᠬᠦ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠬᠦᠷᠢᠶᠡᠯᠡᠩ᠂ ᠨᠢᠭᠡ ᠬᠤᠲᠠ᠂ ᠬᠤᠶᠠᠷ ᠰᠠᠭᠤᠷᠢᠨ ᠭᠠᠵᠠᠷ᠂ N ᠰᠣᠩᠭᠤᠬᠤ ᠦᠢᠯᠡᠳᠪᠦᠷᠢ︾ ᠶᠢᠨ ᠣᠷᠣᠨ ᠵᠠᠢ ᠶᠢᠨ ᠪᠠᠶᠢᠷᠢᠰᠢᠯ ᠢ ᠲᠥᠯᠥᠪᠵᠢᠭᠦᠯᠦᠨ ᠪᠠᠶᠢᠭᠤᠯᠵᠤ᠂ ᠳᠠᠷᠤᠢ ᠳᠡᠯ ᠠᠭᠤᠯᠠᠨ ᠤ ᠯᠠᠵᠤᠤ ᠶᠢᠨ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ᠂ ᠤᠮᠠᠷᠠᠲᠤ ᠶᠢᠨ ᠯᠠᠵᠤᠤ ᠶᠢᠨ ᠬᠤᠲᠠ᠂ ᠳᠡᠯ ᠠᠭᠤᠯᠠᠨ ᠤ ᠯᠠᠵᠤᠤ ᠶᠢᠨ ᠦᠷ᠎ᠡ ᠪᠤᠶᠢᠵᠢᠭᠤᠯᠵᠤ ᠴᠢᠬᠢ ᠪᠤᠶᠢᠵᠢᠭᠤᠯᠬᠤ ᠰᠠᠭᠤᠷᠢᠨ ᠭᠠᠵᠠᠷ ᠪᠠ ᠯᠠᠵᠤᠤ ᠶᠢᠨ ᠲᠠᠷᠢᠮᠠᠯ ᠤᠨ ᠰᠠᠭᠤᠷᠢᠨ ᠭᠠᠵᠠᠷ᠂ ᠳᠡᠯ ᠠᠭᠤᠯᠠ ᠪᠠᠯᠭᠠᠰᠤᠨ ᠤ ᠲᠣᠰᠬᠤᠨ ᠤ ᠳᠤᠭᠤᠶᠢᠯᠠᠩ ᠤᠨ ᠯᠠᠵᠤᠤ ᠶᠢᠨ ᠠᠩᠬ᠎ᠠ ᠰᠤᠩᠭᠤᠭᠰᠠᠨ ᠦᠢᠯᠡᠳᠪᠦᠷᠢ ᠪᠣᠯᠣᠨ᠎ᠠ᠃ ᠦᠷ᠎ᠡ ᠠᠴᠠ ᠬᠥᠮᠥᠷᠭᠡ ᠪᠠᠶᠢᠭᠤᠯᠬᠤ᠂ ᠲᠠᠷᠢᠶᠠᠨ ᠴᠢᠬᠢ ᠶᠢ ᠦᠷᠡᠵᠢᠭᠦᠯᠦᠨ ᠪᠤᠶᠢᠵᠢᠭᠤᠯᠬᠤ᠂ ᠲᠠᠷᠢᠶᠠᠨ ᠭᠠᠵᠠᠷ ᠤᠨ ᠤᠷᠭᠤᠮᠠᠯ ᠢ ᠬᠠᠮᠠᠭᠠᠯᠠᠬᠤ᠂ ᠲᠠᠷᠢᠶᠠᠯᠠᠵᠤ ᠬᠤᠷᠢᠶᠠᠬᠤ ᠮᠠᠰᠢᠨ ᠮᠧᠬᠠᠨᠢᠭ᠂ ᠬᠥᠮᠥᠷᠭᠡᠯᠡᠵᠦ ᠳᠠᠮᠵᠢᠭᠤᠯᠤᠨ ᠵᠥᠭᠡᠭᠡᠪᠦᠷᠢᠯᠡᠬᠦ᠂ ᠠᠩᠬ᠎ᠠ ᠨᠠᠷᠢᠯᠢᠭ ᠪᠣᠯᠪᠠᠰᠤᠷᠠᠭᠤᠯᠬᠤ᠂ ᠠᠮᠢᠳᠤ ᠪᠣᠳᠠᠰ ᠢ ᠴᠡᠪᠡᠷᠵᠢᠭᠦᠯᠬᠦ᠂ ᠨᠠᠷᠠᠲᠤ ᠲᠦᠷᠦᠯ ᠲᠡᠮᠳᠡᠭᠲᠦ ᠶᠢ ᠪᠠᠶᠢᠭᠤᠯᠬᠤ᠂ ᠠᠷᠭ᠎ᠠ ᠵᠠᠮ ᠢ ᠥᠷᠭᠡᠳᠬᠡᠬᠦ᠂ ᠬᠡᠷᠡᠭᠯᠡᠭᠡ ᠶᠢᠨ ᠡᠬᠢ ᠰᠤᠷᠪᠤᠯᠵᠢ ᠶᠢ ᠡᠷᠢᠬᠦ ᠵᠡᠷᠭᠡ ᠠᠷᠪᠠᠨ ᠶᠡᠭᠡ ᠭᠤᠭᠴᠤᠭ᠎ᠠ ᠠᠴᠠ ᠰᠢᠰᠲ᠋ᠧᠮᠵᠢᠭᠦᠯᠦᠨ᠂ ᠨᠠᠷᠢᠯᠢᠭ ᠣᠨᠣᠴᠠᠲᠠᠢ ᠲᠥᠯᠥᠪᠵᠢᠭᠦᠯᠦᠨ ᠪᠠᠶᠢᠷᠢᠰᠢᠭᠤᠯᠵᠤ᠂ ᠬᠦᠲᠦᠯᠦᠨ ᠳᠠᠭᠠᠭᠤᠯᠬᠤ ᠺᠣᠮᠫᠠᠨᠢ ᠶᠢᠨ ᠵᠠᠬ᠎ᠠ ᠳᠡᠯᠭᠡᠭᠦᠷ ᠪᠠ ᠪᠡᠯᠡ ᠮᠥᠩᠭᠦ ᠶᠢᠨ ᠳᠠᠪᠠᠭᠤᠯᠢᠭ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠪᠠ ᠰᠠᠭᠤᠷᠢᠨ ᠭᠠᠵᠠᠷ ᠤᠨ ᠳᠠᠪᠠᠭᠤᠯᠢᠭ᠂ ᠲᠠᠷᠢᠮᠠᠯ ᠤᠨ ᠴᠢᠳᠠᠪᠤᠷᠢᠲᠠᠨ ᠤ ᠮᠡᠷᠭᠡᠵᠢᠯ ᠤᠨ ᠳᠠᠪᠠᠭᠤᠯᠢᠭ ᠢ ᠪᠥᠬᠦ ᠲᠠᠯ᠎ᠠ ᠪᠠᠷ ᠶᠡᠬᠡᠰᠬᠡᠵᠦ᠂ ᠳᠡᠯ ᠠᠭᠤᠯᠠ ᠪᠠᠯᠭᠠᠰᠤᠨ ᠤ ᠯᠠᠵᠤᠤ ᠶᠢᠨ ᠨᠠᠷᠠᠲᠤ ᠲᠥᠷᠥᠯ ᠲᠡᠮᠳᠡᠭᠲᠦ ᠶᠢᠨ ᠨᠡᠷ᠎ᠡ ᠠᠯᠳᠠᠷᠰᠢᠯ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠪᠠ᠃       ︽ᠪᠢᠳᠡ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠢᠳᠡᠪᠬᠢᠵᠢᠯ ᠢ ᠦᠷᠭᠦᠯᠵᠢᠯᠡᠨ ᠳᠠᠶᠢᠴᠢᠯᠠᠵᠤ᠂ ᠡᠯ᠎ᠡ ᠠᠵᠤ ᠠᠬᠤᠶᠢᠯᠠᠯ ᠤᠨ ᠪᠡᠯᠡ ᠮᠥᠩᠭᠦ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ ᠤ ᠳᠠᠪᠠᠭᠤᠯᠢᠭ ᠢ ᠨᠢᠭᠲᠠᠷᠠᠭᠤᠯᠵᠤ᠂ ᠯᠠᠵᠤᠤ ᠶᠢᠨ ᠠᠵᠤ ᠦᠢᠯᠡᠰ ᠤᠨ ᠬᠥᠭᠵᠢᠯᠲᠡ ᠳᠤ ᠪᠦᠬᠦ ᠲᠠᠯ᠎ᠠ ᠪᠠᠷ ᠠᠭᠤᠰᠤᠯᠴᠠᠭᠤᠯᠵᠤ᠂ ᠳᠡᠯ ᠠᠭᠤᠯᠠ ᠪᠠᠯᠭᠠᠰᠤ ᠶᠢᠨ ︿ᠨᠢᠭᠡ ᠪᠠᠯᠭᠠᠰᠤ ᠨᠢᠭᠡ ᠨᠡᠷᠡᠲᠦ ᠲᠦᠷᠦᠯ ᠲᠡᠮᠳᠡᠭᠲᠦ﹀ ᠶᠢᠨ ᠯᠠᠵᠤᠤ ᠶᠢᠨ ᠪᠦᠬᠦ ᠠᠵᠤ ᠦᠢᠯᠡᠰ ᠤᠨ ᠬᠡᠯᠬᠢᠶᠡᠵᠢᠯ ᠤᠨ ᠬᠥᠭᠵᠢᠯᠲᠡ ᠶᠢ ᠰᠠᠶᠢᠵᠢᠷᠠᠭᠤᠯᠵᠤ᠂ ᠰᠢᠯᠢᠳᠡᠭᠵᠢᠭᠦᠯᠵᠦ᠂ ᠳᠡᠭᠡᠳᠦ ᠳᠡᠰ ᠲᠡᠰᠢ ᠬᠥᠭᠵᠢᠭᠦᠯᠵᠦ᠂ ᠨᠡᠩ ᠤᠯᠠᠨ ᠤᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠴᠢᠨᠡᠭᠡᠯᠢᠭᠵᠢᠭᠦᠯᠦᠨ᠎ᠡ᠃︾ ᠭᠡᠵᠦ ᠳᠡᠯ ᠠᠭᠤᠯᠠ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠳ ᠢᠯᠡᠳᠬᠡᠪᠡ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ