ᠸᠠᠩ ᡁᠢ ᠫᠢᠩ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠳᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠬᠤ ᠶᠢᠨ ᠬᠠᠮᠲᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠳᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2024/7/22
      7 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᡁᠢ ᠫᠢᠩ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠳᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠬᠤ ᠶᠢᠨ ᠬᠠᠮᠲᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠳᠤ ᠲᠣᠬᠢᠷᠠᠭᠤᠯᠤᠯᠲᠠ ᠬᠢᠪᠡ᠃      ᠸᠠᠩ ᡁᠢ ᠫᠢᠩ ᠠᠵᠤ ᠠᠬᠤᠢ ᠶᠢᠨ ᠵᠢᠭᠤᠷᠠᠭᠠᠨ ᠤ ᠠᠰᠠᠭᠤᠳᠠᠯ ᠢ ᠲᠤᠰᠬᠠᠭᠰᠠᠨ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠲᠣᠬᠢᠶᠠᠯᠳᠤᠯ ᠢᠶᠠᠷ ᠬᠦᠯᠢᠶᠡᠨ ᠠᠪᠴᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠠᠰᠠᠭᠤᠳᠠᠯ ᠤᠨ ᠪᠤᠢ ᠪᠣᠯᠤᠭᠰᠠᠨ ᠰᠢᠯᠲᠠᠭᠠᠨ ᠢ ᠵᠠᠳᠠᠯᠵᠤ᠂ ᠰᠢᠢᠳᠪᠦᠷᠢᠯᠡᠬᠦ ᠰᠡᠳᠬᠢᠴᠡ ᠶᠢ ᠰᠤᠳᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠢ ᠲᠤᠰᠬᠠᠢ ᠬᠥᠮᠦᠨ ᠲᠤᠬᠢᠷᠠᠭᠤᠯᠤᠨ ᠨᠠᠶᠢᠳᠠᠪᠤᠷᠢᠵᠢᠭᠤᠯᠵᠤ᠂ ᠰᠢᠢᠳᠪᠦᠷᠢᠯᠡᠬᠦ ᠲᠥᠰᠦᠯ ᠭᠠᠷᠭᠠᠵᠤ᠂ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠲᠦᠷᠭᠡᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃      ᠳᠠᠷᠠᠭ᠎ᠠ ᠳᠤᠨᠢ᠂ ᠸᠠᠩ ᡁᠢ ᠫᠢᠩ ᠪᠦᠬᠦ ᠬᠤᠳᠠ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠰᠢᠭᠤ ᠰᠢᠶᠠᠨ ᠲᠣᠭᠤᠷᠢᠭ ᠳᠠᠷᠠᠭᠠᠯᠠᠨ ᠵᠠᠬᠢᠳᠠᠯ ᠰᠣᠷᠪᠤᠯᠵᠢᠯᠠᠭ᠎ᠠ ᠶᠢᠨ ᠪᠠᠶᠢᠳᠠᠯ ᠢ ᠵᠠᠳᠠᠯᠤᠨ ᠰᠤᠳᠤᠯᠵᠤ᠂ ᠭᠤᠣᠯᠳᠠᠯᠭ᠎ᠠ ᠲᠠᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠬᠦᠷᠢᠶ᠎ᠡ ᠴᠠᠷᠠᠭ᠎ᠠ ᠳᠠᠷᠠᠭᠠᠯᠠᠨ ᠲᠣᠬᠢᠷᠠᠭᠤᠯᠤᠨ ᠠᠬᠢᠭᠤᠯᠵᠤ᠂ ᠳᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃ ᠸᠠᠩ ᡁᠢ ᠫᠢᠩ᠂ ᠡᠨᠡ ᠵᠢᠯ ᠠᠴᠠ ᠨᠠᠰᠢ᠂ ᠪᠥᠬᠦ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠠᠵᠢᠯ ᠤᠨ ᠦᠷ᠎ᠡ ᠪᠦᠲᠦᠮᠵᠢ ᠪᠠᠨ ᠦᠷᠭᠦᠯᠵᠢᠯᠡᠨ ᠪᠠᠬᠢᠵᠢᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠠᠮᠤᠭ ᠤᠨ ᠰᠢᠯᠢᠳᠡᠭ ᠲᠥᠰᠥᠯ᠂ ᠬᠠᠮᠤᠭ ᠤᠨ ᠣᠬᠤᠷ ᠬᠤᠭᠤᠴᠠᠭᠠᠨ ᠳᠤ ᠵᠥᠷᠢᠴᠡᠯ ᠢ ᠰᠢᠢᠳᠪᠦᠷᠢᠯᠡᠵᠦ᠂ ᠵᠢᠭᠤᠷᠠᠯᠳᠤᠭᠠᠨ ᠢ ᠰᠢᠢᠳᠪᠦᠷᠢᠯᠡᠬᠦ ᠪᠠᠷ ᠴᠢᠷᠮᠠᠶᠢᠵᠤ᠂ ᠶᠠᠪᠤᠳᠠᠯ ᠪᠣᠯᠭᠠᠨ ᠳᠤ ᠬᠠᠷᠢᠭᠤᠯᠲᠠ ᠥᠭᠬᠦ ᠶᠢ ᠪᠠᠲᠤᠯᠠᠬᠤ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ ᠤᠨ ᠬᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠲᠣᠭᠲᠠᠴᠠ ᠶᠢ ᠪᠦᠷᠢᠨᠰᠢᠭᠦᠯᠦᠨ᠂ ᠠᠵᠢᠯ ᠤᠨ ᠬᠦᠴᠦᠨ ᠢ ᠴᠢᠩᠭ᠎ᠠ ᠲᠣᠬᠢᠷᠠᠭᠤᠯᠵᠤ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠦᠴᠦᠲᠡᠢ ᠠᠷᠭ᠎ᠠ ᠬᠡᠮᠵᠢᠶ᠎ᠡ ᠪᠠᠷ ᠪᠠᠶᠠᠨᠨᠠᠭᠤᠷ ᠤᠨ ᠴᠢᠨᠠᠷ ᠰᠠᠶᠢᠲᠠᠢ ᠬᠥᠭᠵᠢᠯᠲᠡ ᠳᠤ ᠡᠶ᠎ᠡ ᠵᠣᠬᠢᠴᠠᠯ ᠲᠠᠢ ᠲᠣᠭᠲᠠᠭᠤᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠢ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ