ᠮᠠᠨ ᠤ ᠬᠤᠲᠠ ︽ᠤᠮᠠᠷᠠᠲᠤ ᠶᠢᠨ ᠭᠤᠷᠪᠠᠨ ᠣᠷᠣᠨ︾  ᠤ ᠢᠨᠵᠧᠨᠧᠷᠢᠩ ᠤᠨ ᠬᠠᠲᠤᠨ ᠭᠤᠤᠯ ᠤᠨ ︽ᠲᠣᠬᠤᠢ ᠬᠡᠰᠡᠭ︾ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠱᠠᠩᠨᠠᠨ ᠬᠥᠬᠢᠭᠦᠯᠬᠦ ᠠᠷᠭ᠎ᠠ ᠶᠢ ᠨᠡᠶᠢᠲᠡᠯᠡᠵᠡᠢ
ᠨᠡᠶᠢᠲᠡᠯᠡᠭᠰᠡᠨ ᠴᠠᠭ᠄
2024/7/22
      ᠣᠶᠢᠷ᠎ᠠ ᠳᠤ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ︽ᠪᠠᠶᠠᠨᠨᠠᠭᠤᠷ ᠬᠤᠲᠠ ᠶᠢᠨ ︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠤᠨ ᠬᠠᠲᠤᠨ ᠭᠤᠤᠯ ᠤᠨ ︿  ᠲᠣᠬᠤᠢ ᠬᠡᠰᠡᠭ﹀ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠱᠠᠩᠨᠠᠬᠤ ᠠᠷᠭ᠎ᠠ︾ ︵ᠳᠣᠷᠣᠭᠰᠢ ︽ᠱᠠᠩᠨᠠᠬᠤ ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠪᠣᠳᠠᠲᠤ ᠠᠮᠵᠢᠯᠲᠠ ᠪᠠᠷ ᠲᠣᠪᠤᠶᠢᠮ᠎ᠠ ᠬᠤᠰᠢᠭᠤ ᠰᠢᠶᠠᠨ ᠲᠣᠭᠤᠷᠢᠭ ᠪᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠠᠵᠤ ᠠᠬᠤᠶᠢᠯᠠᠯ᠂ ᠬᠤᠷᠰᠢᠶ᠎ᠠ᠂ ᠮᠠᠯᠴᠢᠨ ᠲᠠᠷᠢᠶᠠᠴᠢᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠡ ︵ᠪᠦᠯᠬᠦᠮ ᠨᠡᠶᠢᠲᠡ︶ ᠢ ᠱᠠᠩᠨᠠᠨ᠎ᠠ᠃      ︽ᠱᠠᠩᠨᠠᠬᠤ ᠠᠷᠭ᠎ᠠ︾ ᠳᠤ᠂ ᠬᠤᠶᠠᠷ ᠵᠢᠯ ᠳᠤ ᠨᠢᠭᠡ ᠤᠳᠠᠭ᠎ᠠ ᠱᠠᠩᠨᠠᠵᠤ᠂ ᠬᠤᠲᠠ ᠶᠢᠨ ᠵᠠᠰᠠᠭ ᠤᠨ ᠣᠷᠳᠣᠨ ᠤᠳᠠᠭ᠎ᠠ ᠪᠦᠷᠢ 2000 ᠲᠦᠮᠡᠨ ᠲᠥᠭᠦᠷᠢᠭ ᠢ ᠱᠠᠩᠨᠠᠯ ᠤᠨ ᠪᠡᠯᠡ ᠮᠥᠩᠭᠦ ᠪᠣᠯᠭᠠᠨ ᠨᠢᠭᠡᠳᠦᠯᠲᠡᠶ ᠲᠥᠯᠥᠪᠯᠡᠨ ᠲᠣᠬᠢᠷᠠᠭᠤᠯᠤᠨ᠎ᠠ ᠭᠡᠵᠦ ᠲᠣᠭᠲᠠᠭᠠᠵᠠᠶ᠃ ᠬᠤᠰᠢᠭᠤ ᠰᠢᠶᠠᠨ ᠲᠣᠭᠤᠷᠢᠭ ᠲᠤ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠬᠢᠭᠡᠳ ᠦᠢᠯᠡᠳᠪᠦᠷᠢᠯᠡᠯ ᠢᠶᠠᠨ ᠰᠡᠷᠭᠦᠭᠡᠬᠦ ᠡᠭᠦᠷᠭᠡ ᠵᠢᠴᠢ ᠪᠣᠳᠠᠲᠠᠶᠢᠵᠢᠭᠤᠯᠤᠭᠰᠠᠨ ᠵᠢᠷᠤᠭ᠂ ᠰᠣᠳᠣᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠠᠷᠠᠴᠢᠯᠠᠨ ᠪᠤᠶᠢᠵᠢᠭᠤᠯᠬᠤ ᠬᠠᠮᠢᠶᠠᠷᠤᠯᠲᠠ᠂ ᠲᠥᠷᠥᠯ ᠵᠦᠢᠯ ᠤᠨ ᠬᠠᠮᠢᠶᠠᠷᠤᠯᠲᠠ᠂ ᠪᠠᠯᠠ ᠮᠥᠩᠭᠦ ᠰᠠᠯᠭᠠᠨ ᠥᠭᠬᠦ ᠵᠡᠷᠭᠡ ᠭᠦᠢᠴᠡᠳᠬᠡᠯ ᠲᠤᠭ᠎ᠠ ᠶᠢᠨ ᠬᠢᠨᠠᠨ ᠰᠢᠯᠭᠠᠯᠲᠠ ᠶᠢᠨ ᠪᠠᠶᠢᠳᠠᠯ ᠢ ᠦᠨᠳᠦᠰᠦᠯᠡᠨ᠂ ᠨᠢᠭᠡᠳᠦᠭᠡᠷ ᠳᠡᠰ ᠤᠨ ᠱᠠᠩᠨᠠᠯ 1 ᠬᠥᠮᠦᠨ᠂ 600 ᠲᠦᠮᠡᠨ ᠲᠥᠭᠦᠷᠢᠭ ᠱᠠᠩᠨᠠᠨ᠎ᠠ︔ ᠬᠤᠶᠠᠳᠤᠭᠠᠷ ᠳᠡᠰ ᠤᠨ ᠱᠠᠩᠨᠠᠯ 1 ᠬᠥᠮᠦᠨ᠂ 300 ᠲᠦᠮᠡᠨ ᠲᠥᠭᠦᠷᠢᠭ ᠱᠠᠩᠨᠠᠨ᠎ᠠ︔ ᠭᠤᠷᠪᠠᠳᠤᠭᠠᠷ ᠳᠡᠰ ᠤᠨ ᠱᠠᠩᠨᠠᠯ 1 ᠬᠥᠮᠦᠨ᠂ 100 ᠲᠦᠮᠡᠨ ᠲᠥᠭᠦᠷᠢᠭ ᠱᠠᠩᠨᠠᠨ᠎ᠠ᠃ ᠠᠵᠤ ᠠᠬᠤᠶᠢᠯᠠᠯ᠂ ᠬᠤᠷᠰᠢᠶ᠎ᠠ᠂ ᠮᠠᠯᠴᠢᠨ ᠲᠠᠷᠢᠶᠠᠴᠢᠨ ᠳᠤ ᠲᠠᠪᠤᠨ ᠲᠥᠷᠥᠯ ᠤᠨ ᠱᠠᠩᠨᠠᠯ ᠭᠠᠷᠭᠠᠨ᠎ᠠ᠃ ᠨᠢᠭᠡ ᠳᠤ᠂ ᠠᠮᠢ ᠠᠬᠤᠶ ᠶᠢᠨ ᠵᠠᠰᠠᠯᠲᠠ᠂ ᠵᠠᠰᠠᠯᠲᠠ ᠶᠢᠨ ᠣᠷᠣᠨ ᠤ ᠳᠣᠲᠣᠷᠠᠬᠢ ᠣᠶ ᠰᠢᠭᠤᠶ ᠨᠤᠲᠤᠭ ᠪᠡᠯᠴᠢᠭᠡᠷ ᠤᠨ ᠪᠦᠷᠬᠦᠴᠡ ᠶᠢᠨ ᠨᠣᠷᠮ᠎ᠠ ᠶᠢ 70% ᠠᠴᠠ ᠳᠣᠤᠷ᠎ᠠ ᠥᠬᠡᠶ ᠪᠠᠶᠢᠪᠠᠯ᠂ ᠵᠠᠰᠠᠯᠲᠠ ᠶᠢᠨ ᠬᠡᠪᠴᠢᠶ᠎ᠡ ᠪᠠ ᠣᠶ ᠰᠢᠭᠤᠶ ᠨᠤᠲᠤᠭ ᠪᠡᠯᠴᠢᠭᠡᠷ ᠤᠨ ᠪᠦᠷᠬᠦᠴᠡ ᠶᠢᠨ ᠨᠣᠷᠮ᠎ᠠ ᠶᠢ ᠦᠨᠳᠦᠰᠦᠯᠡᠨ᠂ ᠨᠢᠭᠡᠳᠦᠭᠡᠷ ᠳᠡᠰ ᠤᠨ ᠱᠠᠩᠨᠠᠯ 1 ᠨᠡᠷᠡᠰ᠂ 50 ᠲᠦᠮᠡᠨ ᠲᠥᠭᠦᠷᠢᠭ ᠱᠠᠩᠨᠠᠨ᠎ᠠ︔ ᠬᠤᠶᠠᠳᠤᠭᠠᠷ ᠳᠡᠰ ᠤᠨ ᠱᠠᠩᠨᠠᠯ 3 ᠨᠡᠷᠡᠰ᠂ ᠲᠣᠰ ᠲᠣᠰ 30 ᠲᠦᠮᠡᠨ ᠲᠥᠭᠦᠷᠢᠭ︔ ᠭᠤᠷᠪᠠᠳᠤᠭᠠᠷ ᠳᠡᠰ ᠤᠨ ᠱᠠᠩᠨᠠᠯ 10 ᠬᠥᠮᠦᠨ᠂ ᠲᠣᠰ ᠲᠣᠰ 10 ᠲᠦᠮᠡᠨ ᠲᠥᠭᠦᠷᠢᠭ ᠱᠠᠩᠨᠠᠨ᠎ᠠ᠃ ᠬᠤᠶᠠᠷ ᠲᠤ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠭᠰᠡᠨ ᠪᠥᠭᠡᠳ ᠰᠢᠯᠭᠠᠨ ᠠᠪᠬᠤ ᠶᠢ ᠥᠩᠭᠡᠷᠡᠭᠡᠭᠰᠡᠨ ᠮᠥᠷᠲᠡᠭᠡᠨ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠬᠥᠳᠡᠯᠮᠦᠷᠢ ᠦᠢᠯᠡᠴᠢᠯᠡᠭᠡᠨ ᠤ ᠬᠥᠯᠥᠰᠥ ᠣᠯᠭᠤᠮᠵᠢ ᠶᠢᠨ ᠬᠡᠪᠴᠢᠶ᠎ᠡ ᠶᠢ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠶᠢᠨ 10% ᠠᠴᠠ ᠳᠣᠣᠷ᠎ᠠ ᠦᠭᠡᠢ ᠪᠠᠶᠢᠪᠠᠯ᠂ ᠬᠥᠳᠡᠯᠮᠦᠷᠢ ᠦᠢᠯᠡᠴᠢᠯᠡᠭᠡᠨ ᠤ ᠬᠥᠯᠥᠰᠥ ᠣᠯᠭᠤᠮᠵᠢ ᠶᠢᠨ ᠬᠡᠪᠴᠢᠶ᠎ᠡ ᠪᠠ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠪᠡᠯᠡ ᠮᠥᠩᠭᠦ ᠶᠢᠨ ᠡᠵᠡᠯᠡᠬᠦ ᠬᠠᠷᠢᠴᠠᠯ ᠢ ᠦᠨᠳᠦᠰᠦᠯᠡᠨ᠂ ᠨᠢᠭᠡᠳᠦᠭᠡᠷ ᠳᠡᠰ ᠤᠨ ᠱᠠᠩᠨᠠᠯ 1 ᠨᠡᠷᠡᠰ᠂ 30 ᠲᠦᠮᠡᠨ ᠲᠥᠭᠦᠷᠢᠭ ᠱᠠᠩᠨᠠᠨ᠎ᠠ︔ ᠬᠤᠶᠠᠳᠤᠭᠠᠷ ᠳᠡᠰ ᠤᠨ ᠱᠠᠩᠨᠠᠯ 3 ᠬᠥᠮᠦᠨ᠂ ᠲᠤᠰ ᠪᠦᠷᠢ 20 ᠲᠦᠮᠡᠨ ᠲᠥᠭᠦᠷᠢᠭ︔ ᠭᠤᠷᠪᠠᠳᠤᠭᠠᠷ ᠳᠡᠰ ᠤᠨ ᠱᠠᠩᠨᠠᠯ 6 ᠬᠥᠮᠦᠨ᠂ ᠲᠤᠰ ᠪᠦᠷᠢ 10 ᠲᠦᠮᠡᠨ ᠲᠥᠭᠦᠷᠢᠭ ᠱᠠᠩᠨᠠᠨ᠎ᠠ᠃ ᠭᠤᠷᠪᠠ ᠳᠤ᠂ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠥᠷᠢ ᠥᠭᠬᠦ ︾ ᠵᠠᠭᠪᠤᠷ ᠢ ᠬᠡᠷᠡᠭᠵᠢᠭᠦᠯᠦᠭᠰᠡᠨ ᠪᠥᠭᠡᠳ ᠰᠢᠯᠭᠠᠨ ᠠᠪᠬᠤ ᠳᠤ ᠬᠢᠷᠢ ᠲᠡᠩᠴᠡᠭᠰᠡᠨ ᠪᠠᠶᠢᠪᠠᠯ᠂ ᠵᠠᠰᠠᠯᠲᠠ ᠶᠢᠨ ᠬᠡᠪᠴᠢᠶ᠎ᠡ ᠪᠠ ᠢᠨᠵᠧᠨᠧᠷᠢᠩ ᠤᠨ ᠶᠠᠰᠤ ᠴᠢᠨᠠᠷ ᠢ ᠦᠨᠳᠦᠰᠦᠯᠡᠨ᠂ ᠨᠢᠭᠡᠳᠦᠭᠡᠷ ᠳᠡᠰ ᠤᠨ ᠱᠠᠩᠨᠠᠯ 1 ᠬᠥᠮᠦᠨ᠂ 30 ᠲᠦᠮᠡᠨ ᠲᠥᠭᠦᠷᠢᠭ ᠱᠠᠩᠨᠠᠨ᠎ᠠ︔ ᠬᠤᠶᠠᠳᠤᠭᠠᠷ ᠳᠡᠰ ᠤᠨ ᠱᠠᠩᠨᠠᠯ 3 ᠬᠥᠮᠦᠨ᠂ ᠲᠣᠰ ᠲᠣᠰ 20 ᠲᠦᠮᠡᠨ ᠲᠥᠭᠦᠷᠢᠭ᠂ ᠭᠤᠷᠪᠠᠳᠤᠭᠠᠷ ᠳᠡᠰ ᠤᠨ ᠱᠠᠩᠨᠠᠯ 6 ᠬᠥᠮᠦᠨ᠂ ᠲᠣᠰ ᠪᠦᠷᠢ 10 ᠲᠦᠮᠡᠨ ᠲᠥᠭᠦᠷᠢᠭ ᠱᠠᠩᠨᠠᠨ᠎ᠠ᠃ ᠲᠦᠷᠪᠡ ᠳᠤ᠂ ᠲᠤᠬᠠᠢ ᠶᠢᠨ ᠭᠠᠵᠠᠷ ᠠᠴᠠ ᠪᠠᠨ ᠮᠠᠲ᠋ᠧᠷᠢᠶᠠᠯ ᠠᠪᠴᠤ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠶᠢ ᠬᠡᠷᠡᠭᠵᠢᠭᠦᠯᠵᠦ᠂ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠦᠭᠰᠡᠨ ᠪᠠᠶᠢᠪᠠᠯ᠂ ᠬᠤᠳᠠ ᠶᠢᠨ ᠳᠣᠲᠣᠷᠠᠬᠢ ᠪᠤᠭᠤᠳᠠᠢ ᠡᠪᠡᠰᠦ᠂ ᠬᠤᠯᠤᠰᠤ᠂ ᠡᠯᠡᠰᠦᠨ ᠤ ᠴᠢᠬᠢ ᠮᠣᠳᠣ᠂ ᠴᠦᠯᠯᠡᠷᠭᠡᠭᠵᠢᠭᠰᠡᠨ ᠡᠪᠡᠰᠦᠨ ᠤ ᠦᠷ᠎ᠡ ᠵᠡᠷᠭᠡ ᠪᠠᠶᠢᠳᠠᠯ ᠪᠣᠯᠤᠨ ᠢᠨᠵᠧᠨᠧᠷᠢᠩ ᠤᠨ ᠶᠠᠰᠤ ᠴᠢᠨᠠᠷ ᠢ ᠦᠨᠳᠦᠰᠦᠯᠡᠨ ᠨᠢᠭᠡᠳᠦᠭᠡᠷ ᠳᠡᠰ ᠤᠨ ᠱᠠᠩᠨᠠᠯ 1 ᠨᠡᠷᠡᠰ᠂ 30 ᠲᠦᠮᠡᠨ ᠲᠥᠭᠦᠷᠢᠭ ᠱᠠᠩᠨᠠᠨ᠎ᠠ︔ ᠬᠤᠶᠠᠳᠤᠭᠠᠷ ᠳᠡᠰ ᠤᠨ ᠱᠠᠩᠨᠠᠯ 5 ᠨᠡᠷᠡᠰ᠂ ᠲᠤᠰ ᠪᠦᠷᠢ 20 ᠲᠦᠮᠡᠨ ᠲᠥᠭᠦᠷᠢᠭ︔ ᠭᠤᠷᠪᠠᠳᠤᠭᠠᠷ ᠳᠡᠰ ᠤᠨ ᠱᠠᠩᠨᠠᠯ 8 ᠨᠡᠷᠡᠰ᠂ ᠲᠤᠰ ᠪᠦᠷᠢ 10 ᠲᠦᠮᠡᠨ ᠲᠥᠭᠦᠷᠢᠭ ᠢᠶᠠᠷ ᠱᠠᠩᠨᠠᠨ᠎ᠠ᠃ ᠲᠠᠪᠤ ᠳᠤ᠂ ᠮᠠᠰᠢᠨᠴᠢᠯᠠᠯᠲᠠ ᠪᠠᠷ ᠠᠵᠢᠯᠯᠠᠭᠤᠯᠤᠭᠰᠠᠨ ᠪᠠᠶᠢᠪᠠᠯ᠂ ᠮᠠᠰᠢᠨ ᠤ ᠲᠤᠭ᠎ᠠ ᠬᠡᠮᠵᠢᠶ᠎ᠡ᠂ ᠬᠤᠳᠠᠯᠳᠤᠨ ᠠᠪᠬᠤ ᠵᠠᠷᠤᠳᠠᠯ᠂ ᠠᠵᠢᠯᠯᠠᠬᠤ ᠬᠡᠪᠴᠢᠶ᠎ᠡ ᠪᠠ ᠪᠠᠷᠢᠯᠭ᠎ᠠ ᠶᠢᠨ ᠶᠠᠰᠤ ᠴᠢᠨᠠᠷ ᠢ ᠦᠨᠳᠦᠰᠦᠯᠡᠨ᠂ 5 ᠬᠥᠮᠦᠨ ᠢ ᠱᠠᠩᠨᠠᠨ ᠬᠥᠬᠢᠭᠦᠯᠵᠦ᠂ ᠲᠣᠰ ᠲᠣᠰ 20 ᠲᠦᠮᠡᠨ ᠲᠥᠭᠦᠷᠢᠭ ᠢᠶᠠᠷ ᠱᠠᠩᠨᠠᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ︵ᠪᠦᠯᠬᠦᠮ︶ ᠳᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠴᠦᠯᠯᠡᠷᠭᠡᠭᠵᠢᠭᠰᠡᠨ ᠪᠠᠶᠢᠭᠠᠯᠢᠯᠢᠭ ᠮᠣᠳᠣᠨ ᠤ ᠲᠥᠷᠥᠯ ᠡᠪᠡᠰᠦ ᠶᠢᠨ ᠦᠷ᠎ᠡ ᠶᠢ ᠪᠤᠶᠢᠵᠢᠭᠤᠯᠬᠤ᠂ ᠭᠠᠩ ᠬᠠᠭᠰᠠᠷᠠᠭᠠᠨ ᠲᠠᠢ ᠲᠡᠮᠡᠴᠡᠵᠦ ᠬᠦᠢᠳᠡᠨ ᠢ ᠡᠰᠡᠷᠭᠦᠴᠡᠬᠦ᠂ ᠬᠤᠵᠢᠷᠯᠢᠭ ᠭᠠᠵᠠᠷ ᠢ ᠣᠶᠢᠵᠢᠭᠤᠯᠬᠤ᠂ ᠮᠤᠨᠢ ᠠᠭᠤᠯᠠ ᠶᠢᠨ ᠡᠮᠦᠨ᠎ᠡ ᠪᠡᠯ ᠢ ᠨᠣᠭᠤᠭᠠᠷᠠᠭᠤᠯᠵᠤ ᠵᠠᠰᠠᠬᠤ ᠵᠡᠷᠭᠡ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠣᠯᠤᠭᠰᠠᠨ ᠦᠷ᠎ᠡ ᠪᠦᠲᠦᠭᠡᠯ ᠳᠤ᠂ ᠰᠢᠯᠢᠳᠡᠭ ᠢ ᠨᠢ ᠰᠣᠩᠭᠤᠨ 5 ᠱᠠᠩᠨᠠᠵᠤ᠂ ᠲᠣᠰ ᠲᠣᠰ 20 ᠲᠦᠮᠡᠨ ᠲᠥᠭᠦᠷᠢᠭ ᠱᠠᠩᠨᠠᠨ᠎ᠠ︔ ᠬᠤᠲᠠ ᠶᠢᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠦᠷ᠎ᠡ ᠪᠦᠲᠦᠭᠡᠯ ᠢᠶᠠᠷ ᠦᠨᠡᠯᠡᠭᠳᠡᠵᠦ᠂ 5 ᠰᠢᠯᠢᠳᠡᠭ ᠢ ᠨᠢ ᠰᠣᠩᠭᠤᠨ ᠱᠠᠩᠨᠠᠵᠤ᠂ ᠲᠣᠰ ᠲᠣᠰ 10 ᠲᠦᠮᠡᠨ ᠲᠥᠭᠦᠷᠢᠭ ᠱᠠᠩᠨᠠᠪᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ