ᠮᠠᠨ ᠤ ᠬᠤᠲᠠ ᠶᠢᠨ ᠬᠤᠶᠠᠷ ᠵᠦᠢᠯ ᠤᠨ ᠦᠷ᠎ᠡ ᠪᠦᠲᠦᠭᠡᠯ ︽  ᠤᠮᠠᠷᠠᠲᠤ ᠶᠢᠨ ᠭᠤᠷᠪᠠᠨ ᠣᠷᠣᠨ︾  ᠤ ᠭᠠᠵᠠᠷ ᠣᠷᠣᠨ ᠤ ᠣᠶ ᠰᠢᠭᠤᠶ ᠡᠪᠡᠰᠦ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠭᠤᠤᠯᠳᠠᠯᠭ᠎ᠠ ᠲᠠᠢ ᠳᠡᠯᠭᠡᠷᠡᠭᠦᠯᠦᠭᠰᠡᠨ ᠨᠡᠷᠡᠰ ᠲᠤ ᠰᠣᠩᠭᠤᠭᠳᠠᠪᠠ
ᠨᠡᠶᠢᠲᠡᠯᠡᠭᠰᠡᠨ ᠴᠠᠭ᠄
2024/7/22
      ᠣᠶᠢᠷ᠎ᠠ ᠳᠤ᠂ ᠤᠯᠤᠰ ᠤᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ 100  ᠵᠦᠢᠯ ᠤᠨ ︽  ᠤᠮᠠᠷᠠᠲᠤ ᠶᠢᠨ ᠭᠤᠷᠪᠠᠨ ᠣᠷᠣᠨ︾  ᠤ ᠭᠠᠵᠠᠷ ᠣᠷᠣᠨ ᠳᠤ ᠣᠶ ᠰᠢᠭᠤᠶ ᠡᠪᠡᠰᠦ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠭᠤᠤᠯᠳᠠᠯᠭ᠎ᠠ ᠲᠠᠢ ᠳᠡᠯᠭᠡᠷᠡᠭᠦᠯᠵᠦ᠂ ᠬᠤᠲᠠ ᠶᠢᠨ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠲᠥᠪ ᠤᠨ ︽ᠪᠠᠶᠢᠭᠠᠯᠢᠯᠢᠭ ᠮᠣᠳᠣᠨ ᠤ ᠲᠥᠷᠥᠯ ᠢ ᠬᠥᠮᠦᠨ ᠤ ᠬᠦᠴᠦ ᠪᠠᠷ ᠪᠤᠶᠢᠵᠢᠭᠤᠯᠬᠤ ᠬᠢᠭᠡᠳ ᠠᠵᠤ ᠦᠶᠢᠯᠡᠰᠵᠢᠭᠦᠯᠬᠦ ᠮᠡᠷᠭᠡᠵᠢᠯ︾ ᠪᠠ ︽ᠥᠪᠥᠷ ᠮᠣᠩᠭᠤᠯ ᠤᠨ ᠪᠠᠶᠠᠨᠨᠠᠭᠤᠷ ᠬᠤᠲᠠ ᠶᠢᠨ ᠬᠤᠵᠢᠷᠯᠢᠭ ᠭᠠᠵᠠᠷ ᠢ ᠣᠶᠢᠵᠢᠭᠤᠯᠬᠤ ᠮᠡᠷᠭᠡᠵᠢᠯ︾ ᠤᠨ ᠬᠤᠶᠠᠷ  ᠵᠦᠢᠯ ᠤᠨ ᠦᠷ᠎ᠡ ᠪᠦᠲᠦᠭᠡᠯ ᠰᠣᠩᠭᠤᠭᠳᠠᠪᠠ᠃      ᠣᠶᠢᠯᠠᠭᠠᠭᠰᠠᠨ ᠢᠶᠠᠷ᠂ ︽ᠴᠦᠯᠯᠡᠷᠭᠡᠭ ᠭᠠᠵᠠᠷ ᠤᠨ ᠪᠠᠶᠢᠭᠠᠯᠢᠯᠢᠬ ᠮᠣᠳᠣᠨ ᠤ ᠲᠥᠷᠥᠯ ᠢ ᠬᠥᠮᠦᠨ ᠤ ᠬᠦᠴᠦ ᠪᠠᠷ ᠪᠤᠶᠢᠵᠢᠭᠤᠯᠬᠤ ᠪᠠ ᠠᠵᠤ ᠦᠢᠯᠡᠰᠵᠢᠭᠦᠯᠬᠦ ᠮᠡᠷᠭᠡᠵᠢᠯ︾ ᠨᠢ ᠡᠵᠡᠷᠬᠡᠭ ᠨᠣᠳᠤᠭ᠂ ᠡᠯᠡᠰᠦᠨ ᠴᠦᠯ ᠤᠨ ᠬᠥᠬᠡ᠂ ᠢᠰᠬᠦᠯᠡᠩ ᠴᠢᠪᠠᠭ᠎ᠠ᠂ ᠮᠣᠩᠭᠤᠯ ᠭᠦᠢᠯᠡᠰᠦᠨ ᠲᠤᠭᠤᠷ ᠲᠤ ᠴᠢᠭᠯᠡᠭᠦᠯᠦᠨ ᠠᠳᠠᠯᠢ ᠪᠤᠰᠤ ᠣᠷᠬᠢᠬᠤ ᠨᠥᠬᠦᠴᠡᠯ ᠳᠣᠤᠷ᠎ᠠ ᠤᠰᠤᠯᠠᠯᠲᠠ ᠬᠢᠬᠦ ᠪᠠ ᠤᠰᠤᠯᠠᠬᠤ ᠤᠳᠠᠭ᠎ᠠ ᠶᠢᠨ ᠲᠤᠷᠰᠢᠯᠲᠠ ᠬᠢᠵᠦ᠂ ᠠᠭᠤᠯᠠᠷᠬᠠᠭ ᠭᠠᠵᠠᠷ ᠤᠨ ᠣᠶᠢᠵᠢᠭᠤᠯᠤᠯᠲᠠ ᠶᠢᠨ ᠤᠰᠤᠯᠠᠯᠲᠠ ᠶᠢᠨ ᠣᠶ ᠰᠢᠭᠤᠶ ᠠᠴᠠ ᠪᠣᠷᠣᠭᠠᠨ ᠢᠶᠠᠷ ᠣᠶ ᠰᠢᠭᠤᠶ ᠶᠢ ᠲᠡᠵᠢᠭᠡᠬᠦ ᠳᠠᠰᠢ ᠬᠤᠪᠢᠷᠠᠭᠤᠯᠬᠤ ᠪᠣᠯᠤᠯᠴᠠᠭ᠎ᠠ ᠶᠢ ᠬᠠᠶᠢᠨ ᠰᠦᠪᠡᠭᠴᠢᠯᠡᠭᠰᠡᠨ ᠪᠠᠶᠢᠨ᠎ᠠ᠃ ᠦᠷ᠎ᠡ ᠪᠦᠲᠦᠭᠡᠯ ᠢ ᠨᠢᠭᠡᠨᠲᠡ ᠲᠥᠪ ᠤᠨ ᠡᠳ᠋ ᠤᠨ ᠵᠠᠰᠠᠭ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠢ ᠳᠡᠯᠭᠡᠷᠡᠭᠦᠯᠬᠦ 5 ᠲᠥᠷᠥᠯ ᠵᠦᠢᠯ ᠳᠤ ᠬᠡᠷᠡᠭᠯᠡᠪᠡ᠃      ︽ᠥᠪᠥᠷ ᠮᠣᠩᠭᠤᠯ ᠤᠨ ᠪᠠᠶᠠᠨᠨᠠᠭᠤᠷ ᠬᠤᠲᠠ ᠶᠢᠨ ᠬᠤᠵᠢᠷᠯᠢᠭ ᠭᠠᠵᠠᠷ ᠢ ᠣᠢᠵᠢᠭᠤᠯᠬᠤ ᠮᠡᠷᠭᠡᠵᠢᠯ︾ ᠨᠢ ᠬᠤᠵᠢᠷᠯᠢᠭ ᠭᠠᠵᠠᠷ ᠢ ᠰᠣᠩᠭᠤᠬᠤ ᠪᠠ ᠢᠨᠵᠧᠨᠧᠷᠢᠩ ᠤᠨ ᠠᠷᠭ᠎ᠠ ᠬᠡᠮᠵᠢᠶ᠎ᠡ ᠶᠢᠨ ᠬᠡᠷᠡᠭᠯᠡᠭᠡᠨ ᠤ ᠮᠡᠷᠭᠡᠵᠢᠯ ᠳᠤ ᠴᠢᠭᠯᠡᠭᠦᠯᠦᠨ  ᠰᠢᠰᠲ᠋ᠧᠮ ᠲᠠᠢ ᠬᠠᠷᠢᠴᠠᠭᠤᠯᠤᠨ ᠵᠠᠳᠠᠯᠤᠯᠲᠠ ᠬᠢᠵᠦ᠂ ᠲᠣᠬᠢᠷᠠᠮᠵᠢᠲᠠᠢ ᠣᠢᠵᠢᠭᠤᠯᠬᠤ ᠮᠣᠳᠣᠨ ᠤ ᠲᠥᠷᠥᠯ ᠢ ᠰᠣᠩᠭᠤᠨ ᠭᠠᠷᠭᠠᠵᠤ᠂ ᠠᠳᠠᠯᠢ ᠪᠤᠰᠤ ᠭᠠᠵᠠᠷ ᠣᠷᠣᠨ ᠤ ᠨᠥᠬᠦᠴᠡᠯ ᠳᠣᠣᠷ᠎ᠠ ᠠᠳᠠᠯᠢ ᠪᠤᠰᠤ ᠵᠠᠰᠠᠬᠤ ᠠᠷᠭ᠎ᠠ ᠬᠡᠮᠵᠢᠶ᠎ᠡ ᠠᠪᠴᠤ᠂ ᠣᠢᠵᠢᠭᠤᠯᠬᠤ ᠨᠣᠷᠮ᠎ᠠ ᠶᠢ ᠪᠦᠲᠦᠮᠵᠢᠲᠡᠢ  ᠳᠡᠭᠡᠭᠰᠢᠯᠡᠭᠦᠯᠦᠨ᠎ᠡ᠃ ᠦᠷ᠎ᠡ ᠪᠦᠲᠦᠭᠡᠯ ᠢ ᠨᠢᠭᠡᠨᠲᠡ ᠤᠯᠤᠰ ᠤᠨ ᠲᠠᠰ ᠤᠨ ᠣᠴᠢ ᠲᠥᠯᠥᠪᠯᠡᠭᠡ ᠶᠢᠨ ᠲᠥᠷᠥᠯ ᠵᠦᠢᠯ᠂ ᠲᠥᠪ ᠤᠨ ᠡᠳ᠋ ᠤᠨ ᠵᠠᠰᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠳᠡᠯᠭᠡᠷᠡᠭᠦᠯᠬᠦ ᠵᠢᠱᠢᠶ᠎ᠡ ᠦᠵᠡᠭᠦᠯᠬᠦ ᠲᠥᠷᠥᠯ ᠵᠦᠢᠯ᠂ ᠪᠠᠶᠠᠨᠨᠠᠭᠤᠷ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠢᠨᠵᠧᠨᠧᠷᠢᠩ ᠳᠤ ᠬᠡᠷᠡᠭᠯᠡᠪᠡ᠃      ︽  ᠤᠮᠠᠷᠠᠲᠤ ᠶᠢᠨ ᠭᠤᠷᠪᠠᠨ ᠣᠷᠣᠨ︾ ᠶᠢᠨ ᠭᠠᠵᠠᠷ ᠣᠷᠣᠨ ᠳᠤ ᠣᠶ ᠰᠢᠭᠤᠶ ᠡᠪᠡᠰᠦ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠨᠡᠷᠡᠰ ᠢ ᠭᠤᠤᠯᠳᠠᠯᠭ᠎ᠠ ᠲᠠᠢ ᠳᠡᠯᠭᠡᠷᠡᠭᠦᠯᠵᠦ᠂ ᠡᠨᠡ ᠬᠤᠶᠠᠷ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠬᠦᠴᠦᠲᠡᠶ ᠠᠬᠢᠭᠤᠯᠵᠤ᠂ ᠲᠣᠰ ᠭᠠᠵᠠᠷ ᠣᠷᠣᠨ ᠪᠤᠶᠤ ᠠᠳᠠᠯᠢ ᠲᠥᠷᠥᠯ ᠤᠨ ᠭᠠᠵᠠᠷ ᠣᠷᠣᠨ ᠤ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠪᠠ ᠬᠤᠵᠢᠷᠯᠢᠭ ᠭᠠᠵᠠᠷ ᠢ ᠵᠠᠰᠠᠬᠤ ᠠᠵᠢᠯ ᠢ ᠠᠬᠢᠭᠤᠯᠬᠤ ᠪᠣᠯᠤᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ