︽ᠪᠡᠭᠡᠵᠢᠩ ᠥᠪᠥᠷ ᠮᠣᠩᠭᠤᠯ ᠤᠨ ᠭᠠᠷ ᠭᠠᠷ ᠢᠶᠠᠨ ᠬᠤᠯᠪᠣᠯᠴᠠᠨ ᠳᠤᠮᠳᠠᠳᠤ ᠶᠢᠨ ᠨᠢᠭᠡ ᠭᠡᠷ ᠤᠨ ᠬᠥᠮᠦᠨ ᠮᠡᠲᠦ ᠳᠣᠲᠣᠨᠣ︾ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠵᠣᠨ ᠤ ᠠᠮᠠᠷᠠᠯᠲᠠ ᠶᠢᠨ ᠬᠤᠭᠤᠴᠠᠭᠠᠨ ᠤ ᠦᠢᠯᠡᠳᠦᠯᠭᠡ ᠰᠣᠯᠢᠯᠴᠠᠭᠠᠨ ᠤ ᠬᠤᠸᠠᠷᠠᠨ ᠤ ᠠᠵᠢᠯᠯᠠᠭ᠎ᠠ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2024/7/22
      7 ᠰᠠᠷ᠎ᠠ ᠶᠢᠨ 13 ᠤ ᠡᠳᠦᠷ᠂ ︽ᠪᠡᠭᠡᠵᠢᠩ ᠥᠪᠥᠷ ᠮᠣᠩᠭᠤᠯ ᠤᠨ ᠭᠠᠷ ᠭᠠᠷ ᠢᠶᠠᠨ ᠬᠤᠯᠪᠣᠯᠴᠠᠨ ᠳᠤᠮᠳᠠᠳᠤ ᠶᠢᠨ ᠨᠢᠭᠡ ᠭᠡᠷ ᠤᠨ ᠬᠥᠮᠦᠨ ᠪᠣᠯᠬᠤ︾ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠵᠣᠨ ᠤ ᠠᠮᠠᠷᠠᠯᠲᠠ ᠶᠢᠨ ᠬᠤᠭᠤᠴᠠᠭᠠᠨ ᠤ ᠦᠢᠯᠡᠳᠦᠯᠭᠡ ᠶᠢᠨ ᠰᠣᠯᠢᠯᠴᠠᠭᠠᠨ ᠤ ᠠᠵᠢᠯᠯᠠᠭ᠎ᠠ ᠪᠡᠭᠡᠵᠢᠩ ᠬᠤᠳᠠ ᠶᠢᠨ ᠬᠠᠶᠢᠳᠢᠶᠠᠨ ᠲᠣᠭᠤᠷᠢᠭ ᠤᠨ ᠦᠨᠳᠦᠰᠦᠲᠡᠨ ᠤ ᠪᠠᠭ᠎ᠠ ᠰᠤᠷᠭᠠᠭᠤᠯᠢ ᠳᠤ ᠡᠬᠢᠯᠡᠪᠡ᠃ ᠪᠡᠭᠡᠵᠢᠩ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠶᠢᠨ ᠪᠠᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠡᠵᠡᠩᠨᠡᠯᠲᠡ ᠪᠠᠨ ᠡᠬᠢᠯᠡᠭᠦᠯᠬᠦ ᠶᠣᠰᠣᠯᠠᠯ ᠳᠤ ᠣᠷᠣᠯᠴᠠᠪᠠ᠃      ᠶᠣᠰᠣᠯᠠᠯ ᠳᠡᠭᠡᠷ᠎ᠡ᠂ ᠪᠠᠶᠠᠨᠨᠠᠭᠤᠷ ᠬᠤᠲᠠ᠂ ᠬᠠᠶ ᠳ᠋ᠢᠶᠠᠨ ᠲᠣᠭᠤᠷᠢᠭ ᠤᠨ ᠬᠢᠨ ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠬᠢᠵᠦ ᠬᠠᠮᠲᠤᠷᠠᠯᠴᠠᠬᠤ ᠪᠦᠳᠦᠭᠦᠪᠴᠢ ᠵᠥᠪᠯᠡᠯᠴᠡᠭᠡᠷ ᠲᠣᠭᠲᠠᠵᠤ᠂ ᠪᠠᠶᠠᠨᠨᠠᠭᠤᠷ ᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠪᠣᠯᠤᠨ ᠬᠠᠶ ᠳ᠋ᠢᠶᠠᠨ ᠲᠣᠭᠤᠷᠢᠭ ᠤᠨ ᠦᠨᠳᠦᠰᠦᠲᠡᠨ ᠤ ᠪᠠᠭ᠎ᠠ ᠰᠤᠷᠭᠠᠭᠤᠯᠢ ᠬᠠᠷᠢᠯᠴᠠᠨ ︽ᠦᠨᠳᠦᠰᠦᠲᠡᠨ ᠤ ᠪᠦᠯᠬᠦᠮᠳᠡᠯ︾ ᠤᠨ ᠪᠡᠯᠡᠭ ᠬᠦᠷᠭᠡᠪᠡ᠃      ᠶᠣᠰᠣᠯᠠᠯ ᠤᠨ ᠲᠠᠷᠠᠭ᠎ᠠ᠂ ᠬᠤᠷᠠᠯ ᠳᠤ ᠣᠷᠣᠯᠴᠠᠭᠰᠠᠳ ︽ᠤᠯᠠᠭᠠᠨ ᠪᠥᠴᠡᠲᠡᠨ ᠤ ᠡᠬᠡ ᠤᠯᠤᠰ ᠢᠶᠠᠨ ᠬᠠᠶᠢᠷᠠᠯᠠᠬᠤ ᠠᠨᠠᠷ ᠤᠨ ᠦᠷ᠎ᠡ ᠮᠡᠲᠦ ᠨᠢᠭᠡ ᠭᠡᠷ ᠤᠨ ᠬᠥᠮᠦᠰ︾ ᠤᠨ ᠭᠤᠣᠯ ᠰᠡᠳᠦᠪᠲᠦ ᠠᠩᠬᠢ ᠶᠢᠨ ᠬᠤᠷᠠᠯ ᠢ ᠬᠠᠮᠲᠤᠪᠠᠷ ᠦᠵᠡᠪᠡ᠃ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠰᠣᠨᠢᠨ ᠮᠡᠳᠡᠭᠡᠨ ᠤ ᠰᠢᠭᠦᠮᠵᠢᠯᠡᠭᠴᠢ᠂ ᠬᠥᠲᠥᠯᠦᠭᠴᠢ ᠪᠠᠶ ᠶᠠᠨ ᠰᠥᠩ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠠᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠬᠤᠪᠢᠶᠠᠯᠴᠠᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠶ ᠳᠡᠭᠡᠳᠦ ᠬᠡᠮᠵᠢᠶᠡᠨ ᠤ ᠮᠡᠳᠡᠷᠡᠮᠵᠢ ᠶᠢ ᠲᠠᠰᠤᠷᠠᠯᠲᠠ ᠥᠬᠡᠶ ᠴᠢᠩᠭᠠᠳᠬᠠᠪᠠ᠃      ᠮᠠᠨ ᠤ ᠬᠤᠲᠠ ᠶᠢᠨ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠲᠥᠯᠥᠭᠡᠯᠡᠭᠴᠢ᠂ ᠬᠠᠪᠰᠤᠷᠤᠨ ᠵᠢᠯᠣᠭᠤᠳᠤᠭᠴᠢ ᠨᠡᠶᠢᠲᠡ 60 ᠭᠠᠷᠤᠶ ᠬᠥᠮᠦᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃ ᠠᠵᠢᠯᠯᠠᠭ᠎ᠠ ᠨᠢ ᠤᠯᠤᠰ ᠢᠶᠠᠨ ᠬᠠᠶᠢᠷᠠᠯᠠᠬᠤ ᠭᠤᠤᠯ ᠰᠡᠳᠦᠪᠲᠦ ᠬᠥᠮᠦᠵᠢᠯ᠂ ᠦᠨᠳᠦᠰᠦᠲᠡᠨ ᠤ ᠪᠦᠯᠬᠦᠮᠳᠡᠯ ᠤᠨ ᠬᠥᠮᠦᠵᠢᠯ᠂ ᠡᠷᠴᠢ ᠵᠣᠷᠢᠭ ᠢᠶᠠᠨ ᠬᠥᠪᠴᠢᠯᠡᠬᠦ ᠬᠥᠮᠦᠵᠢᠯ ᠵᠡᠷᠭᠡ ᠪᠠᠷ ᠭᠤᠤᠯ ᠰᠢᠵᠢᠮ ᠪᠣᠯᠭᠠᠵᠤ᠂ ᠦᠵᠡᠯ ᠰᠠᠨᠠᠭᠠᠨ ᠤ ᠬᠥᠮᠦᠵᠢᠯ ᠤᠨ ᠠᠭᠤᠯᠭ᠎ᠠ ᠶᠢ ᠨᠡᠶᠢᠭᠡᠮ ᠤᠨ ᠪᠠᠶᠢᠳᠠᠯ᠂ ᠠᠮᠢᠳᠤᠷᠠᠯ ᠤᠨ ᠠᠬᠤᠶ ᠪᠠᠶᠢᠳᠠᠯ ᠲᠠᠢ ᠨᠢᠭᠲᠠ ᠤᠶᠠᠯᠳᠤᠭᠤᠯᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠭᠰᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠪᠠ ᠨᠠᠶᠢᠳᠠᠪᠤᠷᠢᠲᠠᠶ ᠵᠠᠯᠭᠠᠮᠵᠢᠯᠠᠭᠴᠢ ᠪᠣᠯᠬᠤ ᠶᠢ ᠠᠬᠢᠭᠤᠯᠬᠤ ᠪᠠᠷ ᠵᠣᠷᠢᠯᠭ᠎ᠠ ᠪᠠᠨ ᠪᠣᠯᠭᠠᠪᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ