7 ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠵᠣᠬᠢᠶᠠᠯᠴᠢᠳ ᠤᠨ︽ᠠᠮᠢᠳᠤᠷᠠᠯ ᠳᠤ ᠭᠦᠨᠵᠡᠭᠡᠶᠢᠷᠡᠵᠦ᠂ ᠠᠷᠠᠳ ᠲᠦᠮᠡᠨ ᠤ ᠳᠤᠮᠳᠠ | ᠦᠨᠳᠦᠰᠦᠯᠡᠬᠦ︾ ᠰᠢᠨ᠎ᠡ ᠴᠠᠭ ᠦᠶ᠎ᠡ ᠶᠢᠨ ᠤᠳᠬ᠎ᠠ ᠵᠣᠬᠢᠶᠠᠯ ᠤᠨ ᠦᠢᠯᠡᠳᠦᠯᠭᠡ ᠶᠢᠨ ᠴᠡᠭ ᠲᠤ ᠫᠠᠶᠢᠰᠠ ᠣᠯᠭᠤᠬᠤ ᠶᠣᠰᠣᠯᠠᠯ ᠵᠢᠴᠢ ︽ᠵᠣᠬᠢᠶᠠᠯ ᠪᠦᠲᠦᠭᠡᠯ ᠢᠶᠠᠷ | ᠤᠮᠠᠷᠠᠲᠤ ᠬᠢᠯᠢ ᠶᠢ ᠤᠮᠳᠠᠯᠠᠬᠤ ᠲᠡᠭᠷᠢ ᠶᠢᠨ ᠬᠡᠰᠢᠭᠲᠦ ᠪᠣᠷᠣᠲᠣᠬᠤᠢ ᠳᠤᠮᠳᠠᠳᠤ ᠤᠯᠤᠰ ᠤᠨ ᠵᠣᠬᠢᠶᠠᠯᠴᠢᠳ ᠪᠠᠶᠠᠨᠨᠠᠭᠤᠷ ᠲᠤ ᠢᠷᠡᠬᠦ︾ ᠭᠤᠣᠯ ᠰᠡᠳᠦᠪᠲᠦ | ᠦᠢᠯᠡᠳᠦᠯᠭᠡ ᠶᠢᠨ ᠠᠵᠢᠯᠯᠠᠭ᠎ᠠ ᠯᠢᠨ ᠾᠧ ᠳᠤ ᠶᠠᠪᠤᠭᠳᠠᠪᠠ᠃ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠳᠤᠮᠳᠠᠳᠤ | ᠤᠯᠤᠰ ᠤᠨ ᠵᠣᠬᠢᠶᠠᠯᠴᠢᠳ ᠤᠨ ᠡᠪᠯᠡᠯ ᠤᠨ ᠳᠡᠳ᠋ ᠲᠡᠷᠢᠭᠦᠯᠡᠭᠴᠢ ᠴᠧᠨ ᠶᠠᠨ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠤᠨ ᠰᠢᠨ᠎ᠡ ᠶᠢ ᠡᠭᠦᠳᠬᠦ | ᠬᠡᠯᠲᠡᠰ ᠤᠨ ᠡᠷᠬᠢᠯᠡᠭᠴᠢ ᠫᠧᠩ ᠰᠢᠤᠸᠠᠢ ᠮᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠤᠶᠠᠳᠤᠭᠠᠷ ᠳᠡᠰ ᠤᠨ | ᠲᠣᠭᠤᠷᠢᠨ ᠪᠠᠶᠢᠴᠠᠭᠠᠭᠴᠢ ᠰᠢᠶᠧ ᠮᠢᠩ ᠺᠦᠶ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠡᠷᠢᠭᠦᠯᠡᠭᠴᠢ ᠵᠢᠶ ᠰᠢᠶᠤᠤ ᠴᠢᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠾᠧ ᠯᠢᠶᠠᠨ | ᠾᠦᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠯᠢᠨ ᠾᠧ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠣᠣ ᠵᠢᠶᠦ᠋ᠨ ᠯᠢᠩ | ᠣᠷᠣᠯᠴᠠᠵᠠᠶ᠃ | ᠫᠠᠶᠢᠰᠠ ᠣᠯᠭᠤᠬᠤ ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠵᠣᠬᠢᠶᠠᠯᠴᠢᠳ ᠤᠨ ᠨᠡᠶᠢᠭᠡᠮᠯᠢᠭ᠂ ᠥᠪᠥᠷ ᠮᠣᠩᠭᠤᠯ ᠤᠨ ᠤᠳᠬ᠎ᠠ ᠤᠷᠠᠯᠢᠭ ᠤᠨ | ᠬᠤᠯᠪᠣᠭ᠎ᠠ᠂ ᠯᠢᠨ ᠾᠧ ᠲᠣᠭᠤᠷᠢᠭ ᠤᠨ ᠬᠢᠨ ᠰᠢᠨ᠎ᠡ ᠴᠠᠭ ᠦᠶ᠎ᠡ ᠶᠢᠨ ᠤᠳᠬ᠎ᠠ ᠵᠣᠬᠢᠶᠠᠯ ᠤᠨ ᠦᠢᠯᠡᠳᠦᠯᠭᠡ ᠶᠢᠨ ᠴᠡᠭ ᠤᠨ ᠭᠤᠷᠪᠠᠨ ᠲᠠᠯ᠎ᠠ ᠶᠢᠨ | ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠵᠤ᠂ ᠳᠤᠮᠳᠠᠳᠤ ᠤᠯᠤᠰ ᠤᠨ ᠵᠣᠬᠢᠶᠠᠯᠴᠢᠳ ᠤᠨ ᠨᠡᠶᠢᠭᠡᠮᠯᠢᠭ᠂ ᠥᠪᠥᠷ ᠮᠣᠩᠭᠤᠯ ᠤᠨ | ᠵᠣᠬᠢᠶᠠᠯᠴᠢᠳ ᠤᠨ ᠡᠪᠯᠡᠯ ᠠᠴᠠ ᠲᠤᠰ ᠲᠤᠰ ᠰᠢᠨᠬᠤᠸᠠ ᠤᠢ ᠰᠢᠭᠤᠢ ᠶᠢᠨ ᠲᠠᠯᠠᠪᠠᠢ ᠳᠤ ︽ᠠᠮᠢᠳᠤᠷᠠᠯ ᠳᠤ ᠭᠦᠨᠵᠡᠭᠡᠶᠢᠷᠡᠵᠦ᠂ ᠠᠷᠠᠳ ᠲᠦᠮᠡᠨ ᠤ ᠳᠤᠮᠳᠠ | ᠦᠨᠳᠦᠰᠦᠯᠡᠬᠦ︾ ᠰᠢᠨ᠎ᠡ ᠴᠠᠭ ᠦᠶ᠎ᠡ ᠶᠢᠨ ᠤᠳᠬ᠎ᠠ ᠵᠣᠬᠢᠶᠠᠯ ᠤᠨ ᠦᠢᠯᠡᠳᠦᠯᠭᠡ ᠶᠢᠨ ᠴᠡᠭ ᠲᠤ ᠫᠠᠶᠢᠰᠠ ᠣᠯᠭᠤᠬᠤ ᠶᠢᠨ ᠬᠠᠮᠲᠤ ᠭᠤᠣᠯ ᠰᠡᠳᠦᠪᠲᠦ | ᠦᠢᠯᠡᠳᠦᠯᠭᠡ ᠶᠢᠨ ᠠᠵᠢᠯᠯᠠᠭ᠎ᠠ ᠳᠤ ᠣᠷᠣᠯᠴᠠᠭᠰᠠᠨ ᠵᠣᠬᠢᠶᠠᠯᠴᠢᠳ ᠤᠨ ᠲᠥᠯᠥᠭᠡᠯᠡᠭᠴᠢ ᠳᠤ ᠲᠤᠭ ᠣᠯᠭᠤᠵᠠᠢ᠃ | ᠣᠶᠢᠯᠠᠭᠠᠭᠰᠠᠨ ᠢᠶᠠᠷ᠂ ᠮᠠᠨ ᠤ ᠬᠤᠲᠠ ᠪᠣᠯ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠠᠮᠵᠢᠯᠲᠠ ᠲᠠᠢ ᠪᠠᠷ ᠭᠤᠶᠤᠴᠢᠯᠠᠨ ᠮᠡᠳᠡᠭᠦᠯᠵᠦ | ᠪᠠᠶᠢᠭᠤᠯᠤᠭᠰᠠᠨ ᠳᠤᠮᠳᠠᠳᠤ ᠤᠯᠤᠰ ᠤᠨ ᠵᠣᠬᠢᠶᠠᠯᠴᠢ ᠶᠢᠨ︽ᠠᠮᠢᠳᠤᠷᠠᠯ ᠳᠤ ᠭᠦᠨᠵᠡᠭᠡᠶᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠬᠦ︾ ᠰᠢᠨ᠎ᠡ ᠴᠠᠭ | ᠦᠶ᠎ᠡ ᠶᠢᠨ ᠤᠳᠬ᠎ᠠ ᠵᠣᠬᠢᠶᠠᠯ ᠤᠨ ᠦᠢᠯᠡᠳᠦᠯᠭᠡ ᠶᠢᠨ ᠴᠡᠭ ᠤᠨ ᠨᠢᠭᠡ ᠪᠣᠯᠤᠨ᠎ᠠ᠃ ᠣᠳᠣᠬᠠᠨ ᠳᠤ᠂ ᠮᠠᠨ ᠤ ᠬᠤᠲᠠ ᠶᠠᠭ ︽ᠤᠮᠠᠷᠠᠲᠤ ᠬᠢᠯᠢ ᠶᠢᠨ ᠰᠣᠶᠣᠯ︾ | ᠤᠨ ᠨᠠᠷᠠᠲᠤ ᠲᠡᠮᠳᠡᠭ ᠢ ᠳᠠᠭᠠᠭᠤᠯᠬᠤ ᠶᠢᠨ ᠲᠣᠭᠤᠷᠢᠨ ᠳᠤ᠂ ᠪᠣᠷᠣᠲᠣᠬᠤᠢ ᠶᠢᠨ ᠰᠣᠶᠣᠯ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠢᠳᠡᠪᠬᠢᠲᠡᠶ | ᠠᠬᠢᠭᠤᠯᠵᠤ ᠪᠠᠶᠢᠨ᠎ᠠ᠃ ᠮᠠᠨ ᠤ ᠬᠤᠲᠠ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠰᠢᠨ᠎ᠡ ᠴᠠᠭ ᠦᠶ᠎ᠡ ᠶᠢᠨ ᠤᠳᠬ᠎ᠠ ᠵᠣᠬᠢᠶᠠᠯ ᠤᠨ | ᠦᠢᠯᠡᠳᠦᠯᠭᠡ ᠶᠢᠨ ᠴᠡᠭ ᠢ ᠤᠯᠠᠮ ᠨᠢᠭᠡ ᠠᠯᠬᠤᠮ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠵᠣᠬᠢᠶᠠᠯᠴᠢᠳ ᠤᠨ ᠤᠳᠬ᠎ᠠ ᠵᠣᠬᠢᠶᠠᠯ ᠤᠨ ᠦᠢᠯᠡᠳᠦᠯᠭᠡ ᠶᠢᠨ | ᠠᠵᠢᠯᠯᠠᠭ᠎ᠠ ᠥᠷᠨᠢᠭᠦᠯᠬᠦ ᠳᠤ ᠪᠥᠬᠦ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠨ᠎ᠠ ᠭᠡᠵᠡᠢ᠃ | ᠫᠠᠶᠢᠰᠠ ᠣᠯᠭᠤᠬᠤ ᠶᠣᠰᠣᠯᠠᠯ ᠤᠨ ᠳᠠᠷᠠᠭ᠎ᠠ᠂ ᠬᠤᠶᠠᠷ ᠡᠳᠦᠷ ᠤᠨ ᠬᠤᠭᠤᠴᠠᠭ᠎ᠠ ᠲᠠᠢ ︽ᠵᠣᠬᠢᠶᠠᠯ ᠪᠦᠲᠦᠭᠡᠯ ᠢᠶᠠᠷ ᠤᠮᠠᠷᠠᠲᠤ ᠬᠢᠯᠢ ᠶᠢ | ᠤᠮᠳᠠᠯᠠᠬᠤ ᠲᠡᠭᠷᠢ ᠶᠢᠨ ᠬᠡᠰᠢᠭᠲᠦ ᠪᠣᠷᠣᠲᠣᠬᠤᠢ ᠳᠤᠮᠳᠠᠳᠤ ᠤᠯᠤᠰ ᠤᠨ ᠵᠣᠬᠢᠶᠠᠯᠴᠢᠳ ᠪᠠᠶᠠᠨᠨᠠᠭᠤᠷ ᠲᠤ ᠢᠷᠡᠬᠦ︾ ᠭᠤᠣᠯ ᠰᠡᠳᠦᠪᠲᠦ ᠦᠢᠯᠡᠳᠦᠯᠭᠡ ᠶᠢᠨ | ᠠᠵᠢᠯᠯᠠᠭ᠎ᠠ ᠡᠬᠢᠯᠡᠪᠡ᠃ ᠤᠯᠤᠰ ᠤᠨ ᠳᠣᠲᠣᠭᠠᠳᠤ ᠶᠢᠨ ᠠᠯᠳᠠᠷᠲᠤ ᠵᠣᠬᠢᠶᠠᠯᠴᠢ᠂ ᠮᠠᠨ ᠤ ᠬᠤᠲᠠ ᠶᠢᠨ ᠨᠤᠲᠤᠭ ᠤᠨ ᠵᠣᠬᠢᠶᠠᠯᠴᠢ ᠨᠡᠶᠢᠲᠡ 30 ᠭᠠᠷᠤᠶ ᠬᠥᠮᠦᠨ | ᠰᠢᠨᠬᠤᠸᠠ ᠣᠶ ᠰᠢᠭᠤᠶ ᠶᠢᠨ ᠲᠠᠯᠠᠪᠠᠶ᠂ ᠤᠯᠠᠭᠠᠨᠰᠤᠬᠠᠢ ᠵᠡᠷᠭᠡ ᠭᠠᠵᠠᠷ ᠲᠤ ᠭᠦᠨᠵᠡᠭᠡᠶᠢᠷᠡᠵᠦ᠂ ᠪᠠᠶᠠᠨᠨᠠᠭᠤᠷ ᠤᠨ ᠬᠥᠭᠵᠢᠯᠲᠡ ᠶᠢᠨ ᠰᠤᠳᠠᠰᠤ ᠶᠢ ᠣᠶᠢᠯᠠᠭᠠᠵᠤ᠂ | ᠪᠠᠶᠠᠨᠨᠠᠭᠤᠷ ᠤᠨ ᠴᠤᠭ ᠪᠠᠳᠠᠷᠠᠩᠭᠤᠶ ᠠᠮᠢᠵᠢᠷᠠᠯ ᠤᠨ ᠬᠦᠴᠦᠨ ᠢ ᠣᠶᠢᠯᠠᠭᠠᠵᠤ᠂ ᠴᠠᠭ ᠦᠶ᠎ᠡ ᠶᠢᠨ ᠣᠨᠴᠠᠯᠢᠭ ᠪᠠ ᠥᠨᠳᠥᠷ ᠤᠷᠴᠢᠨ ᠳᠤ ᠭᠦᠨ ᠵᠤᠵᠠᠭᠠᠨ | ᠤᠷᠠᠯᠢᠭ ᠤᠨ ᠦᠨ᠎ᠡ ᠥᠷᠲᠡᠭ ᠲᠠᠢ ᠨᠠᠩ ᠣᠯᠠᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠪᠠᠷ ᠴᠢᠷᠮᠠᠶᠢᠨ᠎ᠠ᠃ | |