ᠪᠣᠷᠣᠲᠣᠬᠤᠢ ᠶᠢᠨ ᠪᠤᠭᠤᠳᠠᠢ ᠬᠠᠳᠤᠵᠤ ᠡᠬᠢᠯᠡᠪᠡ
ᠨᠡᠶᠢᠲᠡᠯᠡᠭᠰᠡᠨ ᠴᠠᠭ᠄
2024/7/22
      7 ᠰᠠᠷ᠎ᠠ ᠶᠢᠨ 16 ᠤ ᠡᠳᠦᠷ᠂ ᠪᠠᠶᠠᠨᠨᠠᠭᠤᠷ ᠬᠤᠲᠠ ᠶᠢᠨ ᠪᠣᠷᠣᠲᠣᠬᠤᠶ ᠶᠢᠨ ᠬᠠᠲᠠᠭᠤ ᠪᠣᠭᠤᠳᠠᠶ ᠬᠠᠭᠠᠯᠪᠤᠷᠢᠯᠠᠬᠤ ᠶᠣᠰᠣᠯᠠᠯ ᠯᠢᠨ ᠾᠧ ᠲᠣᠭᠤᠷᠢᠭ ᠤᠨ ᠯᠠᠩᠱᠠᠨ ᠪᠠᠯᠭᠠᠰᠤᠨ ᠤ ᠭᠤᠸᠠᠩ ᠮᠢᠩ ᠲᠣᠰᠬᠤᠨ ᠤ ᠲᠦᠮᠡᠨ ᠮᠥ ᠬᠠᠲᠠᠭᠤ ᠪᠣᠭᠤᠳᠠᠶ ᠶᠢᠨ ᠪᠣᠬᠢᠷᠲᠤᠯ ᠥᠬᠡᠶ ᠴᠢᠨᠠᠷ ᠰᠠᠶᠢᠲᠠᠶ ᠥᠨᠳᠥᠷ ᠪᠦᠲᠦᠮᠵᠢᠲᠡᠶ ᠵᠢᠱᠢᠶ᠎ᠡ ᠦᠵᠡᠭᠦᠯᠬᠦ ᠲᠣᠭᠤᠷᠢᠭ ᠲᠤ ᠶᠠᠪᠤᠭᠳᠠᠪᠠ᠃      ᠠᠷᠪᠠᠨ ᠬᠡᠳᠦᠨ ᠲᠣᠮᠣ ᠬᠡᠯᠪᠡᠷᠢ ᠶᠢᠨ ᠬᠠᠮᠲᠤᠷᠠᠭᠰᠠᠨ ᠬᠠᠳᠤᠵᠤ ᠬᠤᠷᠢᠶᠠᠬᠤ ᠮᠠᠰᠢᠨ ᠪᠤᠭᠤᠳᠠᠶ ᠶᠢᠨ ᠲᠠᠷᠢᠶᠠᠨ ᠳᠤ ᠣᠷᠣᠬᠤ ᠳᠤ᠂ ᠨᠢᠭᠡ ᠪᠠᠭᠴᠠ ᠶᠢᠨ ᠪᠤᠭᠤᠳᠠᠶ ᠶᠢᠨ ᠲᠦᠷᠦᠭᠦᠦ ᠶᠢ ᠠᠭᠠᠵᠢᠮ ᠢᠶᠠᠷ ᠮᠠᠰᠢᠨ ᠤ ᠥᠷᠥᠭᠡᠨ ᠳᠤ ᠣᠷᠢᠶᠠᠵᠤ᠂ ᠬᠠᠳᠤᠵᠤ ᠬᠤᠷᠢᠶᠠᠬᠤ᠂ ᠮᠥᠯᠢᠬᠦ᠂ ᠡᠰᠢ ᠰᠦᠷᠡᠯ ᠬᠡᠮᠬᠡᠷᠡᠬᠦ᠂ ᠣᠯᠠᠨ ᠠᠵᠢᠯ ᠤᠨ ᠳᠡᠰ ᠳᠠᠷᠠᠭ᠎ᠠ ᠨᠢᠭᠡ ᠯᠡ ᠠᠮᠢᠰᠬᠤᠭ᠎ᠠ ᠪᠠᠷ ᠪᠦᠲᠦᠭᠡᠵᠦ᠂ ᠤᠳᠠᠯ ᠦᠭᠡᠢ ᠬᠦᠴᠦ ᠬᠥᠳᠡᠯᠮᠦᠷᠢᠯᠡᠬᠦ ᠪᠠᠷ ᠪᠠᠷᠠᠬᠤ ᠦᠭᠡᠢ᠂ ᠠᠯᠲᠠ ᠭᠢᠯᠠᠯᠵᠠᠮ᠎ᠠ ᠪᠤᠭᠤᠳᠠᠶ ᠶᠢᠨ ᠮᠥᠬᠦᠯᠢᠭ ᠨᠢ ᠦᠷ᠎ᠡ ᠬᠤᠷᠢᠶᠠᠬᠤ ᠬᠥᠮᠥᠷᠭᠡ ᠳᠦᠭᠦᠷᠴᠡᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠪᠤᠭᠤᠳᠠᠢ ᠬᠠᠳᠤᠬᠤ᠂ ᠪᠣᠭᠤᠳᠠᠢ ᠪᠣᠭᠤᠵᠢᠯᠠᠬᠤ᠂ ᠪᠤᠭᠤᠳᠠᠢ ᠶᠢᠨ ᠲᠦᠷᠦᠭᠦᠦ ᠵᠦᠯᠭᠦᠬᠦ ᠤᠷᠤᠯᠳᠤᠭᠠᠨ ᠵᠡᠷᠭᠡ ᠠᠵᠢᠯᠯᠠᠭ᠎ᠠ ᠥᠷᠨᠢᠭᠦᠯᠵᠡᠢ᠃
 
ᠢᠷᠡᠯᠲᠡ᠄ ᠪᠠᠶᠠᠨᠨᠠᠭᠤᠷ ᠤᠨ ᠰᠣᠨᠢᠨ ᠮᠡᠳᠡᠭᠡᠨ ᠤ ᠰᠦᠯᠵᠢᠶ᠎ᠡ