ᠪᠠᠶᠠᠨᠨᠠᠭᠤᠷ ᠥᠷᠲᠡᠭᠡ ᠂  7 ᠰᠠᠷ᠎ᠠ ᠶᠢᠨ 22 ᠤ ᠡᠳᠦᠷ ᠠᠭᠤᠯᠵᠠᠶ᠎ᠠ︕
ᠨᠡᠶᠢᠲᠡᠯᠡᠭᠰᠡᠨ ᠴᠠᠭ᠄
2024/7/22
      7 ᠰᠠᠷ᠎ᠠ ᠶᠢᠨ 22 ᠤᠨ ᠡᠳᠦᠷ ᠤᠨ 0 ᠴᠠᠭ ᠠᠴᠠ ᠡᠬᠢᠯᠡᠨ᠂ ᠰᠢᠨ᠎ᠡ ᠪᠠᠷ  ᠪᠠᠶᠢᠭᠤᠯᠤᠭᠰᠠᠨ ᠪᠠᠶᠠᠨᠨᠠᠭᠤᠷ ᠥᠷᠲᠡᠭᠡ ᠶᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ ᠮᠠᠨ ᠤ ᠬᠤᠲᠠ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠯᠠᠪᠳᠠᠭᠤᠨ ᠪᠠᠲᠤᠲᠠᠶ ᠨᠢᠭᠡ ᠠᠯᠬᠤᠮ ᠢ ᠠᠯᠬᠤᠵᠤ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠢ ᠨᠡᠪᠲᠡᠷᠡᠭᠦᠯᠬᠦ ᠳᠤ ᠰᠠᠭᠤᠷᠢ ᠲᠠᠯᠪᠢᠪᠠ᠃      ᠪᠠᠶᠠᠨᠨᠠᠭᠤᠷ ᠥᠷᠲᠡᠭᠡ ᠶᠢ 2022 ᠣᠨ ᠤ 7 ᠰᠠᠷ᠎ᠠ ᠳᠤ ᠡᠬᠢᠯᠡᠨ ᠪᠠᠶᠢᠭᠤᠯᠵᠤ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 7998.60 ᠲᠡᠭᠰᠢ ᠳᠥᠷᠪᠡᠯᠵᠢᠨ  ᠮᠧᠲᠷ ᠪᠠᠶᠢᠵᠤ᠂ ᠲᠡᠷᠭᠡ ᠬᠦᠯᠢᠶᠡᠬᠦ ᠲᠢᠩᠬᠢᠮ ᠤᠨ ᠲᠠᠯᠠᠪᠠᠶ ᠨᠢ 3535.28 ᠲᠡᠭᠰᠢ ᠳᠥᠷᠪᠡᠯᠵᠢᠨ  ᠮᠧᠲᠷ ᠪᠠᠶᠢᠵᠤ᠂ 5 ᠥᠷᠲᠡᠭᠡ 13 ᠱᠤᠭᠤᠮ ᠭᠠᠷᠭᠠᠵᠤ᠂ ᠵᠢᠱᠢᠯᠲᠡ ᠪᠠᠷ ᠠᠯᠤᠰ ᠤᠨ ᠵᠢᠯ ᠤᠨ ᠠᠶᠠᠨᠴᠢᠳ ᠤᠨ ᠬᠦᠷᠭᠡᠬᠦ ᠬᠡᠮᠵᠢᠶ᠎ᠡ ᠨᠢ 400 ᠲᠦᠮᠡᠨ ᠬᠥᠮᠦᠨ ᠤᠳᠠᠭ᠎ᠠ ᠳᠤ ᠬᠦᠷᠬᠦ ᠪᠣᠯᠣᠨ᠎ᠠ᠃ ᠥᠷᠲᠡᠭᠡ ᠨᠢ ᠲᠡᠷᠭᠡ ᠬᠦᠯᠢᠶᠡᠬᠦ ᠲᠢᠩᠬᠢᠮ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠢᠩᠬᠢᠮ᠂ ᠥᠷᠲᠡᠭᠡᠨ ᠠᠴᠠ ᠭᠠᠷᠬᠤ ᠲᠢᠩᠬᠢᠮ ᠵᠡᠷᠭᠡ ᠪᠠᠷ ᠪᠦᠷᠢᠯᠳᠦᠵᠦ᠂ ᠬᠠᠮᠤᠭ ᠥᠨᠳᠥᠷ ᠲᠡᠭᠡᠨ 1200 ᠬᠥᠮᠦᠨ ᠢ ᠪᠠᠭᠲᠠᠭᠠᠵᠤ ᠲᠡᠷᠭᠡ ᠬᠦᠯᠢᠶᠡᠬᠦ ᠪᠣᠯᠤᠨ᠎ᠠ᠃
0712001_001_01_s.jpg
ᠢᠷᠡᠯᠲᠡ᠄ ᠪᠠᠶᠠᠨᠨᠠᠭᠤᠷ ᠤᠨ ᠰᠣᠨᠢᠨ ᠮᠡᠳᠡᠭᠡᠨ ᠤ ᠰᠦᠯᠵᠢᠶ᠎ᠡ