ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠪᠠᠶᠠᠨᠨᠠᠭᠤᠷ ᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠤᠬᠠᠶ ᠪᠣᠳᠠᠲᠠᠶ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/7/22
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ︵  ᠪᠡᠯᠡᠳᠬᠡᠯ︶ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠲᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ︽ᠪᠠᠶᠠᠨᠨᠠᠭᠤᠷ ᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠤᠬᠠᠶ ᠪᠣᠳᠠᠲᠠᠶ ᠠᠷᠭ᠎ᠠ ᠬᠡᠮᠵᠢᠶ᠎ᠡ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ  ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                          ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                2024 ᠣᠨ ᠤ 3 ᠰᠠᠷ᠎ᠠ ᠶᠢᠨ 20 ᠤ ᠡᠳᠦᠷ      ᠪᠠᠶᠠᠨᠨᠠᠭᠤᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠤᠬᠠᠶ ᠪᠣᠳᠠᠲᠠᠶ ᠠᠷᠭ᠎ᠠ ᠬᠡᠮᠵᠢᠶ᠎ᠡ      ︽ᠤᠯᠤᠰ ᠤᠨ ᠲᠠᠰ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2020︺ 5 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠵᠤ᠂ ᠪᠠᠶᠠᠨᠨᠠᠭᠤᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ︵ᠳᠣᠷᠣᠭᠰᠢ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠭᠡᠵᠦ ᠲᠣᠪᠴᠢᠯᠠᠨ᠎ᠠ︶ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠥᠭᠵᠢᠯᠲᠡ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠳᠣᠤᠷᠠᠬᠢ ᠮᠡᠲᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃      ᠨᠢᠭᠡ᠂ ᠬᠥᠭᠵᠢᠯᠲᠡ ᠶᠢᠨ ᠬᠠᠷᠠᠯᠲᠠ      ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠢ ᠵᠢᠯ ᠪᠦᠷᠢ ᠳᠤᠮᠳᠠᠴᠢ ᠪᠠᠷ 15% ᠠᠴᠠ ᠳᠡᠭᠡᠭᠰᠢ ᠨᠡᠮᠡᠭᠳᠡᠭᠦᠯᠵᠦ᠂ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ ᠶᠢ ᠵᠢᠯ ᠪᠦᠷᠢ ᠳᠤᠮᠳᠠᠴᠢ ᠪᠠᠷ 10% ᠠᠴᠠ ᠳᠡᠭᠡᠭᠰᠢ ᠨᠡᠮᠡᠭᠳᠡᠭᠦᠯᠵᠦ᠂ ᠪᠦᠬᠦ ᠬᠤᠳᠠ ᠳᠤ ᠡᠵᠡᠯᠡᠬᠦ ᠬᠤᠪᠢ ᠶᠢᠨ ᠵᠢᠩ ᠢ 30% ᠠᠴᠠ ᠳᠡᠭᠡᠭᠰᠢ ᠨᠡᠮᠡᠭᠳᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠢ ᠡᠳ᠋ᠰᠢᠭᠦᠯᠬᠦ᠂ ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ ᠮᠠᠲ᠋ᠧᠷᠢᠶᠠᠯ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠭᠤᠷᠪᠠᠨ ᠵᠠᠭᠤᠨ ᠳ᠋ᠦᠩᠰᠢᠭᠤᠷ ᠲᠡᠰ ᠤᠨ ᠠᠵᠤ ᠦᠢᠯᠡᠰ ᠤᠨ ᠪᠦᠯᠦᠭᠵᠢᠯ ᠢ ᠠᠩᠬ᠎ᠠ ᠠᠯᠬᠤᠮ ᠬᠡᠪᠴᠢᠶᠡᠵᠢᠭᠦᠯᠵᠦ᠂ ᠠᠵᠤ ᠦᠢᠯᠡᠰ ᠤᠨ ᠳᠡᠭᠡᠳᠦ ᠲᠡᠰᠵᠢᠯᠲᠡ᠂ ᠤᠶᠤᠨᠴᠢᠯᠠᠯᠲᠠ᠂ ᠪᠣᠬᠢᠷᠲᠤᠯ ᠦᠭᠡᠢ ᠬᠥᠭᠵᠢᠯᠲᠡ ᠶᠢ ᠪᠣᠳᠠᠲᠠᠢ ᠠᠯᠬᠤᠮ ᠢ ᠠᠯᠬᠤᠵᠤ᠂ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠣᠷᠣᠨ ᠢ ᠪᠠᠶᠠᠨᠨᠠᠭᠤᠷ ᠬᠤᠳᠠ ᠶᠢᠨ ᠥᠭᠡᠷᠡᠴᠢᠯᠡᠯᠲᠡ ᠨᠡᠬᠡᠬᠡᠯᠳᠡ ᠶᠢᠨ ᠴᠢᠬᠤᠯᠠ ᠠᠴᠢᠶᠠᠯᠠᠪᠤᠷᠢ᠂ ᠴᠢᠨᠠᠷ ᠰᠠᠶᠢᠲᠠᠢ ᠬᠦᠴᠦᠨ ᠵᠦᠢᠯ ᠲᠥᠪᠯᠡᠷᠡᠭᠰᠡᠨ ᠪᠡᠯᠡ ᠣᠷᠣᠭᠤᠯᠤᠯᠲᠠ ᠶᠢᠨ ᠬᠠᠯᠠᠭᠤᠨ ᠬᠥᠷᠥᠰᠥ᠂ ᠰᠢᠨᠵᠢᠯᠡᠬᠦ ᠤᠬᠠᠭᠠᠨ ᠮᠡᠷᠭᠡᠵᠢᠯ ᠳᠤ ᠡᠨᠧᠷᠭᠢ ᠣᠯᠭᠤᠵᠤ ᠬᠥᠭᠵᠢᠭᠦᠯᠬᠦ ᠰᠢᠨ᠎ᠡ ᠶᠢ ᠡᠭᠦᠳᠬᠦ ᠥᠨᠳᠦᠷᠯᠢᠭ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠲᠡᠷᠢᠭᠦᠨ ᠴᠢᠬᠤᠯᠠ ᠬᠥᠳᠡᠯᠭᠡᠭᠦᠷ ᠪᠣᠯᠭᠠᠨ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ᠃ 2027 ᠣᠨ ᠤ ᠡᠴᠦᠰ ᠲᠤ᠂ ᠤᠯᠤᠰ ᠤᠨ ᠲᠠᠰ ᠤᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠶᠡᠷᠦᠩᠬᠡᠶᠢᠯᠡᠭᠰᠡᠨ ᠬᠥᠭᠵᠢᠯᠲᠡ ᠶᠢᠨ ᠬᠢᠷᠢ ᠲᠦᠪᠰᠢᠨ ᠤ ᠬᠢᠨᠠᠨ ᠰᠢᠯᠭᠠᠯᠲᠠ ᠳᠤ ᠪᠥᠬᠦ ᠤᠯᠤᠰ ᠤᠨ ᠡᠮᠦᠨ᠎ᠡ 150 ᠨᠡᠷᠡᠰ᠂ ᠪᠠᠷᠠᠭᠤᠨ ᠣᠷᠣᠨ ᠤ ᠡᠮᠦᠨ᠎ᠡ 25 ᠨᠡᠷᠡᠰ ᠲᠤ ᠵᠢᠭᠰᠠᠭᠠᠭᠳᠠᠪᠠ᠃      ᠬᠤᠶᠠᠷ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ      ︵ᠨᠢᠭᠡ︶ ᠡᠷᠬᠡ ᠶᠢ ᠥᠷᠭᠡᠳᠬᠡᠵᠦ ᠴᠢᠳᠠᠪᠤᠷᠢ ᠣᠯᠭᠤᠬᠤ ᠶᠢ ᠦᠷᠭᠦᠯᠵᠢᠯᠡᠨ ᠠᠬᠢᠭᠤᠯᠬᠤ      1. ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠵᠢᠯᠣᠭᠤᠳᠤᠯᠭ᠎ᠠ ᠬᠢᠨᠠᠯᠲᠠ ᠳᠣᠣᠷ᠎ᠠ᠂ ᠵᠢᠯ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ 10000 ᠲᠣᠨ ᠪᠠᠷᠢᠮᠵᠢᠶᠠᠲᠤ ᠨᠡᠭᠦᠷᠡᠰᠦ ᠠᠴᠠ ᠳᠣᠷᠣᠭᠰᠢ ︵10000 ᠲᠣᠨ ᠢ ᠪᠠᠭᠲᠠᠭᠠᠬᠤ ᠦᠭᠡᠢ︶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠣᠷᠣᠨ ᠪᠦᠰᠡ ᠶᠢᠨ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢ ᠬᠡᠷᠡᠭᠵᠢᠭᠦᠯᠵᠦ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠵᠤ ᠠᠮᠠᠯᠠᠯᠲᠠ ᠶᠢᠨ ᠳᠦᠷᠢᠮ ᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶      2. ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠠᠵᠤ ᠦᠢᠯᠡᠰ ᠤᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠪᠠ ᠯᠢᠨ ᠾᠧ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠵᠤ ᠰᠠᠭᠤᠬᠤ ᠵᠦᠢᠯᠡᠰ ᠢᠶᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠵᠤ ᠠᠬᠤᠶᠢᠯᠠᠯ ᠤᠨ ᠬᠡᠷᠡᠭ ᠡᠷᠬᠢᠯᠡᠬᠦ ᠬᠡᠷᠡᠭᠴᠡᠭᠡ ᠪᠠᠨ ᠦᠨᠳᠦᠰᠦᠯᠡᠨ᠂ ᠬᠡᠰᠡᠭ ᠪᠦᠯᠦᠭ ᠠᠵᠤ ᠦᠢᠯᠡᠰ ᠤᠨ ᠦᠢᠯᠡᠴᠢᠯᠡᠭᠡᠨ ᠤ ᠲᠥᠪ ᠲᠤ ᠣᠷᠣᠵᠤ ᠰᠠᠭᠤᠬᠤ ᠪᠠᠨ ᠤᠷᠲᠤᠳᠬᠠᠨ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠶᠢ ᠴᠢᠷᠮᠠᠶᠢᠨ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠯᠢᠨ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶      3. ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠳᠤ ᠳᠠᠩᠰᠠᠯᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ︶      4. ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠳᠤ ᠰᠢᠨ᠎ᠡ ᠪᠠᠷ ᠥᠭᠡᠷᠡᠴᠢᠯᠡᠨ ᠥᠷᠭᠡᠳᠬᠡᠨ ᠪᠠᠶᠢᠭᠤᠯᠬᠤ ᠲᠥᠷᠥᠯ ᠵᠦᠢᠯ ᠵᠢᠴᠢ ᠲᠡᠭᠦᠨ ᠲᠠᠢ ᠬᠠᠷᠢᠯᠴᠠᠨ ᠢᠵᠢ ᠪᠥᠷᠢᠳᠦᠭᠰᠡᠨ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ︵ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠠᠴᠠ ᠪᠤᠰᠤᠳ︶᠂ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠵᠥᠪᠰᠢᠶᠡᠷᠡᠨ ᠣᠷᠣᠭᠤᠯᠬᠤ ᠭᠠᠷᠳᠠᠮ ᠢ ᠬᠠᠤᠯᠢ ᠶᠣᠰᠣᠭᠠᠷ ᠴᠣᠮᠬᠠᠳᠬᠠᠵᠤ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠳᠥᠭᠦᠮᠴᠢᠯᠡᠨ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠬᠠᠮᠢᠶᠠᠷᠬᠤ ᠵᠠᠭᠪᠤᠷ ᠢ ᠬᠡᠷᠡᠭᠵᠢᠭᠦᠯᠦᠨ᠎ᠡ︔ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠥᠬᠦ ᠴᠤᠪᠤᠷᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠤᠲᠠᠭᠤ ᠶᠢ ᠪᠠᠭᠲᠠᠭᠠᠬᠤ ᠪᠠᠷ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠡᠷᠡᠭᠵᠢᠭᠦᠯᠦᠨ᠎ᠡ︔ ᠠᠵᠤ ᠠᠬᠤᠶᠢᠯᠠᠯ ᠠᠴᠠ ᠪᠠᠯᠠ ᠣᠷᠣᠭᠤᠯᠵᠤ ᠲᠦᠭᠰᠢᠭᠦᠷᠢ ᠶᠢ ᠥᠪᠡᠰᠦᠪᠡᠨ ᠡᠭᠦᠷᠭᠡᠯᠡᠬᠦ ᠲᠥᠷᠥᠯ ᠵᠦᠢᠯ ᠢ ᠬᠢᠨᠠᠨ ᠵᠥᠪᠰᠢᠶᠡᠷᠡᠬᠦ ᠶᠠᠪᠤᠴᠠ ᠳᠤ ᠮᠡᠳᠡᠭᠳᠡᠵᠦ ᠠᠮᠠᠯᠠᠭᠤᠯᠬᠤ ᠲᠦᠷᠢᠮ ᠢ ᠬᠡᠷᠡᠭᠵᠢᠭᠦᠯᠵᠦ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠠᠮᠠᠯᠳᠠᠭᠰᠠᠨ ᠵᠦᠢᠯᠡᠰ ᠤᠨ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶᠃      ︵ᠬᠤᠶᠠᠷ︶ ᠠᠵᠤ ᠦᠢᠯᠡᠰ ᠤᠨ ᠪᠦᠭᠡᠮᠨᠡᠷᠡᠨ ᠪᠦᠯᠦᠭᠯᠡᠯ ᠤᠨ ᠬᠦᠭᠵᠢᠯᠲᠡ ᠶᠢ ᠲᠦᠯᠬᠢᠨ ᠠᠬᠢᠭᠤᠯᠤᠨ᠎ᠠ      5. ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠲᠠᠢ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠪᠠ ᠡᠷᠬᠡ ᠮᠡᠳᠡᠯ ᠤᠨ ᠬᠡᠪᠴᠢᠶᠡᠨ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠣᠬᠢᠴᠠᠩᠭᠤᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠲᠣᠭᠲᠠᠭᠠᠵᠤ᠂ ᠣᠷᠣᠭᠤᠯᠵᠤ ᠢᠷᠡᠭᠰᠡᠨ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠪᠠ ᠰᠢᠨ᠎ᠡ ᠶᠢ ᠡᠭᠦᠳᠬᠦ ᠲᠥᠷᠥᠯ ᠵᠦᠢᠯ ᠳᠤ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ︾᠂ ︽ᠨᠢᠭᠡ ᠠᠵᠤ ᠦᠢᠯᠡᠰ ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠶᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠪᠠᠯᠠ ᠣᠷᠣᠭᠤᠯᠤᠯᠲᠠ ᠶᠢ ᠠᠬᠢᠭᠤᠯᠬᠤ ᠲᠥᠪ︶      6. ᠠᠵᠤ ᠠᠬᠤᠶ ᠶᠢᠨ ᠨᠡᠭᠡᠭᠡᠨ ᠬᠥᠭᠵᠢᠭᠦᠯᠬᠦ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠶ ᠡᠳ᠋ᠰᠢᠭᠦᠯᠬᠦ᠂ ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ ᠮᠠᠲ᠋ᠧᠷᠢᠶᠠᠯ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠰᠦᠷᠦᠭᠵᠢᠨ ᠬᠥᠭᠵᠢᠬᠦ ᠶᠢ ᠭᠤᠤᠯᠳᠠᠯᠭ᠎ᠠ ᠲᠠᠢ ᠳᠡᠮᠵᠢᠨ᠎ᠡ᠃ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ᠂ ᠪᠠᠷᠠᠭᠠᠨ ᠤ ᠭᠦᠢᠯᠭᠡᠭᠡᠨ᠂ ᠮᠥᠩᠭᠦᠨ ᠭᠦᠢᠯᠭᠡᠭᠡᠨ᠂ ᠠᠷᠠᠯᠵᠢᠶᠠᠨ ᠤ ᠵᠠᠬ᠎ᠠ ᠳᠡᠯᠭᠡᠭᠦᠷ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠯ ᠵᠡᠷᠭᠡ ᠦᠢᠯᠡᠳᠪᠦᠷᠢᠯᠡᠯ ᠤᠨ ᠴᠢᠨᠠᠷᠲᠠᠶ ᠣᠳᠣ  ᠦᠶ᠎ᠡ ᠶᠢᠨ ᠦᠢᠯᠡᠴᠢᠯᠡᠭᠡᠨ ᠤ ᠦᠢᠯᠡᠰ ᠢ ᠲᠥᠬᠦᠷᠵᠢᠭᠦᠯᠦᠨ ᠬᠥᠭᠵᠢᠭᠦᠯᠵᠦ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢ ᠲᠤᠯᠭᠠᠭᠤᠷᠢᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶᠃      7. ᠬᠤᠲᠠ ᠶᠢᠨ ᠳᠣᠲᠣᠷᠠᠬᠢ ᠰᠢᠨ᠎ᠡ ᠪᠠᠷ ᠣᠷᠣᠭᠤᠯᠤᠨ ᠠᠪᠴᠢᠷᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ᠂ ᠲᠤᠰᠬᠠᠢ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ︾ ᠠᠵᠤ ᠠᠬᠤᠶᠢᠯᠠᠯ᠂ ᠵᠠᠩᠭᠢᠯᠠᠭ᠎ᠠ ᠶᠢᠨ ᠰᠡᠯᠪᠢᠭ ᠲᠣᠨᠤᠭ ᠪᠠ ᠳᠤᠮᠳᠠᠬᠢ ᠦᠢᠯᠡᠳᠬᠦᠨ ᠦᠢᠯᠡᠳᠬᠦ ᠠᠵᠤ ᠠᠬᠤᠶᠢᠯᠠᠯ ᠵᠡᠷᠭᠡ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ ᠳᠡᠭᠡᠳᠦ ᠳᠣᠣᠷᠠᠳᠤ ᠤᠷᠤᠰᠬᠠᠯ ᠤᠨ ᠢᠵᠢ ᠪᠦᠷᠢᠳᠦᠭᠦᠯᠬᠦ ᠠᠵᠤ ᠠᠬᠤᠶᠢᠯᠠᠯ ᠢ ᠤᠷᠢᠳᠠᠪᠠᠷ ᠲᠥᠯᠥᠪᠵᠢᠭᠦᠯᠦᠨ ᠪᠠᠶᠢᠷᠢᠯᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ︶      ︵ᠭᠤᠷᠪᠠ︶ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠬᠦᠭᠵᠢᠭᠡᠬᠦ      8. ᠪᠠᠯᠠ ᠮᠥᠩᠭᠦ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠷ ᠳᠠᠮᠵᠢᠭᠤᠯᠤᠨ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠭᠤᠤᠯᠯᠠᠭᠴᠢ ᠠᠵᠤ ᠠᠬᠤᠶᠢᠯᠠᠯ ᠬᠢᠭᠡᠳ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠬᠠᠮᠲᠤᠷᠠᠯᠴᠠᠭ᠎ᠠ ᠶᠢ ᠠᠬᠢᠭᠤᠯᠵᠤ᠂ ᠨᠢᠭᠡ ᠪᠦᠯᠦᠭ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠪᠠ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠤᠶᠢᠵᠢᠭᠤᠯᠤᠨ ᠪᠠᠶᠢᠭᠤᠯᠤᠨ᠎ᠠ᠃ ᠨᠡᠷᠡᠲᠦ ᠠᠵᠤ ᠠᠬᠤᠶᠢᠯᠠᠯ ᠤᠨ ᠶᠡᠷᠦᠩᠬᠡᠶ ᠬᠡᠯᠲᠡᠰ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠨ ᠪᠣᠯᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠵᠢᠩ ᠺᠠᠢ ᠲᠣᠭᠤᠷᠢᠭ ᠲᠠᠭᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠡᠭᠦᠳᠦᠨ ᠪᠠᠶᠢᠭᠤᠯᠬᠤ ᠶᠢ ᠵᠣᠷᠢᠭᠵᠢᠭᠤᠯᠵᠤ᠂ ᠨᠢᠭᠡ ᠪᠦᠯᠦᠭ ᠬᠤᠷᠰᠢᠯᠴᠠᠬᠤ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠲᠤ ᠲᠤᠬᠠᠶ ᠶᠢᠨ ᠭᠠᠵᠠᠷ ᠲᠤᠨᠢ ᠬᠤᠪᠢᠷᠠᠭᠤᠯᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶      9. ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠭᠤᠶᠤᠴᠢᠯᠠᠨ ᠮᠡᠳᠡᠭᠦᠯᠬᠦ᠂ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠬᠦᠷ᠂ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯᠯᠠᠬᠤ ᠥᠷᠲᠡᠭᠡ ᠪᠠ  ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠵᠡᠷᠭᠡ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠪᠠ ᠠᠵᠤ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠢ ᠤᠷᠢᠳᠠᠪᠠᠷ ᠳᠡᠮᠵᠢᠨ᠎ᠡ᠃ ᠰᠢᠨ᠎ᠡ ᠪᠠᠷ ᠮᠠᠭᠠᠳᠯᠠᠨ ᠲᠣᠭᠲᠠᠭᠠᠭᠰᠠᠨ ᠪᠠ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠭᠰᠡᠨ ᠰᠢᠯᠢᠳᠡᠭ ᠳᠡᠭᠡᠷᠡᠬᠢ ᠪᠠᠶᠢᠭᠤᠯᠤᠮᠵᠢ ᠪᠠ ᠲᠠᠪᠴᠠᠩ ᠳᠤ ᠥᠪᠡᠷᠲᠡᠭᠡᠨ ᠵᠠᠰᠠᠬᠤ ᠣᠷᠣᠨ ᠤ ᠱᠠᠩᠨᠠᠵᠤ ᠨᠥᠬᠦᠪᠦᠷᠢᠯᠡᠬᠦ ᠪᠠᠷᠢᠮᠵᠢᠶ᠎ᠠ ᠶᠣᠰᠣᠭᠠᠷ 1᠄ 1 ᠪᠠᠷ ᠵᠣᠬᠢᠴᠠᠭᠤᠯᠤᠨ ᠱᠠᠩᠨᠠᠵᠤ ᠨᠥᠬᠦᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶      10. ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠳᠣᠲᠣᠷ᠎ᠠ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠬᠦᠷᠲᠡᠭᠰᠡᠨ ᠠᠵᠤ ᠠᠬᠤᠶᠢᠯᠠᠯ ᠳᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠭᠥᠷᠳᠡᠭᠰᠡᠨ ᠰᠠᠭᠤᠷᠢᠨ ᠳᠡᠭᠡᠷ᠎ᠡ᠂ ᠳᠠᠬᠢᠨ ᠨᠢᠭᠡ ᠯᠡ ᠤᠳᠠᠭ᠎ᠠ ᠳᠤ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠤᠯᠤᠰ ᠤᠨ ᠲᠠᠰ ᠤᠨ ᠠᠵᠤ ᠠᠬᠤᠶᠢᠯᠠᠯ ᠤᠨ ᠪᠠᠷᠢᠮᠵᠢᠶ᠎ᠠ ᠶᠢᠨ ︽ᠳᠠᠭᠠᠭᠤᠯᠤᠭᠴᠢ︾ ᠣᠯᠤᠭᠰᠠᠨ ᠠᠵᠤ ᠠᠬᠤᠶᠢᠯᠠᠯ ᠳᠤ ᠨᠢᠭᠡ ᠯᠡ ᠤᠳᠠᠭ᠎ᠠ ᠳᠤ 20 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠲᠦᠷᠪᠡ︶ ᠨᠡᠭᠡᠭᠡᠯᠲᠡᠲᠦ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠶ᠎ᠡ      11. ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠠᠵᠤ ᠠᠬᠤᠶᠢᠯᠠᠯ ᠤᠨ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢᠨ ᠬᠥᠭᠵᠢᠯᠲᠡ ᠶᠢ ᠳᠡᠮᠵᠢᠵᠦ ᠂ ᠵᠠᠬ᠎ᠠ ᠳᠡᠯᠭᠡᠭᠦᠷ ᠢ ᠨᠡᠭᠡᠭᠡᠨ ᠥᠷᠭᠡᠳᠬᠡᠵᠦ᠂ ᠬᠢᠯᠢ ᠶᠢᠨ ᠭᠠᠳᠠᠨᠠᠬᠢ ᠡᠵᠡᠩᠨᠡᠨ ᠪᠣᠷᠣᠯᠠᠭᠤᠯᠬᠤ ᠲᠣᠣᠷ ᠴᠢᠭ᠂ ᠭᠠᠳᠠᠭᠠᠳᠤ ᠶᠢᠨ ᠬᠥᠮᠥᠷᠭᠡ᠂ ᠬᠢᠯᠢ ᠠᠯᠤᠰᠯᠠᠭᠰᠠᠨ  ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ᠂ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠬᠥᠭᠵᠢᠭᠦᠯᠦᠭᠰᠡᠨ ᠪᠠᠶᠢᠪᠠᠯ᠂ ᠳᠠᠩ ᠭᠠᠭᠴᠠ ᠲᠥᠷᠥᠯ ᠵᠦᠢᠯ ᠳᠤ ᠪᠣᠳᠠᠲᠠᠢ ᠣᠷᠣᠭᠤᠯᠤᠯᠲᠠ ᠶᠢᠨ 60% ᠪᠠᠷ ᠭᠠᠳᠠᠭᠠᠳᠤ ᠠᠵᠤ ᠠᠬᠤᠢ ᠠᠷᠠᠯᠵᠢᠶᠠᠨ ᠤ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶      12. ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠬᠤ ᠲᠥᠬᠦᠭᠡᠷᠦᠮᠵᠢ ᠵᠢᠴᠢ ᠮᠡᠷᠭᠡᠵᠢᠯ ᠢ ᠣᠷᠣᠭᠤᠯᠤᠨ ᠠᠪᠴᠢᠷᠠᠵᠤ᠂ ᠰᠢᠨ᠎ᠡ ᠮᠡᠷᠭᠡᠵᠢᠯ᠂ ᠰᠢᠨ᠎ᠡ ᠭᠠᠷ ᠤᠷᠠᠯᠠᠯ ᠢ ᠬᠡᠷᠡᠭᠯᠡᠨ ᠣᠲᠣ ᠶᠢᠨ ᠪᠠᠶᠢᠭ᠎ᠠ ᠪᠡᠯᠡᠳᠬᠡᠮᠵᠢ᠂ ᠭᠠᠷ ᠤᠷᠠᠯᠠᠯ ᠤᠨ ᠨᠥᠬᠦᠴᠡᠯ ᠵᠢᠴᠢ ᠦᠢᠯᠡᠳᠪᠦᠷᠢᠯᠡᠯ ᠤᠨ ᠦᠢᠯᠡᠴᠢᠯᠡᠭᠡ ᠵᠡᠷᠭᠡ ᠳᠤ ᠳᠡᠭᠡᠳᠦ ᠲᠠᠰ ᠤᠨ᠂ ᠤᠶᠤᠨᠴᠢᠯᠠᠭᠰᠠᠨ᠂ ᠪᠣᠬᠢᠷᠲᠤᠯ ᠥᠬᠡᠶ ᠮᠡᠷᠭᠡᠵᠢᠯ ᠤᠨ ᠥᠭᠡᠷᠡᠴᠢᠯᠡᠯᠲᠡ ᠬᠢᠭᠰᠡᠨ ᠪᠠᠶᠢᠪᠠᠯ᠂ ᠲᠠᠩ ᠭᠠᠭᠴᠠ ᠲᠥᠷᠥᠯ ᠵᠦᠢᠯ ᠳᠤ ᠪᠣᠳᠠᠲᠠᠶ ᠣᠷᠣᠭᠤᠯᠤᠯᠲᠠ ᠶᠢᠨ 60% ᠪᠠᠷ ᠭᠠᠳᠠᠭᠠᠳᠤ ᠠᠵᠤ ᠠᠬᠤᠶ ᠠᠷᠠᠯᠵᠢᠶᠠᠨ ᠤ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶      13. ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ︽ᠨᠢᠭᠡ ᠲᠣᠭᠤᠷᠢᠭ ᠤᠯᠠᠨ ᠬᠦᠷᠢᠶᠡᠯᠡᠩ︾ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠶᠢ ᠳᠡᠮᠵᠢᠵᠦ᠂ ᠤᠷᠠᠳ ᠤᠨ ᠳᠤᠮᠳᠠᠳᠤ ᠬᠤᠰᠢᠭᠤ᠂ ᠭᠠᠭᠴᠠᠮᠤᠳᠤ ᠬᠢᠯᠢ ᠶᠢᠨ ᠪᠣᠭᠤᠮᠲᠠ ᠯᠤᠭ᠎ᠠ ᠬᠠᠮᠲᠤᠷᠠᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠦᠷᠢᠶᠡᠯᠡᠩ ᠲᠣᠭᠤᠷᠢᠭ ᠢ ᠪᠠᠶᠢᠭᠤᠯᠵᠤ᠂ ᠯᠢᠨ ᠾᠧ ᠲᠣᠭᠤᠷᠢᠭ ᠯᠤᠭ᠎ᠠ ᠬᠠᠮᠲᠤᠷᠠᠯᠴᠠᠨ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠬᠦᠷᠢᠶᠡᠯᠡᠩ ᠲᠣᠭᠤᠷᠢᠭ᠂ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠬᠦᠷᠢᠶᠡᠯᠡᠩ ᠲᠣᠭᠤᠷᠢᠭ ᠢ ᠪᠠᠶᠢᠭᠤᠯᠵᠤ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠯᠢᠨ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠭᠠᠭᠴᠠᠮᠤᠳᠤ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ︶      ︵ᠲᠠᠪᠤ︶ ᠪᠣᠬᠢᠷᠲᠤᠯ ᠦᠭᠡᠢ ᠲᠤᠭ᠎ᠠ ᠪᠠᠷᠢᠮᠲᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ      14. ᠬᠤᠳᠠ ᠶᠢᠨ ᠳᠣᠲᠣᠷ᠎ᠠ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ ᠠᠵᠤ ᠠᠬᠤᠶᠢᠯᠠᠯ ᠢ ᠰᠢᠨ᠎ᠡ ᠪᠠᠷ ᠣᠷᠣᠭᠤᠯᠤᠨ ᠠᠪᠴᠢᠷᠠᠵᠤ᠂ ᠨᠡᠭᠡᠭᠡᠨ ᠬᠥᠭᠵᠢᠭᠦᠯᠬᠦ ᠣᠷᠣᠨ ᠤ ᠬᠡᠷᠡᠭᠴᠡᠭᠡ ᠶᠢ ᠦᠨᠳᠦᠰᠦᠯᠡᠨ᠂ ᠤᠷᠢᠳ ᠢᠶᠠᠷ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ︶      15. ᠡᠯ᠎ᠡ ᠲᠥᠷᠥᠯ ᠤᠨ ᠬᠥᠷᠥᠩᠭᠡ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠲᠤ ᠪᠠᠯᠠ ᠣᠷᠣᠭᠤᠯᠤᠨ ᠮᠡᠳᠡᠭᠡ ᠵᠠᠩᠭᠢ ᠶᠢᠨ ᠮᠡᠷᠭᠡᠵᠢᠯ ᠤᠨ ᠰᠠᠭᠤᠷᠢ ᠪᠡᠯᠡᠳᠬᠡᠮᠵᠢ ᠪᠠᠶᠢᠭᠤᠯᠬᠤ ᠶᠢ ᠵᠣᠷᠢᠭᠵᠢᠭᠤᠯᠵᠤ᠂ ᠴᠢᠮᠡᠭᠡ ᠬᠤᠯᠪᠣᠭᠠᠨ ᠤ ᠠᠵᠤ ᠠᠬᠤᠶᠢᠯᠠᠯ ᠤᠨ 5G ᠰᠦᠯᠵᠢᠶᠡᠨ ᠤ ᠬᠡᠪᠴᠢᠶᠡᠲᠦ ᠰᠦᠯᠵᠢᠶ᠎ᠡ ᠥᠷᠨᠢᠭᠦᠯᠬᠦ ᠶᠢ ᠳᠡᠮᠵᠢᠵᠦ᠂ ᠴᠢᠮᠡᠭᠡ ᠬᠤᠯᠪᠣᠭᠠᠨ ᠤ ᠰᠠᠭᠤᠷᠢ ᠥᠷᠲᠡᠭᠡ ᠳᠤ ᠴᠠᠬᠢᠯᠭᠠᠨ ᠬᠡᠷᠡᠭᠯᠡᠬᠦ ᠪᠠᠷ ᠮᠡᠳᠡᠭᠦᠯᠦᠨ ᠬᠢᠨᠠᠭᠤᠯᠬᠤ ᠶᠢᠨ ᠰᠠᠭᠠᠳ ᠥᠬᠡᠶ ᠨᠡᠪᠲᠡᠷᠡᠬᠦ ᠵᠠᠮ ᠪᠠᠶᠢᠭᠤᠯᠵᠤ᠂ ᠲᠣᠭᠠᠴᠢᠯᠠᠭᠰᠠᠨ ᠠᠵᠤ ᠠᠬᠤᠶ ᠶᠢᠨ ᠬᠦᠷᠢᠶᠡᠨ ᠳᠠᠬᠢ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠣᠯᠠᠨ ᠲᠠᠯᠠᠲᠤ ᠠᠷᠠᠯᠵᠢᠶᠠᠨ ᠤ ᠲᠦᠷᠢᠮ ᠶᠣᠰᠣᠭᠠᠷ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠭᠰᠡᠨ ᠠᠷᠠᠯᠵᠢᠶᠠᠨ ᠳᠤ ᠣᠷᠣᠯᠴᠠᠬᠤ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶      ︵ᠵᠢᠷᠭᠤᠭ᠎ᠠ︶ ᠪᠦᠲᠦᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠦᠨ᠎ᠡ      16. ︽ᠬᠠᠮᠢᠶᠠᠷᠤᠯᠲᠠ ᠶᠢᠨ ᠵᠥᠪᠯᠡᠯ ᠤᠨ ᠺᠣᠮᠫᠠᠨᠢ︾ ᠶᠢᠨ ᠡᠵᠡᠩᠨᠡᠯᠲᠡ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠬᠠᠮᠢᠶᠠᠷᠤᠯᠲᠠ ᠶᠢᠨ ᠪᠠᠶᠢᠭᠤᠯᠤᠮᠵᠢ ᠬᠢᠭᠡᠳ ᠡᠵᠡᠩᠨᠡᠯᠲᠡ ᠶᠢᠨ ᠪᠠᠶᠢᠭᠤᠯᠤᠮᠵᠢ ᠶᠢ ᠰᠠᠯᠭᠠᠬᠤ ᠲᠦᠷᠢᠮ ᠢ ᠬᠡᠷᠡᠭᠵᠢᠭᠦᠯᠦᠨ᠎ᠡ᠃ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ︽ᠢᠯᠡᠭᠦᠦ ᠬᠥᠳᠡᠯᠮᠦᠷᠢᠯᠡᠪᠡᠯ ᠢᠯᠡᠭᠦᠦ ᠣᠯᠭᠤᠬᠤ᠂ ᠰᠢᠯᠢᠳᠡᠭ ᠠᠮᠵᠢᠯᠲᠠ ᠪᠦᠲᠦᠮᠵᠢ ᠣᠯᠪᠠᠯ ᠰᠠᠶᠢᠨ ᠬᠠᠷᠠᠮᠵᠢ ᠣᠯᠬᠤ︾ ᠬᠥᠳᠡᠯᠦᠩᠭᠦᠢ ᠪᠠᠷ ᠤᠷᠮᠠᠰᠢᠭᠤᠯᠬᠤ ᠰᠠᠶᠢᠨ ᠰᠠᠶᠢᠬᠠᠨ ᠬᠥᠮᠥᠨ ᠬᠡᠷᠡᠭᠯᠡᠬᠦ ᠲᠣᠭᠲᠠᠴᠠ ᠶᠢ ᠪᠠᠶᠢᠭᠤᠯᠬᠤ ᠶᠢ ᠳᠡᠮᠵᠢᠵᠦ᠂ ᠠᠵᠢᠯ ᠦᠢᠯᠡᠰ ᠤᠨ ᠨᠢᠭᠡᠴᠡ ᠶᠢᠨ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ ᠣᠨ ᠤ ᠴᠠᠯᠢᠩ ᠤᠨ ᠳᠦᠷᠢᠮ᠂ ᠲᠥᠷᠥᠯ ᠵᠦᠢᠯ ᠤᠨ ᠴᠠᠯᠢᠩ᠂ ᠵᠥᠪᠯᠡᠯᠴᠡᠭᠡᠷ ᠤᠨ ᠴᠠᠯᠢᠩ ᠵᠡᠷᠭᠡ ᠣᠯᠠᠨ ᠵᠦᠢᠯ ᠤᠨ ᠬᠤᠪᠢᠶᠠᠷᠢᠯᠠᠯᠲᠠ ᠶᠢᠨ ᠬᠡᠯᠪᠡᠷᠢ ᠶᠢ ᠰᠦᠪᠡᠭᠴᠢᠯᠡᠨ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶      ︵ᠳᠤᠯᠤᠭ᠎ᠠ︶ ᠡᠯᠧᠮᠧᠨ᠋ᠲ ᠤᠨ ᠪᠠᠲᠤᠯᠠᠭ᠎ᠠ ᠪᠠ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠴᠢᠩᠭᠠᠳᠬᠠᠨ᠎ᠠ      17. ᠲᠣᠭᠤᠷᠢᠭ ᠤᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠦᠯᠡᠳᠡᠭᠡᠯ ᠭᠠᠵᠠᠷ ᠰᠢᠷᠣᠶ ᠶᠢ ᠵᠦᠶ ᠵᠣᠬᠢᠰᠲᠠᠶ ᠰᠠᠯᠭᠠᠵᠤ ᠰᠢᠯᠵᠢᠭᠦᠯᠦᠨ ᠥᠭᠬᠦ ᠶᠢ ᠳᠡᠮᠵᠢᠵᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠪᠠ ᠲᠦᠯᠦᠪᠦᠷᠢᠲᠡᠢ ᠰᠢᠯᠵᠢᠭᠦᠯᠬᠦ ᠭᠡᠷ᠎ᠡ ᠶᠢᠨ ᠪᠣᠯᠵᠤᠭ᠎ᠠ ᠳᠤ ᠨᠡᠶᠢᠴᠡᠭᠰᠡᠨ ᠤᠷᠢᠲᠠᠯ ᠳᠣᠤᠷ᠎ᠠ᠂ ᠠᠷᠠᠯᠵᠢᠶᠠᠨ ᠤ ᠡᠷᠬᠡ ᠴᠢᠯᠥᠭᠡ ᠶᠢ ᠭᠦᠢᠴᠡᠳ ᠪᠠᠲᠤᠯᠠᠵᠤ᠂ ᠥᠯᠥ ᠬᠥᠳᠡᠯᠬᠦ ᠬᠥᠷᠥᠩᠭᠡ ᠶᠢᠨ ᠰᠢᠯᠵᠢᠭᠦᠯᠬᠦ ᠳᠡᠩᠰᠡᠯᠡᠯᠲᠡ ᠶᠢ ᠬᠠᠤᠯᠢ ᠶᠣᠰᠣᠭᠠᠷ ᠭᠦᠢᠴᠡᠳᠬᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶      18. ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠰᠠᠭᠤᠷᠢ ᠮᠥᠩᠭᠦ᠂ ᠡᠯ᠎ᠡ ᠲᠥᠷᠥᠯ ᠤᠨ ᠠᠵᠤ ᠦᠢᠯᠡᠰ ᠤᠨ ᠲᠤᠰᠬᠠᠶ ᠪᠠᠯᠠ ᠮᠥᠩᠭᠦ᠂ ᠲᠤᠰᠬᠠᠶ ᠵᠢᠭᠡᠯᠡᠯᠭᠡ ᠶᠢᠨ ᠲᠡᠮᠳᠡᠭᠲᠦ ᠶᠢ ᠠᠰᠢᠭᠯᠠᠨ ᠰᠠᠭᠤᠷᠢ ᠪᠡᠯᠡᠳᠬᠡᠮᠵᠢ ᠵᠢᠴᠢ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠶᠢ ᠳᠡᠮᠵᠢᠨ᠎ᠡ᠃ ᠬᠤᠲᠠ ᠶᠢᠨ ᠲᠣᠰ ᠱᠠᠲᠤ ᠵᠢᠯ ᠪᠦᠷᠢ ᠵᠣᠬᠢᠬᠤ ᠲᠤᠰᠬᠠᠶ ᠪᠠᠯᠠ ᠮᠥᠩᠭᠦ ᠳᠣᠭᠢᠷᠠᠭᠤᠯᠵᠤ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠰᠢᠨᠡᠳᠭᠡᠨ ᠥᠭᠡᠷᠡᠴᠢᠯᠡᠬᠦ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶᠃      19. ᠠᠵᠤ ᠠᠬᠤᠶ ᠶᠢᠨ ᠨᠡᠭᠡᠭᠡᠯᠲᠡ ᠬᠢᠬᠦ ᠣᠷᠣᠨ ᠢᠶᠠᠷ ᠳᠡᠮᠵᠢᠨ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠲᠤᠰᠬᠠᠶ ᠵᠦᠢᠯ ᠢᠶᠠᠷ ᠰᠢᠯᠵᠢᠭᠦᠯᠦᠨ ᠥᠭᠬᠦ ᠨᠡᠪᠲᠡᠷᠡᠬᠦ ᠵᠠᠮ ᠢ ᠠᠰ ᠲᠤᠨᠢ ᠨᠡᠭᠡᠭᠡᠬᠦ ᠶᠢ ᠳᠡᠮᠵᠢᠵᠦ᠂ ᠲᠤᠰᠠᠭᠠᠷ ᠵᠢᠭᠰᠠᠭᠠᠨ᠂ ᠲᠤᠰᠠᠭᠠᠷ ᠵᠣᠭᠤᠰ ᠲᠣᠬᠢᠷᠠᠭᠤᠯᠬᠤ ᠶᠢ ᠪᠡᠶᠡᠯᠡᠭᠦᠯᠦᠨ᠎ᠡ᠃ ᠠᠵᠤ ᠦᠢᠯᠡᠳᠪᠦᠷᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠳᠡᠮᠵᠢᠬᠦ ᠳᠤ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠬᠠᠮᠢᠶᠠᠷᠬᠤ ᠵᠠᠭᠪᠤᠷ ᠢᠶᠠᠷ ᠯᠠᠪᠯᠠᠯᠲᠠ ᠪᠣᠯᠭᠠᠬᠤ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶      20. ᠪᠣᠷᠣᠲᠣᠬᠤᠶ ᠶᠢᠨ ᠳᠡᠭᠡᠳᠦ ᠰᠤᠷᠭᠠᠭᠤᠯᠢ᠂ ᠪᠠᠶᠠᠨᠨᠠᠭᠤᠷ ᠤᠨ ᠮᠠᠰᠲ᠋ᠧᠷ ᠤᠨ ᠳᠡᠭᠡᠳᠦ ᠰᠤᠷᠭᠠᠭᠤᠯᠢ᠂ ᠯᠢᠨ ᠾᠧ ᠲᠣᠭᠤᠷᠢᠭ ᠤᠨ ᠨᠢᠭᠡᠳᠦᠭᠡᠷ ᠠᠵᠢᠯ ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠵᠡᠷᠭᠡ ᠳᠡᠭᠡᠳᠦ ᠰᠤᠷᠭᠠᠭᠤᠯᠢ ᠳᠤ ᠠᠵᠢᠯ ᠲᠥᠷᠥᠯ ᠤᠨ ᠰᠢᠰᠲ᠋ᠧᠮ ᠤᠨ ᠲᠤᠰᠬᠠᠶ ᠮᠡᠷᠭᠡᠵᠢᠯ ᠂ ᠬᠢᠴᠢᠶᠡᠯ ᠲᠥᠷᠥᠯ ᠢ ᠪᠠᠶᠢᠭᠤᠯᠬᠤ ᠶᠢ ᠬᠠᠶᠢᠨ ᠰᠦᠪᠡᠭᠴᠢᠯᠡᠵᠦ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠳᠤ ᠮᠡᠷᠭᠡᠵᠢᠯ ᠤᠨ ᠴᠢᠳᠠᠪᠤᠷᠢᠲᠠᠨ ᠤ ᠪᠠᠲᠤᠯᠠᠭ᠎ᠠ ᠬᠠᠩᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶         ᠬᠠᠮᠢᠶ᠎ᠠ ᠪᠥᠬᠦᠶ ᠪᠢᠴᠢᠭ ᠮᠠᠲ᠋ᠧᠷᠢᠶᠠᠯ᠄ ︽ᠪᠠᠶᠠᠨᠨᠠᠭᠤᠷ ᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠤᠬᠠᠶ ᠪᠣᠳᠠᠲᠠᠶ ᠠᠷᠭ᠎ᠠ ᠬᠡᠮᠵᠢᠶ᠎ᠡ︾ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ