ᠮᠠᠨ ᠤ ᠬᠤᠲᠠ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠬᠦᠢᠴᠡᠳᠬᠡᠬᠦ︾ ᠴᠤᠭᠯᠠᠷᠠᠯᠵᠢᠯᠳᠠ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ | ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ︽ᠭᠦᠢᠴᠡᠳᠬᠡᠵᠦ ᠪᠣᠯᠬᠤ︾ ᠪᠠᠶᠢᠭᠰᠠᠨ ᠠᠴᠠ ︽ᠬᠦᠢᠴᠡᠳᠬᠡᠬᠦ ᠳᠤ ᠠᠮᠠᠷ︾ ︽ | ᠬᠦᠢᠴᠡᠳᠬᠡᠬᠦ ᠳᠤ ᠲᠦᠬᠦᠮ︾ ᠪᠣᠯᠭᠠᠨ ᠬᠤᠪᠢᠷᠠᠭᠤᠯᠪᠠ᠃ | ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠥᠯᠥ ᠬᠥᠳᠡᠯᠬᠦ ᠬᠥᠷᠥᠩᠭᠡ ᠶᠢᠨ ᠶᠡᠷᠦᠩᠬᠡᠶᠢᠯᠡᠭᠰᠡᠨ ᠨᠢᠬᠡ ᠴᠤᠩᠬᠤᠪᠴᠢ ᠪᠠᠷ | ᠬᠦᠯᠢᠶᠡᠨ ᠠᠪᠴᠤ ᠬᠦᠢᠴᠡᠳᠬᠡᠬᠦ ᠲᠢᠩᠬᠢᠮ ᠳᠤ᠂ ᠬᠤᠲᠠ ᠶᠢᠨ ᠠᠷᠠᠳ ᠺᠦᠩ ᠳ᠋ᠧ ᠾᠦᠢ ᠤᠶᠤᠨᠴᠢ ᠮᠠᠰᠢᠨ ᠳᠡᠭᠡᠷ᠎ᠡ ᠤᠰᠤ ᠴᠠᠬᠢᠯᠭᠠᠨ ᠰᠢᠳᠠᠮᠠᠬᠠᠢ ᠬᠡᠢ | ᠳᠤᠯᠠᠭᠠᠯᠠᠭ᠎ᠠ ᠶᠢᠨ ᠡᠷᠦᠬᠡ ᠰᠢᠯᠵᠢᠬᠦᠯᠬᠦ ᠭᠠᠷ ᠭᠦᠢᠴᠡᠳᠬᠡᠯ ᠢ ᠭᠦᠢᠴᠡᠳᠬᠡᠵᠦ ᠪᠠᠶᠢᠯ᠎ᠠ᠃ ᠥᠩᠭᠡᠷᠡᠭᠰᠡᠨ ᠳᠤ ᠤᠯᠠᠨ ᠰᠠᠯᠠᠭ᠎ᠠ ᠮᠥᠴᠢᠷ ᠲᠤ ᠬᠦᠶᠦᠬᠦ ᠴᠢᠬᠤᠯᠠᠲᠠᠢ | ᠪᠠᠶᠢᠭᠰᠠᠨ ᠪᠤᠯ ᠤᠳᠤ ᠵᠦᠪᠬᠡᠨ ᠡᠨᠡᠬᠦ ᠤᠶᠤᠨᠴᠢ ᠮᠠᠰᠢᠨ ᠢᠶᠠᠷ ᠬᠡᠳᠦᠬᠡᠨ ᠮᠢᠨᠦ᠋ᠲ ᠤᠨ ᠳᠣᠲᠣᠷ᠎ᠠ ᠪᠦᠬᠦᠨ ᠢ ᠭᠦᠢᠴᠡᠳᠬᠡᠭᠡᠳ ᠲᠠᠭᠤᠰᠬᠠᠴᠢᠬᠠᠪᠠ᠃ ︽ᠨᠢᠭᠡ ᠯᠡ | ᠤᠳᠠᠭ᠎ᠠ ᠳᠤ ᠬᠦᠢᠴᠡᠳᠬᠡᠬᠡᠳ ᠲᠠᠭᠤᠰᠬᠠᠴᠢᠬᠠᠯᠠ᠂ ᠨᠠᠭᠠᠰᠢ ᠴᠠᠭᠠᠰᠢ ᠬᠦᠶᠦᠬᠦ ᠴᠢᠬᠤᠯᠠ ᠦᠭᠡᠢ᠂ ᠮᠢᠨᠤ ᠴᠠᠭ ᠢ ᠠᠷᠪᠢᠯᠠᠵᠤ ᠦᠭᠬᠦᠭᠰᠡᠨ ᠢᠶᠠᠷ ᠪᠠᠷᠠᠬᠤ ᠦᠬᠡᠢ | ᠪᠠᠰᠠ ᠠᠵᠢᠯ ᠶᠠᠪᠤᠳᠠᠯ ᠬᠦᠢᠴᠡᠳᠬᠡᠬᠦ ᠦᠷ᠎ᠡ ᠪᠦᠳᠦᠮᠵᠢ ᠶᠢ ᠲᠡᠬᠡᠭᠰᠢᠯᠡᠬᠦᠯᠵᠤ ᠴᠢᠳᠠᠭᠰᠠᠨ︾ ᠬᠡᠵᠤ ᠬᠤᠳᠠ ᠶᠢᠨ ᠠᠷᠠᠳ ᠺᠦᠩ ᠳ᠋ᠧ ᠾᠦᠢ ᠬᠡᠯᠡᠵᠤ ᠪᠠᠶᠢᠯ᠎ᠠ᠃ | ᠮᠠᠨ ᠤ ᠬᠤᠲᠠ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠯᠡᠭᠡᠨ ᠤ ᠡᠬᠢ ᠪᠠᠶᠠᠯᠢᠭ ᠢ ᠢᠳᠡᠪᠬᠢᠲᠡᠢ ᠪᠠᠷ ᠡᠮᠬᠢᠯᠡᠨ | ᠨᠡᠶᠢᠯᠡᠭᠦᠯᠵᠦ᠂ ᠥᠪᠡᠰᠦᠪᠡᠨ ᠦᠢᠯᠡᠴᠢᠯᠡᠬᠦ ᠮᠠᠰᠢᠨ ᠳᠤ ᠰᠠᠭᠤᠷᠢᠯᠠᠨ ᠠᠷᠠᠳ ᠲᠤ ᠲᠥᠬᠦᠮ ᠦᠵᠡᠭᠦᠯᠬᠦ ᠬᠡᠷᠡᠭᠯᠡᠭᠡ ᠶᠢ ᠨᠡᠭᠡᠭᠡᠨ ᠬᠥᠭᠵᠢᠭᠦᠯᠵᠦ᠂ ᠦᠢᠯᠡᠴᠢᠯᠡᠭᠡᠨ ᠤ | ᠬᠦᠷᠢᠶ᠎ᠡ ᠬᠡᠪᠴᠢᠶ᠎ᠡ᠂ ᠠᠭᠤᠯᠭ᠎ᠠ᠂ ᠠᠬᠤᠢ ᠪᠠᠶᠢᠳᠠᠯ ᠢ ᠪᠠᠶᠠᠯᠢᠭᠵᠢᠭᠤᠯᠤᠨ᠂ ᠨᠢᠭᠡ ᠪᠦᠯᠦᠭ ︽ᠥᠪᠡᠰᠦᠪᠡᠨ ᠰᠢᠢᠳᠪᠦᠷᠢᠯᠡᠵᠦ ᠪᠣᠯᠬᠤ ᠵᠦᠢᠯᠡᠰ︾ ᠢ ᠬᠦᠴᠦᠯᠡᠨ | ᠪᠣᠶ ᠪᠣᠯᠭᠠᠪᠠ᠃ ᠣᠲᠣ ᠪᠣᠯᠲᠠᠯ᠎ᠠ᠂ ᠨᠡᠶᠢᠲᠡ 413 ᠬᠡᠷᠡᠭᠯᠡᠬᠡᠨ ᠢ ᠲᠠᠪᠴᠠᠩ ᠳᠤ ᠭᠠᠷᠭᠠᠵᠤ᠂ ︽ ᠮᠦᠩᠬᠡ ᠰᠤᠪᠠᠭ︾ ᠤᠨ ᠬᠡᠷᠡᠭᠯᠡᠭᠡᠨ ᠤ ᠫᠷᠣᠭ᠍ᠷᠠᠮ ᠢᠶᠠᠷ | ᠳᠠᠮᠵᠢᠭᠤᠯᠤᠨ 3.1 ᠲᠦᠮᠡᠨ ᠬᠤᠪᠢ ᠲᠤᠬᠠᠶᠢᠯᠠᠭᠰᠠᠨ ᠠᠵᠢᠯ ᠢ ᠬᠦᠢᠴᠡᠳᠬᠡᠭᠰᠡᠨ ᠪᠠᠶᠢᠨ᠎ᠠ᠃ | ᠣᠶᠢᠷ᠎ᠠ ᠶᠢᠨ ᠵᠢᠯ ᠤᠳ ᠲᠤ᠂ ᠮᠠᠨ ᠤ ᠬᠤᠲᠠ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠬᠦᠢᠴᠡᠳᠬᠡᠬᠦ︾ ᠴᠤᠭᠯᠠᠷᠠᠯᠵᠢᠯᠳᠠ ᠶᠢᠨ | ᠥᠭᠡᠷᠡᠴᠢᠯᠡᠯᠲᠡ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠰᠠᠯᠠᠭ᠎ᠠ ᠮᠥᠴᠢᠷ ᠤᠨ ᠵᠠᠭᠠᠭ ᠬᠢᠵᠠᠭᠠᠷ ᠢ ᠡᠪᠳᠡᠨ᠂ ᠪᠦᠬᠦᠯᠢ ᠴᠣᠭᠴᠠ ᠪᠠᠷ ᠢᠶᠠᠨ ᠬᠤᠯᠪᠤᠭᠠᠯᠠᠨ | ᠬᠥᠳᠡᠯᠦᠯᠴᠡᠵᠦ ᠲᠥᠪᠯᠡᠷᠡᠭᠦᠯᠦᠨ ᠦᠢᠯᠡᠴᠢᠯᠡᠬᠦ ᠶᠢ ᠪᠡᠶᠡᠯᠡᠬᠦᠯᠪᠡ᠃ ᠪᠥᠬᠦ ᠬᠤᠲᠠ ᠶᠢᠨ 12 ᠰᠠᠯᠠᠭ᠎ᠠ ᠮᠥᠴᠢᠷ ᠤᠨ ᠪᠠᠶᠢᠭᠤᠯᠤᠭᠰᠠᠨ 20 ᠲᠤᠬᠠᠶᠢᠯᠠᠭᠰᠠᠨ | ᠠᠵᠢᠯ ᠤᠨ ᠰᠢᠰᠲ᠋ᠧᠮ ᠤᠨ 676 ᠵᠦᠢᠯᠡᠰ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠰᠦᠯᠵᠢᠶᠡᠨ ᠳᠡᠭᠡᠷ᠎ᠡ ᠰᠢᠢᠳᠪᠦᠷᠢᠯᠡᠵᠦ ᠪᠣᠯᠬᠤ ᠵᠦᠢᠯᠡᠰ ᠤᠨ ᠪᠦᠷᠬᠦᠴᠡ ᠶᠢᠨ ᠨᠣᠷᠮ᠎ᠠ 99.64% ᠳᠤ ᠬᠦᠷᠴᠦ᠂ ᠪᠥᠬᠦ ᠶᠠᠪᠤᠴᠠ ᠶᠢᠨ ᠰᠦᠯᠵᠢᠶᠡᠨ ᠳᠡᠭᠡᠷ᠎ᠡ | ᠰᠢᠢᠳᠪᠦᠷᠢᠯᠡᠵᠦ ᠪᠣᠯᠬᠤ ᠵᠦᠢᠯᠡᠰ ᠤᠨ ᠪᠦᠷᠬᠦᠴᠡ ᠶᠢᠨ ᠨᠣᠷᠮ᠎ᠠ 98.62% ᠳᠤ ᠬᠦᠷᠴᠡᠢ᠃ | ᠳᠡᠭᠡᠷ᠎ᠡ ᠬᠠᠭᠠᠰ ᠵᠢᠯ ᠳᠤ᠂ ᠪᠥᠬᠦ ᠬᠤᠲᠠ ᠶᠢᠨ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠤᠷᠢᠯᠡᠭᠰᠡᠨ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠢ | ᠨᠡᠶᠢᠲᠡ 9.44 ᠲᠦᠮᠡᠨ ᠬᠤᠪᠢ ᠪᠠᠶᠢᠵᠤ ᠂ ᠰᠦᠯᠵᠢᠶᠡᠨ ᠳᠡᠭᠡᠷ᠎ᠡ ᠡᠷᠭᠢᠯᠡᠭᠰᠡᠨ ᠮᠠᠲ᠋ᠧᠷᠢᠶᠠᠯ ᠤᠨ ᠡᠵᠡᠯᠡᠬᠦ ᠬᠠᠷᠢᠴᠠᠯ ᠨᠢ 43.21% ᠳᠤ ᠬᠦᠷᠴᠦ᠂ 921 | ᠡᠯᠧᠺᠲᠷᠣᠨ ᠲᠠᠮᠠᠭ᠎ᠠ ᠶᠢ ᠦᠢᠯᠡᠳᠦᠨ ᠲᠠᠷᠬᠠᠭᠠᠵᠤ᠂ ᠣᠷᠤᠭ ᠤᠨ ᠦᠨᠡᠮᠯᠡᠯ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠭᠡᠷᠡᠴᠢ ᠵᠡᠷᠭᠡ 176 | ᠲᠥᠷᠥᠯ ᠤᠨ 259 ᠲᠦᠮᠡᠨ ᠡᠯᠧᠺᠲᠷᠣᠨ ᠦᠨᠡᠮᠯᠡᠯ ᠢ ᠨᠡᠶᠢᠯᠡᠭᠦᠯᠦᠨ᠂ ᠭᠠᠷ ᠤᠨ ᠥᠰᠥᠭ ᠵᠢᠷᠤᠵᠤ ᠲᠠᠮᠠᠭ᠎ᠠ ᠳᠠᠷᠤᠭᠰᠠᠨ ᠨᠣᠷᠮ᠎ᠠ ᠨᠢ 99.96% ᠪᠠᠶᠢᠵᠤ᠂ | ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠦᠨᠡᠮᠯᠡᠯ ᠢ ᠬᠡᠯᠲᠦᠷᠢᠭᠦᠯᠬᠦ︾ ᠵᠦᠢᠯᠡᠰ ᠢ ᠨᠡᠶᠢᠲᠡ 835 ᠬᠤᠪᠢ ᠨᠤᠲᠠᠯᠠᠨ | ᠵᠥᠪᠰᠢᠶᠡᠷᠡᠵᠦ᠂ ︽ᠺᠣᠳ᠋ ᠰᠢᠷᠪᠢᠵᠦ ᠦᠨᠡᠮᠯᠡᠯ ᠭᠠᠷᠭᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠡᠯᠧᠺᠲᠷᠣᠨ ᠦᠨᠡᠮᠯᠡᠯ ᠤᠨ ᠮᠠᠲ᠋ᠧᠷᠢᠶᠠᠯ ᠢ ᠨᠡᠶᠢᠲᠡ 6600 | ᠭᠠᠷᠤᠢ ᠬᠤᠪᠢ ᠬᠠᠰᠤᠵᠤ ᠬᠡᠯᠲᠦᠷᠢᠭᠦᠯᠦᠨ᠂ ᠨᠡᠶᠢᠲᠡ 1175 ᠲᠦᠮᠡ ᠭᠠᠷᠤᠢ ᠤᠳᠠᠭ᠎ᠠ ᠶᠢᠨ ᠡᠯᠧᠺᠲᠷᠣᠨ ᠦᠨᠡᠮᠯᠡᠯ ᠢ ᠰᠢᠯᠵᠢᠭᠦᠯᠦᠨ ᠬᠡᠷᠡᠭᠯᠡᠪᠡ᠃ | | | | |