ᠤᠷᠠᠳ ᠤᠨ ᠳᠤᠮᠳᠠᠳᠤ ᠬᠤᠰᠢᠭᠤ ︽ᠲᠥᠷᠥᠯ ᠵᠦᠢᠯ ᠢᠶᠠᠷ ᠭᠤᠤᠯ ᠪᠣᠯᠭᠠᠬᠤ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠴᠠᠭ ᠮᠥᠴᠡ ᠶᠢ | ᠠᠮᠵᠢᠨ ᠠᠵᠢᠯ ᠤᠨ ᠠᠬᠢᠴᠠ ᠶᠢ ᠲᠦᠷᠭᠡᠳᠭᠡᠨ᠂ ᠨᠠᠩ ᠬᠦᠴᠦᠲᠡᠶ ᠪᠠᠲᠤᠯᠠᠭ᠎ᠠ᠂ ᠨᠠᠩ ᠯᠠᠪᠳᠠᠭᠤᠨ ᠠᠷᠭ᠎ᠠ ᠬᠡᠮᠵᠢᠶ᠎ᠡ᠂ ᠨᠠᠩ ᠬᠦᠢᠴᠡᠳ ᠡᠷᠴᠢ ᠵᠣᠷᠢᠭ ᠢᠶᠠᠷ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠬᠤᠷᠳᠤᠴᠠ ᠶᠢ ᠲᠦᠷᠭᠡᠳᠭᠡᠵᠤ ᠪᠠᠶᠢᠨ᠎ᠠ᠃ | ᠱᠧᠨ ᠬᠤᠸᠠ ᠪᠠᠶᠠᠨᠨᠠᠭᠤᠷ ᠤᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠬᠡᠦᠷᠰᠢᠭᠦᠯᠬᠦ ᠵᠤᠤᠬ᠎ᠠ ᠶᠢᠨ ᠬᠠᠭᠤᠷᠠᠶ ᠪᠠᠷ ᠬᠡᠦᠷᠰᠢᠭᠦᠯᠬᠦ ᠠᠷᠭ᠎ᠠ ᠪᠠᠷ ᠬᠡᠦᠷᠡᠰᠦ ᠶᠢ | ᠤᠨᠲᠠᠷᠠᠭᠠᠵᠤ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠢᠨᠵᠧᠨᠧᠷᠢᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ | ᠲᠠᠯᠠᠪᠠᠢ ᠳᠤ ᠬᠦᠷᠬᠦ ᠳᠤ᠂ ᠲᠤᠮᠤ ᠬᠡᠯᠪᠡᠷᠢ ᠶᠢᠨ ᠳᠡᠭᠦᠵᠢᠯᠡᠨ ᠤᠭᠰᠠᠷᠠᠬᠤ ᠮᠠᠰᠢᠨ ᠶᠠᠭ ᠪᠠᠴᠢᠮ ᠶᠠᠭᠠᠷᠠᠯᠲᠠᠢ ᠠᠵᠢᠯᠯᠠᠵᠤ᠂ ᠠᠵᠢᠯᠴᠢᠳ ᠡᠮᠬᠢ ᠵᠠᠮᠪᠠᠷᠠᠭ᠎ᠠ ᠲᠠᠢ ᠪᠠᠷ | ᠪᠤᠯᠤᠳ ᠤᠳᠠᠰᠤ ᠶᠢ ᠪᠤᠯᠪᠠᠰᠤᠷᠠᠭᠤᠯᠤᠨ᠂ ᠲᠤᠬᠠᠢ ᠶᠢᠨ ᠲᠠᠯᠠᠪᠠᠢ ᠳᠤ ᠮᠠᠰᠢ ᠶᠠᠭᠠᠷᠠᠯᠲᠠᠢ ᠪᠠᠶᠢᠯ᠎ᠠ᠃ | ᠱᠧᠨ ᠬᠤᠸᠠ ᠪᠠᠶᠠᠨᠨᠠᠭᠤᠷ ᠤᠨ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠦᠷᠰᠢᠭᠦᠯᠬᠦ ᠦᠢᠯᠡᠳᠪᠦᠷᠢ ᠶᠢᠨ ᠨᠢᠭᠡᠳᠦᠭᠡᠷ ᠬᠤᠭᠤᠴᠠᠭᠠᠨ ᠤ | ᠨᠢᠭᠡᠳᠦᠭᠡᠷ ᠦᠢᠯᠡᠳᠪᠤᠷᠢᠯᠡᠯ ᠤᠨ ᠱᠤᠭᠤᠮ ᠤᠨ ᠵᠢᠯ ᠳᠤ ᠪᠠᠷᠤᠭ 120 ᠲᠦᠮᠡᠨ ᠲᠣᠨ ᠨᠡᠬᠦᠷᠡᠰᠤ ᠶᠢ ᠬᠠᠭᠤᠷᠠᠶ ᠪᠠᠷ ᠬᠡᠤᠷᠰᠢᠭᠦᠯᠵᠤ᠂ ᠬᠡᠤᠷᠰᠢᠭᠦᠯᠤᠭ᠍ᠰᠡᠨ | ᠢᠯᠴᠢ ᠶᠢ ᠡᠭᠡᠭᠦᠯᠦᠨ ᠬᠤᠷᠢᠶᠠᠵᠤ᠂ ᠡᠨᠧᠷᠭᠢ ᠶᠢᠨ ᠬᠤᠷᠣᠭᠳᠠᠯ ᠢ ᠪᠠᠭᠠᠰᠬᠠᠨ᠂ ᠬᠡᠤᠷᠰᠢᠭᠦᠯᠤᠭ᠍ᠰᠡᠨ ᠨᠡᠬᠦᠷᠡᠰᠤ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ | ᠂ ᠺᠣᠮᠫᠠᠨᠢ ᠠᠴᠠ ᠡᠨᠡ ᠵᠢᠯ ᠤᠨ 4 ᠰᠠᠷ᠎ᠠ ᠠᠴᠠ ᠡᠬᠢᠯᠡᠨ ᠶᠡᠷᠦᠩᠬᠡᠶ ᠪᠡᠯᠡ ᠣᠷᠣᠭᠤᠯᠤᠯᠲᠠ ᠨᠢ 3.168 ᠳ᠋ᠦᠩᠰᠢᠭᠤᠷ ᠲᠥᠭᠦᠷᠢᠭ ᠤᠨ ᠬᠡᠦᠷᠰᠢᠭᠦᠯᠬᠦ ᠵᠤᠤᠬ᠎ᠠ ᠶᠢᠨ | ᠬᠠᠭᠤᠷᠠᠶ ᠪᠠᠷ ᠬᠡᠦᠷᠰᠢᠭᠦᠯᠬᠦ ᠠᠷᠭ᠎ᠠ ᠪᠠᠷ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠢᠨᠵᠧᠨᠧᠷᠢᠩ ᠤᠨ ᠲᠦᠷᠦᠯ ᠵᠦᠢᠯ ᠢ ᠬᠡᠷᠡᠭᠵᠢᠭᠦᠯᠪᠡ᠃ | ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠡᠵᠡᠩᠨᠡᠯᠲᠡ ᠶᠢᠨ ᠣᠷᠣᠯᠭ᠎ᠠ 1.41 ᠳ᠋ᠦᠩᠰᠢᠭᠤᠷ ᠲᠥᠭᠦᠷᠢᠭ ᠬᠦᠷᠬᠦ ᠪᠣᠯᠤᠨ᠎ᠠ᠃ | ᠡᠭᠦᠨ ᠤ ᠬᠠᠮᠲᠤ᠂ ᠲᠣᠰ ᠲᠥᠷᠥᠯ ᠵᠦᠢᠯ ᠳᠤ ᠪᠠᠰᠠ ᠬᠠᠭᠤᠷᠠᠶ ᠪᠠᠷ ᠬᠡᠤᠷᠰᠢᠬᠦᠯᠤᠭ᠍ᠰᠡᠨ ᠦᠯᠡᠳᠡᠪᠦᠷᠢ ᠢᠯᠴᠢ ᠶᠢᠨ ᠵᠤᠤᠬ᠎ᠠ ᠠᠴᠠ ᠡᠭᠦᠰᠦᠭᠰᠡᠨ ᠠᠭᠤᠷ ᠢᠶᠠᠷ | ᠴᠠᠬᠢᠯᠭᠠᠨ ᠭᠠᠷᠭᠠᠵᠤ ᠪᠣᠯᠤᠨ᠎ᠠ᠂ ᠵᠢᠱᠢᠯᠲᠡ ᠪᠠᠷ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 1.78 ᠳ᠋ᠦᠩᠰᠢᠭᠤᠷ ᠭᠷᠠᠳᠦ᠋ᠰ ᠲᠤ ᠬᠥᠷᠬᠦ ᠪᠣᠯᠤᠨ᠎ᠠ᠃ | ᠤᠷᠠᠳ ᠤᠨ ᠳᠤᠮᠳᠠᠳᠤ ᠬᠤᠰᠢᠭᠤᠨ ᠳᠤ ᠡᠯᠪᠡᠭ ᠪᠠᠶᠠᠯᠢᠭ ᠠᠭᠤᠷᠬᠠᠶ ᠶᠢᠨ ᠭᠠᠷᠤᠯᠲᠠ᠂ ᠥᠩᠭᠡ ᠦᠵᠡᠮᠵᠢ᠂ ᠲᠠᠷᠢᠶᠠᠯᠠᠩ ᠮᠠᠯ ᠠᠵᠤ ᠠᠬᠤᠶ᠂ ᠰᠣᠶᠣᠯ | ᠵᠢᠭᠤᠯᠴᠢᠯᠠᠯ ᠤᠨ ᠡᠬᠢ ᠪᠠᠶᠠᠯᠢᠭ ᠲᠠᠢ ᠪᠠᠶᠢᠵᠤ᠂ ᠬᠢᠯᠢ ᠶᠢᠨ ᠳᠣᠲᠣᠷ᠎ᠠ ᠨᠢᠭᠡᠨᠲᠡ 68 ᠠᠭᠤᠷᠬᠠᠢ ᠶᠢᠨ ᠲᠥᠷᠥᠯ ᠢ ᠬᠠᠶᠢᠨ ᠳᠣᠲᠣᠯᠠᠵᠤ᠂ ᠣᠷᠣᠨ ᠪᠠᠶᠢᠷᠢ ᠶᠢᠨ | ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠤᠷᠠᠳ ᠤᠨ ᠳᠤᠮᠳᠠᠳᠤ ᠬᠤᠰᠢᠭᠤᠨ ᠤ ᠠᠵᠤ ᠦᠢᠯᠡᠳᠪᠤᠷᠢ ᠶᠢᠨ ᠠᠵᠤ ᠠᠬᠤᠶ ᠨᠢ ᠪᠣᠬᠢᠷᠲᠤᠯ ᠥᠬᠡᠶ | ᠴᠡᠪᠡᠷ ᠡᠨᠧᠷᠭᠢ ᠶᠢ ᠨᠡᠭᠡᠭᠡᠨ ᠠᠰᠢᠭᠯᠠᠬᠤ᠂ ᠨᠡᠭᠦᠷᠡᠰᠦ ᠮᠡᠯᠳᠡᠵᠤ ᠤᠬᠢᠶᠠᠵᠤ ᠰᠢᠯᠢᠬᠦ᠂ ᠬᠡᠤᠷᠰᠢᠬᠦᠯᠬᠦ ᠵᠡᠷᠭᠡ ᠭᠤᠤᠯᠳᠠᠯᠭ᠎ᠠ ᠲᠠᠢ ᠲᠤᠯᠭᠠᠭᠤᠷᠢ ᠠᠵᠤ ᠦᠢᠯᠡᠰ ᠢ | ᠪᠣᠶ ᠪᠣᠯᠭᠠᠭᠰᠠᠨ ᠪᠥᠭᠡᠳ ᠳᠠᠪᠠᠭᠤᠯᠢᠭ ᠠᠵᠢᠯ ᠲᠥᠷᠥᠯ ᠤᠨ ᠠᠵᠤ ᠦᠢᠯᠡᠰ ᠤᠨ ᠬᠡᠯᠬᠢᠶ᠎ᠡ ᠪᠠᠨ ᠲᠠᠰᠤᠷᠠᠯᠲᠠ ᠥᠬᠡᠶ ᠤᠷᠲᠤᠳᠬᠠᠬᠤ ᠶᠢ ᠠᠬᠢᠭᠤᠯᠵᠤ᠂ ᠠᠵᠤ | ᠦᠢᠯᠡᠳᠪᠤᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ | ᠥᠪᠥᠷ ᠮᠣᠩᠭᠤᠯ ᠤᠨ ᠠᠨᠾᠦ᠋ᠢ ᠶᠢᠨ ᠴᠠᠬᠢᠭᠤᠷ ᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠷᠠᠯᠵᠢᠶᠠᠴᠢᠨ ᠤᠷᠢᠵᠤ ᠪᠠᠯᠠ ᠣᠷᠣᠭᠤᠯᠬᠤ | ᠶᠢ ᠲᠠᠮᠵᠢᠨ᠂ ᠤᠷᠠᠳ ᠤᠨ ᠳᠤᠮᠳᠠᠳᠤ ᠬᠤᠰᠢᠭᠤᠨ ᠳᠤ ᠤᠷᠤᠵᠤ ᠢᠷᠡᠨ ᠰᠠᠭᠤᠷᠢᠰᠢᠨ᠂ ᠰᠤᠷᠪᠤᠯᠵᠢᠯᠠᠭᠴᠢ ᠺᠣᠮᠫᠠᠨᠢ ᠶᠢᠨ ᠵᠢᠯ ᠳᠤ 30 ᠲᠦᠮᠡᠨ ᠲᠣᠨ | ᠦᠢᠯᠡᠳᠪᠤᠷᠢᠯᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠤᠷ ᠲᠤ ᠬᠦᠷᠴᠦ᠂ ᠪᠠᠷᠢᠮᠵᠢᠶᠠᠲᠤ ᠦᠢᠯᠡᠳᠪᠤᠷᠢᠯᠡᠯ ᠤᠨ ᠲᠠᠰᠤᠭ ᠲᠤ | ᠲᠣᠨᠤᠭ ᠲᠥᠬᠦᠭᠡᠷᠦᠮᠵᠢ ᠶᠢ ᠭᠠᠩᠨᠠᠵᠤ ᠤᠭᠰᠠᠷᠠᠬᠤ ᠠᠵᠢᠯ ᠢ ᠶᠠᠭ ᠶᠠᠭᠠᠷᠠᠯᠳᠡᠢ ᠬᠢᠵᠦ ᠂ ᠶᠡᠷᠦᠩᠬᠡᠶᠢᠯᠡᠭᠰᠡᠨ ᠠᠰᠠᠷ ᠤᠨ ᠠᠯᠪᠠᠯᠠᠬᠤ ᠠᠰᠠᠷ ᠤᠨ ᠭᠤᠣᠯ | ᠴᠣᠭᠴᠠ ᠶᠢ ᠨᠢᠭᠡᠨᠲᠡ ᠦᠨᠳᠦᠰᠦᠨ ᠳᠡᠭᠡᠨ ᠪᠠᠷᠢᠵᠤ ᠳᠠᠭᠤᠰᠬᠠᠪᠠ᠃ ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 3 ᠳ᠋ᠦᠩᠰᠢᠭᠤᠷ | ᠲᠥᠭᠦᠷᠢᠭ ᠪᠠᠶᠢᠵᠤ᠂ ᠭᠤᠤᠯᠳᠠᠭᠤ ᠪᠠᠷᠢᠯᠭ᠎ᠠ ᠶᠢᠨ ᠬᠠᠪᠲᠠᠰᠤᠨ ᠮᠠᠲ᠋ᠧᠷᠢᠶᠠᠯ ᠳᠤ ᠬᠡᠷᠡᠭᠯᠡᠬᠦ ᠴᠢᠯᠠᠭᠤᠨ ᠡᠯᠡᠰᠦ ᠦᠢᠯᠡᠳᠪᠤᠷᠢᠯᠡᠵᠤ᠂ ᠪᠠᠷᠢᠯᠭ᠎ᠠ ᠶᠢᠨ ᠶᠡᠷᠦᠩᠬᠡᠶ | ᠲᠠᠯᠠᠪᠠᠶ ᠨᠢ ᠪᠠᠷᠤᠭ 4 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠬᠤᠶᠠᠷ ᠬᠤᠭᠤᠴᠠᠭ᠎ᠠ ᠬᠤᠪᠢᠶᠠᠨ ᠶᠠᠪᠤᠭᠳᠠᠭᠤᠯᠤᠨ᠎ᠠ᠃ ᠲᠥᠷᠥᠯ ᠵᠦᠢᠯ ᠤᠨ | ᠬᠡᠷᠡᠭᠵᠢᠭᠦᠯᠦᠯᠲᠡ ᠨᠢ ᠤᠷᠠᠳ ᠤᠨ ᠳᠤᠮᠳᠠᠳᠤ ᠬᠤᠰᠢᠭᠤᠨ ᠤ ᠴᠢᠯᠠᠭᠤᠨ ᠡᠯᠡᠰᠦ ᠦᠢᠯᠡᠳᠪᠤᠷᠢᠯᠡᠬᠦ ᠠᠵᠢᠯ ᠲᠥᠷᠥᠯ ᠤᠨ ᠬᠠᠩᠭᠠᠯᠭ᠎ᠠ ᠶᠢᠨ ᠬᠡᠯᠬᠢᠶ᠎ᠡ ᠪᠠ ᠠᠵᠤ | ᠦᠢᠯᠡᠰ ᠤᠨ ᠬᠡᠯᠬᠢᠶ᠎ᠡ ᠶᠢᠨ ᠲᠡᠭᠦᠯᠳᠡᠷᠵᠢᠯᠲᠡ ᠶᠢ ᠪᠦᠲᠦᠮᠵᠢᠲᠡᠶ ᠠᠬᠢᠭᠤᠯᠵᠤ᠂ ᠮᠡᠷᠭᠡᠵᠢᠯ ᠤᠨ ᠳᠠᠪᠰᠢᠯᠲᠠ ᠶᠢ ᠠᠬᠢᠭᠤᠯᠤᠨ᠂ ᠤᠷᠠᠳ ᠤᠨ ᠳᠤᠮᠳᠠᠳᠤ ᠬᠤᠰᠢᠭᠤᠨ ᠤ | ᠨᠡᠭᠦᠷᠡᠰᠦᠲᠥ᠋ᠷᠥᠭᠴᠢ ᠥᠬᠡᠶ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ ᠳᠤ ᠬᠦᠴᠦᠲᠡᠶ ᠬᠥᠳᠡᠯᠭᠡᠬᠦ ᠬᠦᠴᠦᠨ ᠨᠡᠮᠡᠷᠢᠯᠡᠬᠦ | ᠪᠣᠯᠤᠨ᠎ᠠ᠃ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠯ ᠤᠨ ᠦᠢᠯᠡᠳᠬᠦᠨ ᠤ ᠥᠷᠲᠡᠭ ᠨᠢ 3 ᠳ᠋ᠦᠩᠰᠢᠭᠤᠷ ᠲᠥᠭᠦᠷᠢᠭ ᠲᠤ ᠬᠦᠷᠴᠦ᠂ | ᠭᠠᠶᠢᠯᠢ ᠶᠢᠨ ᠤᠷᠤᠯᠭ᠎ᠠ ᠶᠢ 1500 ᠲᠦᠮᠡᠨ ᠲᠥᠭᠦᠷᠢᠭ ᠪᠡᠶᠡᠯᠡᠭᠦᠯᠦᠨ᠎ᠡ᠃ | ᠥᠪᠥᠷ ᠮᠣᠩᠭᠤᠯ ᠤᠨ ᠠᠨᠾᠦ᠋ᠢ ᠶᠢᠨ ᠴᠠᠬᠢᠭᠤᠷ ᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠵᠤ᠋ ᠰᠢᠤᠸᠠᠢ ᠹᠧᠩ | ᠤᠨ ᠬᠡᠯᠡᠬᠦ ᠪᠠᠷ᠂ ᠣᠳᠣᠬᠠᠨ ᠳᠤ ᠪᠦᠬᠦ ᠪᠠᠷᠢᠯᠭ᠎ᠠ ᠶᠢᠨ 70% ᠶᠢ ᠪᠡᠶᠡᠯᠡᠭᠦᠯᠵᠦ᠂ ᠵᠢᠱᠢᠯᠲᠡ ᠪᠠᠷ 7 ᠰᠠᠷ᠎ᠠ ᠶᠢᠨ ᠡᠴᠦᠰ ᠲᠤ ᠪᠦᠬᠦᠨ ᠢ ᠳᠠᠭᠤᠰᠬᠠᠵᠤ᠂ 8 | ᠰᠠᠷ᠎ᠠ ᠳᠤ ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠪᠣᠯᠤᠨ᠎ᠠ ᠃ | ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠᠷ ᠡᠬᠢᠯᠡᠯᠲᠡ ᠪᠠ ᠲᠤᠰᠤᠯᠲᠠ ᠪᠠᠨ ᠪᠣᠯᠭᠠᠬᠤ ᠶᠢ ᠪᠠᠷᠢᠮᠲᠠᠯᠠᠵᠤ᠂ ᠤᠷᠠᠳ ᠤᠨ ᠳᠤᠮᠳᠠᠳᠤ ᠬᠤᠰᠢᠭᠤ | ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠲᠤᠰᠬᠠᠶ ᠬᠥᠮᠦᠨ ᠲᠤᠰᠬᠠᠶ ᠠᠩᠭᠢ ᠪᠠᠷ ᠠᠵᠤ ᠠᠬᠤᠶᠢᠯᠠᠯ ᠲᠠᠢ | ᠵᠣᠯᠭᠠᠭᠤᠯᠵᠤ ᠬᠦᠴᠢᠷ ᠠᠰᠠᠭᠤᠳᠠᠯ ᠢ ᠰᠢᠢᠳᠪᠦᠷᠢᠯᠡᠵᠦ᠂ ︽ᠠᠵᠤ ᠠᠬᠤᠶᠢᠯᠠᠯᠲᠠᠨ ᠤ ᠵᠢᠷᠬᠢᠶ᠎ᠡ ᠶᠢᠨ ᠪᠦᠯᠦᠭ︾ ᠢ ᠪᠠᠶᠢᠭᠤᠯᠵᠤ᠂ ᠰᠤᠷᠤᠯᠴᠠᠯᠭ᠎ᠠ ᠰᠣᠯᠢᠯᠴᠠᠭ᠎ᠠ᠂ | ᠪᠡᠯᠡ ᠣᠷᠣᠭᠤᠯᠤᠯᠲᠠ ᠶᠢᠨ ᠬᠤᠯᠪᠣᠭᠠᠯᠠᠯ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠶᠠᠷᠢᠯᠴᠠᠭ᠎ᠠ ᠶᠢᠨ ᠲᠠᠪᠴᠠᠩ ᠢ ᠪᠠᠶᠢᠭᠤᠯᠵᠡᠢ︔ ᠠᠵᠤ ᠠᠬᠤᠶᠢᠯᠠᠯ ᠳᠤ | ᠠᠰᠢᠭ ᠬᠦᠷᠲᠡᠭᠡᠬᠦ ᠠᠯᠢ ᠤᠯᠠᠨ ᠲᠦᠷᠦ ᠶᠢᠨ ᠪᠤᠳᠤᠯᠭ᠎ᠠ ᠶᠢᠨ ᠳᠠᠭᠠᠭᠠᠴᠢᠯᠠᠯᠲᠠ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠠᠵᠤ | ᠠᠬᠤᠶᠢᠯᠠᠯ ᠤᠨ ᠬᠤᠶᠢᠰᠢᠳᠠ ᠶᠢᠨ ᠰᠠᠨᠠᠭᠠᠰᠢᠷᠠᠬᠤ ᠠᠰᠠᠭᠤᠳᠠᠯ ᠢ ᠨᠢ ᠠᠷᠢᠯᠭᠠᠪᠠ᠃ ᠡᠨᠡ ᠵᠢᠯ ᠤᠨ ᠲᠦᠷᠦᠭᠦᠦ ᠲᠠᠪᠤᠨ ᠰᠠᠷ᠎ᠠ ᠳᠤ᠂ ᠪᠦᠭᠦ ᠬᠤᠰᠢᠭᠤᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠦᠷᠲᠡᠭ ᠢ 62.3 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠶ ᠰᠠᠷ᠎ᠠ ᠳᠠᠷᠠᠭᠠᠯᠠᠨ ᠰᠠᠶᠢᠵᠢᠷᠠᠬᠤ ᠬᠠᠨᠳᠤᠰᠢ ᠲᠠᠢ ᠪᠣᠯᠪᠠ᠃ |