ᠣᠳᠣᠬᠠᠨ ᠳᠤ᠂ ᠶᠡᠷᠦᠩᠬᠡᠢ ᠪᠡᠯᠡ ᠣᠷᠣᠭᠤᠯᠤᠯᠲᠠ ᠨᠢ 77.54 ᠳ᠋ᠦᠩᠰᠢᠭᠤᠷ ᠲᠥᠭᠦᠷᠢᠭ ᠲᠤ ᠬᠦᠷᠦᠭᠰᠡᠨ ᠤᠯᠠᠭᠠᠨᠪᠤᠬ᠎ᠠ ᠡᠯᠡᠰᠦᠨ ᠴᠦᠯ ᠤᠨ ᠵᠡᠭᠦᠨ | ᠬᠤᠶᠢᠲᠤ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠬᠤᠰᠢᠭᠤᠴᠢ ᠢᠨᠵᠧᠨᠧᠷᠢᠩ ᠤᠨ 200 ᠲᠦᠮᠡᠨ ᠺᠢᠯᠣᠸᠠᠲ ᠤᠨ ᠭᠡᠷᠡᠯ ᠴᠡᠨᠡᠭ ᠤᠨ ᠲᠦᠷᠦᠯ | ᠵᠦᠢᠯ ᠢ ᠶᠠᠭ ᠪᠦᠬᠦ ᠲᠠᠯ᠎ᠠ ᠪᠠᠷ ᠱᠠᠯᠠᠪᠳᠠᠨ ᠪᠠᠶᠢᠭᠤᠯᠵᠤ ᠪᠠᠶᠢᠨ᠎ᠠ᠃ | ᠳ᠋ᠧᠩᠺᠸᠤ ᠰᠢᠶᠠᠨ ᠤ ᠤᠯᠠᠭᠠᠨᠪᠤᠬ᠎ᠠ ᠡᠯᠡᠰᠦᠨ ᠴᠥᠯ ᠤᠨ ᠵᠡᠭᠦᠨ ᠬᠤᠶᠢᠲᠤ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠬᠤᠰᠢᠭᠤᠴᠢ | ᠢᠨᠵᠧᠨᠧᠷᠢᠩ ᠤᠨ 200 ᠲᠦᠮᠡᠨ ᠺᠢᠯᠣᠸᠠᠲ ᠤᠨ ᠬᠡᠷᠡᠯ ᠴᠡᠨᠡᠭ ᠤᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠤᠷ ᠲᠤ ᠠᠵᠢᠯᠴᠢᠳ ᠶᠠᠭ ᠰᠠᠭᠤᠷᠢ | ᠲᠠᠯᠪᠢᠬᠤ ᠠᠵᠢᠯ ᠬᠢᠵᠦ ᠶᠠᠭᠠᠷᠠᠯᠳᠤᠵᠤ ᠪᠠᠶᠢᠯ᠎ᠠ᠃ | ᠥᠪᠥᠷ ᠮᠣᠩᠭᠤᠯ ᠤᠨ ᠴᠠᠬᠢᠯᠭᠠᠨ ᠬᠦᠴᠦᠨ ᠤ ᠵᠢᠷᠤᠭ ᠲᠥᠯᠥᠪᠯᠡᠭᠡᠨ ᠤ ᠬᠦᠷᠢᠶᠡᠯᠡᠩ ᠤᠨ ᠶᠡᠷᠦᠩᠬᠡᠢ ᠳᠠᠭᠠᠭᠠᠴᠢᠯᠠᠯᠲᠠ ᠶᠢᠨ ᠲᠦᠷᠦᠯ ᠵᠦᠢᠯ ᠤᠨ ᠳᠠᠭᠠᠭᠠᠮᠠᠯ | ᠷᠦᠩ ᠵᠢᠶᠦ᠋ᠨ ᠫᠢᠩ ᠤᠨ ᠬᠡᠯᠡᠬᠦ ᠪᠠᠷ᠂ ᠣᠳᠣᠬᠠᠨ ᠳᠤ ᠲᠤᠯᠭᠠᠭᠤᠷᠢ ᠶᠢᠨ ᠰᠠᠭᠤᠷᠢ ᠶᠢ 30000 ᠭᠠᠷᠤᠢ ᠪᠠᠶᠢᠭᠤᠯᠤᠨ᠂ ᠲᠤᠯᠭᠠᠭᠤᠷᠢ ᠶᠢ ᠤᠭᠰᠠᠷᠠᠬᠤ ᠠᠵᠢᠯ | ᠨᠢᠭᠡᠨᠲᠡ ᠡᠬᠢᠯᠡᠵᠦ᠂ ᠵᠢᠱᠢᠯᠲᠡ ᠪᠠᠷ 11 ᠰᠠᠷ᠎ᠠ ᠳᠤ ᠪᠦᠬᠦᠨ ᠢ ᠪᠠᠭᠲᠠᠭᠠᠮᠵᠢᠲᠠᠢ ᠪᠠᠷ ᠲᠣᠣᠷ ᠲᠤ ᠨᠡᠶᠢᠯᠡᠬᠦᠯᠦᠨ᠎ᠡ ᠬᠡᠵᠤ ᠪᠠᠶᠢᠯ᠎ᠠ᠃ | ᠤᠯᠠᠭᠠᠨᠪᠤᠬ᠎ᠠ ᠡᠯᠡᠰᠦᠨ ᠴᠥᠯ ᠤᠨ ᠵᠡᠭᠦᠨ ᠬᠤᠶᠢᠲᠤ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠬᠤᠰᠢᠭᠤᠴᠢ ᠢᠨᠵᠧᠨᠧᠷᠢᠩ ᠤᠨ 200 | ᠲᠦᠮᠡᠨ ᠺᠢᠯᠣᠸᠠᠲ ᠤᠨ ᠬᠡᠷᠡᠯ ᠴᠡᠨᠡᠭ ᠤᠨ ᠲᠥᠷᠥᠯ ᠵᠦᠢᠯ ᠢ ᠬᠤᠶᠠᠷ ᠬᠤᠭᠤᠴᠠᠭ᠎ᠠ ᠬᠤᠪᠢᠶᠠᠨ ᠬᠡᠷᠡᠭᠵᠢᠬᠦᠯᠬᠦ ᠪᠠᠷ ᠪᠠᠶᠢᠵᠤ᠂ ᠨᠢᠭᠡᠳᠦᠭᠡᠷ ᠬᠤᠭᠤᠴᠠᠭᠠᠨ ᠤ | ᠲᠠᠯᠠᠪᠠᠶ ᠣᠷᠣᠨ ᠤ ᠲᠠᠯᠠᠪᠠᠶ ᠪᠠᠷᠤᠭ 2.29 ᠲᠦᠮᠡᠨ ᠮᠦ ᠪᠠᠶᠢᠵᠤ᠂ 38.07 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠨ᠂ | ᠬᠤᠶᠠᠳᠤᠭᠠᠷ ᠬᠤᠭᠤᠴᠠᠭᠠᠨ ᠤ ᠲᠠᠯᠠᠪᠠᠶ ᠣᠷᠣᠨ ᠤ ᠲᠠᠯᠠᠪᠠᠶ ᠪᠠᠷᠤᠭ 2.4 ᠲᠦᠮᠡᠨ ᠮᠦ ᠪᠠᠶᠢᠵᠤ᠂ 39.47 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠬᠤ | ᠪᠠᠷ ᠲᠦᠯᠦᠪᠯᠡᠵᠤ᠂ ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ᠂ ᠬᠠᠪᠲᠠᠰᠤᠨ ᠲᠤᠮᠳᠠ ᠳᠠᠷᠢᠬᠤ᠂ ᠬᠠᠪᠲᠠᠰᠤᠨ ᠳᠣᠣᠷ᠎ᠠ ᠡᠯᠡᠰᠦ ᠶᠢ ᠲᠣᠭᠲᠠᠪᠤᠷᠢᠵᠢᠭᠤᠯᠬᠤ ᠶᠢ | ᠤᠶᠠᠯᠳᠤᠭᠤᠯᠬᠤ ᠵᠠᠭᠪᠤᠷ ᠢ ᠬᠡᠷᠡᠭᠯᠡᠨ᠂ ᠬᠡᠷᠡᠯ ᠴᠡᠨᠡᠭ ᠤᠨ ᠠᠵᠤ ᠦᠢᠯᠡᠰ ᠬᠢᠭᠡᠳ ᠠᠮᠢ ᠠᠬᠤᠢ ᠶᠢᠨ ᠵᠠᠰᠠᠯᠲᠠ ᠶᠢ ᠣᠷᠭᠠᠨᠢᠭ ᠢᠶᠠᠷ ᠤᠶᠠᠯᠳᠤᠭᠤᠯᠬᠤ᠂ ᠬᠡᠷᠡᠯ ᠴᠡᠨᠡᠭ | + ᠠᠮᠢ ᠠᠬᠤᠢ ᠶᠢᠨ ᠵᠠᠰᠠᠯᠲᠠ ᠶᠢ ᠨᠢᠭᠡ ᠴᠣᠭᠴᠠᠵᠢᠭᠤᠯᠤᠨ ᠵᠢᠷᠤᠵᠤ ᠲᠥᠯᠥᠪᠯᠡᠬᠦ ᠶᠢ ᠵᠡᠷᠭᠡ ᠪᠠᠷ ᠬᠡᠷᠡᠭᠵᠢᠭᠦᠯᠬᠦ ᠶᠢ ᠪᠡᠶᠡᠯᠡᠭᠦᠯᠦᠨ᠎ᠡ᠃ ᠲᠥᠷᠥᠯ ᠵᠦᠢᠯ ᠢ | ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠪᠦᠷᠢ ᠳᠤᠮᠳᠠᠴᠢ ᠪᠠᠷ ᠲᠣᠣᠷ ᠲᠤ ᠣᠷᠣᠭᠤᠯᠬᠤ ᠴᠠᠬᠢᠯᠭᠠᠨ ᠤ ᠬᠡᠮᠵᠢᠶ᠎ᠡ ᠶᠢ 16.7 ᠳ᠋ᠦᠩᠰᠢᠭᠤᠷ | ᠺᠢᠯᠣᠸᠠᠲ ᠴᠠᠭ ᠪᠡᠶᠡᠯᠡᠬᠦᠯᠦᠨ᠂ ᠵᠢᠯ ᠪᠦᠷᠢ ᠪᠠᠷᠢᠮᠵᠢᠶᠠᠲᠤ ᠨᠡᠭᠦᠷᠡᠰᠦ ᠶᠢ 54.88 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ 140.38 ᠲᠦᠮᠡᠨ ᠲᠣᠨ ᠪᠠᠭᠠᠰᠬᠠᠬᠤ ᠪᠤᠯᠤᠨ᠎ᠠ᠃ |