︽ᠲᠠᠪᠤᠨ ᠶᠡᠭᠡ ᠡᠭᠦᠷᠭᠡ︾᠎ ᠶᠢᠨ ᠨᠠᠶᠢᠳᠠᠪᠤᠷᠢᠵᠢᠬᠤ ᠶᠢ ᠲᠦᠷᠭᠡᠳᠬᠡᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ — ︽ᠬᠡᠷᠡᠯ ᠸᠣᠯᠲ + ᠡᠯᠡᠰᠦ ᠶᠢ ᠵᠠᠰᠠᠬᠤ︾᠎ ᠨᠢ ᠡᠯᠡᠰᠦ ᠮᠠᠩᠬ᠎ᠠ ᠶᠢ ᠨᠤᠭᠤᠭᠠᠨ ᠪᠦᠷᠢᠳᠤ ᠪᠣᠯᠭᠠᠵᠤ ᠪᠠᠶᠢᠭ᠎ᠠ
ᠨᠡᠶᠢᠲᠡᠯᠡᠭᠰᠡᠨ ᠴᠠᠭ᠄
2024/7/29
      ᠡᠨᠡ ᠵᠢᠯ᠂ ᠮᠠᠨ ᠤ ᠬᠤᠲᠠ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠶᠢ ᠲᠦᠷᠭᠡᠳᠭᠡᠨ ᠭᠡᠷᠡᠭᠵᠢᠭᠦᠯᠵᠤ᠂ 33.28 ᠲᠦᠮᠡᠨ ᠮᠦ ᠡᠯᠡᠰᠤ ᠮᠠᠩᠬ᠎ᠠ ᠶᠢ ᠨᠣᠭᠤᠭᠠᠨ ᠪᠦᠷᠢᠳᠤ ᠪᠤᠯᠭᠠᠵᠤ ᠪᠠᠶᠢᠨ᠎ᠠ᠃       ᠤᠯᠠᠭᠠᠨᠪᠤᠬ᠎ᠠ ᠡᠯᠡᠰᠦᠨ ᠴᠥᠯ ᠤᠨ ᠵᠡᠭᠦᠨ ᠬᠤᠶᠢᠲᠤ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠬᠤᠰᠢᠭᠤᠴᠢ ᠢᠨᠵᠧᠨᠧᠷᠢᠩ ᠤᠨ 200 ᠲᠦᠮᠡᠨ ᠺᠢᠯᠣᠸᠠᠲ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠤᠷ ᠲᠤ᠂ ᠭᠠᠵᠠᠷ ᠲᠡᠭᠰᠢᠯᠡᠭᠦ᠂ ᠬᠤᠭᠤᠯᠠᠢ ᠪᠠᠭᠠᠨ᠎ᠠ ᠪᠤᠯᠠᠬᠤ᠂ ᠲᠤᠯᠬᠤ ᠵᠢᠶᠠᠰᠠ ᠪᠠ ᠬᠡᠷᠡᠯ ᠴᠡᠨᠡᠭ ᠤᠨ ᠲᠣᠨᠤᠭ ᠢ ᠤᠭᠰᠠᠷᠠᠬᠤ ᠵᠡᠷᠭᠡ ᠠᠵᠢᠯ ᠶᠠᠭ ᠡᠮᠬᠢ ᠵᠢᠷᠤᠮ ᠲᠠᠢ ᠪᠠᠷ ᠶᠠᠪᠤᠭᠳᠠᠵᠤ ᠪᠠᠶᠢᠯ᠎ᠠ᠃      ᠥᠪᠥᠷ ᠮᠣᠩᠭᠤᠯ ‍ᠤᠨ‌ᠤᠯᠠᠭᠠᠨᠪᠤᠬ᠎ᠠ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠰᠢᠨ᠎ᠡ ᠡᠨᠧᠷᠭᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠨᠠᠮ ᠤᠨ ᠡᠭᠦᠷ ᠤᠨ ᠱᠦᠵᠢ ᠶᠠᠩ ᠵᠧᠨ ᠢᠦᠢ ᠰᠤᠷᠪᠤᠯᠵᠢᠯᠠᠭᠴᠢ ᠳᠤ ᠣᠲᠣ 863 ᠪᠠᠷᠢᠯᠭ᠎ᠠ ᠶᠢᠨ ᠠᠵᠢᠯᠲᠠᠨ᠂ ᠡᠯ᠎ᠡ ᠲᠥᠷᠥᠯ ᠤᠨ ᠪᠠᠷᠢᠯᠭ᠎ᠠ ᠶᠢᠨ ᠮᠠᠰᠢᠨ 392 ᠰᠠᠭᠤᠷᠢ ᠪᠠᠶᠢᠨ᠎ᠠ᠂ ᠨᠢᠭᠡᠳᠦᠭᠡᠷ ᠬᠤᠶᠠᠳᠤᠭᠠᠷ ᠬᠤᠭᠤᠴᠠᠭᠠᠨ ᠤ  ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠵᠡᠷᠭᠡ ᠪᠠᠷ ᠶᠠᠪᠤᠭᠳᠠᠭᠤᠯᠪᠠ᠃ ᠣᠳᠣᠬᠠᠨ ᠳᠤ᠂ 16.8 ᠲᠦᠮᠡᠨ ᠰᠢᠷᠬᠡᠭ ᠬᠤᠭᠤᠯᠠᠢ ᠪᠠᠭᠠᠨ᠎ᠠ ᠶᠢ ᠨᠢᠭᠡᠨᠲᠡ ᠪᠤᠯᠠᠵᠤ ᠲᠠᠭᠤᠰᠬᠠᠨ᠂ ᠪᠥᠬᠦ ᠠᠵᠢᠯ ᠤᠨ 31.5%᠎ ᠶᠢ ᠡᠵᠡᠯᠡᠭᠰᠡᠨ ᠭᠡᠪᠡ᠃       ᠤᠯᠠᠭᠠᠨᠪᠤᠬ᠎ᠠ ᠡᠯᠡᠰᠦᠨ ᠴᠥᠯ ᠤᠨ ᠵᠡᠭᠦᠨ ᠬᠤᠶᠢᠲᠤ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠬᠤᠰᠢᠭᠤᠴᠢ ᠢᠨᠵᠧᠨᠧᠷᠢᠩ ᠤᠨ 200 ᠲᠦᠮᠡᠨ ᠺᠢᠯᠣᠸᠠᠲ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 76.76 ᠳ᠋ᠦᠩᠰᠢᠭᠤᠷ ᠲᠥᠭᠦᠷᠢᠭ ᠪᠠᠶᠢᠵᠤ᠂ ᠬᠤᠶᠠᠷ ᠬᠤᠭᠤᠴᠠᠭ᠎ᠠ ᠬᠤᠪᠢᠶᠠᠨ ᠬᠡᠷᠡᠭᠵᠢᠭᠦᠯᠵᠦ᠂ ︽ᠬᠡᠰᠡᠭ ᠬᠤᠪᠢᠶᠠᠨ ᠴᠠᠬᠢᠯᠭᠠᠨ ᠭᠠᠷᠭᠠᠬᠤ᠂ ᠲᠥᠪᠯᠡᠷᠡᠭᠦᠯᠦᠨ ᠴᠠᠭᠢᠯᠭᠠᠨ ᠲᠣᠣᠷ ᠲᠤ ᠨᠡᠶᠢᠯᠡᠭᠦᠯᠬᠦ︾ ᠠᠷᠭ᠎ᠠ ᠮᠠᠶ᠋ᠢᠭ ᠢ ᠬᠡᠷᠡᠭᠯᠡᠨ᠂ 303 ᠬᠤᠪᠢᠶᠠᠷᠢ ᠲᠣᠭᠤᠷᠢᠭ ᠭᠠᠷᠭᠠᠵᠤ᠂ 2 ᠰᠠᠭᠤᠷᠢ 220 ᠺᠢᠯᠣᠸᠠᠲ ᠤᠨ ᠬᠦᠴᠦᠳᠡᠯ ᠳᠡᠭᠡᠭᠰᠢᠯᠡᠭᠦᠯᠬᠦ ᠦᠷᠳᠡᠭᠡ ᠶᠢ ᠰᠢᠨ᠎ᠡ ᠪᠠᠷ ᠪᠠᠶᠢᠭᠤᠯᠤᠨ᠎ᠠ᠃ ᠲᠤᠰ ᠲᠦᠷᠦᠯ ᠵᠤᠶᠢᠯ ᠨᠢ ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ᠂ ᠬᠠᠪᠲᠠᠰᠤᠨ ᠲᠤᠮᠳᠠᠭᠤᠷ ᠲᠠᠷᠢᠵᠤ ᠤᠷᠭᠤᠭᠤᠯᠬᠤ᠂ ᠬᠠᠪᠲᠠᠰᠤᠨ ᠳᠣᠣᠷ᠎ᠠ ᠡᠯᠡᠰᠦ ᠶᠢ ᠲᠣᠭᠲᠠᠪᠤᠷᠢᠵᠢᠭᠤᠯᠬᠤ ᠶᠢ ᠤᠶᠠᠯᠳᠤᠭᠤᠯᠬᠤ ᠵᠠᠭᠪᠤᠷ ᠢᠶᠠᠷ ᠳᠠᠮᠵᠢᠨ᠂ ᠭᠡᠷᠡᠯ ᠴᠡᠨᠡᠭ ᠤᠨ ᠠᠵᠤ ᠦᠢᠯᠡᠰ ᠪᠣᠯᠣᠨ ᠠᠮᠢ ᠠᠬᠤᠢ ᠶᠢᠨ ᠵᠠᠰᠠᠯᠲᠠ ᠶᠢ ᠣᠷᠭᠠᠨᠢᠭ ᠢᠶᠠᠷ ᠤᠶᠠᠯᠳᠤᠭᠤᠯᠤᠨ᠎ᠠ᠃ ᠲᠥᠷᠥᠯ ᠵᠦᠢᠯ ᠤᠨ ᠪᠦᠬᠦᠯᠢ ᠴᠣᠭᠴᠠ ᠶᠢᠨ ᠢᠨᠵᠧᠨᠧᠷᠢᠩ ᠢ 2024 ᠣᠨ ᠤ 12 ᠰᠠᠷ᠎ᠠ ᠶᠢᠨ 30᠎ ᠤ ᠡᠳᠦᠷ ᠠᠴᠠ ᠡᠮᠦᠨ᠎ᠡ ᠪᠠᠶᠢᠭᠤᠯᠵᠤ ᠳᠠᠭᠤᠰᠬᠠᠭᠠᠳ ᠴᠠᠭᠢᠯᠭᠠᠨ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠪᠠᠷ ᠲᠥᠯᠥᠪᠯᠡᠵᠦ᠂ ᠵᠢᠯ ᠪᠦᠷᠢ ᠳᠤᠮᠳᠠᠴᠢ ᠪᠠᠷ ᠴᠠᠭᠢᠯᠭᠠᠨ ᠲᠤᠤᠷ ᠲᠤ ᠭᠠᠷᠭᠠᠬᠤ ᠴᠠᠬᠢᠯᠭᠠᠨ ᠤ ᠬᠡᠮᠵᠢᠶ᠎ᠡ ᠶᠢ 16.7 ᠳ᠋ᠦᠩᠰᠢᠭᠤᠷ ᠺᠢᠯᠣᠸᠠᠲ ᠴᠠᠭ ᠲᠤ ᠬᠦᠷᠭᠡᠵᠦ᠂ ᠵᠢᠯ ᠪᠦᠷᠢ ᠪᠠᠷᠢᠮᠵᠢᠶᠠᠲᠤ ᠨᠡᠭᠦᠷᠡᠰᠦ ᠶᠢ 54.88 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 140.38 ᠲᠦᠮᠡᠨ ᠲᠣᠨ ᠪᠠᠭᠠᠰᠬᠠᠬᠤ ᠪᠤᠯᠤᠨ᠎ᠠ᠃       ᠡᠨᠡ ᠵᠢᠯ᠂ ᠮᠠᠨ ᠤ ᠬᠤᠲᠠ ︽ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠰᠢᠨᠵᠢᠯᠡᠬᠦ ᠤᠬᠠᠭᠠᠨᠴᠢ ᠪᠠᠷ ᠵᠠᠰᠠᠬᠤ᠂ ᠵᠠᠰᠠᠬᠤ ᠪᠠ ᠬᠡᠷᠡᠭᠯᠡᠬᠦ ᠶᠢ ᠵᠡᠷᠭᠡ ᠪᠠᠷ ᠴᠢᠬᠤᠯᠠᠴᠢᠯᠠᠬᠤ᠂ ᠭᠤᠷᠪᠠᠨ ᠲᠥᠷᠥᠯ ᠢᠶᠠᠷ ᠢᠶᠠᠨ ᠬᠠᠮᠲᠤ ᠪᠠᠷ ᠠᠰᠢᠭ ᠭᠥᠷᠳᠡᠬᠦ︾ ᠰᠡᠳᠭᠢᠴᠡ ᠪᠠᠷ᠂ ᠡᠯᠡᠰᠦ ᠮᠠᠩᠬ᠎ᠠ ᠲᠠᠢ ᠡᠯᠡᠰᠦᠷᠬᠡᠭ ᠭᠠᠵᠠᠷ᠂ ᠮᠤᠨᠢ ᠠᠭᠤᠯᠠ ᠶᠢᠨ ᠠᠷᠤ ᠬᠤᠷᠮᠣᠢ᠂ ᠪᠣᠷᠣᠳᠣᠬᠤᠢ ᠶᠢᠨ ᠲᠠᠯ᠎ᠠ ᠭᠠᠵᠠᠷ ᠵᠡᠷᠭᠡ ᠭᠤᠷᠪᠠᠨ ᠶᠡᠭᠡ ᠣᠷᠣᠨ ᠪᠦᠰᠡ ᠶᠢ ᠬᠤᠪᠢᠶᠠᠷᠢᠯᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠶᠢᠨ ᠪᠦᠲᠦᠭᠡᠨ ᠪᠠᠶᠢᠭᠤᠯᠤᠯᠳᠠ ᠶᠢ ᠲᠦᠷᠭᠡᠳᠬᠡᠨ ᠠᠬᠢᠭᠤᠯᠤᠨ᠎ᠠ᠃ 2024 ᠣᠨ ᠳᠤ᠂ ᠪᠥᠬᠦ ᠬᠤᠲᠠ ᠶᠢᠨ ᠠᠮᠢ ᠠᠬᠤᠢ ᠶᠢᠨ ᠵᠠᠰᠠᠯᠲᠠ ᠶᠢᠨ ᠶᠡᠷᠦᠩᠬᠡᠢ ᠲᠠᠯᠠᠪᠠᠶ ᠶᠢ 33.28 ᠲᠦᠮᠡᠨ ᠮᠦ ᠪᠡᠶᠡᠯᠡᠭᠦᠯᠬᠦ ᠪᠠᠷ ᠲᠥᠯᠥᠪᠯᠡᠵᠦ ᠪᠣᠶ᠂ ᠡᠭᠦᠨ ᠳᠤ ᠨᠢᠭᠡᠨᠲᠡ ᠴᠣᠬᠤᠯᠠᠪᠤᠷᠢᠯᠠᠨ ᠬᠠᠷᠢᠭᠤᠯᠤᠭᠰᠠᠨ ᠲᠥᠷᠥᠯ ᠵᠦᠢᠯ10.8 ᠲᠦᠮᠡᠨ ᠮᠦ ᠶᠢ ᠵᠠᠰᠠᠵᠤ᠂ 22.48 ᠲᠦᠮᠡᠨ ᠮᠦ ᠶᠢ ᠰᠢᠨ᠎ᠡ ᠪᠠᠷ ᠨᠡᠮᠡᠭᠳᠡᠭᠦᠯᠦᠨ ᠵᠠᠰᠠᠨ᠎ᠠ᠃ ᠣᠳᠣᠬᠠᠨ ᠳᠤ᠂ ᠨᠢᠭᠡᠨᠲᠡ 3.84 ᠲᠦᠮᠡᠨ ᠮᠦ ᠶᠢ ᠪᠡᠶᠡᠯᠡᠭᠦᠯᠪᠡ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ