ᠮᠠᠨ ᠤ ᠬᠤᠲᠠ ᠲᠠᠷᠢᠶᠠᠯᠠᠩ ᠤᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠬᠤ ᠶᠢᠨ ᠬᠠᠮᠳᠤ ᠬᠠᠲᠤᠨ ᠭᠤᠣᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠵᠡᠷᠭᠡ ᠥᠨᠳᠥᠷ | ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠢ ᠬᠦᠴᠦᠯᠡᠨ ᠳᠡᠯᠭᠡᠷᠡᠭᠦᠯᠵᠦ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠲᠠᠷᠢᠶᠠᠯᠠᠩ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠤᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ ᠪᠠᠶᠢᠨ᠎ᠠ᠃ | ᠰᠤᠷᠪᠤᠯᠵᠢᠯᠠᠭᠴᠢ ᠱᠧᠩ ᠮᠦ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠡᠪᠡᠰᠦᠨ ᠤ ᠦᠢᠯᠡᠰ ᠤᠨ ᠺᠣᠮᠫᠠᠨᠢ ᠶᠢᠨ ᠤᠯᠠᠭᠠᠨᠪᠤᠬ᠎ᠠ ᠡᠯᠡᠰᠦᠨ | ᠴᠥᠯ ᠤᠨ ᠣᠷᠭᠠᠨᠢᠭ ᠲᠠᠷᠢᠮᠠᠯ ᠤᠨ ᠬᠦᠷᠢᠶᠡᠯᠡᠩ ᠤᠨ ᠲᠣᠭᠤᠷᠢᠭ ᠲᠤ ᠬᠦᠷᠬᠦ ᠳᠤ᠂ ᠪᠥᠬᠦ ᠳᠡᠯᠡᠬᠡᠢ ᠶᠢᠨ ᠲᠡᠷᠢᠭᠦᠨ ᠤ ᠲᠣᠰᠣᠯᠠᠭᠠᠨ ᠤᠰᠤᠯᠠᠬᠤ ᠮᠡᠷᠭᠡᠵᠢᠯ ᠢ | ᠬᠡᠷᠡᠭᠯᠡᠨ ᠳᠠᠷᠢᠭᠰᠠᠨ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠤᠷᠭᠤᠴᠠ ᠶᠢᠨ ᠪᠠᠶᠢᠳᠠᠯ ᠮᠠᠰᠢ ᠰᠠᠶᠢᠨ ᠪᠠᠶᠢᠯ᠎ᠠ᠃ ᠡᠨᠡ ᠬᠦ ᠲᠤᠰᠤᠯᠠᠭᠠᠨ ᠤᠰᠤᠯᠠᠬᠤ | ᠰᠢᠰᠲ᠋ᠧᠮ ᠨᠢ ᠤᠯᠠᠮᠵᠢᠯᠠᠯᠲᠤ ᠲᠣᠰᠣᠯᠠᠭᠠᠨ ᠤᠰᠤᠯᠠᠬᠤ ᠲᠥᠬᠦᠭᠡᠷᠦᠮᠵᠢ ᠠᠴᠠ ᠨᠠᠩ ᠣᠨᠣᠪᠴᠢᠲᠠᠶ ᠪᠠᠶᠢᠵᠤ᠂ ᠲᠠᠷᠢᠶᠠᠯᠠᠩ ᠤᠨ ᠤᠨᠠᠯᠳᠠ ᠶᠢ ᠲᠡᠬᠡᠭᠰᠢᠯᠡᠬᠦᠯᠦᠨ | ᠣᠷᠣᠯᠭ᠎ᠠ ᠶᠢ ᠨᠡᠮᠡᠭᠳᠡᠬᠦᠯᠵᠤ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠬᠦᠯᠵᠤ ᠪᠠᠶᠢᠨ᠎ᠠ᠃ | ᠪᠠᠶᠠᠨᠨᠠᠭᠤᠷ ᠬᠤᠲᠠ ᠶᠢᠨ ᠱᠧᠩ ᠮᠦ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠠᠮᠢ ᠠᠬᠤᠢ ᠶᠢᠨ ᠡᠪᠡᠰᠦᠨ ᠤ ᠦᠢᠯᠡᠰ ᠤᠨ ᠬᠢᠵᠠᠭᠠᠷᠲᠤ | ᠺᠣᠮᠫᠠᠨᠢ ᠶᠢᠨ ᠵᠠᠰᠠᠭ ᠵᠠᠬᠢᠷᠭᠠᠨ ᠤ ᠳᠠᠭᠠᠭᠠᠮᠠᠯ ᠪᠦᠦ ᠷᠦᠢ ᠴᠢᠨ ᠬᠡᠯᠡᠬᠦ ᠳᠡᠭᠡᠨ᠂ ᠤᠤᠯ ᠤᠨ ᠤᠯᠠᠮᠵᠢᠯᠠᠯᠲᠤ ᠤᠰᠤᠯᠠᠯᠲᠠ ᠶᠢᠨ ᠬᠡᠷᠡᠭᠯᠡᠬᠦ ᠤᠰᠤᠨ ᠤ ᠬᠡᠮᠵᠢᠶ᠎ᠡ ᠨᠢ | ᠪᠠᠷᠤᠭ ᠮᠤ᠋ ᠪᠦᠷᠢ ᠳᠡᠭᠡᠨ 500 ᠪᠣᠰᠤᠭ᠎ᠠ ᠳᠥᠷᠪᠡᠯᠵᠢᠨ ᠮᠧᠲᠷ ᠪᠠᠶᠢᠬᠰᠠᠨ ᠪᠤᠯ ᠡᠨᠡ ᠬᠦ ᠰᠢᠰᠲ᠋ᠧᠮ ᠨᠢ ᠮᠦ ᠪᠦᠷᠢ ᠳᠤ 300 ᠪᠣᠰᠤᠭ᠎ᠠ ᠳᠥᠷᠪᠡᠯᠵᠢᠨ | ᠮᠧᠲᠷ ᠢᠶᠠᠷ ᠬᠢᠵᠠᠭᠠᠷᠯᠠᠵᠤ ᠪᠣᠯᠣᠨ᠎ᠠ᠂ ᠲᠡᠭᠦᠨ ᠤ ᠤᠰᠤ ᠠᠷᠪᠢᠯᠠᠬᠤ ᠬᠠᠷᠢᠴᠠᠯ ᠨᠢ 40% ᠬᠦᠷᠴᠦ᠂ ᠮᠦ ᠪᠦᠷᠢ ᠶᠢᠨ ᠤᠨᠠᠯᠲᠠ ᠶᠢ ᠵᠢᠱᠢᠯᠲᠡ ᠪᠠᠷ 200 ᠠᠴᠠ | 300 ᠺᠢᠯᠣᠭ᠍ᠷᠠᠮ ᠲᠡᠬᠡᠭᠰᠢᠯᠡᠬᠦᠯᠦᠨ᠎ᠡ ᠬᠡᠵᠤ ᠪᠠᠶᠢᠯ᠎ᠠ᠃ | ᠱᠧᠩ ᠮᠦ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠤ ᠡᠪᠡᠰᠦᠨ ᠤ ᠦᠢᠯᠡᠰ ᠤᠨ ᠺᠣᠮᠫᠠᠨᠢ ᠶᠢᠨ ᠤᠯᠠᠭᠠᠨᠪᠤᠬ᠎ᠠ ᠶᠢᠨ ᠡᠯᠡᠰᠦᠨ ᠴᠥᠯ ᠤᠨ | ᠣᠷᠭᠠᠨᠢᠭ ᠲᠠᠷᠢᠮᠠᠯ ᠤᠨ ᠬᠦᠷᠢᠶᠡᠯᠡᠩ ᠤᠨ ᠲᠣᠭᠤᠷᠢᠭ ᠲᠤ᠂ ᠨᠡᠶᠢᠲᠡ 13 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠭᠤᠣᠯᠳᠠᠭᠤ ᠨᠤᠭᠤᠭᠠᠨ ᠢᠶᠠᠷ | ᠳᠠᠷᠤᠰᠢᠭᠤᠯᠬᠤ ᠡᠷᠳᠡᠨᠢ ᠰᠢᠰᠢ᠂ ᠴᠠᠷᠭᠠᠰᠤ᠂ ᠨᠣᠬᠠᠢ ᠶᠢᠨ ᠬᠤᠰᠢᠭᠤ᠂ ᠬᠢᠲᠠᠳ ᠡᠮ ᠤᠨ ᠮᠠᠲ᠋ᠧᠷᠢᠶᠠᠯ᠂ ᠲᠠᠷᠢᠶᠠᠯᠠᠩ ᠤᠨ ᠪᠦᠲᠦᠭᠡᠭᠳᠡᠬᠦᠨ ᠢ ᠲᠠᠷᠢᠵᠤ ᠪᠤᠢ᠃ | ᠣᠳᠣᠬᠠᠨ ᠳᠤ᠂ ᠬᠦᠷᠢᠶᠡᠯᠡᠩ ᠲᠣᠭᠤᠷᠢᠭ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ 4 | ᠬᠠᠲᠤᠨ ᠭᠤᠣᠯ ᠤᠨ ᠤᠰᠤ ᠶᠢ ᠲᠠᠲᠠᠬᠤ ᠬᠥᠭᠡᠷᠭᠡ ᠶᠢᠨ ᠥᠷᠲᠡᠭᠡ᠂ 11 ᠤᠰᠤᠨ ᠴᠥᠭᠦᠷᠥᠮ ᠢ ᠪᠠᠶᠢᠭᠤᠯᠵᠤ᠂ ᠬᠠᠲᠤᠨ ᠭᠤᠣᠯ ᠤᠨ ᠤᠰᠤ ᠶᠢ ᠲᠠᠲᠠᠬᠤ | ᠤᠰᠤᠯᠠᠯᠲᠠ ᠪᠠᠷ ᠬᠦᠷᠢᠶᠡᠯᠡᠩ ᠲᠣᠭᠤᠷᠢᠭ ᠤᠨ 6.6 ᠲᠦᠮᠡᠨ ᠮᠤ᠋ ᠶᠢ ᠤᠰᠤᠯᠠᠵᠤ ᠪᠠᠶᠢᠨ᠎ᠠ᠃ | ᠪᠠᠶᠠᠨᠨᠠᠭᠤᠷ ᠬᠤᠳᠠ ᠶᠢᠨ ᠱᠧᠩ ᠮᠦ ᠳᠡᠭᠡᠳᠦ ᠰᠢᠨᠵᠢᠯᠡᠬᠦ ᠤᠬᠠᠭᠠᠨ ᠤ ᠠᠮᠢ ᠠᠬᠤᠢ ᠶᠢᠨ ᠡᠪᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠵᠠᠰᠠᠭ | ᠵᠠᠬᠢᠷᠭᠠᠨ ᠤ ᠳᠠᠭᠠᠭᠠᠮᠠᠯ ᠪᠦᠦ ᠷᠦᠢ ᠴᠢᠨ ᠰᠤᠷᠪᠤᠯᠵᠢᠯᠠᠭᠴᠢ ᠳᠤ᠂ 2024 ᠣᠨ ᠳᠤ ᠺᠣᠮᠫᠠᠨᠢ ᠠᠴᠠ 1800 ᠲᠦᠮᠡᠨ ᠲᠥᠭᠦᠷᠢᠭ ᠤᠨ ᠪᠡᠯᠡ ᠣᠷᠣᠭᠤᠯᠵᠤ᠂ 8 | ᠢᠵᠢ ᠲᠣᠭᠠᠴᠢᠯᠠᠭᠰᠠᠨ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ ᠤᠰᠤᠯᠠᠯᠲᠠ ᠶᠢᠨ ᠰᠢᠰᠲ᠋ᠧᠮ ᠢ ᠪᠠᠶᠢᠭᠤᠯᠵᠤ᠂ ᠭᠡᠷᠡᠯ ᠢᠯᠡᠬᠦᠦ ᠲᠤᠰᠬᠠᠵᠤ ᠤᠰᠤ ᠪᠠᠭ᠎ᠠ | ᠬᠡᠷᠡᠭᠯᠡᠬᠦ ᠥᠨᠳᠥᠷ ᠦᠷ᠎ᠡ ᠠᠰᠢᠭ ᠲᠠᠢ ᠠᠮᠢ ᠠᠬᠤᠢ ᠶᠢᠨ ᠡᠷᠭᠢᠯᠲᠡ ᠶᠢᠨ ᠰᠢᠰᠲ᠋ᠧᠮ ᠢ ᠪᠡᠶᠡᠯᠡᠭᠦᠯᠵᠡᠢ᠃ 2023 ᠣᠨ ᠤ ᠦᠢᠯᠡᠳᠬᠦᠨ ᠤ ᠦᠷᠳᠡᠭ 8.5 | ᠳ᠋ᠦᠩᠰᠢᠭᠤᠷ ᠬᠦᠷᠴᠦ᠂ 2024 ᠣᠨ ᠳᠤ ᠵᠢᠱᠢᠯᠲᠡ ᠪᠠᠷ10 ᠳ᠋ᠦᠩᠰᠢᠭᠤᠷ ᠲᠥᠭᠦᠷᠢᠭ ᠣᠷᠴᠢᠮ ᠳᠤ ᠬᠦᠷᠦᠨ᠎ᠡ ᠬᠡᠵᠤ ᠪᠠᠶᠢᠯ᠎ᠠ᠃ | ᠮᠠᠨ ᠤ ᠬᠤᠲᠠ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠰᠢᠨ᠎ᠡ ᠠᠷᠭ᠎ᠠ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ | ᠬᠠᠲᠤᠨ ᠭᠤᠣᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠶᠢ ᠲᠦᠯᠬᠢᠨ ᠠᠬᠢᠭᠤᠯᠵᠤ᠂ 2023 ᠣᠨ ᠳᠤ ᠥᠪᠡᠷ ᠢᠶᠠᠨ 790 ᠲᠦᠮᠡᠨ ᠲᠥᠭᠦᠷᠢᠭ ᠤᠨ | ᠪᠡᠯᠡ ᠮᠥᠩᠭᠦ ᠴᠤᠭᠯᠠᠭᠤᠯᠤᠨ᠂ 5000 ᠭᠠᠷᠤᠢ ᠲᠦᠮᠡᠨ ᠲᠥᠭᠦᠷᠢᠭ ᠤᠨ ᠲᠥᠷᠥᠯ ᠵᠦᠢᠯ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠬᠠᠲᠤᠨ ᠭᠤᠣᠯ ᠤᠨ | ᠤᠰᠤ ᠶᠢ ᠲᠠᠲᠠᠵᠤ ᠳᠤᠰᠤᠯᠭᠠᠨ ᠤᠰᠤᠯᠠᠬᠤ ᠲᠤᠷᠰᠢᠯᠲᠠ ᠶᠢᠨ ᠴᠡᠭ ᠢ 6 ᠪᠠᠶᠢᠭᠤᠯᠵᠤ᠂ ᠲᠠᠯᠠᠪᠠᠶ ᠨᠢ 4.76 ᠲᠦᠮᠡᠨ ᠮᠦ ᠳᠤ ᠬᠦᠷᠴᠡᠢ᠃ ᠣᠳᠣᠬᠠᠨ ᠪᠣᠯᠲᠠᠯ᠎ᠠ᠂ | ᠤᠰᠤᠯᠠᠯᠲᠠ ᠶᠢᠨ ᠣᠷᠣᠨ ᠤ ᠢᠨᠵᠧᠨᠧᠷᠢᠩ ᠤᠨ ᠲᠥᠷᠥᠯ ᠤᠨ ᠬᠠᠲᠤᠨ ᠭᠤᠣᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠲᠠᠯᠠᠪᠠᠶ 50 ᠲᠦᠮᠡᠨ ᠮᠦ ᠳᠤ | ᠬᠥᠷᠪᠡ᠃ ᠡᠭᠦᠨ ᠤ ᠬᠠᠮᠲᠤ᠂ ᠬᠠᠲᠤᠨ ᠭᠤᠣᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ᠂ ᠰᠢᠯᠵᠢᠮᠡᠯ ᠬᠡᠯᠪᠡᠷᠢ ᠶᠢᠨ ᠬᠠᠲᠤᠨ ᠭᠤᠣᠯ ᠤᠨ ᠤᠰᠤ ᠶᠢ | ᠲᠠᠲᠠᠵᠤ ᠰᠢᠭᠤᠳ ᠱᠦᠭᠦᠵᠦ ᠳᠤᠰᠤᠯᠭᠠᠨ ᠤᠰᠤᠯᠠᠬᠤ᠂ ᠮᠠᠰᠢᠨ ᠴᠠᠬᠢᠯᠭᠠᠨ ᠬᠤᠳᠳᠤᠭ ᠤᠨ ᠳᠤᠰᠤᠯᠭᠠᠨ ᠤᠰᠤᠯᠠᠬᠤ 3 ᠵᠦᠢᠯ ᠤᠨ ᠥᠨᠳᠥᠷ ᠪᠦᠲᠦᠮᠵᠢᠲᠡᠶ | ᠤᠰᠤ ᠠᠷᠪᠢᠯᠠᠬᠤ ᠮᠡᠷᠭᠡᠵᠢᠯ ᠢ ᠪᠥᠬᠦ ᠲᠠᠯ᠎ᠠ ᠪᠠᠷ ᠳᠡᠯᠭᠡᠷᠡᠭᠦᠯᠵᠦ᠂ 2023 ᠣᠨ ᠤ ᠡᠴᠦᠰ ᠪᠣᠯᠲᠠᠯ᠎ᠠ᠂ ᠪᠥᠬᠦ ᠬᠤᠲᠠ ᠳᠤ ᠤᠰᠤ ᠪᠣᠷᠳᠣᠭᠤᠷ ᠢ ᠨᠢᠭᠡ | ᠴᠣᠭᠴᠠᠵᠢᠭᠤᠯᠤᠭᠰᠠᠨ ᠲᠠᠯᠠᠪᠠᠶ ᠨᠡᠶᠢᠲᠡ 433.15 ᠲᠦᠮᠡᠨ ᠮᠦ ᠳᠤ ᠬᠦᠷᠴᠡᠢ᠃ ᠡᠨᠡ ᠵᠢᠯ᠂ ᠮᠠᠨ ᠤ ᠬᠤᠲᠠ ᠤᠰᠤᠨ ᠤ ᠡᠬᠢ ᠪᠠᠶᠠᠯᠢᠭ ᠤᠨ ᠴᠢᠩᠭ᠎ᠠ | ᠬᠢᠵᠠᠭᠠᠷᠯᠠᠯ ᠢ ᠦᠷᠭᠦᠯᠵᠢᠯᠡᠨ ᠴᠢᠩᠭᠠᠳᠬᠠᠵᠤ᠂ ᠤᠰᠤ ᠠᠷᠪᠢᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠰᠤ | ᠪᠣᠷᠳᠣᠭᠤᠷ ᠢ ᠨᠢᠭᠡ ᠴᠣᠭᠴᠠᠵᠢᠭᠤᠯᠤᠭᠰᠠᠨ ᠲᠠᠯᠠᠪᠠᠶ 100 ᠲᠦᠮᠡᠨ ᠮᠦ ᠶᠢ ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ | | | | |