ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ 2024 ᠣᠨ ᠤ ᠪᠠᠶᠠᠨᠨᠠᠭᠤᠷ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠪᠠᠭᠤᠯᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/7/29
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ︵ᠪᠡᠯᠡᠳᠬᠡᠬᠦ︶᠎ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠲᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ︽2024 ᠣᠨ ᠤ ᠪᠠᠶᠠᠨᠨᠠᠭᠤᠷ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾᠎ ᠶᠢ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠠᠴᠠ ᠨᠢᠭᠡᠨᠲᠡ ᠬᠢᠨᠠᠨ ᠵᠥᠪᠯᠡᠵᠦ ᠪᠠᠲᠤᠯᠠᠪᠠ᠂ ᠣᠲᠣ ᠳᠣᠷᠣᠭᠰᠢ ᠪᠠᠭᠤᠶ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃                         ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ                            2024 ᠣᠨ ᠤ 3 ᠰᠠᠷ᠎ᠠ ᠶᠢᠨ 22᠎ ᠤᠨ ᠡᠳᠦᠷ   ︵ᠲᠤᠰ ᠪᠢᠴᠢᠭ ᠮᠠᠲ᠋ᠧᠷᠢᠶᠠᠯ ᠢ ᠢᠯᠡ  ᠨᠡᠶᠢᠲᠡᠯᠡᠪᠡ︶      2024 ᠣᠨ ᠤ ᠪᠠᠶᠠᠨᠨᠠᠭᠤᠷ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ      2024᠎ ᠤᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠠᠵᠤ ᠠᠬᠤᠢ ᠨᠡᠶᠢᠭᠡᠮ ᠤᠨ ᠡᠯ᠎ᠡ ᠲᠠᠯ᠎ᠠ ᠶᠢᠨ ᠠᠵᠢᠯ ᠢ ᠰᠠᠶᠢᠲᠤᠷ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ᠂ ᠪᠠᠶᠠᠨᠨᠠᠭᠤᠷ ᠢᠶᠠᠷ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠵᠢᠷᠭᠤᠭᠠᠨ ᠶᠡᠭᠡ ᠶᠠᠪᠤᠳᠠᠯ︾᠎ ᠢ ᠰᠠᠶᠢᠲᠤᠷ ᠬᠢᠵᠦ᠂ ︽ᠲᠠᠪᠤᠨ ᠳᠡᠭᠡᠳᠦ ᠲᠠᠪᠤᠨ ᠲᠣᠭᠤᠷᠢᠭ︾᠎ ᠢ ᠪᠦᠳᠦᠭᠡᠨ ᠪᠠᠶᠢᠭᠤᠯᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠨᠡᠯᠢᠶᠡᠳ ᠲᠦᠷᠭᠡᠨ ᠨᠡᠮᠡᠭᠳᠡᠭᠦᠯᠬᠦ ᠶᠢ ᠠᠬᠢᠭᠤᠯᠵᠤ᠂ ᠪᠠᠶᠠᠨᠨᠠᠭᠤᠷ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃      2024 ᠣᠨ ᠳᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6%᠎ ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 8%᠎ ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 15%᠎ ᠠᠴᠠ ᠳᠡᠭᠡᠭᠰᠢ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 5.5%᠎ ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 5%᠎ ᠠᠴᠠ ᠳᠡᠭᠡᠭᠰᠢ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 6% ᠪᠠ 8% ᠣᠷᠴᠢᠮ ᠨᠡᠮᠡᠭᠳᠡᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5%᠎ ᠶᠢᠨ ᠳᠣᠲᠣᠷ᠎ᠠ ᠬᠢᠵᠠᠭᠠᠷᠯᠠᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠤ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃      ᠨᠢᠭᠡ᠂ ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠬᠤ ᠬᠡᠷᠡᠭᠲᠡᠢ      ︵ᠨᠢᠭᠡ ︶ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ᠃ ︽ᠭᠠᠵᠠᠷ᠂ ᠤᠰᠤ᠂ ᠲᠠᠷᠢᠶ᠎ᠠ᠂ ᠠᠮᠤ ᠪᠤᠳᠠᠭ᠎ᠠ᠂ ᠮᠢᠬ᠎ᠠ ᠂  ᠰᠦ︾᠎ ᠶᠢᠨ ᠪᠠᠲᠤᠯᠠᠭ᠎ᠠ ᠶᠢᠨ ᠴᠢᠳᠠᠪᠤᠷᠢ ᠪᠣᠯᠤᠨ ᠬᠠᠩᠭᠠᠯᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠬᠤ ᠬᠡᠷᠡᠭᠲᠡᠶ᠃ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ 185 ᠲᠦᠮᠡᠨ ᠮᠦ ᠬᠡᠷᠡᠭᠵᠢᠭᠦᠯᠵᠦ᠂ ᠬᠤᠵᠢᠷᠯᠢᠭ ᠭᠠᠵᠠᠷ ᠢ ᠶᠡᠷᠦᠩᠬᠡᠶᠢᠯᠡᠨ ᠵᠠᠰᠠᠬᠤ 50.2 ᠲᠦᠮᠡᠨ ᠮᠦ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠦᠲᠦᠮᠵᠢᠲᠡᠶ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠤᠷᠠᠳ ᠤᠨ ᠡᠮᠦᠨᠡᠲᠦ ᠬᠤᠰᠢᠭᠤ᠂ ᠯᠢᠨ ᠾᠧ ᠲᠣᠭᠤᠷᠢᠭ ᠤᠨ ᠤᠯᠤᠰ ᠤᠨ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠶᠢ ᠳᠥᠯᠭᠢᠨ ᠠᠬᠢᠭᠤᠯᠵᠤ᠂ 4 ᠡᠷᠳᠡᠨᠢ ᠰᠢᠰᠢ ᠶᠢᠨ ︽ᠲᠣᠨ ᠠᠮᠤ ᠪᠤᠳᠠᠭᠠᠨ ᠤ ᠲᠠᠷᠢᠶ᠎ᠠ︾ ᠪᠠ 2 ᠪᠣᠭᠤᠳᠠᠶ ᠶᠢᠨ ︽ᠮᠢᠩᠭᠠᠨ ᠵᠢᠩ ᠤᠨ ᠲᠠᠷᠢᠶ᠎ᠠ︾᠎ ᠶᠢᠨ ᠪᠦᠬᠦ᠋ᠢᠯᠡ ᠪᠠᠶᠢᠭᠤᠯᠤᠮᠵᠢ ᠶᠢᠨ ᠰᠢᠶᠠᠨ ᠢ ᠡᠭᠦᠳᠦᠨ ᠪᠠᠶᠢᠭᠤᠯᠵᠤ᠂ ᠠᠮᠤ ᠪᠤᠳᠠᠭ᠎ᠠ ᠳᠠᠷᠢᠬᠤ ᠲᠠᠯᠠᠪᠠᠶ ᠶᠢ 548 ᠲᠦᠮᠡᠨ ᠮᠥ ᠳᠤ ᠲᠣᠭᠲᠠᠪᠤᠷᠢᠵᠢᠭᠤᠯᠪᠠ᠃ ᠮᠠᠯ ᠤᠨ ᠲᠤᠭ᠎ᠠ ᠲᠣᠯᠤᠭᠠᠢ 2400 ᠲᠦᠮᠡ ᠳᠤ ᠲᠣᠭᠲᠠᠪᠤᠷᠢᠵᠢᠪᠠ︶ ᠮᠢᠬᠠᠨ ᠤ ᠭᠠᠷᠤᠯᠲᠠ ᠶᠢ 50 ᠮᠢᠩᠭᠠᠨ ᠲᠣᠨ ᠠᠴᠠ ᠳᠡᠭᠡᠭᠰᠢ ᠳᠤ ᠬᠦᠷᠦᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠵᠦ᠂ ᠪᠡᠯᠡᠳᠬᠡᠮᠵᠢᠲᠦ ᠲᠠᠷᠢᠶᠠᠯᠠᠩ ᠢ 5.5 ᠲᠦᠮᠡᠨ ᠮᠦ ᠠᠴᠠ ᠳᠡᠭᠡᠭᠰᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠳᠡᠭᠡᠭᠰᠢᠯᠡᠭᠦᠯᠵᠦ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠢ ᠶᠢ 560 ᠲᠦᠮᠡᠨ ᠮᠦ ᠳᠤ ᠬᠦᠷᠭᠡᠪᠡ᠃ ᠪᠣᠬᠢᠷᠲᠤᠯ ᠥᠬᠡᠶ ᠣᠷᠭᠠᠨᠢᠭ ᠪᠦᠲᠦᠭᠡᠭᠳᠡᠬᠦᠨ᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠲᠡᠮᠳᠡᠭᠲᠦ ᠪᠦᠲᠦᠭᠡᠭᠳᠡᠬᠦᠨ ᠢ 30᠂ 10 ᠪᠠ 2᠎ ᠠᠴᠠ ᠳᠡᠭᠡᠭᠰᠢ ᠨᠡᠮᠡᠭᠳᠡᠭᠦᠯᠵᠦ᠂ ︽ᠲᠡᠭᠷᠢ ᠶᠢᠨ ᠬᠡᠰᠢᠭᠲᠦ ᠪᠣᠷᠣᠲᠣᠬᠤᠶ︾᠎ ᠶᠢᠨ ᠨᠠᠷᠠᠲᠤ ᠲᠡᠮᠳᠡᠭᠲᠦ ᠶᠢᠨ ᠥᠷᠲᠡᠭ ᠢ 300 ᠳ᠋ᠦᠩᠰᠢᠭᠤᠷ ᠲᠥᠭᠦᠷᠢᠭ ᠳᠠᠪᠠᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ︽ᠵᠠᠯᠭᠠᠭ᠎ᠠ ᠵᠠᠯᠭᠠᠬᠤ︾᠎ ᠶᠢ ᠲᠦᠷᠭᠡᠳᠬᠡᠨ ᠠᠬᠢᠭᠤᠯᠵᠤ᠂ ︽ᠱᠠᠮᠪᠠ ᠶᠢᠨ ᠠᠮᠲᠠ︾ ᠢᠳᠡᠭᠡᠨ ᠤ ᠠᠵᠤ ᠦᠢᠯᠡᠰ ᠤᠨ ᠬᠦᠷᠢᠶᠡᠯᠡᠩ ᠢ ᠪᠥᠲᠥᠭᠡᠨ ᠪᠠᠶᠢᠭᠤᠯᠵᠤ᠂ ᠤᠷᠢᠳᠴᠢᠯᠠᠨ ᠬᠢᠭᠰᠡᠨ ᠨᠣᠭᠤᠭ᠎ᠠ ᠵᠡᠷᠭᠡ ᠨᠠᠷᠢᠯᠢᠭ ᠡᠳ᠋ᠰᠢᠭᠦᠯᠬᠦ ᠠᠵᠤ ᠦᠢᠯᠡᠰ ᠢ ᠢᠳᠡᠪᠬᠢᠲᠡᠶ ᠬᠥᠭᠵᠢᠭᠦᠯᠵᠦ ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 78%᠎ ᠠᠴᠠ ᠳᠡᠭᠡᠭᠰᠢ ᠳᠤ ᠬᠦᠷᠦᠭᠦᠯᠦᠨ᠎ᠡ᠃ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠶ ᠶᠢᠨ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠶ ᠪᠠᠷ ᠡᠭᠦᠳᠦᠨ ᠪᠠᠶᠢᠭᠤᠯᠬᠤ ᠬᠡᠷᠡᠭᠲᠡᠶ᠃      ︵ᠬᠤᠶᠠᠷ︶ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ ᠠᠵᠠ ᠲᠣᠬᠢᠶᠠᠯ ᠢ ᠵᠠᠪᠳᠤᠨ ᠠᠳᠬᠤᠵᠤ᠂ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠳᠠᠪᠠᠭᠤᠯᠢᠭ ᠢᠶᠠᠨ ᠪᠠᠬᠢᠵᠢᠭᠦᠯᠵᠦ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠬᠦᠴᠦᠯᠡᠨ ᠠᠬᠢᠭᠤᠯᠵᠤ᠂ ︽ᠬᠤᠶᠠᠷ ᠰᠠᠭᠤᠷᠢᠨ ᠭᠠᠵᠠᠷ᠂ ᠳᠥᠷᠪᠡᠨ ᠰᠦᠷᠦᠭᠵᠢᠯ︾᠎ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10%᠎ ᠠᠴᠠ ᠳᠡᠭᠡᠭᠰᠢ ᠨᠡᠮᠡᠭᠳᠡᠪᠡ᠃ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠶᠢ ᠲᠦᠷᠭᠡᠳᠬᠡᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠶᠢ ᠨᠠᠷᠢᠯᠢᠭ ᠬᠢᠵᠦ᠂ ᠰᠢᠨ᠎ᠡ ᠬᠡᠯᠪᠡᠷᠢ ᠶᠢᠨ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠭᠦᠨᠵᠡᠭᠡᠶᠢᠷᠡᠭᠦᠯᠵᠦ᠂ ᠫᠠᠩ ᠨᠦᠩ ᠰᠡᠯᠡᠭᠦᠴᠡᠯ ᠤᠨ ᠢᠳᠡᠭᠡᠨ᠂ ᠠᠨ ᠶᠢᠦ ᠶᠢᠨ 20 ᠲᠦᠮᠡᠨ ᠲᠣᠨ ᠲᠡᠵᠢᠭᠡᠯ ᠪᠣᠷᠳᠤᠭ᠎ᠠ᠂ ᠮᠧᠶ ᠶᠢᠨ ᠲᠡᠮᠦᠷ ᠤᠨ ᠬᠠᠶᠢᠯᠤᠰᠢ᠂ ᠾᠧᠢ ᠮᠤᠤ 10 ᠲᠦᠮᠡᠨ ᠲᠣᠨ LNG ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠷᠦᠨ ᠬᠤᠢ ᠰᠢᠷ᠎ᠠ ᠪᠤᠷᠴᠠᠭ ᠤᠨ ᠲᠣᠰᠣ᠂ ᠤᠯᠤᠰ ᠤᠨ ᠡᠨᠧᠷᠭᠢ ᠶᠢᠨ ᠬᠡᠤᠷᠰᠢᠭᠦᠯᠬᠦ ᠵᠢᠴᠢ ᠶᠡᠷᠦᠩᠬᠡᠶᠢᠯᠡᠨ ᠠᠰᠢᠭᠯᠠᠬᠤ᠂ ᠾᠧᠢ ᠮᠤᠤ ᠬᠤᠶᠠᠳᠤᠭᠠᠷ ᠬᠤᠭᠤᠴᠠᠭᠠᠨ ᠤ ᠬᠤᠶᠠᠳᠤᠭᠠᠷ ᠱᠤᠭᠤᠮ ᠤᠨ ᠬᠡᠦᠷᠰᠢᠭᠦᠯᠬᠦ ᠵᠡᠷᠭᠡ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ︽ᠭᠤᠷᠪᠠᠨ ᠬᠤᠨᠢ︾᠎ ᠶᠢᠨ ᠠᠵᠤ ᠦᠢᠯᠡᠰ ᠢ ᠬᠦᠭᠵᠢᠭᠦᠯᠦᠨ᠂ ᠨᠣᠣᠰᠣ ᠨᠣᠣᠯᠣᠭᠤᠷ ᠢ ᠬᠤᠪᠢᠶᠠᠷᠢᠯᠠᠨ ᠰᠠᠮᠨᠠᠬᠤ ᠠᠵᠤ ᠦᠢᠯᠡᠰ ᠤᠨ ᠬᠦᠷᠢᠶᠡᠯᠡᠩ᠂ ᠨᠣᠣᠰᠣ ᠨᠣᠣᠯᠣᠭᠤᠷ ᠤᠨ ᠪᠦᠲᠦᠭᠡᠭᠳᠡᠬᠦᠨ ᠤ ᠠᠵᠤ ᠦᠢᠯᠡᠰ ᠤᠨ ᠬᠦᠷᠢᠶᠡᠯᠡᠩ᠂ ᠢᠮᠠᠭᠠᠨ ᠠᠷᠠᠰᠣ ᠡᠳ᠋ᠰᠢᠭᠦᠯᠬᠦ ᠲᠥᠪ ᠢ ᠪᠠᠶᠢᠭᠤᠯᠤᠨ᠎ᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠢ ᠬᠦᠴᠦᠷᠬᠡᠭᠵᠢᠭᠦᠯᠵᠦ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠪᠤᠵᠠᠭᠠᠶᠢᠷᠠᠭᠤᠯᠵᠤ᠂ ᠲᠣᠨᠤᠭ ᠲᠥᠬᠦᠭᠡᠷᠦᠮᠵᠢ  ᠦᠢᠯᠡᠳᠬᠦ ᠠᠵᠤ ᠦᠢᠯᠡᠰ ᠢ ᠰᠢᠯᠢᠳᠡᠭᠵᠢᠭᠦᠯᠵᠦ᠂ ᠬᠤᠯᠪᠣᠭᠠᠨ ᠤ ᠡᠮ  ᠦᠢᠯᠡᠳᠬᠦ ᠰᠢᠪᠲᠦᠷᠲᠦ ᠪᠤᠨ᠋ᠽᠢᠯ ᠤᠨ ᠪᠠᠷᠠᠭᠤᠨ ᠣᠶ᠂ ᠬᠤᠯᠪᠣᠭᠠᠨ ᠤ ᠬᠥᠬᠡ ᠬᠥᠭᠡᠰᠦᠨ ᠡᠳ᠋ ᠤᠨ ᠨᠠᠳ᠋ᠷᠢ ᠶᠢ ᠪᠠᠺᠲ᠋ᠧᠷᠢ ᠥᠬᠡᠶ ᠲᠦᠭᠦᠬᠡᠶ ᠮᠠᠲ᠋ᠧᠷᠢᠶᠠᠯ ᠤᠨ ᠡᠮ ᠤᠨ ᠬᠤᠶᠠᠳᠤᠭᠠᠷ ᠬᠤᠭᠤᠴᠠᠭ᠎ᠠ᠂ ᠭᠤᠷᠪᠠ ᠨᠢᠭᠡ ᠶᠢᠨ ᠲᠡᠭ ᠨᠡᠭᠦᠷᠡᠰᠦᠲᠥ᠋ᠷᠥᠭᠴᠢ ᠶᠢᠨ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭ᠎ᠠ᠂ ᠯᠦᠩ ᠲᠧᠩ ᠬᠡᠷᠡᠯ ᠢᠯᠴᠢ ᠪᠠᠷ ᠡᠨᠧᠷᠭᠢ ᠬᠠᠳᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ᠂ ᠶᠢᠨ ᠹᠧᠩ ᠰᠠᠯᠬᠢᠨ ᠬᠦᠴᠦᠨ ᠤ ᠴᠠᠬᠢᠯᠭᠠᠨ ᠤ ᠰᠤᠪᠤᠷᠭᠠᠨ ᠲᠦᠩᠰᠡ  ᠦᠢᠯᠡᠳᠬᠦ ᠵᠡᠷᠭᠡ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠤᠭᠤᠳᠠᠶ ᠶᠢᠨ ᠦᠷᠭᠡᠷᠢᠭ ᠤᠨ ᠠᠮᠢᠳᠤ ᠪᠣᠳᠠᠰ ᠤᠨ ᠪᠤᠭᠤᠳᠠᠢ ᠥᠨᠴᠥᠭ ᠤᠨ ᠭᠤᠨᠠᠨ ᠠᠯᠺᠤᠤᠯ᠂ ᠭᠤᠸᠠᠩ ᠳ᠋ᠠ ᠯᠢᠶᠠᠨ ᠹᠧᠩ ᠴᠠᠩ ᠬᠡᠯᠬᠢᠶᠡᠲᠦ ᠬᠤᠶᠠᠷ ᠡᠰᠢᠲᠦ ᠬᠦᠴᠢᠯ᠂ ᠪᠦᠦ ᠺᠦᠨ ᠨᠡᠭᠦᠷᠡᠰᠦᠲᠥ᠋ᠷᠥᠭᠴᠢ ᠶᠢᠨ ᠴᠠᠬᠢᠭᠤᠷ ᠤᠨ ᠰᠠᠭᠤᠷᠢ ᠰᠢᠨ᠎ᠡ ᠮᠠᠲ᠋ᠧᠷᠢᠶᠠᠯ᠂ ᠶᠤᠸᠠᠨ ᠭᠤᠸᠠᠩ ᠨᠧᠩ ᠬᠡᠷᠡᠯ ᠴᠡᠨᠡᠭ ᠤᠨ ᠬᠡᠷ ᠤᠨ  ᠦᠢᠯᠡᠳᠬᠦ ᠰᠠᠭᠤᠷᠢᠨ ᠭᠠᠵᠠᠷ᠂ ᠬᠤᠸᠠ ᠮᠢᠨ ᠰᠢᠨ᠎ᠡ ᠡᠨᠧᠷᠭᠢ ᠶᠢᠨ ᠬᠤᠭᠤᠯᠠᠶ ᠶᠢᠨ ᠬᠡᠷᠡᠯ ᠴᠡᠨᠡᠭ ᠤᠨ ᠠᠵᠤ ᠦᠢᠯᠡᠰ  ᠤᠨ ᠰᠠᠭᠤᠷᠢᠨ ᠭᠠᠵᠠᠷ᠂ ᠬᠤᠸᠠ ᠳ᠋ᠢᠶᠠᠨ ᠬᠡᠷᠡᠯ ᠴᠡᠨᠡᠭ ᠤᠨ ᠲᠤᠯᠭᠠᠭᠤᠷᠢ ᠶᠢ ᠦᠢᠯᠡᠳᠬᠦ ᠴᠢᠳᠠᠪᠤᠷᠢ ᠵᠡᠷᠭᠡ ᠶᠢ 400 ᠲᠦᠮᠡᠨ ᠺᠢᠯᠣᠸᠠᠲ ᠲᠤ ᠬᠦᠷᠭᠡᠪᠡ᠃ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠵᠤ᠂ ᠪᠠᠯ ᠴᠢᠯᠠᠭᠤᠨ ᠠᠯᠺᠧᠨ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠶᠡᠭᠡ ᠬᠠᠶᠢᠷᠰᠤᠲᠤ ᠬᠠᠪᠲᠠᠰᠤ ᠶᠢᠨ ᠪᠠᠶᠢᠭᠠᠯᠢ ᠶᠢᠨ ᠲᠠᠯᠠᠰᠲᠤ ᠪᠠᠯ ᠴᠢᠯᠠᠭᠤᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠶᠢ ᠲᠦᠷᠭᠡᠳᠬᠡᠵᠦ᠂ ᠨᠡᠶᠢᠯᠡᠮᠡᠯ ᠠᠮᠢᠳᠤ ᠪᠣᠳᠠᠰ ᠤᠨ ᠮᠡᠷᠭᠡᠵᠢᠯ ᠤᠨ ᠬᠡᠷᠡᠭᠯᠡᠯᠲᠡ ᠶᠢ ᠬᠤᠪᠢᠷᠠᠭᠤᠯᠬᠤ ᠶᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ᠎ᠠ᠃ ︽ᠭᠤᠷᠪᠠᠨᠵᠢᠯᠳᠡ︾᠎ ᠶᠢ ᠦᠭᠡᠷᠡᠴᠢᠯᠡᠬᠦ ᠠᠬᠢᠴᠠ ᠶᠢ ᠳᠦᠷᠭᠡᠳᠭᠡᠵᠦ᠂ ᠦᠪᠡᠷᠳᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠲᠣᠰᠬᠠᠢ ᠨᠠᠷᠢᠯᠢᠭ ᠣᠨᠴᠠ ᠰᠢᠨ᠎ᠡ ᠠᠵᠦ ᠠᠬᠤᠶᠢᠯᠠᠯ ᠪᠠ ᠰᠢᠨ᠎ᠡ ᠶᠢ ᠡᠬᠦᠳᠬᠦ ᠭᠡᠯᠪᠡᠷᠢ ᠶᠢᠨ ᠲᠣᠮᠳᠡ ᠵᠢᠵᠢᠭ ᠠᠵᠦ ᠠᠬᠤᠶᠢᠯᠠᠯ ᠢ 20᠎ ᠠᠴᠠ ᠳᠡᠭᠡᠭᠰᠢ ᠰᠢᠨ᠎ᠡ ᠪᠠᠷ ᠨᠡᠮᠡᠭᠳᠡᠬᠦᠯᠵᠦ᠂ ᠲᠣᠭᠠᠵᠢᠭᠤᠯᠥᠨ ᠭᠡᠯᠪᠡᠷᠢ ᠪᠠᠨ ᠬᠤᠪᠢᠷᠡᠭᠤᠯᠬᠤ ᠳᠥᠷᠦᠯ ᠵᠦᠢᠯ ᠢ 10᠎ ᠠᠴᠠ ᠳᠡᠭᠡᠭᠰᠢ ᠰᠢᠨ᠎ᠡ ᠪᠠᠷ ᠪᠠᠶᠢᠭᠤᠯᠵᠦ᠂ ᠪᠣᠬᠢᠷᠳᠦᠯ ᠦᠭᠡᠢ ᠦᠢᠯᠡᠳᠬᠦ ᠶᠢᠨ ᠵᠢᠱᠢᠶ᠎ᠡ ᠦᠵᠡᠬᠦᠯᠬᠦ ᠨᠢᠭᠡᠴᠡ ᠶᠢ 10᠎ ᠠᠴᠠ ᠳᠡᠭᠡᠭᠰᠢ ᠰᠢᠨ᠎ᠡ ᠪᠠᠷ ᠡᠬᠦᠳᠣᠨ᠎ᠠ᠃      ︵ᠭᠤᠷᠪᠠ︶ ᠦᠢᠯᠡᠴᠢᠯᠡᠭᠡᠨ ᠤ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ ᠦᠢᠯᠡᠴᠢᠯᠡᠭᠡᠨ ᠤ ᠦᠢᠯᠡᠰ ᠬᠢᠭᠡᠳ ᠣᠳᠣ ᠦᠶ᠎ᠡ ᠶᠢᠨ ᠦᠢᠯᠡᠳᠬᠦ ᠦᠢᠯᠡᠰ᠂ ᠣᠳᠣ ᠦᠶ᠎ᠡ ᠶᠢᠨ ᠳᠡᠷᠢᠶᠡᠯᠡᠩ ᠮᠠᠯ ᠠᠵᠦ ᠠᠬᠤᠢ ᠶᠢᠨ ᠠᠭᠤᠰᠣᠯᠴᠠᠨ ᠬᠦᠭᠵᠢᠬᠦ ᠶᠢ ᠠᠬᠢᠭᠤᠯᠵᠦ᠂ ᠨᠡᠩ ᠣᠯᠡᠨ ᠰᠢᠨ᠎ᠡ ᠠᠵᠦ ᠠᠬᠤᠢ ᠶᠢᠨ ᠨᠡᠮᠡᠭᠳᠡᠯ ᠤᠨ ᠴᠡᠭ ᠢ ᠪᠤᠶᠢᠵᠢᠭᠤᠯᠥᠨ᠎ᠠ᠃ ︽ᠨᠡᠪᠲᠡᠷᠡᠬᠦ ᠵᠠᠮ ᠤᠨ ᠬᠦᠢᠰᠦ ᠰᠦᠯᠵᠢᠶ᠎ᠡ︾᠎ ᠶᠢᠨ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠵᠥᠩ ᠴᠢᠩ ᠲᠠᠷᠢᠶᠠᠯᠠᠩ ᠤᠨ ᠰᠢᠨᠵᠢᠯᠡᠬᠦ ᠤᠬᠠᠭᠠᠨ ᠤ ᠣᠶᠤᠨᠴᠢ ᠬᠦᠢᠲᠡᠨ ᠬᠡᠯᠬᠢᠶᠡᠲᠦ ᠶᠡᠷᠦᠩᠬᠡᠶᠢᠯᠡᠭᠰᠡᠨ ᠴᠣᠭᠴᠠ᠂ ᠤᠷᠠᠳ ᠤᠨ ᠳᠤᠮᠳᠠᠳᠤ ᠬᠤᠰᠢᠭᠤᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠲᠡᠮᠦᠷ ᠵᠠᠮ ᠤᠨ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠂ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠵᠢᠭᠤᠯᠴᠢᠯᠠᠯ ᠤᠨ ᠠᠵᠤ ᠦᠢᠯᠡᠰᠵᠢᠭᠰᠡᠨ ᠬᠥᠭᠵᠢᠯᠲᠡ ᠶᠢ ᠠᠬᠢᠭᠤᠯᠵᠤ᠂ ᠪᠣᠷᠣᠲᠣᠬᠤᠢ ᠶᠢᠨ ᠠᠷᠠᠳ ᠤᠨ ᠵᠠᠩ ᠦᠢᠯᠡ ᠶᠢᠨ ᠰᠣᠶᠣᠯ ᠤᠨ ᠰᠠᠭᠤᠭᠳᠠᠯ ᠪᠡᠶᠡᠴᠢᠯᠡᠨ ᠣᠶᠢᠯᠠᠭᠠᠬᠤ ᠭᠠᠵᠠᠷ ᠵᠡᠷᠭᠡ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠬᠤ ᠶᠢ ᠠᠬᠢᠭᠤᠯᠵᠤ᠂ 7 ᠥᠪᠡᠷ ᠢᠶᠠᠨ ᠲᠡᠷᠭᠡ ᠵᠢᠯᠣᠭᠤᠳᠤᠨ ᠵᠤᠭᠠᠴᠠᠬᠤ ᠲᠡᠷᠢᠭᠦᠨ ᠰᠣᠩᠭᠤᠯᠲᠠ ᠶᠢᠨ ᠭᠠᠵᠠᠷ᠂ 7 ᠬᠡᠭᠡᠷ᠎ᠡ ᠪᠠᠭᠤᠳᠠᠯᠯᠠᠬᠤ ᠭᠠᠵᠠᠷ ᠤᠨ ᠰᠠᠶᠢᠨ ᠰᠣᠩᠭᠤᠯᠲᠠ ᠶᠢᠨ ᠭᠠᠵᠠᠷ᠂ 2 ᠠᠮᠠᠷᠠᠯᠲᠠ ᠶᠢᠨ ᠵᠤᠭᠠᠴᠠᠯ ᠤᠨ ᠵᠠᠪᠠᠯ ᠰᠣᠩᠭᠤᠬᠤ ᠭᠠᠵᠠᠷ᠂ 2 ᠠᠮᠠᠷᠠᠯᠲᠠ ᠶᠢᠨ ᠵᠤᠭᠠᠴᠠᠯ ᠤᠨ ᠰᠢᠯᠢᠳᠡᠭ ᠭᠠᠵᠠᠷ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ︽ᠮᠤᠨᠢ ᠠᠭᠤᠯᠠ ᠶᠢ ᠭᠡᠲᠦᠯᠵᠦ᠂ ᠵᠤᠤ ᠵᠢᠶᠦ᠋ᠨ ᠰᠠᠶᠢᠨ ᠠᠴᠠ ᠭᠠᠷᠬᠤ︾ ᠵᠡᠷᠭᠡ ᠰᠣᠳᠣᠨ ᠵᠤᠭᠠᠴᠠᠯ ᠤᠨ ᠵᠠᠮ ᠱᠤᠭᠤᠮ ᠢ ᠭᠠᠷᠭᠠᠵᠤ᠂ ︽ᠪᠠᠶᠠᠨᠨᠠᠭᠤᠷ ᠤᠨ ᠪᠡᠯᠡᠭ︾᠎ ᠤᠨ ᠤᠨᠴᠠᠯᠢᠬᠳᠤ ᠰᠣᠶᠣᠯ ᠵᠤᠭᠠᠴᠠᠯ ᠤᠨ ᠪᠦᠲᠦᠭᠡᠭᠳᠡᠬᠦᠨ ᠢ ᠪᠠᠶᠠᠯᠢᠭᠵᠢᠭᠤᠯᠵᠤ᠂ ᠤᠳᠤᠨ ᠲᠡᠰ ᠤᠨ ᠪᠠᠭᠤᠳᠠᠯ᠂ ᠵᠤᠭᠠᠴᠠᠯ ᠤᠨ ᠠᠷᠠᠳ ᠤᠨ ᠣᠷᠣᠨ ᠰᠠᠭᠤᠴᠠ ᠶᠢᠨ ᠲᠡᠰ ᠳᠡᠪᠰᠢᠬᠦ ᠶᠢ ᠲᠦᠷᠭᠡᠳᠬᠡᠵᠦ᠂ ᠵᠤᠭᠠᠴᠠᠯ ᠤᠨ ᠶᠡᠷᠦᠩᠬᠡᠢ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 11%᠎ ᠪᠠᠷ ᠨᠡᠮᠡᠭᠳᠡᠪᠡ᠃ ᠣᠲᠣ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠰ ᠢ ᠶᠡᠭᠡ ᠪᠠᠷ ᠬᠥᠭᠵᠢᠭᠦᠯᠵᠦ᠂ ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠵᠣᠯᠭᠠᠭᠤᠯᠬᠤ ᠶᠢ ᠪᠠᠶᠢᠩᠭᠤᠵᠢᠭᠤᠯᠤᠨ ᠨᠠᠷᠢᠯᠢᠭ ᠣᠨᠣᠴᠠᠲᠠᠶ ᠪᠠᠷ ᠥᠷᠨᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ 1300 ᠳ᠋ᠦᠩᠰᠢᠭᠤᠷ ᠲᠥᠭᠦᠷᠢᠭ ᠲᠤ ᠬᠦᠷᠦᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡ ᠳᠤ ᠰᠢᠨ᠎ᠡ ᠶᠢ ᠡᠭᠦᠳᠬᠦ ᠶᠢ ᠬᠥᠲᠥᠯᠦᠨ ᠵᠢᠯᠣᠭᠤᠳᠴᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠪᠠᠭᠤᠷᠠᠶ ᠭᠤᠭᠴᠤᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ ᠵᠠᠬ᠎ᠠ ᠳᠡᠯᠭᠡᠭᠦᠷ ᠲᠤ ᠭᠠᠷᠬᠤ ᠠᠵᠤ ᠠᠬᠤᠶᠢᠯᠠᠯ ᠢ ᠪᠤᠶᠢᠵᠢᠭᠤᠯᠵᠤ ᠬᠠᠪᠰᠤᠷᠤᠨ ᠵᠢᠯᠣᠭᠤᠳᠬᠤ ᠪᠠᠨ ᠴᠢᠩᠬᠠᠳᠬᠠᠵᠤ᠂ ᠠᠵᠤ ᠠᠬᠤᠶᠢᠯᠠᠯ ᠤᠨ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠬᠤ ᠠᠬᠢᠴᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃      ᠬᠤᠶᠠᠷ᠂ ᠪᠡᠯᠡ ᠣᠷᠣᠭᠤᠯᠤᠯᠲᠠ ᠶᠢᠨ ᠬᠡᠷᠡᠭᠯᠡᠭᠡ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠲᠦᠮᠵᠢᠲᠡᠶ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠥᠷᠭᠡᠳᠬᠡᠨ᠎ᠡ      ︵ᠨᠢᠭᠡ︶ ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠶ ᠥᠷᠭᠡᠳᠬᠡᠨ᠎ᠡ᠃ ᠠᠯᠢ ᠣᠯᠠᠨ ᠥᠨᠳᠥᠷ ᠪᠦᠲᠦᠮᠵᠢᠲᠡᠶ ᠠᠬᠢᠭᠤᠯᠬᠤ ᠲᠣᠭᠲᠠᠴᠠ ᠶᠢ  ᠭᠦᠢᠴᠡᠳ ᠰᠠᠶᠢᠲᠤᠷ ᠬᠡᠷᠡᠭᠯᠡᠵᠦ᠂ 172  ᠵᠦᠢᠯ ᠤᠨ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠂ ᠲᠥᠯᠥᠪᠵᠢᠭᠦᠯᠭᠡ ᠶᠢᠨ ᠭᠠᠵᠠᠷ ᠰᠣᠩᠭᠤᠬᠤ᠂ ᠭᠠᠵᠠᠷ ᠰᠢᠷᠣᠶ ᠬᠡᠷᠡᠭᠯᠡᠬᠦ ᠶᠢ ᠮᠡᠳᠡᠭᠦᠯᠦᠨ ᠵᠥᠪᠰᠢᠶᠡᠷᠡᠭᠦᠯᠬᠦ᠂ ᠭᠠᠵᠠᠷ ᠰᠢᠷᠣᠶ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠡᠨᠧᠷᠭᠢ ᠶᠢᠨ ᠦᠨᠡᠯᠡᠯᠲᠡ ᠶᠢᠨ ᠣᠷᠴᠢᠨ ᠲᠣᠭᠤᠷᠢᠨ ᠤ ᠦᠨᠡᠯᠡᠯᠲᠡ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ ᠪᠠ ᠲᠥᠬᠦᠭᠡᠷᠦᠮᠵᠢ ᠶᠢ ᠢᠵᠢ ᠪᠥᠷᠢᠳᠦᠭᠦᠯᠬᠦ ᠵᠡᠷᠭᠡ ᠬᠦᠴᠦᠨ  ᠵᠦᠢᠯ ᠤᠨ ᠪᠠᠲᠤᠯᠠᠭ᠎ᠠ ᠶᠢ ᠵᠡᠷᠭᠡ ᠪᠠᠷ ᠮᠥᠷᠳᠡᠨ ᠳᠠᠭᠠᠬᠤ ᠶᠢ ᠠᠬᠢᠭᠤᠯᠵᠤ᠂ ᠣᠨ ᠤ ᠪᠠᠯᠠ ᠣᠷᠣᠭᠤᠯᠤᠯᠲᠠ ᠶᠢ 450 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠶᠢ ᠦᠨᠡᠨᠬᠦ ᠪᠠᠲᠤᠯᠠᠪᠠ᠃ ᠲᠥᠷᠥᠯ ᠵᠦᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠰᠠᠨᠠᠯ᠂ ᠬᠠᠲᠤᠨ ᠭᠤᠤᠯ ᠤᠨ ︽  ᠲᠣᠬᠤᠢ︾᠎ ᠎ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢ ᠲᠥᠬᠦᠭᠡᠷᠦᠮᠵᠢ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠪᠣᠭᠤᠮᠲᠠ ᠶᠢᠨ ᠠᠵᠤ ᠠᠬᠤᠶ ᠵᠡᠷᠭᠡ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠰᠡᠨ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠲᠥᠰᠦᠪᠯᠡᠨ ᠨᠥᠭᠡᠴᠡᠯᠡᠨ᠎ᠡ᠃ ᠲᠥᠪ ᠤᠨ ᠲᠥᠰᠦᠪ ᠤᠨ ᠳᠣᠲᠣᠷᠠᠬᠢ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ᠂ ᠳᠤᠮᠳᠠ ᠪᠠ ᠤᠷᠲᠤ ᠬᠤᠭᠤᠴᠠᠭᠠᠨ ᠤ  ᠣᠨᠴᠠᠭᠠᠢ ᠤᠯᠤᠰ ᠤᠨ ᠵᠢᠭᠡᠯᠡᠯᠭᠡ ᠵᠡᠷᠭᠡ ᠶᠢᠨ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠯᠡᠨ ᠣᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠶ᠃ ᠵᠠᠰᠠᠭ ᠤᠨ ᠣᠷᠳᠣᠨ ᠪᠠ ᠨᠡᠶᠢᠭᠡᠮ ᠤᠨ ᠬᠦᠷᠦᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠲᠦᠷᠭᠡᠪᠴᠢᠯᠡᠨ ᠨᠠᠶᠢᠳᠠᠪᠤᠷᠢᠵᠢᠭᠤᠯᠵᠤ᠂ ᠨᠡᠩ ᠤᠯᠠᠨ ᠠᠷᠠᠳ ᠤᠨ ᠬᠦᠷᠦᠩᠭᠡ ᠶᠢᠨ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠪᠠ ᠳᠤᠲᠠᠭᠤᠳᠠᠯ ᠢ ᠨᠥᠬᠦᠪᠥᠷᠢᠯᠡᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ︽ᠭᠠᠳᠠᠭᠰᠢ ᠭᠠᠷᠬᠤ᠂ ᠤᠷᠢᠵᠤ ᠣᠷᠣᠭᠤᠯᠬᠤ ︾᠎ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠣᠯᠠᠨ ᠠᠷᠭ᠎ᠠ ᠵᠠᠮ ᠢᠶᠠᠷ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠠᠵᠢᠯ ᠢ ᠥᠷᠨᠢᠭᠦᠯᠵᠦ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠳᠬᠠᠬᠤ ᠵᠠᠩᠭᠢᠯᠠᠭ᠎ᠠ ᠶᠢᠨ ᠭᠤᠭᠴᠤᠭ᠎ᠠ᠂ ᠳᠡᠭᠡᠳᠦ ᠳᠣᠤᠷᠠᠳᠤ ᠤᠷᠤᠰᠬᠠᠯ ᠤᠨ ᠢᠵᠢ ᠪᠥᠷᠢᠳᠦᠭᠦᠯᠬᠦ ᠠᠵᠤ ᠠᠬᠤᠶᠢᠯᠠᠯ ᠢ ᠶᠡᠬᠡᠪᠡᠷ ᠣᠷᠣᠭᠤᠯᠤᠨ ᠠᠪᠴᠢᠷᠠᠵᠤ᠂ ᠭᠤᠤᠯᠳᠠᠭᠤ ᠰᠢᠨ᠎ᠡ ᠡᠨᠧᠷᠭᠢ ᠶᠢᠨ ᠡᠨᠧᠷᠭᠢ ᠬᠠᠳᠠᠭᠠᠯᠠᠬᠤ ᠳ᠋ᠢᠶᠠᠨ ᡂᠢ᠂ ᠰᠠᠯᠬᠢᠨ ᠬᠦᠴᠦᠨ ᠤ ᠴᠠᠬᠢᠯᠭᠠᠨ ᠤ ᠴᠠᠬᠢᠯᠭᠠᠨ ᠮᠠᠰᠢᠨ᠂ ᠭᠤᠤᠯ ᠮᠠᠰᠢᠨ᠂ ᠭᠤᠤᠯᠯᠠᠬᠤ ᠦᠢᠯᠡᠳᠬᠦᠨ ᠤ ᠴᠢᠳᠬᠤᠮᠠᠯ ᠲᠣᠨᠤᠭ ᠪᠠ ᠴᠡᠷᠢᠭ ᠤᠨ ᠠᠯᠪᠠ ᠠᠴᠠ ᠪᠠᠭᠤᠭᠰᠠᠨ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠢ ᠡᠷᠭᠢᠯᠳᠦᠭᠦᠯᠦᠨ ᠠᠰᠢᠭᠯᠠᠬᠤ ᠵᠡᠷᠭᠡ ᠲᠠᠯ᠎ᠠ ᠪᠠᠷ ᠨᠢᠭᠡ ᠪᠦᠯᠦᠭ ᠠᠵᠤ ᠦᠢᠯᠡᠰ ᠢ ᠣᠷᠣᠭᠤᠯᠤᠨ ᠠᠪᠴᠢᠷᠠᠨ᠎ᠠ᠃ ᠬᠥᠬᠡᠭᠴᠢᠨ ᠲᠠᠯ᠎ᠠ ᠶᠢᠨ ᠰᠡᠳᠬᠢᠬᠦᠶ᠂ ᠰᠢᠨ᠎ᠡ ᠶᠢ ᠡᠭᠦᠳᠬᠦ ᠤᠬᠠᠮᠰᠠᠷ᠂ ᠰᠢᠰᠲ᠋ᠧᠮᠲᠦ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠵᠣᠯᠭᠠᠭᠤᠯᠤᠨ ᠵᠥᠪᠳᠡᠯᠴᠡᠬᠦ᠂ ᠲᠥᠷᠥᠯ ᠵᠦᠢᠯ ᠤᠨ ᠭᠡᠷ᠎ᠡ ᠲᠣᠭᠲᠠᠬᠤ᠂ ᠪᠣᠳᠠᠲᠠᠶᠢᠵᠢᠭᠤᠯᠤᠨ ᠪᠦᠲᠦᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠤᠨ ᠡᠵᠡᠩᠨᠡᠬᠦ ᠵᠡᠷᠭᠡ ᠪᠦᠬᠦ ᠶᠠᠪᠤᠴᠠ ᠳᠤ ᠮᠥᠷᠳᠡᠨ ᠦᠢᠯᠡᠴᠢᠯᠡᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠪᠡᠯᠡ ᠮᠥᠩᠭᠦ ᠶᠢ 20%᠎ ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠵᠤ᠂ ᠭᠠᠳᠠᠭᠠᠳᠤ ᠪᠡᠯᠡ ᠶᠢ ᠪᠣᠳᠠᠲᠠᠶ ᠠᠰᠢᠭᠯᠠᠬᠤ ᠳᠤ 6%᠎ ᠪᠠᠷ ᠨᠡᠮᠡᠭᠳᠡᠭᠦᠯᠦᠨ᠎ᠡ᠃      ︵ᠬᠤᠶᠠᠷ︶ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠠᠪᠴᠤ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ᠃ ᠬᠡᠷᠡᠭᠯᠡᠭᠡ ᠶᠢ ᠠᠬᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠪᠥᠬᠦ ᠲᠠᠯ᠎ᠠ ᠪᠠᠷ ᠠᠬᠢᠭᠤᠯᠤᠨ᠎ᠠ᠃ ︽ᠰᠠᠶᠢᠨ ᠰᠠᠶᠢᠬᠠᠨ ᠠᠮᠢᠳᠤᠷᠠᠯ ᠢ  ᠡᠳ᠋ᠯᠡᠵᠦ · ᠪᠠᠶᠠᠨᠨᠠᠭᠤᠷ ᠲᠤ ᠬᠤᠳᠠᠯᠳᠤᠨ ᠠᠪᠤᠨ᠎ᠠ︾ ᠭᠤᠣᠯ ᠰᠡᠳᠦᠪᠲᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠡᠷᠡᠭᠯᠡᠭᠡᠨ ᠤ ᠲᠡᠮᠳᠡᠭᠲᠦ ᠲᠠᠷᠬᠠᠭᠠᠬᠤ᠂ ᠬᠠᠷᠠᠭᠠᠯᠵᠠᠯ ᠦᠵᠡᠭᠦᠯᠵᠦ ᠠᠰᠢᠭ ᠣᠯᠭᠤᠬᠤ ᠵᠡᠷᠭᠡ ᠠᠷᠭ᠎ᠠ ᠬᠡᠮᠵᠢᠶ᠎ᠡ ᠶᠢ ᠨᠡᠩ ᠶᠡᠭᠡ ᠡᠷᠴᠢᠮ ᠢᠶᠠᠷ ᠬᠡᠷᠡᠭᠵᠢᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠪᠣᠬᠢᠷᠲᠤᠯ ᠦᠭᠡᠢ ᠣᠶᠤᠨᠴᠢ ᠭᠡᠷ ᠤᠨ ᠴᠠᠬᠢᠯᠭᠠᠨ ᠬᠡᠷᠡᠭᠰᠡᠯ᠂ ᠣᠶᠤᠨᠲᠤ ᠭᠠᠷ ᠤᠲᠠᠰᠤ᠂ ᠡᠮᠦᠰᠴᠦ ᠵᠡᠭᠦᠵᠦ ᠪᠣᠯᠬᠤ ᠲᠥᠬᠦᠭᠡᠷᠦᠮᠵᠢ ᠵᠡᠷᠭᠡ ᠶᠡᠭᠡ ᠬᠡᠮᠵᠢᠶᠡᠨ ᠤ ᠬᠡᠷᠡᠭᠯᠡᠭᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ᠂ ᠰᠤᠷᠭᠠᠨ ᠬᠥᠮᠦᠵᠢᠯ ᠡᠮ ᠡᠮᠨᠡᠯᠭᠡ᠂ ᠰᠣᠶᠣᠯ ᠪᠡᠶ᠎ᠡ ᠶᠢᠨ ᠲᠠᠮᠢᠷ ᠵᠡᠷᠭᠡ ᠦᠢᠯᠡᠴᠢᠯᠡᠭᠡᠨ ᠤ ᠬᠡᠷᠡᠭᠯᠡᠭᠡ ᠶᠢ ᠦᠷᠭᠦᠯᠵᠢᠯᠡᠨ ᠠᠬᠢᠭᠤᠯᠤᠨ᠎ᠠ᠃ ᠯᠢᠨ ᠾᠧ ᠲᠣᠭᠤᠷᠢᠭ᠂ ᠦᠶᠤᠸᠠᠨ ᠰᠢᠶᠠᠨ᠂ ᠬᠠᠩᠭᠢᠨ ᠬᠤᠶᠢᠲᠤ ᠬᠤᠰᠢᠭᠤᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠲᠤᠷᠰᠢᠯᠲᠠ ᠶᠢᠨ ᠰᠢᠶᠠᠨ ᠤ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠭᠦᠢᠯᠭᠡᠭᠡᠨ ᠤ ᠬᠠᠩᠭᠠᠯᠭ᠎ᠠ ᠶᠢ ᠪᠠᠲᠤᠯᠠᠬᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠦᠨ᠎ᠡ᠃ ᠨᠡᠶᠢᠭᠡᠮ ᠲᠣᠭᠤᠷᠢᠭ ᠤᠨ ᠰᠢᠨ᠎ᠡ ᠬᠡᠯᠪᠡᠷᠢ ᠶᠢᠨ ᠵᠢᠵᠢᠭᠯᠡᠨ ᠬᠤᠳᠠᠯᠳᠤᠬᠤ᠂ ᠣᠶᠤᠨᠴᠢ ᠢᠳᠡᠭᠡᠨ ᠤᠮᠳᠠᠭᠠᠨ᠂ ︽ᠢᠨᠲ᠋ᠧᠷ ᠰᠦᠯᠵᠢᠶ᠎ᠡ︾ ᠵᠡᠷᠭᠡ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠶᠡᠬᠡᠪᠡᠷ ᠬᠥᠭᠵᠢᠭᠦᠯᠵᠦ᠂ ᠲᠦᠷᠦᠭᠦᠦ ᠳᠡᠯᠭᠡᠭᠦᠷ ᠤᠨ ᠠᠵᠤ ᠠᠬᠤᠶ ᠪᠠ ᠰᠥᠨᠢ ᠶᠢᠨ ᠠᠵᠤ ᠠᠬᠤᠶ ᠶᠢ ᠵᠣᠷᠢᠭᠵᠢᠭᠤᠯᠤᠨ ᠬᠥᠭᠵᠢᠭᠦᠯᠦᠨ᠎ᠡ᠃ ᠳᠠᠪᠠᠭᠤᠯᠢᠭ ᠠᠵᠤ ᠦᠢᠯᠡᠰ᠂ ᠣᠨᠴᠠᠯᠢᠭᠲᠤ ᠪᠦᠲᠦᠭᠡᠭᠳᠡᠬᠦᠨ ᠢ  ᠡᠯᠧᠺᠲᠷᠤᠨᠴᠢᠯᠠᠭᠰᠠᠨ ᠥᠭᠡᠷᠡᠴᠢᠯᠡᠯᠲᠡ ᠶᠢ ᠶᠡᠬᠡᠪᠡᠷ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠢᠳᠡᠪᠬᠢᠲᠡᠶ ᠡᠭᠦᠳᠦᠨ ᠪᠠᠶᠢᠭᠤᠯᠤᠨ᠎ᠠ᠃      ︵ᠭᠤᠷᠪᠠ︶ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ 5G᠎ ᠶᠢᠨ ᠰᠠᠭᠤᠷᠢ ᠥᠷᠲᠡᠭᠡ 1000 ᠰᠠᠭᠤᠷᠢ ᠠᠴᠠ ᠳᠡᠭᠡᠭᠰᠢ᠂ ᠨᠡᠶᠢᠲᠡ ᠶᠢᠨ ᠬᠡᠷᠡᠭᠯᠡᠭᠡᠨ ᠤ ᠴᠠᠬᠢᠯᠭᠠᠨ ᠴᠡᠨᠡᠭᠯᠡᠬᠦ ᠪᠠᠭᠠᠨ᠎ᠠ 300᠎ ᠠᠴᠠ ᠳᠡᠭᠡᠭᠰᠢ ᠪᠠᠶᠢᠬᠤ ᠬᠡᠷᠡᠭᠳᠡᠢ᠃ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠪᠦᠳᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠲᠦᠷᠭᠡᠨ ᠤ ᠲᠡᠮᠦᠷ ᠵᠠᠮ ᠤᠨ ᠰᠠᠭᠤᠷᠢ ᠶᠢ ᠲᠠᠯᠪᠢᠬᠤ ᠪᠠ ᠬᠥᠭᠦᠷᠭᠡ ᠲᠠᠯᠪᠢᠬᠤ ᠪᠠᠷᠢᠯᠭ᠎ᠠ ᠶᠢ ᠪᠡᠶᠡᠯᠡᠭᠦᠯᠦᠨ᠎ᠡ᠃ G0616 ᠭᠠᠭᠴᠠᠮᠤᠳᠤ ᠠᠴᠠ ᠬᠠᠯᠢᠭᠤᠲᠤ ᠬᠦᠷᠬᠦ ᠬᠡᠰᠡᠭ᠂ ᠤᠯᠤᠰ ᠤᠨ ᠵᠠᠮ ᠤᠨ 110 ᠵᠡᠭᠡᠷᠡᠲᠦ ᠮᠣᠳᠣ ᠠᠴᠠ ᠳ᠋ᠧᠩᠺᠸᠦ ᠬᠦᠷᠬᠦ ᠬᠡᠰᠡᠭ᠂ ᠤᠯᠤᠰ ᠤᠨ ᠵᠠᠮ ᠤᠨ 110 ᠳ᠋ᠧᠩᠺᠸᠦ ᠭᠤᠣᠯ ᠤᠨ ᠬᠠᠲᠤᠨ ᠭᠤᠣᠯ ᠤᠨ ᠶᠡᠭᠡ ᠬᠦᠭᠦᠷᠭᠡ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠲᠡᠮᠦᠷ ᠵᠠᠮ᠂ ᠯᠢᠨ ᠾᠧ ᠲᠡᠮᠦᠷ ᠵᠠᠮ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ᠂ ᠵᠢᠨᠴᠢᠤᠸᠠᠨ ᠡᠮᠦᠨᠡᠲᠦ ᠶᠢᠨ ᠨᠡᠭᠦᠷᠡᠰᠦᠨ ᠤ ᠲᠡᠮᠦᠷ ᠵᠠᠮ ᠤᠨ ᠲᠤᠰᠬᠠᠢ ᠱᠤᠭᠤᠮ᠂ ᠪᠠᠶᠠᠨᠬᠤᠸᠠ ᠲᠡᠮᠦᠷ ᠵᠠᠮ ᠤᠨ ᠲᠤᠰᠬᠠᠢ ᠱᠤᠭᠤᠮ᠂ G0616 ᠮᠤᠨᠠ ᠠᠭᠤᠯᠠ ᠠᠴᠠ ᠬᠠᠯᠢᠭᠤᠲᠤ ᠬᠦᠷᠬᠦ ᠬᠡᠰᠡᠭ᠂ ᠤᠯᠤᠰ ᠤᠨ ᠵᠠᠮ ᠤᠨ 110 ᠬᠠᠪᠢ ᠭᠤᠳᠤᠮᠵᠢ ᠠᠴᠠ ᠲᠢᠶᠠᠨ ᠵᠢᠢ ᠲᠠᠢ ᠬᠡᠰᠡᠭ᠂ ᠤᠯᠤᠰ ᠤᠨ ᠵᠠᠮ ᠤᠨ 242 ᠯᠢᠨᠾᠧ ᠶᠢᠨ ᠬᠢᠯᠢ ᠳᠠᠪᠠᠭ᠋ᠤ ᠬᠡᠰᠡᠭ ᠵᠡᠷᠭᠡ ᠲᠦᠷᠦᠯ ᠵᠦᠢᠯ ᠤᠨ ᠠᠵᠢᠯ ᠡᠬᠢᠯᠡᠭᠦᠯᠬᠦ ᠶᠢ ᠠᠬᠢᠭᠤᠯᠤᠨ᠎ᠠ᠃ ᠬᠤᠲᠠ ᠪᠠᠯᠭᠠᠰᠤ ᠶᠢᠨ ᠵᠠᠮ᠂ ᠭᠠᠵᠠᠷ ᠳᠣᠣᠷᠠᠬᠢ ᠬᠤᠭᠤᠯᠠᠢ ᠲᠣᠣᠷ ᠵᠡᠷᠭᠡ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠦᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠤᠨ᠎ᠠ᠃ 5257 ᠢᠵᠢ ︽ᠠᠰᠠᠷ ᠢ ᠪᠠᠲᠤᠯᠠᠵᠥ ᠲᠤᠰᠢᠶᠠᠬᠤ︾ ᠡᠭᠦᠷᠭᠡ ᠶᠢ ᠪᠡᠶᠡᠯᠡᠭᠦᠯᠵᠦ᠂ 54 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠵᠥ᠂ 36 ᠨᠠᠮ ᠵᠢᠮ ᠣᠷᠣᠨ ᠰᠠᠭᠤᠴᠠ ᠶᠢᠨ ᠲᠣᠭᠤᠷᠢᠭ ᠢ ᠡᠭᠦᠳᠦᠨ ᠪᠠᠶᠢᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠲᠥᠪᠯᠡᠷᠡᠭᠦᠯᠦᠨ ᠵᠠᠰᠠᠬᠤ ︽135︾᠎ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠡᠪᠦᠯ ᠤᠨ ᠤᠯᠠᠷᠢᠯ ᠳᠤ 9 ᠲᠦᠮᠡᠨ ᠡᠷᠦᠬᠡ ᠶᠢᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ 457 ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ 100 ᠠᠶᠢᠯ ᠲᠣᠰᠬᠤᠨ ᠢ ᠪᠠᠶᠢᠭᠤᠯᠵᠤ᠂ 900  ᠺᠢᠯᠣᠮᠧᠲᠷ ᠬᠥᠳᠡᠭᠡ ᠲᠣᠰᠬᠤᠨ ᠤ ᠵᠠᠰᠠᠮᠠᠯ ᠵᠠᠮ ᠢ ᠥᠭᠡᠷᠡᠴᠢᠯᠡᠨ ᠰᠠᠶᠢᠵᠢᠷᠠᠭᠤᠯᠪᠠ᠃      ᠭᠤᠷᠪᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠰᠢᠪᠲᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ      ︵ᠨᠢᠭᠡ︶ ᠰᠢᠨ᠎ᠡ ᠶᠢ ᠡᠭᠦᠳᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠡᠨᠧᠷᠭᠢ ᠣᠯᠭᠤᠬᠤ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ︽ᠲᠠᠪᠤᠨ ᠠᠷᠪᠠ︾᠎ ᠶᠢᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠪᠠᠶᠠᠨᠨᠠᠭᠤᠷ ᠤᠨ ᠰᠤᠳᠤᠯᠭᠠᠨ ᠤ ᠬᠦᠷᠢᠶᠡᠯᠡᠩ ᠵᠡᠷᠭᠡ ᠰᠢᠨ᠎ᠡ ᠶᠢ ᠡᠭᠦᠳᠬᠦ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠬᠠᠲᠠᠭᠤ ᠪᠤᠭᠤᠳᠠᠢ᠂ ᠬᠠᠲᠤᠨ ᠭᠤᠣᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠵᠢᠮᠢᠰ ᠨᠣᠭᠤᠭ᠎ᠠ ᠶᠢ ᠥᠨᠳᠥᠷ ᠪᠦᠲᠦᠮᠵᠢᠲᠡᠶ ᠪᠠᠷ ᠳᠠᠷᠢᠬᠤ᠂ ᠠᠯᠠᠰᠢᠨ ᠬᠤᠨᠢ ᠶᠢ ᠥᠨᠳᠥᠷ ᠪᠦᠲᠦᠮᠵᠢᠲᠡᠶ ᠪᠠᠷ ᠲᠡᠵᠢᠭᠡᠨ ᠦᠷᠡᠵᠢᠭᠦᠯᠬᠦ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠲᠠᠰᠤᠷᠠᠯᠲᠠ ᠦᠭᠡᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠲᠡᠭ ᠰᠢᠪᠲᠤᠯᠤᠯᠲᠠ ᠶᠢ ᠪᠡᠶᠡᠯᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 100᠎ ᠶᠢ ᠳᠠᠪᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ 120᠎ ᠶᠢ ᠳᠠᠪᠠᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠰᠢᠪᠲᠤᠯᠤᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢ 1 ᠰᠢᠨ᠎ᠡ ᠪᠠᠷ ᠨᠡᠮᠡᠭᠳᠡᠭᠦᠯᠵᠦ᠂ ᠮᠡᠷᠭᠡᠵᠢᠯ ᠤᠨ ᠠᠷᠠᠯᠵᠢᠶᠠᠨ ᠤ ᠲᠤᠭ᠎ᠠ ᠬᠡᠮᠵᠢᠶ᠎ᠡ ᠪᠠ ᠠᠷᠠᠯᠵᠢᠶᠠᠨ ᠤ ᠲᠤᠭ᠎ᠠ ᠬᠡᠮᠵᠢᠶ᠎ᠡ ᠶᠢ 20%᠎ ᠠᠴᠠ ᠳᠡᠭᠡᠭᠰᠢ ᠨᠡᠮᠡᠭᠳᠡᠭᠦᠯᠦᠨ᠎ᠡ᠃      ︵ᠬᠤᠶᠠᠷ︶ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 4.0 ᠲᠥᠰᠦᠯ ᠢ ᠲᠣᠭᠲᠠᠭᠠᠨ ᠨᠡᠶᠢᠲᠡᠯᠡᠵᠦ᠂ ᠪᠦᠬᠦ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂  ᠡᠯᠧᠺᠲᠷᠣᠨ ᠦᠨᠡᠮᠯᠡᠯ ᠤᠨ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠨ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ᠦᠨᠡᠮᠯᠡᠯ ᠠᠴᠠ ᠬᠡᠯᠲᠦᠷᠢᠭᠦᠯᠵᠦ ᠭᠦᠢᠴᠡᠳᠬᠡᠬᠦ︾᠎ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ︽ᠪᠠᠷᠢᠮᠵᠢᠶᠠᠲᠤ ᠭᠠᠵᠠᠷ︾᠎ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠡᠯ᠎ᠡ ᠲᠥᠷᠥᠯ ᠤᠨ ᠨᠡᠭᠡᠭᠡᠯᠲᠡ ᠶᠢᠨ ᠣᠷᠣᠨ ᠤ ᠳᠣᠲᠣᠷ᠎ᠠ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠪᠦᠬᠦᠨ ᠢ ︽ᠪᠠᠷᠢᠮᠵᠢᠶᠠᠲᠤ ᠭᠠᠵᠠᠷ︾᠎ ᠤᠨ ᠵᠠᠭᠪᠤᠷ ᠢᠶᠠᠷ ᠬᠠᠩᠭᠠᠬᠤ ᠬᠡᠷᠡᠭᠲᠡᠶ᠃ ᠲᠠᠷᠢᠶᠠᠯᠠᠬᠤ ᠮᠠᠯᠵᠢᠬᠤ ᠣᠷᠣᠨ ᠤ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠪᠦᠬᠦᠨ ᠢ ᠦᠯᠦ ᠬᠥᠳᠡᠯᠬᠦ ᠬᠥᠷᠥᠩᠭᠡ ᠶᠢ ᠨᠢᠭᠡᠳᠦᠯᠲᠡᠶ ᠳᠠᠩᠰᠠᠯᠠᠨ ᠲᠡᠮᠳᠡᠭᠯᠡᠬᠦ ᠳᠤ ᠣᠷᠣᠭᠤᠯᠬᠤ ᠬᠡᠷᠡᠭᠲᠡᠶ᠃ ᠤᠯᠤᠰ ᠤᠨ ᠥᠮᠴᠢᠯᠡᠯᠲᠦ ᠠᠵᠤ ᠠᠬᠤᠶ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠬᠦ ᠪᠠ ᠪᠦᠲᠦᠴᠡ ᠶᠢᠨ ᠲᠣᠬᠢᠷᠠᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠡᠵᠡᠩᠨᠡᠯᠲᠡ ᠶᠢᠨ ᠣᠷᠣᠯᠭ᠎ᠠ ᠶᠢ 50%᠎ ᠠᠴᠠ ᠳᠡᠭᠡᠭᠰᠢ ᠨᠡᠮᠡᠭᠳᠡᠭᠦᠯᠦᠨ᠎ᠡ᠃      ︵ᠭᠤᠷᠪᠠ ︶ ᠨᠡᠭᠡᠭᠡᠯᠲᠡ ᠬᠢᠵᠦ ᠬᠠᠮᠲᠤᠷᠠᠯᠴᠠᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠤᠯᠠᠨ ᠤᠯᠤᠰ ᠤᠨ ᠲᠤᠮᠤ ᠵᠠᠬ᠎ᠠ ᠳᠡᠯᠭᠡᠭᠦᠷ ᠲᠠᠢ ᠢᠳᠡᠪᠬᠢᠲᠡᠢ ᠠᠭᠤᠰᠤᠯᠴᠠᠵᠤ᠂ ︽ᠨᠢᠭᠡ ᠪᠦᠰᠡ ᠨᠢᠭᠡ ᠵᠠᠮ︾᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠬᠢᠯ ᠤᠨ ᠪᠦᠳᠦᠭᠡᠨ ᠪᠠᠶᠢᠭᠤᠯᠤᠯᠲᠠ ᠳᠤ ᠭᠦᠨᠵᠡᠭᠡᠢ ᠣᠷᠣᠯᠴᠠᠨ᠎ᠠ᠃ ᠭᠠᠭᠴᠠᠮᠤᠳᠤ ᠬᠢᠯᠢ ᠶᠢᠨ ᠪᠣᠭᠤᠮᠲᠠ ᠪᠠᠷ ᠥᠩᠭᠡᠷᠡᠬᠦ ᠪᠠᠷᠠᠭ᠎ᠠ ᠥᠩᠭᠡᠷᠡᠬᠦ ᠴᠢᠳᠠᠪᠤᠷᠢ ᠶᠢ ᠳᠡᠭᠡᠭᠰᠢᠯᠡᠭᠦᠯᠵᠦ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠶᠡᠭᠡ ᠬᠥᠭᠦᠷᠭᠡ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠢᠯᠢ ᠠᠴᠠ ᠭᠠᠷᠬᠤ ᠲᠡᠷᠭᠡ ᠬᠥᠰᠬᠡ ᠶᠢᠨ ᠦᠢᠯᠡᠴᠢᠯᠡᠭᠡᠨ ᠤ ᠲᠣᠭᠤᠷᠢᠭ ︵ᠬᠤᠶᠠᠳᠤᠭᠠᠷ ᠬᠤᠭᠤᠴᠠᠭᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠣᠪᠴᠢᠶ᠎ᠠ︶ ᠨᠡᠭᠦᠷᠡᠰᠦᠨ ᠤ ᠠᠷᠠᠯᠵᠢᠶᠠᠨ ᠤ ᠲᠥᠪ᠂ ᠮᠣᠩᠭᠤᠯ ᠨᠡᠭᠦᠷᠡᠰᠦᠨ ᠤ ᠵᠢᠭᠠᠯᠲᠠ ᠲᠤᠭ᠎ᠠ ᠶᠢᠨ ᠲᠠᠪᠴᠠᠩ ᠵᠡᠷᠭᠡ ᠲᠥᠷᠥᠯ ᠵᠦᠢᠯ ᠤᠨ ᠠᠵᠢᠯ ᠡᠬᠢᠯᠡᠵᠦ᠂ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ ᠨᠢ ᠪᠦᠬᠦ ᠤᠯᠤᠰ ᠤᠨ ᠬᠠᠭᠤᠷᠠᠶ ᠵᠠᠮ ᠤᠨ ᠪᠣᠭᠤᠮᠲᠠ ᠶᠢ ᠦᠷᠭᠦᠯᠵᠢᠯᠡᠨ ᠳᠠᠭᠠᠭᠤᠯᠤᠨ ᠭᠦᠶᠦᠪᠡ᠃ ᠰᠢᠨ᠎ᠡ ᠨᠢᠭᠡ ᠡᠭᠡᠯᠵᠢ ᠶᠢᠨ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠰᠠᠭᠤᠷᠢᠨ ᠭᠠᠵᠠᠷ ᠢ ᠪᠤᠶᠢᠵᠢᠭᠤᠯᠤᠨ ᠪᠦᠲᠦᠭᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠡᠰ ᠤᠨ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠰᠠᠭᠤᠷᠢᠨ ᠭᠠᠵᠠᠷ 2᠂ ᠥᠪᠡᠷᠲᠡᠭᠡᠨ ᠵᠠᠰᠠᠬᠤ ᠣᠷᠣᠨ ᠤ ᠲᠡᠰ ᠤᠨ ᠣᠯᠠᠨ ᠨᠡᠶᠢᠲᠡ ᠶᠢᠨ ᠭᠠᠳᠠᠭᠠᠳᠤ ᠶᠢᠨ ᠬᠥᠮᠥᠷᠭᠡ 2᠎ ᠢ ᠰᠢᠨ᠎ᠡ ᠪᠠᠷ ᠨᠡᠮᠡᠭᠳᠡᠭᠦᠯᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠪᠣᠯᠤᠨ ᠮᠣᠩᠭᠤᠯ ᠤᠯᠤᠰ ᠲᠤ ᠭᠠᠷᠭᠠᠬᠤ ᠵᠢᠮᠢᠰ ᠨᠣᠭᠤᠭ᠎ᠠ ᠶᠢ ᠬᠡᠪᠰᠢᠭᠦᠯᠦᠨ ᠠᠵᠢᠯᠯᠠᠭᠤᠯᠬᠤ ᠶᠢ ᠠᠬᠢᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠡᠮᠵᠢᠶ᠎ᠡ ᠶᠢ 13%᠎ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠤᠯᠤᠰ ᠤᠨ ᠳᠣᠲᠣᠭᠠᠳᠤ ᠶᠢᠨ ᠲᠤᠮᠤ ᠵᠠᠬ᠎ᠠ ᠳᠡᠯᠭᠡᠭᠦᠷ ᠲᠤ ᠭᠦᠨᠵᠡᠭᠡᠢ ᠠᠭᠤᠰᠤᠯᠴᠠᠵᠤ᠂ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠵᠡᠷᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠬᠦᠯᠢᠶᠡᠨ ᠠᠪᠴᠤ᠂ ᠠᠵᠤ ᠦᠢᠯᠡᠰ ᠤᠨ ᠬᠠᠷᠢᠯᠴᠠᠨ ᠨᠥᠬᠦᠪᠥᠷᠢᠯᠡᠬᠦ ᠬᠠᠮᠲᠤᠷᠠᠯᠴᠠᠭ᠎ᠠ ᠶᠢ ᠥᠷᠨᠢᠭᠦᠯᠵᠦ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ᠃      ᠳᠥᠷᠪᠡ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ      ︵ᠨᠢᠭᠡ︶ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠪᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ᠂ ᠤᠯᠤᠰ ᠤᠨ ᠠᠮᠢ ᠠᠬᠤᠶ ᠶᠢᠨ ᠣᠷᠴᠢᠨ ᠲᠣᠭᠤᠷᠢᠨ ᠤ ᠰᠡᠷᠡᠮᠵᠢᠯᠡᠭᠦᠯᠬᠦ ᠺᠠᠷᠲ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠦᠨ᠎ᠡ᠃ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠪᠣᠯᠣᠳ ᠲᠡᠮᠦᠷ᠂ ᠬᠡᠤᠷᠰᠢᠭᠦᠯᠬᠦ ᠵᠡᠷᠭᠡ ᠠᠵᠢᠯ ᠲᠥᠷᠥᠯ ᠤᠨ ᠬᠡᠲᠦ ᠳᠣᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠠᠭᠠᠷ ᠤᠨ ᠶᠠᠰᠤ ᠴᠢᠨᠠᠷ ᠤᠨ ᠰᠢᠯᠢᠳᠡᠭ ᠨᠣᠷᠮ᠎ᠠ ᠶᠢ 87.1%᠎ ᠠᠴᠠ ᠳᠡᠭᠡᠭᠰᠢ ᠳᠤ ᠬᠦᠷᠦᠭᠦᠯᠦᠨ᠎ᠡ᠃ ᠤᠰᠤᠨ ᠳᠤ ᠬᠤᠯᠪᠣᠭᠳᠠᠬᠤ ᠭᠤᠤᠯᠳᠠᠯᠭ᠎ᠠ ᠲᠠᠢ ᠠᠵᠤ ᠠᠬᠤᠶᠢᠯᠠᠯ ᠪᠠ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠣᠭᠲᠠᠭᠤᠨ ᠢᠶᠠᠷ ᠪᠠᠷᠢᠮᠵᠢᠶᠠᠨ ᠳᠤ ᠬᠦᠷᠦᠭᠦᠯᠦᠨ ᠭᠠᠳᠠᠭᠰᠢᠯᠠᠭᠤᠯᠬᠤ ᠶᠢ ᠦᠨᠡᠨᠬᠦ ᠪᠠᠲᠤᠯᠠᠵᠤ᠂ ᠬᠠᠲᠤᠨ ᠭᠤᠤᠯ᠂ ᠶᠡᠷᠦᠩᠬᠡᠶ ᠤᠰᠤ ᠵᠠᠯᠠᠬᠤ ᠭᠤᠤᠯ ᠰᠤᠪᠠᠭ᠂ ᠤᠯᠠᠭᠠᠨᠰᠤᠬᠠᠢ ᠶᠢᠨ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠡᠭᠦᠷᠭᠡ ᠶᠢᠨ 70%᠎ ᠠᠴᠠ ᠳᠡᠭᠡᠭᠰᠢᠬᠢ ᠶᠢ ᠪᠡᠶᠡᠯᠡᠭᠦᠯᠵᠦ᠂ ᠭᠠᠵᠠᠷ ᠤᠨ ᠭᠠᠳᠠᠷᠭᠤ ᠶᠢᠨ ᠤᠰᠤᠨ ᠤ ᠴᠢᠨᠠᠷ ᠢ Ⅲ ᠲᠥᠷᠥᠯ ᠤᠨ ᠤᠰᠤᠨ ᠴᠣᠭᠴᠠ ᠶᠢᠨ ᠬᠠᠷᠢᠴᠠᠯ ᠢ 25%᠎ ᠠᠴᠠ ᠳᠡᠭᠡᠭᠰᠢ ᠳᠤ ᠬᠦᠷᠦᠭᠦᠯᠬᠦ ᠪᠤᠶᠤ ᠰᠠᠶᠢᠨ ᠪᠠᠶᠢᠯᠭᠠᠨ᠎ᠠ᠃ ᠬᠦᠨᠳᠦ ᠲᠡᠮᠦᠷᠯᠢᠭ ᠲᠤ ᠬᠤᠯᠪᠣᠭᠳᠠᠭᠰᠠᠨ ᠠᠵᠤ ᠠᠬᠤᠶᠢᠯᠠᠯ ᠪᠣᠯᠤᠨ ᠦᠯᠡᠳᠡᠭᠳᠡᠯ ᠬᠦᠳᠡᠷ ᠤᠨ ᠬᠥᠮᠥᠷᠭᠡ ᠶᠢᠨ ᠣᠷᠴᠢᠨ ᠲᠣᠭᠤᠷᠢᠨ ᠤ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠵᠦ᠂ ᠪᠣᠬᠢᠷᠲᠤᠭᠰᠠᠨ ᠲᠠᠷᠢᠶᠠᠨ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠬᠢᠷᠢ ᠬᠡᠮᠵᠢᠶ᠎ᠡ ᠶᠢ ᠪᠠᠬᠢᠵᠢᠭᠦᠯᠦᠨ ᠳᠡᠭᠡᠭᠰᠢᠯᠡᠭᠦᠯᠵᠦ᠂ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠶᠢ ᠪᠦᠲᠦᠮᠵᠢᠲᠡᠶ ᠪᠠᠲᠤᠯᠠᠬᠤ ᠶᠢ ᠦᠨᠡᠨᠬᠦ ᠪᠠᠲᠤᠯᠠᠨ᠎ᠠ᠃      ︵ᠬᠤᠶᠠᠷ ︶  ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠤᠨ᠎ᠠ᠃ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ᠲᠣᠬᠢᠷᠠᠭᠤᠯᠤᠯᠲᠠ ᠶᠢ ᠦᠷᠭᠦᠯᠵᠢᠯᠡᠨ ᠡᠷᠡᠰ ᠬᠤᠷᠢᠭᠯᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ︽ᠬᠤᠶᠠᠷ ᠢ ᠬᠢᠵᠠᠭᠠᠷᠯᠠᠬᠤ︾ ᠲᠦᠷᠢᠮ ᠲᠡᠰᠢ ᠠᠯᠬᠤᠮ ᠠᠯᠬᠤᠮ ᠢᠶᠠᠷ ᠰᠢᠯᠵᠢᠪᠡ᠃ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠬᠤ ᠶᠢ ᠲᠦᠯᠬᠢᠨ ᠠᠬᠢᠭᠤᠯᠵᠤ᠂ ᠤᠯᠠᠭᠠᠨᠪᠤᠬ᠎ᠠ ᠶᠢᠨ ᠡᠯᠡᠰᠦᠨ ᠴᠥᠯ ᠤᠨ ᠵᠡᠭᠦᠨ ᠬᠤᠶᠢᠲᠤ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠬᠤᠰᠢᠭᠤᠴᠢ ᠢᠨᠵᠧᠨᠧᠷᠢᠩ ᠤᠨ 200 ᠲᠦᠮᠡᠨ ᠺᠢᠯᠣᠸᠠᠲ ᠤᠨ ᠭᠡᠷᠡᠯ ᠴᠡᠨᠡᠭ᠂ ᠮᠧᠩ ᠨᠧᠩ 460 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠶ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ᠂ ᠵᠢᠨᠨᠢᠤ ᠨᠡᠭᠦᠷᠡᠰᠦ ᠴᠠᠬᠢᠯᠭᠠᠨ ᠤ 14 ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠤ ᠠᠮᠢᠳᠤᠯᠢᠭ ᠥᠭᠡᠷᠡᠴᠢᠯᠡᠯᠲᠡ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠲᠣᠤᠷ ᠲᠤ ᠨᠡᠶᠢᠯᠡᠭᠦᠯᠬᠦ ᠶᠢ ᠲᠦᠯᠬᠢᠨ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 683.8 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠰᠢᠨ᠎ᠡ ᠡᠨᠧᠷᠭᠢ ᠶᠢᠨ ᠳᠠᠬᠢᠨ ᠢᠶᠠᠷ ᠨᠡᠮᠡᠭᠳᠡᠭᠦᠯᠬᠦ ᠬᠠᠷᠠᠯᠲᠠ ᠡᠭᠦᠷᠭᠡ ᠶᠢ ᠤᠷᠢᠳᠴᠢᠯᠠᠨ ᠪᠡᠶᠡᠯᠡᠭᠦᠯᠦᠨ᠎ᠡ᠃ ᠲᠠᠢ ᠶᠠᠩ ᠭᠧᠦ ᠶᠢᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠂ ᠰᠦᠵᠢ ᠶᠢᠨ ᠡᠯᠡᠰᠦᠷᠬᠡᠭ ᠭᠠᠵᠠᠷ ᠤᠨ 200 ᠲᠦᠮᠡᠨ ᠺᠢᠯᠣᠸᠠᠲ ᠤᠨ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠰᠢᠨ᠎ᠡ ᠡᠨᠧᠷᠭᠢ ᠶᠢᠨ ᠬᠡᠷᠡᠭᠯᠡᠭᠡᠨ ᠤ ᠪᠠᠶᠢᠳᠠᠯ ᠢ ᠥᠷᠭᠡᠳᠬᠡᠵᠦ᠂ ᠨᠢᠭᠡ ᠪᠦᠯᠦᠭ ᠡᠬᠢ ᠰᠤᠷᠪᠤᠯᠵᠢ ᠶᠢ ᠴᠠᠬᠢᠯᠭᠠᠨ ᠲᠣᠣᠷᠵᠢᠭᠤᠯᠤᠨ ᠨᠥᠭᠡᠴᠡᠯᠡᠬᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠵᠡᠷᠭᠡ ᠵᠠᠬ᠎ᠠ ᠳᠡᠯᠭᠡᠭᠦᠷᠴᠢᠯᠡᠨ ᠰᠢᠩᠭᠡᠭᠡᠬᠦ ᠰᠢᠨ᠎ᠡ ᠡᠨᠧᠷᠭᠢ ᠶᠢᠨ ᠲᠦᠷᠦᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠰ ᠭᠠᠵᠠᠷ ᠤᠨ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠷᠴᠢᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠪᠤᠭᠤᠲᠤ ᠶᠢᠨ ᠪᠣᠯᠣᠳ ᠲᠡᠮᠦᠷ ᠤᠨ ᠴᠢᠩ ᠬᠤᠸᠠ ᠤᠰᠤ ᠶᠢ ᠶᠡᠷᠦᠩᠬᠡᠶᠢᠯᠡᠨ ᠠᠰᠢᠭᠯᠠᠬᠤ᠂ ᠠᠵᠤ ᠦᠢᠯᠡᠳᠪᠦᠷᠢ ᠶᠢᠨ ᠬᠠᠲᠠᠭᠤ ᠠᠶᠤᠯᠲᠠᠢ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠡᠷᠭᠢᠯᠳᠦᠭᠦᠯᠬᠦ ᠠᠵᠤ ᠦᠢᠯᠡᠰ ︵ᠨᠢᠭᠡᠳᠦᠭᠡᠷ ᠬᠤᠭᠤᠴᠠᠭ᠎ᠠ︶︶ ᠽᠢ ᠶᠢᠨ ᠠᠭᠤᠷᠬᠠᠢ ᠶᠢᠨ ᠦᠢᠯᠡᠰ ᠤᠨ ᠰᠡᠶᠢᠷᠡᠭ ᠤᠰᠤ ᠶᠢ ᠭᠠᠳᠠᠭᠰᠢᠯᠠᠭᠤᠯᠬᠤ ᠦᠭᠡᠢ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃      ︵ᠭᠤᠷᠪᠠ︶ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢ ᠦᠷᠭᠦᠯᠵᠢᠯᠡᠨ ᠠᠬᠢᠭᠤᠯᠤᠨ᠎ᠠ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠦᠨ᠎ᠡ᠃ ᠬᠠᠲᠤᠨ ᠭᠤᠣᠯ ᠤᠨ ︽  ᠲᠣᠬᠤᠢ︾᠎ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠳ᠋ᠧᠩᠺᠸᠤ ᠶᠢᠨ ᠵᠠᠭᠪᠤᠷ︾᠎ ᠢ ᠳ᠋ᠦᠩᠨᠡᠨ ᠳᠡᠯᠭᠡᠷᠡᠭᠦᠯᠵᠦ᠂ ︽  ᠤᠮᠠᠷᠠᠲᠤ ᠶᠢᠨ ᠭᠤᠷᠪᠠᠨ ᠣᠷᠣᠨ︾᠎ ᠎ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠯᠥᠪᠵᠢᠭᠦᠯᠭᠡ ᠶᠢᠨ ᠲᠦᠷᠦᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠪᠠᠷᠠᠭᠤᠨ ᠣᠷᠣᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠮᠤᠨᠢ ᠠᠭᠤᠯᠠ ᠶᠢᠨ ᠠᠷᠤ ᠬᠤᠷᠮᠣᠢ ᠶᠢᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠠᠯᠠᠪᠠᠢ ᠶᠢ 200 ᠲᠦᠮᠡᠨ ᠮᠦ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠵᠠᠰᠠᠭᠰᠠᠨ ᠦᠷ᠎ᠡ ᠪᠦᠲᠦᠭᠡᠯ ᠢ 100 ᠲᠦᠮᠡᠨ ᠮᠦ ᠠᠴᠠ ᠳᠡᠭᠡᠭᠰᠢ ᠪᠠᠬᠢᠵᠢᠭᠦᠯᠵᠦ᠂ ᠰᠢᠨᠬᠤᠸᠠ ᠤᠢ ᠰᠢᠭᠤᠢ ᠶᠢᠨ ᠲᠠᠯᠠᠪᠠᠢ ᠶᠢᠨ ᠪᠦᠬᠦ ᠤᠯᠤᠰ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠤᠷᠰᠢᠯᠲᠠ ᠶᠢᠨ ᠤᠢ ᠰᠢᠭᠤᠢ ᠶᠢᠨ ᠲᠠᠯᠠᠪᠠᠢ ᠲᠡᠰᠢ ᠤᠷᠤᠭᠰᠢᠯᠠᠬᠤ ᠶᠢ ᠠᠬᠢᠭᠤᠯᠤᠨ᠎ᠠ᠃ ᠲᠠᠷᠢᠶᠠᠯᠠᠩ ᠤᠨ ᠤᠰᠤ ᠠᠷᠪᠢᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠵᠠᠰᠠᠯᠲᠠ ᠶᠢ ᠴᠢᠩᠭᠠᠳᠬᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ᠂ ᠠᠶᠢᠮᠠᠭ ᠬᠤᠲᠠ ᠶᠢᠨ ᠬᠤᠭᠤᠷᠣᠨᠳᠣᠬᠢ ᠤᠰᠤᠨ ᠤ ᠡᠷᠬᠡ ᠶᠢ ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠬᠡᠷᠡᠭᠵᠢᠭᠦᠯᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠯᠠᠪᠠᠶ ᠶᠢ 100 ᠲᠦᠮᠡᠨ ᠮᠥ᠂ ᠲᠠᠷᠢᠶᠠᠯᠠᠩ ᠤᠨ ᠤᠰᠤ ᠠᠷᠪᠢᠯᠠᠬᠤ ᠲᠠᠯᠠᠪᠠᠢ ᠶᠢ 1.46 ᠳ᠋ᠦᠩᠰᠢᠭᠤᠷ ᠪᠣᠰᠤᠭ᠎ᠠ ᠳᠥᠷᠪᠡᠯᠵᠢᠨ  ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠤᠯᠠᠭᠠᠨᠰᠤᠬᠠᠢ ᠶᠢᠨ ᠬᠠᠮᠢᠶᠠᠷᠤᠯᠲᠠ ᠶᠢᠨ ᠪᠠᠶᠢᠭᠤᠯᠤᠯ ᠢ ᠰᠢᠯᠢᠳᠡᠭᠵᠢᠭᠦᠯᠵᠦ᠂ ᠵᠠᠰᠠᠯᠲᠠ ᠶᠢᠨ ᠮᠡᠷᠭᠡᠵᠢᠯ ᠤᠨ ᠰᠤᠳᠤᠯᠭᠠᠨ ᠤ ᠪᠣᠭᠤᠮᠲᠠ ᠰᠢᠪᠲᠤᠯᠬᠤ ᠠᠵᠢᠯ ᠢ ᠭᠦᠨᠵᠡᠭᠡᠢ ᠥᠷᠨᠢᠭᠦᠯᠵᠦ᠂ ︽︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠤᠯᠠᠭᠠᠨᠰᠤᠬᠠᠢ ᠶᠢᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ ᠶᠢᠨ ᠲᠥᠯᠥᠪᠵᠢᠭᠦᠯᠭᠡ︾᠎ ᠶᠢᠨ ᠲᠥᠷᠥᠯ ᠵᠦᠢᠯ ᠳᠤ 3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠬᠠᠲᠤᠨ ᠭᠤᠤᠯ ᠤᠨ ᠦᠶᠡᠷ ᠢ ᠰᠡᠷᠭᠡᠶᠢᠯᠡᠬᠦ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠠᠮᠢ ᠠᠬᠤᠶ ᠶᠢᠨ ᠠᠷᠢᠭᠤᠨ ᠴᠡᠪᠡᠷ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠢ 140 ᠲᠡᠭᠰᠢ ᠳᠥᠷᠪᠡᠯᠵᠢᠨ ᠺᠢᠯᠣᠮᠧᠲᠷ ᠬᠡᠷᠡᠭᠵᠢᠭᠦᠯᠦᠨ᠎ᠡ᠃ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠠᠰᠢᠭᠯᠠᠯᠲᠠ ᠶᠢᠨ ᠨᠣᠷᠮ᠎ᠠ ᠴᠥᠮ 42.5%᠎ ᠳᠤ ᠬᠦᠷᠴᠦ᠂ ᠰᠦᠯᠢᠶᠣᠣ ᠪᠦᠷᠬᠦᠪᠴᠢ ᠶᠢᠨ ᠡᠭᠡᠭᠦᠯᠦᠨ ᠬᠤᠷᠢᠶᠠᠬᠤ ᠨᠣᠷᠮ᠎ᠠ ᠶᠢ 85%᠎ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠡᠰᠢ ᠰᠦᠷᠡᠯ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠤᠨ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 91% ᠪᠠ 92%᠎ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃      ᠲᠠᠪᠤ ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠤᠨ᠎ᠠ      ︵ᠨᠢᠭᠡ︶ ᠠᠵᠢᠯ ᠣᠯᠭᠤᠬᠤ ᠠᠵᠢᠯ ᠤᠨ ᠪᠠᠶᠢᠷᠢ ᠶᠢ ᠲᠣᠭᠲᠠᠭᠤᠨ ᠢᠶᠠᠷ ᠥᠷᠭᠡᠳᠬᠡᠨ᠎ᠡ᠃ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠳᠡᠮᠵᠢᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠬᠠᠮᠲᠤᠯᠢᠭ ᠤᠨ ᠠᠵᠢᠯ ᠣᠯᠭᠤᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠰᠠᠨ ᠭᠡᠷ ᠪᠦᠯᠢ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ᠂ ᠠᠵᠢᠯ ᠣᠯᠤᠭᠰᠠᠨ ᠬᠥᠮᠦᠨ ᠦᠭᠡᠢ ᠭᠡᠷ ᠪᠦᠯᠢ᠂ ᠵᠡᠮᠳᠡᠭᠴᠦᠳ ᠵᠡᠷᠭᠡ ᠬᠦᠴᠢᠷᠳᠡᠯᠲᠡᠢ ᠬᠥᠮᠦᠰ ᠤᠨ ᠠᠵᠢᠯ ᠣᠯᠵᠤ ᠦᠨᠳᠦᠰᠦᠨ ᠵᠦᠢᠯ ᠢ ᠪᠠᠲᠤᠯᠠᠨ ᠲᠡᠳᠬᠦᠬᠦ ᠶᠢ ᠴᠢᠩᠭᠠᠳᠬᠠᠨ᠎ᠠ᠃ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠵᠤ᠂ ᠰᠢᠨ᠎ᠡ ᠨᠢᠭᠡ ᠡᠭᠡᠯᠵᠢ ᠶᠢᠨ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾᠎ ᠢᠶᠠᠷ ᠭᠠᠷᠳᠠᠴᠠ ᠪᠣᠯᠭᠠᠨ᠂ ᠠᠳᠠᠯ ᠦᠢᠯᠡᠰ ᠴᠣᠭᠴᠠᠯᠠᠬᠤ ᠬᠦᠷᠢᠶᠡᠯᠡᠩ ︵ᠪᠤᠶᠢᠵᠢᠭᠤᠯᠬᠤ ᠰᠠᠭᠤᠷᠢᠨ ᠭᠠᠵᠠᠷ︶᠎ ᠢ ᠴᠢᠩᠭᠠᠳᠬᠠᠨ᠎ᠠ᠃︶ ᠪᠦᠲᠦᠭᠡᠨ ᠪᠠᠶᠢᠭᠤᠯᠤᠯᠲᠠ᠃ ᠠᠵᠢᠯ ᠣᠯᠭᠤᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠂ ᠠᠵᠢᠯ ᠣᠯᠭᠤᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠢᠨᠵᠧᠨᠧᠷᠢᠩ ᠢ ᠬᠡᠷᠡᠭᠵᠢᠭᠦᠯᠵᠦ᠂ ᠬᠤᠲᠠ ᠪᠠᠯᠭᠠᠰᠤᠨ ᠳᠤ 7000 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠲᠠᠷᠢᠶᠠᠯᠠᠬᠤ ᠮᠠᠯᠵᠢᠬᠤ ᠣᠷᠣᠨ ᠤ 11.9 ᠲᠦᠮᠡᠨ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠨ᠎ᠠ᠃      ︵ᠬᠤᠶᠠᠷ︶ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠠᠷᠠᠳ ᠢ ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠭᠰᠡᠨ᠂ ᠲᠥᠪ ᠭᠤᠣᠯᠴᠢ ᠨᠢᠭᠡᠳᠦᠯᠲᠡᠢ᠂ ᠠᠮᠤᠷ ᠲᠥᠪᠰᠢᠨ ᠵᠢᠷᠤᠮᠵᠢᠭᠤᠨ᠂ ᠦᠷᠭᠦᠯᠵᠢᠯᠡᠬᠦ ᠴᠢᠨᠠᠷᠲᠠᠢ ᠣᠯᠠᠨ ᠳᠡᠰ ᠳᠠᠪᠬᠤᠷᠭ᠎ᠠ ᠪᠦᠬᠦᠢ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠰᠢᠪᠲᠤᠯᠤᠯᠲᠠ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠠᠮᠢᠳᠤᠯᠢᠭ ᠢᠶᠠᠷ ᠠᠵᠢᠯ ᠣᠯᠤᠭᠰᠠᠳ ᠵᠡᠷᠭᠡ ᠬᠠᠮᠲᠤᠯᠢᠭ ᠢᠶᠠᠷ ᠭᠤᠣᠯᠳᠠᠯᠭ᠎ᠠ ᠪᠣᠯᠭᠠᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠤᠨ ᠪᠦᠬᠦ ᠤᠯᠤᠰ ᠤᠨ ᠨᠢᠭᠡᠳᠦᠯᠲᠡᠢ ᠲᠥᠯᠥᠪᠯᠡᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠨ ᠨᠠᠰᠤᠵᠢᠯ ᠤᠨ ᠳᠠᠭᠠᠳᠬᠠᠯ ᠤᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠶᠢ 2 ᠲᠦᠮᠡ ᠠᠴᠠ ᠳᠡᠭᠡᠭᠰᠢ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠶᠢ 3000 ᠭᠠᠷᠤᠢ ᠬᠥᠮᠥᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠰᠢᠨ᠎ᠡ ᠡᠵᠡᠩᠨᠡᠯᠳᠡ ᠶᠢᠨ ᠪᠠᠶᠢᠳᠡᠯ ᠤᠨ ᠬᠦᠳᠡᠯᠮᠦᠷᠢᠴᠢᠨ᠂ ᠠᠯᠪᠠᠡ ᠵᠢᠷᠦᠮ ᠤᠨ ᠰᠣᠷᠭᠠᠨ ᠬᠦᠮᠦᠵᠢᠯ ᠤᠨ ᠱᠠᠳᠣ ᠦᠶ᠎ᠠ ᠶᠢᠨ ᠰᠣᠷᠣᠠᠠᠴᠢᠳ ᠪᠤᠯᠥᠨ ᠰᠣᠷᠭᠠᠭᠤᠯᠢ ᠳᠤ ᠪᠠᠶᠢᠭ᠎ᠠ ᠰᠣᠷᠣᠠᠠᠴᠢᠳ ᠵᠡᠷᠭᠡ ᠭᠤᠤᠯᠳᠡᠯᠭ᠎ᠠ ᠲᠠᠢ ᠬᠦᠮᠦᠰ ᠲᠤ ᠳᠥᠪᠯᠡᠷᠡᠬᠦᠯᠥᠨ᠂ ᠦᠨᠳᠣᠰᠣᠡ ᠡᠮᠴᠢᠯᠡᠭᠡᠨ ᠤ ᠲᠠᠭᠠᠳᠬᠠᠯ ᠳᠤ ᠣᠷᠣᠯᠴᠠᠬᠤ ᠨᠣᠷᠮ᠎ᠠ ᠶᠢ 95%᠎ ᠠᠴᠠ ᠳᠡᠭᠡᠭᠰᠢ ᠳᠤ ᠲᠣᠠᠠᠳᠠᠭᠤᠨ ᠪᠠᠶᠢᠯᠭᠠᠬᠤ ᠶᠢ ᠦᠨᠡᠨᠬᠦ ᠪᠠᠳᠣᠯᠠᠨ᠎ᠠ᠃ ᠳᠡᠰ ᠳᠠᠪᠬᠤᠷᠭ᠎ᠠ ᠲᠥᠷᠥᠯ ᠬᠤᠪᠢᠶᠠᠭᠰᠠᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠪᠠᠲᠤᠯᠠᠨ᠎ᠠ᠃ ᠬᠤᠰᠢᠭᠤ ᠰᠢᠶᠠᠨ ᠤ ᠱᠠᠲᠤᠨ ᠤ ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠶᠢ ᠠᠬᠢᠭᠤᠯᠵᠤ᠂ ᠬᠡᠤᠬᠡᠳ ᠤᠨ ᠠᠰᠠᠷᠠᠮᠵᠢ ᠪᠠ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ︵ᠭᠤᠷᠪᠠ︶ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠎ᠡ᠃ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠯᠢᠨ ᠾᠧ ᠲᠣᠭᠤᠷᠢᠭ ᠨᠢ ᠤᠯᠤᠰ ᠤᠨ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠵᠦ᠂ ᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ᠂ ᠬᠤᠲᠠ ᠶᠢᠨ ᠳᠥᠷᠪᠡᠳᠦᠭᠡᠷ ᠪᠠᠭ᠎ᠠ ᠰᠤᠷᠭᠠᠭᠤᠯᠢ᠂ ᠬᠤᠲᠠ ᠶᠢᠨ ᠳᠥᠷᠪᠡᠳᠦᠭᠡᠷ ᠬᠡᠤᠬᠡᠳ ᠤᠨ ᠴᠡᠴᠡᠷᠯᠢᠭ᠂ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠮᠢᠩ ᠵᠦ ᠰᠤᠷᠭᠠᠭᠤᠯᠢ ᠶᠢᠨ ᠲᠣᠭᠤᠷᠢᠭ ᠢ ᠪᠠᠶᠢᠭᠤᠯᠵᠤ᠂ 4020 ᠡᠷᠳᠡᠮ ᠤᠨ ᠴᠣᠯᠠ ᠰᠢᠨ᠎ᠡ ᠪᠠᠷ ᠨᠡᠮᠡᠭᠳᠡᠭᠦᠯᠪᠡ᠃ ᠪᠠᠶᠠᠨᠨᠠᠭᠤᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠢᠳᠡᠪᠬᠢᠲᠡᠶ ᠪᠠᠶᠢᠭᠤᠯᠵᠤ᠂ ᠪᠣᠷᠣᠲᠣᠬᠤᠶ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠮᠠᠰᠲ᠋ᠧᠷ ᠤᠨ ᠡᠷᠬᠡ ᠣᠯᠭᠤᠬᠤ ᠴᠡᠭ ᠭᠤᠶᠤᠴᠢᠯᠠᠬᠤ ᠶᠢ ᠳᠡᠮᠵᠢᠨ᠎ᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠪᠣᠯᠭᠤᠮᠵᠢᠲᠠᠢ ᠠᠬᠢᠭᠤᠯᠵᠤ᠂ ᠬᠢᠴᠢᠶᠡᠯ ᠰᠣᠩᠭᠤᠨ ᠠᠩᠭᠢ ᠠᠯᠬᠤᠬᠤ ᠳᠤ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠦᠨ᠎ᠡ᠃ ᠪᠠᠭᠰᠢ ᠡᠯᠰᠡᠬᠦ ᠡᠷᠴᠢᠮ ᠢᠶᠠᠨ ᠴᠢᠩᠭᠠᠷᠠᠭᠤᠯᠵᠤ᠂ ᠵᠢᠯ ᠤᠨ ᠳᠣᠲᠣᠷ᠎ᠠ 718 ᠪᠠᠭᠰᠢ ᠡᠯᠰᠡᠪᠡ᠃ ᠡᠮᠴᠢᠯᠡᠭᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠪᠡᠭᠡᠵᠢᠩ ᠤᠨ ᠬᠢᠲᠠᠳ ᠡᠮᠨᠡᠯᠭᠡ ᠶᠢᠨ ᠬᠤᠷᠢᠶᠠᠨ ᠤ ᠥᠪᠥᠷ  ᠮᠣᠩᠭᠤᠯ ᠤᠨ ᠡᠮᠨᠡᠯᠭᠡ ᠶᠢᠨ ᠬᠤᠷᠢᠶ᠎ᠠ ᠶᠢ ᠪᠠᠶᠢᠭᠤᠯᠵᠤ ᠠᠰᠢᠭᠯᠠᠯᠲᠠ ᠳᠤ ᠣᠷᠤᠭᠤᠯᠤᠭᠠᠳ᠂ 70%᠎ ᠠᠴᠠ ᠳᠡᠭᠡᠭᠰᠢᠬᠢ ᠰᠣᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ︶ ᠦᠢᠯᠡᠴᠢᠯᠡᠭᠡᠨ ᠤ ᠴᠢᠳᠠᠪᠤᠷᠢ ᠤᠯᠤᠰ ᠤᠨ ᠦᠨᠳᠦᠰᠦᠨ ᠪᠠᠷᠢᠮᠵᠢᠶ᠎ᠠ ᠳᠤ ᠬᠦᠷᠦᠭᠰᠡᠨ ᠪᠠᠶᠢᠬᠤ ᠬᠡᠷᠡᠭᠲᠡᠢ᠃ ︽ᠨᠠᠰᠤᠲᠠᠶᠢᠴᠤᠳ ᠪᠠ ᠨᠢᠯᠬᠠᠰ︾᠎ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠠᠩᠬᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠨᠳᠦᠰᠦᠨ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠣᠯᠠᠨ ᠡᠰᠢᠵᠢᠭᠰᠡᠨ ᠪᠡᠶᠡᠴᠢ ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ᠨᠡᠶᠢᠭᠡᠮ ᠲᠣᠭᠤᠷᠢᠭ ᠤᠨ ᠬᠡᠷ ᠲᠡᠭᠡᠨ ᠰᠠᠭᠤᠬᠤ ᠨᠠᠰᠤᠵᠢᠯ ᠤᠨ ᠦᠢᠯᠡᠴᠢᠯᠡᠭᠡ ᠳᠤ ᠣᠷᠣᠯᠴᠠᠭᠤᠯᠤᠨ᠎ᠠ᠃ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠵᠢᠷᠤᠮᠵᠢᠭᠤᠯᠤᠨ ᠳᠡᠭᠡᠭᠰᠢᠯᠡᠭᠦᠯᠦᠨ᠎ᠡ᠃ ᠤᠮᠠᠷᠠᠲᠤ ᠬᠢᠯᠢ ᠶᠢᠨ ᠰᠣᠶᠣᠯ ᠢ ᠶᠡᠬᠡᠪᠡᠷ ᠤᠯᠠᠮᠵᠢᠯᠠᠨ ᠵᠠᠯᠭᠠᠮᠵᠢᠯᠠᠵᠤ᠂ ᠪᠣᠷᠣᠲᠣᠬᠤᠶ ᠶᠢᠨ ᠰᠣᠶᠣᠯ ᠤᠨ ᠰᠤᠳᠤᠯᠤᠨ ᠲᠣᠳᠣᠷᠬᠠᠶᠢᠯᠠᠨ ᠥᠭᠦᠯᠡᠬᠦ᠂ ᠤᠬᠠᠭᠤᠯᠤᠨ ᠳᠡᠯᠭᠡᠷᠡᠭᠦᠯᠬᠦ᠂ ᠰᠣᠳᠣᠨ ᠪᠦᠲᠦᠭᠡᠯ ᠪᠦᠲᠦᠭᠡᠬᠦ᠂ ᠥᠪ ᠢ ᠬᠠᠮᠠᠭᠠᠯᠠᠬᠤ᠂ ᠰᠡᠳᠬᠢᠯ ᠢ ᠳᠤᠯᠠᠭᠠᠴᠠᠭᠤᠯᠤᠨ ᠠᠷᠠᠳ ᠲᠤ ᠠᠰᠢᠭ ᠬᠦᠷᠲᠡᠭᠡᠬᠦ᠂ ᠰᠣᠶᠣᠯ ᠢ ᠠᠭᠤᠰᠤᠯᠴᠠᠭᠤᠯᠬᠤ ︽ᠵᠢᠷᠭᠤᠭᠠᠨ ᠶᠡᠭᠡ ᠢᠨᠵᠧᠨᠧᠷᠢᠩ︾᠎ ᠢ ᠭᠦᠨᠵᠡᠭᠡᠶ ᠬᠡᠷᠡᠭᠵᠢᠭᠦᠯᠵᠦ᠂ ᠮᠤᠨᠢ ᠠᠭᠤᠯᠠ ᠶᠢᠨ ᠬᠠᠳᠠᠨ ᠵᠢᠷᠤᠭ ᠤᠨ ᠲᠣᠭᠠᠵᠢᠭᠤᠯᠤᠨ ᠳᠡᠯᠭᠡᠨ ᠦᠵᠡᠭᠦᠯᠬᠦ ᠪᠠ ᠴᠢᠨ ᠬᠠᠨ ᠤᠯᠤᠰ ᠤᠨ ᠣᠷᠳᠣ ᠴᠠᠭᠠᠨ ᠬᠡᠷᠡᠮ ᠤᠨ ᠬᠠᠯᠬᠠᠪᠴᠢ ᠬᠤᠲᠠ ᠶᠢᠨ ᠬᠠᠮᠠᠭᠠᠯᠠᠯᠲᠠ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠢᠨᠵᠧᠨᠧᠷᠢᠩ ᠢ ᠬᠡᠷᠡᠭᠵᠢᠭᠦᠯᠵᠦ᠂ ᠬᠠᠩᠭᠢᠨ ᠬᠤᠶᠢᠲᠤ ᠬᠤᠰᠢᠭᠤᠨ ᠤ ᠪᠡᠶ᠎ᠡ ᠶᠢᠨ ᠲᠠᠮᠢᠷ ᠤᠨ ᠴᠡᠴᠡᠷᠯᠢᠭ᠂ ᠯᠢᠨ ᠾᠧ ᠲᠣᠭᠤᠷᠢᠭ ᠤᠨ ᠪᠡᠶ᠎ᠡ ᠶᠢᠨ ᠲᠠᠮᠢᠷ ᠤᠨ ᠴᠡᠴᠡᠷᠯᠢᠭ ᠢ ᠪᠠᠶᠢᠭᠤᠯᠵᠤ᠂ ᠤᠷᠠᠳ ᠤᠨ ᠳᠤᠮᠳᠠᠳᠤ ᠬᠤᠰᠢᠭᠤᠨ ᠤ ᠰᠢᠶᠠᠩ ᠪᠠᠯᠭᠠᠰᠤᠨ ᠤ ᠲᠠᠰ ᠤᠨ ᠵᠢᠵᠢᠭ ᠬᠡᠯᠪᠡᠷᠢ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠪᠦᠬᠦᠨ ᠢ ᠬᠠᠮᠤᠷᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠣᠯᠣᠳᠤᠭᠠᠷ ᠬᠤᠭᠤᠴᠠᠭᠠᠨ ᠤ ᠲᠡᠭᠡᠭᠡᠪᠦᠷᠢ︾᠎ ᠶᠢ ᠭᠤᠶᠤᠴᠢᠯᠠᠨ ᠡᠷᠬᠢᠯᠡᠬᠦ ᠠᠵᠢᠯ ᠢ ᠡᠬᠢᠯᠡᠭᠦᠯᠦᠨ᠎ᠡ᠃      ︵ᠲᠦᠷᠪᠡ︶ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠳᠤᠯᠤᠭ᠎ᠠ ᠶᠢ ᠵᠢᠱᠢᠶᠡᠴᠢ ᠪᠣᠯᠭᠠᠬᠤ︾ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠤᠷᠪᠠᠨ ᠵᠦᠢᠯ ᠤᠨ ᠲᠥᠯᠥᠪᠯᠡᠭᠡ︾᠎ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠢᠳᠡᠪᠬᠢᠲᠡᠢ ᠡᠭᠦᠳᠦᠨ ᠪᠠᠶᠢᠭᠤᠯᠤᠨ᠎ᠠ᠃ ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠡᠷᠴᠢᠮ ᠢᠶᠠᠨ ᠴᠢᠩᠭᠠᠷᠠᠭᠤᠯᠵᠤ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠰᠢᠰᠲ᠋ᠧᠮ ᠤᠨ ᠴᠢᠨᠠᠷᠲᠠᠶ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠷᠤᠮᠵᠢᠭᠤᠨ ᠬᠥᠭᠵᠢᠬᠦ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠢᠳᠡᠪᠬᠢᠲᠡᠢ ᠰᠡᠷᠭᠡᠶᠢᠯᠡᠨ ᠠᠷᠢᠯᠭᠠᠨ᠎ᠠ᠃ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠴᠢᠩᠭᠠᠳᠬᠠᠨ᠎ᠠ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠵᠡᠷᠭᠡ ᠠᠵᠢᠯ ᠢ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃      2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠡᠭᠦᠷᠭᠡ ᠬᠠᠲᠠᠭᠤ ᠪᠡᠷᠬᠡ᠂ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠪᠦᠲᠦᠭᠡᠯᠴᠢ ᠪᠠᠷ ᠠᠵᠢᠯ ᠢᠶᠠᠨ ᠥᠷᠨᠢᠭᠦᠯᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠶᠠᠨᠨᠠᠭᠤᠷ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠠᠮᠢᠶ᠎ᠠ ᠪᠥᠬᠦᠶ ᠪᠢᠴᠢᠭ ᠮᠠᠲ᠋ᠧᠷᠢᠶᠠᠯ᠄ ︽2024 ᠣᠨ ᠤ ᠪᠠᠶᠠᠨᠨᠠᠭᠤᠷ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾᠎ ᠶᠢᠨ ᠲᠠᠶᠢᠯᠤᠮᠵᠢ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ