7 ᠰᠠᠷ᠎ᠠ ᠶᠢᠨ 16 ᠤ ᠡᠳᠦᠷ᠂ ᠪᠠᠶᠠᠨᠨᠠᠭᠤᠷ ᠬᠤᠳᠠ ᠶᠢᠨ ᠳ᠋ᠧᠩᠺᠸᠤ ᠰᠢᠶᠠᠨ ᠤ ᠪᠠᠶᠠᠨᠪᠤᠯᠠᠭ ᠭᠠᠴᠠᠭ᠎ᠠ ᠶᠢᠨ ᠲᠡᠭᠷᠢ ᠶᠢᠨ ᠬᠡᠰᠢᠭᠲᠦ ᠪᠣᠷᠣᠲᠣᠬᠤᠢ ᠡᠯᠡᠰᠦ ᠶᠢ | ᠰᠡᠷᠭᠡᠶᠢᠯᠡᠵᠦ ᠡᠯᠡᠰᠦ ᠶᠢ ᠵᠠᠰᠠᠬᠤ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ ᠡᠭᠦᠳᠡ ᠨᠡᠭᠡᠭᠡᠬᠦ ᠶᠣᠰᠣᠯᠠᠯ ᠶᠠᠪᠤᠭᠤᠯᠵᠤ᠂ ᠪᠠᠶᠠᠨ ᠪᠣᠬᠢᠷᠲᠤᠯ ᠦᠭᠡᠢ ᠠᠵᠤ | ᠦᠢᠯᠡᠰ ᠤᠨ ᠪᠦᠯᠦᠭᠯᠡᠯ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠠᠩ ᠯᠦᠩ ᠹᠸᠢ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠪᠠ᠃ | ᠳᠣᠣᠵᠠ ᠬᠠᠶᠢᠴᠢᠯᠠᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ ᠳᠤᠮᠳᠠᠳᠤ ᠢᠰᠷᠧᠯ ᠤᠨ ᠡᠯᠡᠰᠦ ᠶᠢ ᠰᠡᠷᠭᠡᠶᠢᠯᠡᠵᠦ | ᠡᠯᠡᠰᠦ ᠶᠢ ᠵᠠᠰᠠᠬᠤ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠦᠵᠡᠭᠦᠯᠦᠯᠭᠡ ᠶᠢᠨ ᠲᠢᠩᠬᠢᠮ᠂ ᠡᠳ᠋ᠰᠢᠭᠦᠯᠦᠨ ᠦᠢᠯᠡᠳᠪᠦᠷᠢᠯᠡᠬᠦ ᠢᠯᠭᠠᠵᠤ ᠬᠤᠪᠢᠶᠠᠷᠢᠯᠠᠬᠤ | ᠲᠥᠪ ᠪᠣᠯᠤᠨ ᠲᠠᠷᠢᠮᠠᠯ ᠤᠨ ᠬᠦᠯᠡᠮᠵᠢ ᠶᠢ ᠲᠣᠭᠤᠷᠢᠨ ᠦᠵᠡᠪᠡ᠃ | ᠳᠤᠮᠳᠠᠳᠤ ᠢᠰᠷᠧᠯ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠠᠶᠢᠭ᠎ᠠ ᠭᠠᠵᠠᠷ ᠤᠨ | ᠤᠯᠠᠭᠠᠨᠪᠤᠬ᠎ᠠ ᠶᠢᠨ ᠡᠯᠡᠰᠦᠨ ᠴᠦᠯ ᠤᠨ ᠳᠣᠲᠣᠷ᠎ᠠ ᠭᠠᠵᠠᠷ ᠲᠤ 1000 ᠮᠦ ᠭᠠᠵᠠᠷ ᠡᠵᠡᠯᠡᠵᠦ᠂ ᠲᠡᠷᠢᠭᠦᠨ ᠤ ᠲᠠᠷᠢᠶᠠᠯᠠᠩ ᠤᠨ ᠲᠥᠬᠦᠭᠡᠷᠦᠮᠵᠢ ᠪᠣᠯᠤᠨ ᠮᠡᠷᠭᠡᠵᠢᠯ ᠢ | ᠬᠡᠷᠡᠭᠯᠡᠨ ᠳᠡᠭᠡᠳᠦ ᠲᠡᠰ ᠤᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠣᠯᠤᠨ᠎ᠠ᠃ | ᠡᠨᠡ ᠵᠢᠯ᠂ ᠪᠠᠶᠠᠨ ᠪᠣᠬᠢᠷᠲᠤᠯ ᠦᠭᠡᠢ ᠠᠵᠤ ᠦᠢᠯᠡᠰ ᠤᠨ ᠪᠦᠯᠦᠭᠯᠡᠯ ᠺᠣᠮᠫᠠᠨᠢ ᠨᠢ ᠸᠠᠨ ᠳ᠋ᠢᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ︵ | ᠭᠤᠸᠠᠩᠳᠦ᠋ᠩ ᠤᠨ ᠮᠤᠤ ᠮᠢᠩ︶ ᠤᠨ ᠬᠢᠵᠠᠭᠠᠷᠲᠤ ᠺᠣᠮᠫᠠᠨᠢ ᠶᠢ ᠰᠢᠨᠵᠢᠯᠡᠬᠦ ᠤᠬᠠᠭᠠᠨᠴᠢ ᠪᠠᠷ ᠡᠵᠡᠩᠨᠡᠵᠦ ᠠᠵᠤ ᠦᠢᠯᠡᠰ ᠤᠨ ᠬᠦᠷᠢᠶᠡᠯᠡᠩ ᠢ ᠣᠷᠣᠭᠤᠯᠤᠨ ᠠᠪᠴᠢᠷᠠᠵᠤ᠂ | ᠬᠥᠬᠡ ᠰᠢᠬᠢᠷᠯᠢᠭ 2 ᠨᠣᠮᠧᠷ᠂ ᠹᠦᠱᠠᠨ 88᠂ ᠲᠥᠪᠡᠳ ᠬᠠᠰᠢ ᠶᠢᠨ ᠤᠯᠠᠷᠢᠯ ᠤᠨ ᠵᠢᠵᠢᠭ ᠲᠥᠪᠡᠳ ᠬᠠᠰᠢ ᠶᠢ ᠨᠡᠶᠢᠲᠡ 500 ᠭᠠᠷᠤᠶ ᠮᠥ ᠳᠠᠷᠢᠵᠤ᠂ ᠵᠢᠯ ᠳᠤ 500 | ᠲᠦᠮᠡᠨ ᠵᠢᠩ ᠦᠢᠯᠡᠳᠪᠦᠷᠢᠯᠡᠵᠦ᠂ ᠬᠤᠷᠢᠶᠠᠬᠤ ᠬᠤᠭᠤᠴᠠᠭ᠎ᠠ ᠨᠢ 11 ᠰᠠᠷ᠎ᠠ ᠪᠣᠯᠲᠠᠯ᠎ᠠ ᠦᠷᠭᠦᠯᠵᠢᠯᠡᠪᠡ᠃ ᠡᠭᠦᠨ ᠤ ᠬᠠᠮᠲᠤ ᠪᠠᠶᠠᠨᠨᠠᠭᠤᠷ ᠤᠨ ᠤᠨᠴᠠᠯᠢᠬᠳᠤ ᠭᠤᠸ᠎ᠠ | ᠵᠢᠮᠢᠰ ᠬᠤᠸᠠ ᠯᠠᠢ ᠱᠢ᠂ ᠰᠢ ᠵᠧᠦ ᠮᠢ ᠵᠡᠷᠭᠡ ᠡᠭᠦᠯᠳᠡᠷ ᠢ ᠲᠠᠷᠢᠪᠠ᠃ | ᠲᠡᠭᠷᠢ ᠶᠢᠨ ᠬᠡᠰᠢᠭᠲᠦ ᠪᠣᠷᠣᠲᠣᠬᠤᠶ ᠳᠠᠬᠢ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠨᠢ ᠣᠲᠣ ᠦᠶ᠎ᠡ ᠶᠢᠨ | ᠪᠡᠯᠡᠳᠬᠡᠮᠵᠢᠲᠦ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠡᠯᠡᠰᠦᠨ ᠴᠥᠯ ᠤᠨ ᠲᠠᠷᠢᠶᠠᠯᠠᠩ ᠬᠢᠭᠡᠳ ︽ᠠᠮᠢ ᠠᠬᠤᠶ︾ ᠶᠢ ᠠᠭᠤᠰᠤᠯᠴᠠᠭᠤᠯᠤᠨ ᠬᠥᠭᠵᠢᠭᠦᠯᠬᠦ ᠵᠠᠮ ᠢ | ᠢᠳᠡᠪᠬᠢᠲᠡᠶ ᠠᠬᠢᠭᠤᠯᠬᠤ ᠪᠣᠯᠤᠨ᠎ᠠ᠃ | |