ᠡᠨᠡ ᠵᠢᠯ ᠠᠴᠠ ᠨᠠᠰᠢ᠂ ᠮᠠᠨ ᠤ ᠬᠤᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢᠯᠡᠳᠲᠡ ᠦᠷ᠎ᠡ ᠪᠦᠲᠦᠮᠵᠢ ᠣᠯᠪᠠ᠃ | 105 ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ᠂ 1 - 6 ᠰᠠᠷ᠎ᠠ ᠳᠤ 66 ᠲᠥᠷᠥᠯ ᠵᠦᠢᠯ ᠢ ᠡᠬᠢᠯᠡᠭᠦᠯᠦᠨ | ᠰᠡᠷᠭᠦᠭᠡᠵᠦ᠂ 107.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ︽ᠭᠤᠷᠪᠠᠨ ᠤᠮᠠᠷᠠᠲᠤ︾ ᠶᠢᠨ ᠢᠨᠵᠧᠨᠧᠷᠢᠩ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠵᠡᠷᠭᠡ ᠴᠢᠬᠤᠯᠠ ᠶᠡᠭᠡ ᠲᠥᠷᠥᠯ ᠵᠦᠢᠯ ᠢ ᠪᠥᠬᠦ | ᠲᠠᠯ᠎ᠠ ᠪᠠᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠪᠠ᠃ | 133 ᠵᠦᠢᠯ ᠤᠨ ᠭᠤᠣᠯᠳᠠᠯᠭ᠎ᠠ ᠲᠠᠢ ᠠᠵᠢᠯ ᠤᠨ ᠵᠦᠢᠯᠡᠰ ᠢ ᠨᠠᠶᠢᠳᠠᠪᠤᠷᠢᠵᠢᠭᠤᠯᠬᠤ ᠲᠠᠯ᠎ᠠ ᠪᠠᠷ᠂ ᠬᠠᠷᠠᠯᠲᠠ ᠡᠭᠦᠷᠭᠡ ᠪᠠᠨ 3 ᠵᠦᠢᠯ ᠪᠡᠶᠡᠯᠡᠭᠦᠯᠵᠦ᠂ 56 | ᠵᠦᠢᠯ ᠨᠡᠯᠢᠶᠡᠳ ᠲᠦᠷᠭᠡᠨ ᠠᠬᠢᠴᠠ ᠲᠠᠢ ᠪᠤᠯᠵᠤ᠂ 60 ᠵᠦᠢᠯ ᠢᠯᠡᠳᠲᠡ ᠠᠬᠢᠴᠠ ᠲᠠᠢ ᠪᠤᠯᠵᠤ᠂ 14 ᠵᠦᠢᠯ ᠰᠢᠨ᠎ᠡ ᠠᠬᠢᠴᠠ ᠲᠠᠢ ᠪᠣᠯᠪᠠ᠃ 46 ᠵᠦᠢᠯ ᠤᠨ | ᠭᠤᠣᠯᠳᠠᠯᠭ᠎ᠠ ᠲᠠᠢ ᠵᠦᠢᠯᠡᠰ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢᠨ ᠳᠡᠮᠵᠢᠯᠭᠡ ᠶᠢ ᠣᠯᠤᠭᠰᠠᠨ ᠨᠢ 99. | 4 ᠳ᠋ᠦᠩᠰᠢᠭᠤᠷ ᠲᠥᠭᠦᠷᠢᠭ ᠬᠦᠷᠪᠡ᠃ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠠᠯ᠎ᠠ ᠪᠠᠷ᠂ ᠬᠤᠵᠢᠷᠰᠢᠭᠰᠠᠨ ᠲᠠᠷᠢᠶᠠᠨ ᠭᠠᠵᠠᠷ ᠢ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢᠨ ᠲᠥᠰᠦᠯ ᠢ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠴᠣᠬᠤᠯᠠᠪᠤᠷᠢᠯᠠᠭᠤᠯᠵᠤ᠂ ᠬᠡᠷᠡᠭᠵᠢᠭᠦᠯᠦᠭᠰᠡᠨ ᠲᠠᠯᠠᠪᠠᠢ ᠶᠢ 40.2 ᠲᠦᠮᠡᠨ ᠮᠦ ᠪᠣᠯᠭᠠᠨ | ᠲᠣᠬᠢᠷᠠᠭᠤᠯᠵᠤ᠂ ᠬᠤᠵᠢᠷᠯᠢᠭ ᠭᠠᠵᠠᠷ ᠵᠡᠷᠭᠡ ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠢ ᠨᠡᠭᠡᠭᠡᠨ ᠬᠥᠭᠵᠢᠭᠦᠯᠦᠭᠡᠳ 2.09 ᠲᠦᠮᠡᠨ ᠮᠦ ᠰᠢᠨ᠎ᠡ ᠪᠠᠷ | ᠨᠡᠮᠡᠭᠳᠡᠪᠡ᠃ ᠤᠯᠠᠭᠠᠨᠪᠤᠬ᠎ᠠ ᠡᠯᠡᠰᠦᠨ ᠴᠦᠯ ᠤᠨ ᠵᠡᠭᠦᠨ ᠬᠤᠶᠢᠲᠤ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠢᠵᠢ ᠪᠥᠷᠢᠳᠦᠭᠰᠡᠨ ᠴᠠᠬᠢᠯᠭᠠᠨ | ᠬᠦᠴᠦᠨ ᠢ ᠭᠠᠳᠠᠭᠰᠢ ᠳᠠᠮᠵᠢᠭᠤᠯᠬᠤ ᠨᠡᠪᠲᠡᠷᠡᠬᠦ ᠵᠠᠮ ᠢ ᠨᠢᠭᠡᠨᠲᠡ ᠤᠯᠤᠰ ᠤᠨ ᠲᠥᠯᠥᠪᠵᠢᠭᠦᠯᠭᠡ ᠳᠤ ᠣᠷᠣᠭᠤᠯᠪᠠ᠃ | |