ᠮᠠᠨ ᠤ ᠬᠤᠳᠠ ᠪᠤᠭᠤᠮᠳᠠ ᠶᠢᠨ ᠬᠦᠭᠵᠢᠯᠳᠡ ᠶᠢᠨ ᠳᠤᠰᠬᠠᠢ ᠪᠡᠯᠡ ᠮᠦᠩᠭᠦ ᠶᠢ 2734 ᠲᠦᠮᠡᠨ ᠲᠦᠭᠦᠷᠢᠭ ᠤᠯᠵᠠᠢ
ᠨᠡᠶᠢᠲᠡᠯᠡᠭᠰᠡᠨ ᠴᠠᠭ᠄
2024/7/29
      ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠨᠢ᠂ ᠣᠶᠢᠷ᠎ᠠ ᠳᠤ᠂ ᠮᠠᠨ ᠤ ᠬᠤᠲᠠ ᠪᠣᠭᠤᠮᠲᠠ ᠶᠢᠨ ᠬᠥᠭᠵᠢᠯᠲᠡ ᠶᠢᠨ ᠲᠤᠰᠬᠠᠶ ᠪᠡᠯᠡ ᠮᠥᠩᠭᠦ ᠶᠢ 2734 ᠲᠦᠮᠡᠨ ᠲᠥᠭᠦᠷᠢᠭ ᠲᠡᠮᠡᠴᠡᠨ ᠣᠯᠪᠠ᠃      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠯᠪᠠᠨ ᠬᠡᠷ ᠡᠯ᠎ᠡ ᠠᠶᠢᠮᠠᠭ ᠬᠤᠲᠠ ᠶᠢᠨ 2024 ᠣᠨ ᠤ ᠪᠣᠭᠤᠮᠲᠠ ᠶᠢᠨ ᠬᠥᠭᠵᠢᠯᠲᠡ ᠶᠢᠨ ᠲᠤᠰᠬᠠᠶ ᠪᠠᠯᠠ ᠮᠥᠩᠭᠦ ᠨᠡᠶᠢᠲᠡ 2 ᠳ᠋ᠦᠩᠰᠢᠭᠤᠷ ᠲᠥᠭᠦᠷᠢᠭ ᠪᠠᠭᠤᠯᠭᠠᠵᠤ᠂ ᠡᠭᠦᠨ ᠳᠤ ᠮᠠᠨ ᠤ ᠬᠤᠲᠠ 2734 ᠲᠦᠮᠡᠨ ᠲᠥᠭᠦᠷᠢᠭ ᠢ ᠪᠣᠳᠠᠲᠠᠶᠢᠵᠢᠭᠤᠯᠬᠤ ᠪᠠᠷ ᠴᠢᠷᠮᠠᠶᠢᠵᠤ᠂ ᠪᠥᠬᠦ ᠣᠷᠣᠨ ᠤ 12 ᠵᠠᠰᠠᠮᠠᠯ ᠵᠠᠮ ᠤᠨ ᠪᠣᠭᠤᠮᠲᠠ ᠳᠤ ᠨᠢᠭᠡᠳᠦᠭᠡᠷ ᠲᠤ ᠵᠢᠭᠰᠠᠭᠠᠭᠳᠠᠵᠤ᠂ ᠪᠥᠬᠦ ᠣᠷᠣᠨ ᠤ 13.67 %᠎ ᠶᠢ ᠡᠵᠡᠯᠡᠪᠡ᠃ ᠪᠠᠯᠠ ᠮᠥᠩᠭᠦ ᠶᠢ ᠪᠦᠬᠦᠨ ᠢ ᠭᠠᠭᠴᠠᠮᠣᠳᠣ ᠶᠡᠭᠡ ᠬᠥᠭᠦᠷᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠵᠦ᠂ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 1.13 ᠳ᠋ᠦᠩᠰᠢᠭᠤᠷ ᠲᠥᠭᠦᠷᠢᠭ ᠪᠠᠶᠢᠵᠤ᠂ ᠨᠢᠭᠡᠨᠲᠡ ᠶᠡᠷᠦᠩᠬᠡᠶ ᠪᠠᠷᠢᠯᠭ᠎ᠠ ᠶᠢᠨ ᠬᠡᠮᠵᠢᠶ᠎ᠡ ᠶᠢᠨ 69%᠎ ᠶᠢ ᠪᠡᠶᠡᠯᠡᠭᠦᠯᠪᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ