ᠣᠶᠢᠷ᠎ᠠ ᠶᠢᠨ ᠵᠢᠯ ᠳᠤ᠂ ᠪᠠᠶᠠᠨᠨᠠᠭᠤᠷ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠨᠠᠶᠢᠳᠠᠯᠭ᠎ᠠ ᠢ ᠪᠠᠳᠤ ᠴᠡᠭᠡᠵᠢᠯᠡᠵᠤ᠂ ᠡᠯ᠎ᠡ ᠵᠦᠢᠯ ᠤᠨ | ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃ | ᠥᠨᠥᠳᠥᠷ ᠠᠴᠠ ᠡᠭᠢᠯᠡᠨ᠂ ᠮᠠᠨ ᠤ ᠬᠤᠷᠢᠶ᠎ᠠ ︽ᠥᠭᠡᠷᠡᠴᠢᠯᠡᠯᠲᠡ ᠨᠡᠭᠡᠭᠡᠯᠲᠡ ᠬᠢᠭᠰᠡᠨ ᠪᠠᠶᠠᠨᠨᠠᠭᠤᠷ ᠤᠨ ᠦᠢᠯᠡᠳᠦᠯᠭᠡ︾ ᠭᠡᠬᠦ ᠰᠢᠷᠢᠰ ᠮᠡᠳᠡᠭᠡᠯᠡᠯ ᠨᠡᠪᠳᠡᠷᠡᠭᠦᠯᠵᠤ᠂ | ᠮᠠᠨ ᠤ ᠬᠤᠲᠠ ᠶᠢᠨ ᠡᠯ᠎ᠡ ᠭᠠᠵᠠᠷ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠦᠯᠢᠭᠡᠷ ᠤᠴᠢᠷ ᠢ ᠮᠡᠳᠡᠭᠡᠯᠡᠭᠦ ᠪᠤᠯᠤᠨ᠎ᠠ᠃ | ᠬᠠᠲᠤᠨ ᠭᠤᠣᠯ ᠤᠨ ︽ᠲᠤᠬᠤᠢ︾ ᠶᠢᠨ ᠭᠡᠰᠡᠭ ᠲᠤ ᠪᠠᠶᠢᠷᠢᠯᠠᠵᠤ ᠪᠠᠶᠢᠭ᠎ᠠ ᠤᠯᠠᠭᠠᠨᠰᠤᠬᠠᠢ ᠪᠣᠯ ᠬᠠᠲᠤᠨ ᠭᠤᠣᠯ ᠤᠨ ᠰᠠᠪᠠ ᠭᠠᠵᠠᠷ ᠤᠨ ᠬᠠᠮᠤᠭ ᠤᠨ ᠶᠡᠭᠡ | ᠨᠠᠭᠤᠷ ᠴᠥᠭᠦᠷᠥᠮ ᠨᠤᠭᠤ ᠭᠠᠵᠠᠷ ᠪᠠᠶᠢᠵᠤ᠂ ᠬᠠᠲᠤᠨ ᠭᠤᠣᠯ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ᠂ ᠤᠰᠤᠨ ᠤ ᠴᠢᠨᠠᠷ ᠢ ᠴᠡᠪᠡᠷᠰᠢᠭᠦᠯᠬᠦ᠂ ᠰᠥᠩ | ᠬᠠᠯᠢᠶ᠎ᠠ ᠦᠶᠡᠷ ᠢ ᠰᠡᠷᠭᠡᠶᠢᠯᠡᠬᠦ ᠵᠡᠷᠭᠡ ᠴᠢᠬᠤᠯᠠ ᠴᠢᠳᠠᠮᠵᠢ ᠶᠢ ᠡᠭᠦᠷᠭᠡᠯᠡᠵᠦ ᠪᠠᠶᠢᠳᠠᠭ᠃ ᠰᠢ ᠶᠢᠨ ᠫᠢᠩ ᠶᠡᠷᠦᠩᠬᠡᠢ ᠱᠦᠵᠢ ᠢᠮᠠᠭᠲᠠ ᠰᠠᠨᠠᠭᠠᠰᠢᠷᠠᠵᠤ᠂ | ᠤᠯᠠᠭᠠᠨᠰᠤᠬᠠᠢ ᠳᠤ ᠤᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠡᠢ᠃ 2023 ᠣᠨ ᠤ 6 ᠰᠠᠷ᠎ᠠ ᠶᠢᠨ 5 ᠤ ᠡᠳᠦᠷ᠂ ᠶᠡᠷᠦᠩᠬᠡᠢ ᠱᠦᠵᠢ | ᠤᠯᠠᠭᠠᠨᠰᠤᠬᠠᠢ ᠳᠤ ᠪᠡᠶ᠎ᠡ ᠪᠠᠷ ᠢᠶᠠᠨ ᠬᠦᠷᠴᠦ ᠪᠠᠶᠢᠴᠠᠭᠠᠬᠤ ᠳᠠᠭᠠᠨ᠂ ᠰᠡᠳᠬᠢᠯ ᠲᠠᠯᠪᠢᠨ ᠵᠠᠰᠠᠵᠤ᠂ ᠨᠠᠷᠢᠨ ᠨᠢᠮᠪᠠᠢ ᠬᠠᠶᠢᠷᠠᠯᠠᠨ ᠬᠠᠮᠠᠭᠠᠯᠠᠵᠤ᠂ ᠢᠮᠠᠭᠲᠠ ᠪᠠᠷᠢᠮᠲᠠᠯᠠᠨ | ᠂ ᠥᠨᠢ ᠤᠳᠠᠭᠠᠨ ᠴᠢᠷᠮᠠᠶᠢᠨ ᠠᠵᠢᠯᠯᠠᠵᠤ᠂ ᠡᠨᠡ ᠬᠦ ︽ᠪᠣᠭᠤᠮᠲᠠ ᠶᠢᠨ ᠭᠠᠳᠠᠨᠠᠬᠢ ᠭᠡᠷᠡᠯᠳᠤ ᠰᠤᠪᠤᠳ︾ ᠢ ᠰᠠᠶᠢᠲᠤᠷ ᠰᠠᠬᠢᠨ ᠬᠠᠮᠠᠭᠠᠯᠠᠵᠤ᠂ ᠦᠷ᠎ᠡ | ᠬᠤᠶᠢᠴᠢᠰ ᠲᠠᠭᠠᠨ ᠬᠥᠬᠡᠮᠳᠦᠭ ᠠᠭᠤᠯᠠ ᠤᠰᠤ᠂ ᠰᠢᠨ᠎ᠡ ᠰᠤᠷᠭᠤᠭ ᠠᠭᠤᠷ ᠠᠮᠢᠰᠬᠤᠯ ᠲᠠᠢ ᠦᠵᠡᠰᠬᠦᠯᠡᠩᠲᠦ ᠰᠠᠶᠢᠬᠠᠨ ᠭᠡᠷ ᠣᠷᠣᠨ ᠢ ᠦᠯᠡᠳᠡᠭᠡᠵᠦ ᠦᠭᠭᠦ | ᠬᠡᠷᠡᠭᠲᠡᠢ ᠭᠡᠵᠦ ᠴᠢᠬᠤᠯᠠᠴᠢᠯᠠᠪᠠ᠃ ᠮᠠᠨ ᠤ ᠬᠤᠲᠠ ᠤᠯᠠᠭᠠᠨᠰᠤᠬᠠᠢ ᠶᠢᠨ ᠰᠠᠪᠠ ᠭᠠᠵᠠᠷ ᠤᠨ ᠪᠥᠬᠦ ᠭᠠᠵᠠᠷ ᠣᠷᠣᠨ᠂ ᠪᠥᠬᠦ ᠬᠦᠴᠦᠨ ᠵᠦᠢᠯ᠂ ᠪᠥᠬᠦ ᠶᠠᠪᠤᠴᠠ ᠶᠢ | ᠶᠡᠷᠦᠩᠬᠡᠶᠢᠯᠡᠨ ᠵᠠᠰᠠᠵᠤ᠂ ᠡᠨᠡ ᠬᠦ ︽ᠪᠣᠭᠤᠮᠲᠠ ᠶᠢᠨ ᠭᠠᠳᠠᠨᠠᠬᠢ ᠬᠡᠷᠡᠯᠳᠦ ᠰᠤᠪᠤᠳ︾ ᠢ ᠨᠠᠩ ᠴᠡᠪᠡᠷ ᠲᠤᠩᠭᠠᠯᠠᠭ ᠭᠤᠶᠣ ᠬᠡᠭᠡᠨᠴᠢᠷ ᠪᠤᠯᠭᠠᠪᠠ᠃ | ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦᠨ ᠤ ᠠᠮᠢ ᠠᠬᠤᠢ ᠶᠢ ᠬᠠᠮᠠᠭᠠᠯᠠᠨ | ᠰᠡᠷᠭᠦᠭᠡᠬᠦ ᠲᠤᠷᠰᠢᠯᠲᠠ ᠶᠢᠨ ᠢᠨᠵᠧᠨᠧᠷᠢᠩ ᠤᠨ ᠬᠤᠪᠢ ᠪᠠᠷ ︽ᠠᠮᠢ ᠠᠬᠤᠢ ᠶᠢᠨ ᠣᠷᠴᠢᠨ ᠲᠣᠭᠤᠷᠢᠨ ᠤ ᠪᠣᠳᠠᠰ ᠤᠨ ᠬᠤᠯᠪᠣᠭ᠎ᠠ ᠰᠦᠯᠵᠢᠶᠡᠨ ᠤ ᠪᠠᠶᠢᠭᠤᠯᠤᠯᠲᠠ | ᠬᠢᠭᠡᠳ ᠬᠠᠮᠢᠶᠠᠷᠤᠯᠲᠠ ᠶᠢᠨ ᠲᠤᠯᠭᠠᠭᠤᠷᠢᠯᠠᠯ — ᠴᠢᠳᠠᠪᠤᠷᠢ ᠶᠢᠨ ᠪᠠᠶᠢᠭᠤᠯᠤᠯᠲᠠ ᠶᠢᠨ ᠲᠥᠷᠥᠯ ᠵᠦᠢᠯ︾ ᠤᠨ ᠬᠤᠪᠢᠶᠠᠷᠢ ᠲᠥᠷᠥᠯ ᠵᠦᠢᠯ ᠳᠤ ᠮᠠᠨ ᠤ ᠬᠤᠲᠠ | ᠠᠮᠢ ᠠᠬᠤᠢ ᠶᠢᠨ ᠣᠷᠴᠢᠨ ᠲᠣᠭᠤᠷᠢᠨ ᠤ ᠰᠠᠭᠤᠷᠢ ᠲᠤᠭ᠎ᠠ ᠪᠠᠷᠢᠮᠲᠠ ᠶᠢ ᠴᠤᠭᠯᠠᠭᠤᠯᠤᠨ ᠪᠠᠶᠢᠭᠤᠯᠬᠤ ᠲᠥᠷᠥᠯ ᠵᠤᠶᠢᠯ ᠢ ᠡᠭᠢᠯᠡᠭᠦᠯᠦᠨ᠂ ᠤᠯᠠᠭᠠᠨᠰᠤᠬᠠᠢ | ᠨᠠᠭᠤᠷ ᠤᠨ ᠰᠠᠪᠠ ᠭᠠᠵᠠᠷ ᠤᠨ ᠤᠰᠤ ᠵᠠᠯᠠᠬᠤ ᠭᠤᠣᠯ ᠰᠤᠪᠠᠭ᠂ ᠰᠠᠯᠪᠤᠷᠢ ᠰᠤᠪᠠᠭ ᠲᠡᠭᠡᠷ᠎ᠡ 28 ᠲᠣᠭᠲᠠᠮᠠᠯ ᠤᠰᠤᠨ ᠤ ᠴᠢᠨᠠᠷ ᠤᠨ ᠠᠦ᠋ᠲ᠋ᠣ᠋ ᠬᠢᠨᠠᠨ ᠬᠡᠮᠵᠢᠬᠦ | ᠥᠷᠲᠡᠭᠡ ᠪᠠ 10 ᠬᠥᠪᠥᠮᠡᠯ ᠣᠩᠭᠤᠴᠠ ᠶᠢᠨ ᠥᠷᠲᠡᠭᠡ ᠪᠠᠶᠢᠭᠤᠯᠤᠨ᠂ ᠡᠯ᠎ᠡ ᠰᠠᠯᠠᠭ᠎ᠠ ᠭᠤᠣᠯ ᠰᠤᠪᠠᠭ ᠤᠨ ᠶᠡᠷᠦᠩᠬᠡᠢ ᠰᠠᠯᠠᠭ᠎ᠠ ᠶᠢᠨ ᠭᠤᠣᠯ ᠭᠠᠷᠬᠤ ᠠᠮᠠᠰᠠᠷ᠂ | ᠵᠣᠬᠢᠶᠠᠮᠠᠯ ᠨᠤᠭᠤ ᠭᠠᠵᠠᠷ᠂ ᠤᠯᠠᠭᠠᠨᠰᠤᠬᠠᠢ ᠨᠠᠭᠤᠷ ᠤᠨ ᠡᠷᠬᠢᠨ ᠲᠣᠭᠤᠷᠢᠨ ᠤ ᠨᠠᠭᠤᠷ ᠲᠤ ᠴᠢᠳᠬᠤᠬᠤ ᠠᠮᠠᠰᠠᠷ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠤ ᠴᠠᠭ | ᠲᠤᠬᠠᠢ ᠳᠤᠨᠢ ᠬᠢᠨᠠᠯᠲᠠ ᠲᠠᠯᠪᠢᠵᠤ᠂ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠤᠰᠤᠨ ᠴᠣᠭᠴᠠ ᠶᠢᠨ ᠤᠰᠤᠨ ᠤ ᠴᠢᠨᠠᠷ ᠤᠨ ᠪᠠᠶᠢᠳᠠᠯ ᠢ ᠡᠵᠡᠮᠳᠡᠨ᠂ | ᠴᠢᠩᠭ᠎ᠠ ᠠᠩᠬᠠᠷᠴᠤ᠂ ᠡᠯ᠎ᠡ ᠬᠤᠰᠢᠭᠤ ᠰᠢᠶᠠᠨ ᠲᠣᠭᠤᠷᠢᠭ ᠤᠨ ᠤᠯᠠᠭᠠᠨᠰᠤᠬᠠᠢ ᠨᠠᠭᠤᠷ ᠲᠤ ᠭᠠᠳᠠᠭᠰᠢᠯᠠᠭᠤᠯᠬᠤ ᠤᠰᠤᠨ ᠤ ᠬᠡᠮᠵᠢᠶ᠎ᠡ᠂ ᠤᠰᠤᠨ ᠤ ᠴᠢᠨᠠᠷ ᠤᠨ | ᠪᠠᠶᠢᠳᠠᠯ ᠢ ᠬᠠᠮᠤᠭ ᠲᠡᠷᠢᠭᠦᠨ ᠳᠤ ᠡᠵᠡᠮᠳᠡᠨ᠎ᠡ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠬᠤᠲᠠ ᠢᠳᠡᠪᠬᠢᠲᠡᠢ ᠪᠠᠷ ᠰᠡᠳᠬᠢᠴᠡ ᠪᠠᠨ ᠬᠤᠪᠢᠷᠠᠭᠤᠯᠵᠤ᠂ ᠤᠯᠠᠭᠠᠨᠰᠤᠬᠠᠢ | ᠨᠠᠭᠤᠷ ᠤᠨ ᠵᠠᠰᠠᠯᠲᠠ ᠶᠢ ︽ᠲᠠᠩ ᠭᠠᠭᠴᠠ ᠨᠠᠭᠤᠷ ᠴᠥᠭᠦᠷᠥᠮ ᠢ ᠵᠠᠰᠠᠬᠤ︾ ᠠᠴᠠ ︽ᠰᠠᠪᠠ ᠭᠠᠵᠠᠷ ᠢ ᠰᠢᠰᠧᠲᠮ ᠲᠠᠢ ᠵᠠᠰᠠᠬᠤ︾ ᠲᠡᠰᠢ ᠬᠤᠪᠢᠷᠠᠭᠤᠯᠤᠨ᠂ | ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠠᠮᠢ ᠨᠠᠰᠤᠨ ᠤ ᠬᠠᠮᠲᠤ ᠶᠢᠨ ᠴᠣᠭᠴᠠ | ᠪᠣᠯᠭᠠᠵᠤ᠂ ᠪᠦᠬᠦ ᠰᠠᠪᠠ ᠭᠠᠵᠠᠷ ᠤᠨ ᠠᠮᠢ ᠠᠬᠤᠢ ᠶᠢ ᠰᠡᠷᠭᠦᠭᠡᠬᠦ᠂ ᠶᠡᠷᠦᠩᠬᠡᠶᠢᠯᠡᠨ ᠵᠠᠰᠠᠬᠤ ᠪᠠ ᠬᠠᠮᠠᠭᠠᠯᠠᠵᠤ ᠨᠡᠭᠡᠭᠡᠨ ᠭᠦᠭᠵᠢᠭᠦᠯᠭᠦ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠤᠨ᠎ᠠ᠃ | 2018 ᠣᠨ ᠳᠤ᠂ ᠮᠠᠨ ᠤ ᠬᠤᠲᠠ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ | ᠡᠪᠡᠰᠦ ᠡᠯᠡᠰᠦᠨ ᠤ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠷᠰᠢᠯᠲᠠ ᠶᠢᠨ ᠴᠢᠭ ᠤᠨ ᠢᠨᠵᠧᠨᠧᠷᠢᠩ ᠢ ᠤᠯᠤᠰ ᠲᠤ ᠠᠮᠵᠢᠯᠲᠠ ᠲᠠᠢ ᠪᠠᠷ ᠮᠡᠳᠡᠭᠦᠯᠦᠨ᠂ | ᠤᠯᠠᠭᠠᠨᠰᠤᠬᠠᠢ ᠨᠠᠭᠤᠷ ᠤᠨ ᠪᠦᠬᠦ ᠰᠠᠪᠠ ᠭᠠᠵᠠᠷ ᠢ ᠰᠢᠰᠲ᠋ᠧᠮ ᠲᠠᠢ ᠵᠠᠰᠠᠬᠤ ᠶᠢ ᠭᠡᠷᠡᠭᠵᠢᠭᠦᠯᠪᠡ᠃ 1.63 ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠰᠠᠪᠠ | ᠭᠠᠵᠠᠷ ᠤᠨ ᠬᠡᠪᠴᠢᠶᠡᠨ ᠳᠠᠬᠢ ᠪᠦᠬᠦ ᠰᠢᠰᠲ᠋ᠧᠮ ᠤᠨ ᠵᠠᠰᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠥᠬᠦ ᠬᠤᠲᠠ ᠶᠢᠨ 7 ᠬᠤᠰᠢᠭᠤ ᠰᠢᠶᠠᠨ ᠲᠣᠭᠤᠷᠢᠭ ᠤᠨ ᠣᠶ | ᠰᠢᠭᠤᠢ ᠨᠤᠳᠤᠭ ᠪᠡᠯᠴᠢᠭᠡᠷ᠂ ᠠᠮᠢ ᠠᠬᠤᠢ᠂ ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠢ ᠪᠦᠬᠦᠨ ᠢ ᠳᠠᠶᠢᠴᠢᠯᠠᠵᠤ᠂ | ᠤᠯᠠᠭᠠᠨᠰᠤᠬᠠᠢ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠥᠪ᠂ ᠥᠪᠥᠷ ᠮᠣᠩᠭᠤᠯ ᠤᠨ ᠨᠠᠭᠤᠷ ᠺᠠᠢ ᠶᠤᠸᠠᠨ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ | ᠮᠣᠩᠭᠤᠯ ᠤᠨ ᠤᠯᠠᠭᠠᠨᠰᠤᠬᠠᠢ ᠶᠢᠨ ᠰᠠᠪᠠ ᠭᠠᠵᠠᠷ ᠲᠤ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠬᠢᠵᠠᠭᠠᠷᠲᠤ ᠺᠣᠮᠫᠠᠨᠢ ᠢ ᠰᠢᠨ᠎ᠡ ᠪᠠᠷ ᠡᠭᠦᠳᠤᠨ ᠪᠠᠶᠢᠭᠤᠯᠵᠤ᠂ | ᠪᠦᠬᠦ ᠰᠠᠪᠠ ᠭᠠᠵᠠᠷ ᠢ ᠵᠠᠰᠠᠬᠤ ᠠᠵᠢᠯ ᠢ ᠨᠢᠭᠡᠳᠦᠯᠲᠡᠢ ᠲᠦᠯᠦᠪᠵᠢᠭᠦᠯᠪᠡ᠃ | ᠤᠯᠠᠭᠠᠨᠰᠤᠬᠠᠢ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠲᠥᠪ ᠤᠨ ᠡᠷᠬᠢᠯᠡᠭᠴᠢ ᠪᠦᠦ ᠸᠧᠢ ᠰᠤᠷᠪᠤᠯᠵᠢᠯᠠᠭᠴᠢ ᠳᠤ ᠲᠣᠰ ᠪᠡᠶ᠎ᠡ ᠶᠢᠨ ᠤᠯᠠᠭᠠᠨᠰᠤᠬᠠᠢ ᠶᠢᠨ | ᠰᠠᠪᠠ ᠭᠠᠵᠠᠷ ᠤᠨ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦᠨ ᠤ ᠡᠯ᠎ᠡ ᠵᠦᠢᠯ ᠤᠨ ᠠᠮᠢ ᠠᠬᠤᠢ ᠶᠢᠨ ᠡᠯᠧᠮᠧᠨ᠋ᠲ ᠨᠢ ᠪᠦᠷᠢᠨ | ᠭᠦᠢᠴᠡᠳ᠂ ᠬᠠᠷᠢᠨ ᠠᠮᠢ ᠠᠬᠤᠢ ᠶᠢᠨ ᠡᠯᠧᠮᠧᠨ᠋ᠲ ᠪᠦᠷᠢ ᠨᠢ ᠤᠯᠠᠭᠠᠨᠰᠤᠬᠠᠢ ᠨᠠᠭᠤᠷ ᠲᠤ ᠰᠢᠭᠤᠳ ᠪᠤᠶᠤ ᠵᠠᠪᠰᠠᠷ ᠵᠠᠯᠭᠠᠬᠤ ᠶᠢᠨ ᠨᠥᠯᠥᠭᠡ ᠦᠵᠡᠭᠦᠯᠭᠦ ᠶᠤᠮ᠃ | ᠤᠯᠠᠭᠠᠨᠰᠤᠬᠠᠢ ᠨᠠᠭᠤᠷ ᠢ ᠵᠠᠰᠠᠬᠤ ᠲᠠᠯ᠎ᠠ ᠠᠴᠠ ᠠᠪᠴᠤ ᠬᠡᠯᠡᠪᠡᠯ᠂ ᠡᠯ᠎ᠡ ᠠᠮᠢ ᠠᠬᠤᠢ ᠶᠢᠨ ᠡᠯᠧᠮᠧᠨ᠋ᠲ ᠠᠴᠠ ᠭᠠᠷᠳᠠᠵᠤ᠂ ᠠᠭᠤᠯᠠ ᠤᠰᠤ ᠣᠶ ᠰᠢᠭᠤᠢ ᠲᠠᠷᠢᠶᠠᠨ | ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠪᠠᠷ ᠵᠠᠰᠠᠨ ᠰᠡᠷᠭᠦᠭᠡᠪᠡᠯ ᠰᠠᠶ᠋ᠢ ᠨᠡᠯᠢᠶᠡᠳ ᠰᠠᠶᠢᠨ ᠦᠷ᠎ᠡ | ᠪᠦᠲᠦᠮᠵᠢ ᠣᠯᠵᠤ ᠲᠠᠶᠢᠯᠤᠨ᠎ᠠ ᠭᠡᠪᠡ᠃ | 2019 ᠣᠨ ᠤ 4 ᠰᠠᠷ᠎ᠠ ᠳᠤ᠂ ᠨᠡᠶᠢᠲᠡ 50 ᠭᠠᠷᠤᠢ ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠤᠯᠠᠭᠠᠨᠰᠤᠬᠠᠢ ᠶᠢᠨ ᠶᠡᠷᠦᠩᠬᠡᠶᠢᠯᠡᠨ | ᠵᠠᠰᠠᠬᠤ ᠲᠥᠷᠥᠯ ᠵᠦᠢᠯ ᠤᠨ ᠠᠵᠢᠯ ᠢ ᠡᠭᠢᠯᠡᠭᠦᠯᠦᠨ᠂ 7 ᠶᠡᠭᠡ ᠲᠥᠷᠥᠯ᠂ 105 ᠪᠣᠳᠠᠲᠠᠢ ᠲᠥᠷᠥᠯ ᠵᠦᠢᠯ ᠨᠢ ᠨᠠᠭᠤᠷ ᠤᠨ ᠤᠰᠤᠨ ᠤ ᠣᠷᠴᠢᠨ ᠲᠣᠭᠤᠷᠢᠨ ᠢ | ᠬᠠᠮᠠᠭᠠᠯᠠᠬᠤ ᠪᠠ ᠰᠡᠷᠭᠦᠭᠡᠬᠦ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠬᠥᠷᠥᠰᠥ ᠰᠢᠷᠣᠢ ᠶᠢ ᠬᠠᠮᠠᠭᠠᠯᠠᠬᠤ ᠪᠠ ᠣᠶ ᠮᠤᠳᠤ | ᠨᠤᠳᠤᠭ ᠪᠡᠯᠴᠢᠭᠡᠷ ᠢ ᠰᠡᠯᠪᠢᠨ ᠵᠠᠰᠠᠬᠤ᠂ ᠭᠤᠣᠯ ᠮᠥᠷᠡᠨ ᠨᠠᠭᠤᠷ ᠴᠥᠭᠦᠷᠥᠮ ᠢ ᠬᠤᠯᠪᠣᠨ ᠨᠡᠪᠲᠡᠷᠡᠭᠦᠯᠬᠦ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ | ᠬᠠᠮᠠᠭᠠᠯᠠᠬᠤ᠂ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ᠂ ᠲᠠᠷᠢᠶᠠᠨ ᠭᠠᠵᠠᠷ ᠤᠨ ᠣᠯᠠᠨ ᠡᠬᠢᠲᠦ ᠵᠢᠴᠢ ᠬᠤᠲᠠ ᠪᠠᠯᠭᠠᠰᠤᠨ ᠤ ᠴᠡᠭ ᠡᠬᠢᠲᠦ ᠪᠣᠬᠢᠷᠲᠤᠯ ᠢ | ᠵᠠᠰᠠᠬᠤ ᠡᠯ᠎ᠡ ᠠᠮᠢ ᠠᠬᠤᠢ ᠶᠢᠨ ᠡᠯᠧᠮᠧᠨ᠋ᠲ ᠤᠳ ᠬᠤᠯᠪᠤᠭᠳᠠᠨ᠎ᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠳᠤ ᠣᠷᠣᠭᠰᠠᠨ ᠤ ᠳᠠᠷᠠᠭ᠎ᠠ᠂ ᠮᠠᠨ ᠤ ᠬᠤᠲᠠ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠨ ᠵᠠᠰᠠᠬᠤ ᠲᠦᠯᠦᠪᠯᠡᠭᠡ ᠶᠢ ᠨᠠᠶᠢᠷᠠᠭᠤᠯᠤᠨ ᠭᠠᠷᠭᠠᠵᠤ᠂ | ᠤᠰᠤᠨ ᠤ ᠣᠷᠴᠢᠨ ᠲᠣᠭᠤᠷᠢᠨ᠂ ᠤᠰᠤᠨ ᠤ ᠡᠬᠢ ᠪᠠᠶᠠᠯᠢᠭ᠂ ᠤᠰᠤᠨ ᠤ ᠠᠮᠢ ᠠᠬᠤᠢ ᠵᠡᠷᠭᠡ ᠭᠤᠷᠪᠠᠨ ᠲᠠᠯ᠎ᠠ ᠠᠴᠠ 13 ᠲᠦᠷᠦᠯ ᠵᠦᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ ᠶᠢ 2021ᠤᠨ—2025 ᠤᠨ ᠭᠥᠷᠳᠡᠯ᠎ᠡ ᠲᠤᠭᠳᠠᠭᠠᠵᠤ᠂ ᠶᠡᠷᠦᠩᠬᠡᠢ ᠪᠡᠯᠡ ᠣᠷᠣᠭᠤᠯᠤᠯᠲᠠ | 35.89 ᠳ᠋ᠦᠩᠰᠢᠭᠤᠷ ᠲᠥᠭᠦᠷᠢᠭ ᠭᠦᠷᠭᠦ ᠪᠤᠯᠤᠨ᠎ᠠ᠃ | |