ᠥᠭᠡᠷᠡᠴᠢᠯᠡᠯᠲᠡ ᠨᠡᠭᠡᠭᠡᠯᠲᠡ ᠬᠢᠭᠰᠡᠨ ᠪᠠᠶᠠᠨᠨᠠᠭᠤᠷ ᠤᠨ ᠦᠢᠯᠡᠳᠦᠯᠭᠡ—ᠤᠯᠠᠨ ᠠᠷᠭ᠎ᠠ ᠶᠢ ᠵᠡᠷᠭᠡ ᠪᠠᠷ ᠬᠡᠷᠡᠭᠯᠡᠨ ᠨᠢᠭᠡ ᠴᠣᠭᠴᠠᠵᠢᠭᠤᠯᠤᠨ ᠭᠦᠴᠦᠯᠡᠵᠤ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠲᠤᠷ ᠭᠢᠵᠤ ᠪᠠᠶᠢᠨ᠎ᠠ
ᠨᠡᠶᠢᠲᠡᠯᠡᠭᠰᠡᠨ ᠴᠠᠭ᠄
2024/7/29
      ᠮᠠᠨ ᠤ ᠬᠤᠳᠠ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾  ᠤᠰᠤ ᠶᠢ ᠵᠠᠰᠠᠬᠤ ᠰᠡᠳᠬᠢᠴᠡ ᠪᠠ ︽ᠳᠥᠷᠪᠡᠨ ᠤᠰᠤ ᠶᠢ ᠳᠥᠷᠪᠡ ᠶᠢ ᠲᠣᠭᠲᠠᠭᠠᠬᠤ︾ ᠵᠠᠷᠴᠢᠮ ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠢᠨᠵᠧᠨᠧᠷᠢᠩ ᠤᠨ ᠲᠠᠷᠢᠶᠠᠯᠠᠩ ᠤᠨ ᠮᠡᠷᠭᠡᠵᠢᠯ ᠤᠨ ᠬᠠᠮᠢᠶᠠᠷᠤᠯᠲᠠ ᠶᠢᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠬᠦ ᠶᠢ ᠪᠠᠷᠢᠮᠲᠠᠯᠠᠵᠤ᠂ ᠤᠰᠤᠨ ᠤ ᠦᠨ᠎ᠡ ᠤᠰᠤᠨ ᠤ ᠡᠷᠬᠡ ᠤᠰᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠨᠢᠭᠡ ᠴᠣᠭᠴᠠᠵᠢᠭᠤᠯᠤᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠬᠢᠭᠡᠳ ᠤᠰᠤᠨ ᠤ ᠡᠬᠢ ᠪᠠᠶᠠᠯᠢᠭ᠂ ᠤᠰᠤᠨ ᠤ ᠠᠮᠢ ᠠᠬᠤᠢ᠂ ᠤᠰᠤᠨ ᠤ ᠣᠷᠴᠢᠨ ᠠᠬᠤᠢ ᠶᠢᠨ ᠠᠴᠢᠶᠠᠯᠠᠪᠤᠷᠢ ᠶᠢᠨ ᠴᠢᠳᠠᠪᠭᠢ ᠲᠠᠢ ᠲᠣᠬᠢᠷᠠᠯᠴᠠᠭᠰᠠᠨ ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠵᠠᠮ ᠢ ᠡᠷᠢᠯᠭᠢᠯᠡᠨ᠎ᠡ᠃      ᠡᠨᠡ ᠬᠤᠶᠠᠷ ᠡᠳᠦᠷ᠂ ᠳ᠋ᠧᠩᠺᠸᠤ ᠰᠢᠶᠠᠨ ᠤ ᠳ᠋ᠦ᠋ ᠺᠧᠦ ᠪᠠᠯᠭᠠᠰᠤᠨ ᠤ ᠳ᠋ᠦᠩ ᠳ᠋ᠢ ᠲᠣᠰᠬᠤᠨ ᠤ ᠪᠧᠢ ᠯᠢᠦ ᠽᠢ ᠳᠤᠭᠤᠶᠢᠯᠠᠩ ᠤᠨ ᠡᠷᠳᠡᠨᠢ ᠰᠢᠰᠢ ᠶᠢᠨ ᠲᠠᠷᠢᠶᠠᠨ ᠳᠤ ᠵᠤᠨ ᠤ ᠤᠯᠠᠷᠢᠯ ᠤᠨ ᠤᠰᠤᠯᠠᠯᠳᠠ ᠭᠢᠵᠤ ᠪᠠᠶᠢᠯ᠎ᠠ᠃ ᠥᠩᠭᠡᠷᠡᠭᠰᠡᠨ ᠤ ᠬᠢ ᠲᠠᠢ ᠪᠠᠨ ᠠᠳᠠᠯᠢ ᠦᠭᠡᠢ ᠨᠢ᠂ ᠡᠨᠡ ᠵᠢᠯ ᠲᠣᠰᠬᠤᠨ ᠤ ︽ᠤᠰᠤ ᠬᠠᠮᠢᠶᠠᠷᠤᠭᠴᠢ︾ ᠲᠠᠷᠢᠮᠠᠯ ᠤᠨ ᠲᠥᠷᠥᠯ ᠵᠦᠢᠯ᠂ ᠬᠡᠷᠡᠭᠰᠡᠬᠦ ᠤᠰᠤᠨ ᠤ ᠱᠠᠭᠠᠷᠳᠠᠯᠭ᠎ᠠ ᠶᠢ ᠦᠨᠳᠦᠰᠦᠯᠡᠨ ᠲᠣᠬᠢᠷᠠᠭᠤᠯᠤᠯᠲᠠ ᠬᠢᠵᠦ᠂ ᠠᠳᠠᠯᠢ ᠲᠥᠷᠥᠯ ᠤᠨ ᠲᠠᠷᠢᠮᠠᠯ ᠢ ᠵᠠᠯᠭᠠᠯᠳᠤᠭᠤᠯᠤᠨ ᠲᠠᠷᠢᠵᠤ᠂ ᠨᠢᠭᠡᠳᠦᠯᠲᠡᠢ ᠤᠰᠤᠯᠠᠬᠤ ᠶᠢ ᠪᠡᠶᠡᠯᠡᠭᠦᠯᠦᠨ᠂ ᠤᠰᠤ ᠬᠡᠷᠡᠭᠯᠡᠬᠦ ᠠᠷᠭ᠎ᠠ ᠮᠠᠶ᠋ᠢᠭ ᠨᠢ ᠪᠦᠳᠦᠭᠦᠯᠢᠭ᠂ ᠦᠷ᠎ᠡ ᠪᠦᠲᠦᠮᠵᠢ ᠨᠢ ᠥᠨᠳᠥᠷ ᠪᠢᠰᠢ ᠪᠠᠶᠢᠭ᠎ᠠ ᠠᠰᠠᠭᠤᠳᠠᠯ ᠢ ᠰᠢᠢᠳᠪᠤᠷᠢᠯᠡᠭᠰᠡᠨ ᠪᠠᠶᠢᠨ᠎ᠠ᠃       ᠳ᠋ᠧᠩᠺᠸᠤ ᠰᠢᠶᠠᠨ ᠤ ᠳ᠋ᠦ᠋ ᠺᠧᠦ ᠪᠠᠯᠭᠠᠰᠤᠨ ᠤ ᠳ᠋ᠦᠩ ᠳ᠋ᠢ ᠲᠣᠰᠬᠤᠨ ᠤ ᠪᠧᠢ ᠯᠢᠦ ᠽᠢ  ᠳᠤᠭᠤᠶᠢᠯᠠᠩ ᠤᠨ ᠳᠠᠷᠤᠭ᠎ᠠ ᠵᠢᠶᠠ ᠰᠢᠨ ᠸᠠᠩ ᠰᠤᠷᠪᠤᠯᠵᠢᠯᠠᠭᠴᠢ ᠳᠤ ᠥᠩᠭᠡᠷᠡᠭᠰᠡᠨ ᠳᠤ ᠨᠢᠭᠡ ᠬᠡᠰᠡᠭ ᠡᠷᠳᠡᠨᠢ ᠰᠢᠰᠢ ᠨᠢᠭᠡ ᠬᠡᠰᠡᠭ ᠨᠠᠷᠠᠨᠬᠤᠸᠠᠷ ᠨᠢᠭᠡ ᠬᠡᠰᠡᠭ ᠬᠤᠯᠤ ᠲᠠᠷᠢᠭᠠᠳ᠂ ᠵᠠᠷᠢᠮ ᠨᠢ  ᠤᠰᠤᠯᠠᠵᠤ᠂ ᠵᠠᠷᠢᠮ ᠨᠢ ᠤᠰᠤᠯᠠᠵᠤ ᠲᠡᠶᠢᠯᠭᠦ ᠦᠭᠡᠢ᠂ ᠤᠰᠤ ᠶᠢ ᠪᠦᠷᠢᠯᠭᠡᠵᠤ ᠪᠠᠶᠢᠭᠰᠠᠨ᠃  ᠲᠠᠷᠢᠶᠠᠨ ᠭᠠᠵᠠᠷ ᠢ ᠲᠣᠬᠢᠷᠠᠭᠤᠯᠤᠭᠰᠠᠨ ᠤ ᠳᠠᠷᠠᠭ᠎ᠠ᠂ ᠡᠷᠳᠡᠨᠢ ᠰᠢᠰᠢ ᠲᠠᠷᠢᠪᠠᠯ ᠪᠦᠬᠦᠨ ᠢᠶᠠᠷ ᠢᠶᠠᠨ ᠡᠷᠳᠡᠨᠢ ᠰᠢᠰᠢ ᠲᠠᠷᠢᠵᠤ᠂ ᠨᠠᠷᠠᠨᠬᠤᠸᠠᠷ ᠲᠠᠷᠢᠪᠠᠯ ᠪᠦᠬᠦᠨ ᠢᠶᠠᠷ ᠢᠶᠠᠨ ᠨᠡᠷᠡᠨ ᠬᠤᠸᠠᠷ ᠲᠠᠷᠢᠵᠤ᠂ ᠭᠤᠷᠪᠠ ᠲᠦᠷᠪᠡᠨ ᠡᠳᠦᠷ ᠲᠤ ᠪᠦᠭᠦᠨ ᠢ ᠤᠰᠤᠯᠠᠵᠤ ᠲᠠᠭᠤᠰᠬᠠᠨ᠂ ᠤᠰᠤᠨ ᠤ ᠬᠠᠭᠠᠰ ᠢ ᠨᠢ  ᠠᠷᠪᠢᠯᠠᠬᠤ ᠪᠤᠯᠤᠭᠰᠠᠨ ᠭᠡᠪᠡ᠃      ᠲᠣᠰᠬᠤᠨ ᠤ ︽ᠤᠰᠤ ᠬᠠᠮᠢᠶᠠᠷᠤᠭᠴᠢ︾ ᠪᠣᠯ ᠳ᠋ᠦᠩ ᠳ᠋ᠢ ᠲᠣᠰᠬᠤᠨ ᠤ 2023 ᠣᠨ ᠤ 4 ᠰᠠᠷ᠎ᠠ ᠳᠤ ᠪᠠᠶᠢᠭᠤᠯᠤᠭᠰᠠᠨ ᠳ᠋ᠦᠩ ᠰᠢᠨ ᠤᠰᠤᠨ ᠤ ᠶᠠᠪᠤᠳᠠᠯ ᠤᠨ ᠲᠤᠰᠬᠠᠢ ᠬᠤᠷᠰᠢᠶᠠᠵᠢᠯ ᠪᠣᠯᠣᠨ᠎ᠠ᠃ ᠪᠥᠬᠦ ᠬᠤᠲᠠ ᠶᠢᠨ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠪᠤᠯᠤᠭᠰᠠᠨ ᠤ ᠬᠤᠪᠢ ᠳᠤ᠂ ᠲᠣᠰ ᠬᠤᠷᠰᠢᠶᠠᠵᠢᠯ ᠨᠢ ᠨᠠᠮ ᠤᠨ ᠡᠭᠦᠷ ᠢᠶᠠᠷ ᠵᠢᠯᠣᠭᠤᠳᠤᠯᠭ᠎ᠠ ᠪᠣᠯᠭᠠᠵᠤ᠂ ᠤᠰᠤ ᠲᠣᠬᠢᠷᠠᠭᠤᠯᠬᠤ ᠭᠦᠢᠴᠡᠳᠬᠡᠬᠦ ᠲᠤᠭ᠎ᠠ ᠶᠢ ᠨᠠᠷᠢᠨ ᠨᠢᠮᠪᠠᠢ ᠲᠥᠯᠥᠪᠯᠡᠵᠦ᠂ ᠲᠠᠷᠢᠶᠠᠴᠢᠳ ᠢ ᠵᠣᠬᠢᠶᠠᠨ ᠪᠠᠶᠢᠭᠤᠯᠵᠤ ᠲᠥᠷᠥᠯ ᠬᠤᠪᠢᠶᠠᠨ ᠰᠦᠢᠳᠬᠡᠯ ᠲᠤᠰᠢᠶᠠᠵᠤ᠂ ᠲᠠᠷᠢᠵᠤ ᠤᠷᠭᠤᠭᠤᠯᠬᠤ ᠲᠥᠯᠥᠪᠯᠡᠭᠡ ᠶᠢ ᠵᠦᠢ ᠵᠣᠬᠢᠰᠲᠠᠢ ᠲᠣᠬᠢᠷᠠᠭᠤᠯᠤᠨ᠂ ᠤᠰᠤ ᠠᠷᠪᠢᠯᠠᠬᠤ ᠵᠣᠷᠢᠯᠭ᠎ᠠ ᠳᠠᠭᠠᠨ ᠭᠦᠷᠦᠨ᠎ᠡ᠃ 2023 ᠣᠨ ᠳᠤ᠂ ᠮᠠᠨ ᠤ ᠬᠤᠲᠠ 2381 ᠣᠯᠠᠨ ᠲᠦᠮᠡᠨ ᠤ ᠬᠠᠮᠢᠶᠠᠷᠤᠯᠲᠠ ᠶᠢᠨ ᠤᠰᠤ ᠬᠡᠷᠡᠭᠯᠡᠬᠦ ᠵᠣᠬᠢᠶᠠᠨ ᠪᠠᠶᠢᠭᠤᠯᠤᠯᠲᠠ ᠶᠢ ᠬᠠᠤᠯᠢ ᠲᠣᠭᠲᠠᠭᠠᠯ ᠶᠣᠰᠣᠭᠠᠷ ᠴᠡᠭᠴᠡᠯᠡᠨ᠂ ᠬᠠᠰᠤᠵᠤ᠂ ᠳᠠᠬᠢᠨ ᠵᠣᠬᠢᠶᠠᠨ ᠪᠠᠶᠢᠭᠤᠯᠵᠤ᠂ 358 ᠤᠰᠤᠨ ᠤ ᠶᠠᠪᠤᠳᠠᠯ ᠤᠨ ᠬᠤᠷᠰᠢᠶᠠᠵᠢᠯ ᠢ ᠳᠡᠩᠰᠡᠯᠡᠨ ᠪᠠᠶᠢᠭᠤᠯᠵᠤ᠂ ᠦᠨᠳᠦᠰᠦᠨ ᠱᠠᠲᠤᠨ ᠤ ᠤᠰᠤ ᠬᠡᠷᠡᠭᠯᠡᠬᠦ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠵᠢᠷᠤᠮᠵᠢᠭᠤᠯᠪᠠ᠃       ᠳ᠋ᠧᠩᠺᠸᠤ ᠰᠢᠶᠠᠨ ᠤ ᠳ᠋ᠦ᠋ ᠺᠧᠦ ᠪᠠᠯᠭᠠᠰᠤᠨ ᠤ ᠳ᠋ᠦᠩ ᠳ᠋ᠢ ᠲᠣᠰᠬᠤᠨ ᠤ ᠨᠠᠮ ᠤᠨ ᠡᠭᠦᠷ ᠤᠨ ᠱᠦᠵᠢ ᠴᠧᠨ ᠰᠢᠶᠣᠣ ᠵᠢᠶᠦ᠋ᠨ ᠰᠤᠷᠪᠤᠯᠵᠢᠯᠠᠭᠴᠢ ᠳᠤ 2022 ᠣᠨ ᠪᠤᠯᠤᠨ 2023  ᠤᠨ ᠢ ᠬᠠᠷᠢᠴᠠᠭᠤᠯᠪᠠᠯ ᠶᠡᠷᠤᠩᠭᠡᠢ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠪᠠᠭᠠᠰᠴᠤ᠂ ᠮᠦ ᠪᠦᠷᠢ ᠶᠢᠨ ᠳᠤᠮᠳᠠᠴᠢ ᠤᠰᠤᠨ ᠤ ᠰᠦᠢᠳᠬᠡᠯ 30% ᠪᠠᠷ ᠪᠠᠭᠤᠷᠠᠵᠤ᠂ ᠮᠦ ᠪᠦᠷᠢ ᠶᠢᠨ ᠳᠤᠮᠳᠠᠴᠢ ᠤᠰᠤ ᠬᠡᠷᠡᠭᠯᠡᠬᠦ ᠬᠡᠮᠵᠢᠶ᠎ᠡ 100 ᠭᠠᠷᠤᠢ ᠺᠦᠪ ᠮᠧᠲᠷ ᠬᠠᠰᠤᠭᠳᠠᠵᠤ᠂ ᠤᠰᠤ ᠠᠷᠪᠢᠯᠠᠭᠰᠠᠨ ᠱᠠᠩᠨᠠᠯ ᠤᠨ ᠮᠦᠩᠭᠦ 40 ᠲᠦᠮᠡᠨ ᠲᠥᠭᠦᠷᠢᠭ ᠤᠯᠤᠭᠰᠠᠨ ᠭᠡᠪᠡ᠃       ᠨᠢᠳᠤᠨᠤᠨ ᠠᠴᠠ ᠨᠠᠰᠢ᠂ ᠮᠠᠨ ᠤ ᠬᠤᠲᠠ ᠤᠰᠤᠯᠠᠯᠲᠠ ᠶᠢᠨ ᠣᠷᠣᠨ ᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ᠂ ᠤᠰᠤᠨ ᠤ ᠡᠷᠬᠡ ᠶᠢᠨ ᠡᠷᠬᠡ ᠶᠢ ᠨᠤᠲᠠᠯᠠᠨ ᠠᠷᠠᠯᠵᠢᠶᠠᠯᠠᠬᠤ᠂ ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ᠂ ᠣᠯᠠᠨ ᠲᠦᠮᠡᠨ ᠤ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠵᠡᠷᠭᠡ 4 ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠬᠥᠭᠵᠢᠯᠲᠡ ᠶᠢᠨ ᠪᠠᠬᠢᠯᠡᠯᠲᠡ ᠶᠢ ᠡᠪᠳᠡᠵᠦ᠂ ᠲᠠᠷᠢᠶᠠᠯᠠᠩ ᠤᠨ ᠭᠦᠨ ᠤᠰᠤ ᠠᠷᠪᠢᠯᠠᠵᠤ ᠤᠰᠤ ᠡᠵᠡᠮᠳᠡᠬᠦ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ᠃ ᠦᠨ᠎ᠡ ᠬᠠᠩᠰᠢ ᠶᠢᠨ ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ  ᠠᠴᠠ ᠬᠠᠮᠢᠶᠠᠷᠴᠤ ᠪᠠᠶᠢᠭ᠎ᠠ ᠤᠰᠤᠨ ᠤ ᠦᠨ᠎ᠡ ᠶᠢ ᠺᠦᠪ ᠮᠧᠲᠷ ᠪᠦᠷᠢ ᠳᠤ 0.103 ᠲᠥᠭᠦᠷᠢᠭ ᠪᠠᠶᠢᠭᠰᠠᠨ  ᠠᠴᠠ ᠺᠦᠪ ᠮᠧᠲᠷ ᠪᠦᠷᠢ ᠳᠤ 0.154 ᠲᠥᠭᠦᠷᠢᠭ ᠪᠣᠯᠭᠠᠨ ᠲᠤᠭᠢᠷᠠᠭᠤᠯᠬᠤ ᠶᠢᠨ ᠲᠠᠭᠤ ᠲᠣᠭᠲᠠᠭᠰᠠᠨ ᠨᠣᠷᠮ᠎ᠠ  ᠠᠴᠠ ᠬᠡᠲᠦᠷᠡᠭᠦᠯᠦᠨ ᠠᠬᠢᠭᠤᠯᠤᠨ ᠪᠤᠳᠤᠵᠤ ᠦᠨ᠎ᠡ ᠨᠡᠮᠡᠬᠦ ᠳᠦᠷᠢᠮ ᠪᠠ ᠬᠡᠲᠦᠷᠡᠭᠦᠯᠦᠨ ᠬᠡᠷᠡᠭᠯᠡᠬᠦ ᠤᠰᠤᠨ ᠤ ᠬᠢᠵᠠᠭᠠᠷ ᠲᠤᠭ᠎ᠠ ᠶᠢᠨ ᠬᠠᠮᠢᠶᠠᠷᠤᠯᠲᠠ ᠶᠢ ᠭᠡᠷᠡᠭᠵᠢᠭᠦᠯᠪᠡ᠃ ᠬᠤᠲᠠ ᠶᠢᠨ ᠬᠡᠪᠴᠢᠶᠡᠨ ᠳᠣᠲᠣᠷᠠᠬᠢ ᠤᠰᠤᠨ ᠤ ᠡᠷᠬᠡ ᠶᠢᠨ ᠠᠷᠠᠯᠵᠢᠶ᠎ᠠ ᠶᠢ ᠠᠬᠢᠭᠤᠯᠵᠤ᠂ ᠤᠰᠤᠨ ᠤ ᠡᠷᠬᠡ ᠶᠢᠨ ᠠᠷᠠᠯᠵᠢᠶ᠎ᠠ ᠢ 331 ᠲᠦᠮᠡᠨ ᠺᠦᠪ ᠮᠧᠲᠷ ᠪᠡᠶᠡᠯᠡᠭᠦᠯᠪᠡ᠃ ᠵᠢᠯ ᠪᠦᠷᠢ 1 ᠳ᠋ᠦᠩᠰᠢᠭᠤᠷ ᠲᠥᠭᠦᠷᠢᠭ ᠤᠨ ᠤᠰᠤ ᠠᠷᠪᠢᠯᠠᠭᠰᠠᠨ ᠱᠠᠩᠨᠠᠯ ᠤᠨ ᠪᠡᠯᠡ ᠮᠥᠩᠭᠦ ᠲᠣᠬᠢᠷᠠᠭᠤᠯᠵᠤ᠂ ᠲᠠᠷᠢᠶᠠᠯᠠᠩ ᠤᠨ ᠤᠰᠤ ᠬᠡᠷᠡᠭᠯᠡᠬᠦ ᠤᠰᠤ ᠠᠷᠪᠢᠯᠠᠭᠰᠠᠨ ᠱᠠᠩᠨᠠᠯ ᠤᠨ ᠮᠥᠩᠭᠦ ᠪᠠ ᠨᠥᠬᠦᠪᠦᠷᠢ ᠳᠤ ᠨᠢᠭᠡᠳᠦᠯᠲᠡᠢ ᠭᠡᠷᠡᠭᠯᠡᠭᠰᠡᠨ ᠪᠠᠶᠢᠨ᠎ᠠ᠃ ᠪᠥᠬᠦ ᠬᠤᠲᠠ ᠪᠠᠷ ᠢᠶᠠᠨ ᠤᠰᠤᠯᠠᠯᠲᠠ ᠶᠢᠨ ᠲᠠᠯᠠᠪᠠᠶ ᠶᠢ ᠪᠥᠬᠦ ᠲᠠᠯ᠎ᠠ ᠪᠠᠷ ᠬᠢᠨᠠᠨ ᠬᠠᠷᠭᠤᠭᠤᠯᠵᠤ᠂ ᠥᠩᠭᠡᠷᠡᠭᠰᠡᠨ ᠳᠤ ᠤᠰᠤᠯᠠᠯᠲᠠ ᠶᠢᠨ ᠲᠠᠯᠠᠪᠠᠶ ᠳᠤ ᠣᠷᠣᠭᠤᠯᠤᠭᠰᠠᠨ ᠦᠭᠡᠢ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ᠂ ᠠᠲᠠᠷ ᠬᠠᠭᠠᠯᠪᠤᠷᠢᠯᠠᠭᠰᠠᠨ ᠭᠠᠵᠠᠷ᠂ ᠣᠶ ᠰᠢᠭᠤᠢ ᠨᠤᠳᠤᠭ ᠪᠡᠯᠴᠢᠭᠡᠷ ᠵᠡᠷᠭᠡ ᠶᠢ ᠪᠥᠬᠦᠳᠡ ᠶᠢ ᠪᠦᠷᠢᠳᠬᠡᠯ ᠤᠨ ᠬᠡᠪᠴᠢᠶᠡᠨ ᠳᠤ ᠤᠷᠤᠭᠤᠯᠪᠠ᠃ ᠣᠲᠣ ᠪᠣᠯᠲᠠᠯ᠎ᠠ᠂ ᠮᠠᠨ ᠤ ᠬᠤᠲᠠ ᠨᠢᠭᠡᠨᠲᠡ 225876 ᠲᠠᠷᠢᠶᠠᠴᠢᠨ ᠡᠷᠦᠬᠡ ᠶᠢ ᠬᠢᠨᠠᠨ ᠬᠠᠷᠭᠤᠭᠤᠯᠵᠤ᠂ ᠤᠰᠤᠯᠠᠯᠲᠠ ᠶᠢᠨ ᠲᠠᠯᠠᠪᠠᠶ 1297.18 ᠲᠦᠮᠡᠨ ᠮᠦ ᠳᠤ ᠬᠦᠷᠴᠡᠢ᠃ ᠡᠭᠦᠨ ᠤ ᠲᠠᠭᠤ ᠬᠠᠲᠤᠨ ᠭᠤᠣᠯ ᠤᠨ ᠤᠰᠤ ᠶᠢ ᠲᠠᠲᠠᠵᠤ ᠬᠡᠷᠡᠭᠯᠡᠬᠦ ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠥᠷᠨᠢᠭᠦᠯᠪᠡ᠃ ᠪᠥᠬᠦ ᠬᠤᠲᠠ ᠳᠤ ︽ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠠᠲᠤᠨ ᠭᠤᠣᠯ ᠤᠨ ᠤᠰᠤ ᠶᠢ ᠲᠠᠲᠠᠬᠤ ᠤᠰᠤᠯᠠᠯᠲᠠ ᠶᠢᠨ ᠤᠰᠤ ᠬᠡᠷᠡᠭᠯᠡᠬᠦ ᠦᠨᠡᠮᠯᠡᠯ︾ ᠢ 2761 ᠲᠠᠷᠬᠠᠭᠠᠵᠤ᠂ ᠤᠰᠤᠯᠠᠯᠲᠠ ᠶᠢᠨ ᠣᠷᠣᠨ ᠤ ᠲᠠᠷᠢᠶᠠᠯᠠᠩ ᠤᠨ ᠬᠠᠲᠤᠨ ᠭᠤᠣᠯ ᠤᠨ ᠤᠰᠤ ᠶᠢ ᠲᠠᠲᠠᠵᠤ ᠤᠰᠤ ᠬᠠᠩᠭᠠᠬᠤ ᠰᠢᠭᠤᠳ ᠰᠤᠪᠠᠭ ᠢ ᠪᠦᠬᠦᠨ ᠢ ᠬᠠᠮᠤᠷᠪᠠ᠃       ᠳᠦᠷᠢᠮᠵᠢᠭᠦᠯᠦᠭᠰᠡᠨ ᠪᠦᠲᠦᠭᠡᠨ ᠪᠠᠶᠢᠭᠤᠯᠤᠯᠲᠠ ᠠᠴᠠ ᠭᠠᠳᠠᠨ᠎ᠠ᠂ ᠮᠠᠨ ᠤ ᠬᠤᠲᠠ ᠪᠠᠰᠠ ᠤᠰᠤ ᠠᠷᠪᠢᠯᠠᠬᠤ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠤᠰᠤ ᠠᠷᠪᠢᠯᠠᠬᠤ ᠰᠠᠭᠤᠷᠢ ᠪᠠᠲᠤᠯᠠᠭ᠎ᠠ ᠶᠢ ᠪᠠᠲᠤᠳᠬᠠᠪᠠ᠃ ᠵᠤᠨ ᠤ ᠤᠰᠤᠯᠠᠯᠲᠠ ᠶᠢᠨ ᠴᠠᠭ ᠤᠯᠠᠷᠢᠯ ᠳᠤ᠂ ︽ᠠᠷᠪᠠᠨ ᠳᠥᠷᠪᠡᠳᠦᠭᠡᠷ ᠲᠠᠪᠤᠨ ᠵᠢᠯ︾  ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ 2024 ᠣᠨ ᠤ ᠶᠦᠩ ᠵᠢᠢ ᠤᠰᠤᠯᠠᠯᠲᠠ ᠶᠢᠨ ᠣᠷᠣᠨ ᠤ ᠰᠢ ᠯᠸ ᠬᠤᠪᠢᠶᠠᠷᠢ ᠭᠤᠣᠯ ᠰᠤᠪᠠᠭ ᠤᠨ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ ᠤᠰᠤ ᠲᠠᠲᠠᠬᠤ ᠬᠠᠭᠠᠯᠲᠠ ᠶᠢ ᠨᠢᠭᠡᠨᠲᠡ ᠠᠰᠢᠭᠯᠠᠯᠲᠠ ᠳᠤ ᠣᠷᠣᠭᠤᠯᠵᠤ᠂ ᠤᠰᠤᠨ ᠰᠤᠪᠠᠭ ᠤᠨ ᠤᠰᠤ ᠨᠡᠪᠲᠡᠷᠡᠬᠦ ᠪᠠᠶᠢᠳᠠᠯ ᠨᠡᠯᠢᠶᠡᠳ ᠰᠠᠶᠢᠨ ᠪᠠᠶᠢᠵᠤ᠂ ᠵᠣᠨ ᠤ ᠤᠰᠤᠯᠠᠯᠲᠠ ᠳᠠᠭᠤᠰᠤᠭᠰᠠᠨ ᠤ ᠳᠠᠷᠠᠭ᠎ᠠ᠂ ᠤᠰᠤᠨ ᠰᠤᠪᠠᠭ ᠤᠨ ᠳᠣᠲᠣᠷ ᠲᠠᠯ᠎ᠠ ᠶᠢ ᠬᠠᠳᠠᠭᠤᠷᠠᠭᠤᠯᠬᠤ  ᠠᠵᠢᠯ ᠢ ᠦᠷᠨᠢᠭᠦᠯᠭᠦ ᠪᠤᠯᠤᠨ᠎ᠠ᠃      ᠥᠪᠥᠷ ᠮᠣᠩᠭᠤᠯ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠭᠦᠭᠵᠢᠭᠦᠯᠦᠯᠳᠡ ᠶᠢᠨ ᠲᠥᠪ ᠤᠨ ᠶᠦᠩ ᠵᠢᠢ ᠬᠤᠪᠢᠶᠠᠷᠢ ᠲᠥᠪ ᠤᠨ ᠠᠯᠪᠠᠨ ᠭᠡᠷ ᠤᠨ ᠡᠷᠬᠢᠯᠡᠭᠴᠢ ᠮᠠ ᠬᠤᠶ ᠵᠢᠶᠦ᠋ᠨ ᠰᠤᠷᠪᠤᠯᠵᠢᠯᠠᠭᠴᠢ ᠳᠤ ᠰᠤᠪᠠᠭ ᠤᠨ ᠳᠣᠲᠣᠷ ᠲᠠᠯ᠎ᠠ ᠶᠢ ᠬᠠᠳᠠᠭᠤᠷᠠᠭᠤᠯᠬᠤ ᠭᠤᠣᠯ ᠴᠤᠭᠴᠠ ᠶᠢᠨ ᠪᠠᠷᠢᠯᠭ᠎ᠠ ᠶᠢ 8 ᠰᠠᠷ᠎ᠠ ᠶᠢᠨ ᠳᠤᠮᠳᠠᠴᠢ ᠠᠴᠠ ᠡᠭᠢᠯᠡᠭᠦᠯᠦᠨ 10 ᠰᠠᠷ᠎ᠠ ᠶᠢᠨ ᠳᠤᠮᠳᠠᠴᠢ ᠪᠠᠷ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ ᠪᠠᠷᠢᠯᠭ᠎ᠠ ᠶᠢᠨ ᠠᠵᠢᠯ ᠳᠠᠭᠤᠰᠤᠭᠰᠠᠨ ᠤ ᠳᠠᠷᠠᠭ᠎ᠠ᠂ ᠪᠠᠷᠤᠭ ᠪᠦᠬᠦ ᠵᠢᠯ ᠳᠤ ᠤᠰᠤ ᠭᠡᠷᠡᠭᠯᠡᠭᠦ ᠴᠠᠭ ᠢ 7 ᠠᠴᠠ 10 ᠡᠳᠦᠷ ᠪᠣᠭᠤᠨᠢᠰᠬᠠᠵᠤ᠂ ᠵᠢᠯ ᠤᠨ ᠤᠰᠤ ᠬᠡᠷᠡᠭᠯᠡᠬᠦ ᠬᠡᠮᠵᠢᠶ᠎ᠡ ᠶᠢ 600 ᠲᠦᠮᠡᠨ ᠺᠦᠪ ᠮᠧᠲᠷ ᠣᠷᠴᠢᠮ ᠪᠠᠭᠠᠰᠬᠠᠨ᠎ᠠ ᠭᠡᠪᠡ᠃      ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠬᠤᠲᠠ 18.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠥᠭᠡᠷᠡᠴᠢᠯᠡᠨ ᠰᠢᠨᠡᠳᠬᠡᠬᠦ ᠢᠨᠵᠧᠨᠧᠷᠢᠩ  ᠢ ᠭᠡᠷᠡᠭᠵᠢᠭᠦᠯᠦᠨ᠂ 23.13 ᠳ᠋ᠦᠩᠰᠢᠭᠤᠷ ᠲᠥᠭᠦᠷᠢᠭ ᠤᠨ ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ ᠤᠰᠤᠨ ᠤ ᠡᠷᠬᠡ ᠶᠢᠨ ᠠᠶᠢᠮᠠᠭ ᠬᠤᠲᠠ ᠶᠢᠨ ᠬᠤᠭᠤᠷᠣᠨᠳᠤ ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠦᠨ᠎ᠡ᠃ 2023 ᠣᠨ ᠤ ᠡᠴᠦᠰ ᠪᠣᠯᠬᠤ ᠳᠤ᠂ ᠬᠤᠶᠠᠷ ᠵᠤᠶᠢᠯ ᠤᠨ ᠢᠨᠵᠧᠨᠧᠷᠢᠩ ᠳᠤ ᠨᠡᠶᠢᠲᠡ 12.52 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠭᠤᠣᠯ ᠰᠤᠪᠠᠭ ᠤᠨ ᠲᠤᠳᠤᠷ ᠲᠠᠯ᠎ᠠ ᠶᠢ ᠬᠠᠳᠠᠭᠤᠷᠠᠭᠤᠯᠬᠤ ᠪᠠᠷᠢᠯᠭ᠎ᠠ ᠶᠢ 461 ᠺᠢᠯᠣᠮᠧᠲᠷ ᠪᠡᠶᠡᠯᠡᠭᠦᠯᠵᠦ᠂ ᠲᠤᠳᠤᠷ ᠲᠠᠯ᠎ᠠ ᠶᠢ ᠬᠠᠳᠠᠭᠤᠷᠠᠭᠤᠯᠤᠭᠰᠠᠨ ᠨᠣᠷᠮ᠎ᠠ ᠶᠢ 2020 ᠣᠨ ᠤ 36% ᠠᠴᠠ 50% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠵᠦ᠂ ᠤᠰᠤᠯᠠᠯᠲᠠ ᠶᠢᠨ ᠲᠠᠯᠠᠪᠠᠢ ᠶᠢ 400 ᠲᠦᠮᠡᠨ ᠮᠤ᠋ ᠠᠴᠠ ᠳᠡᠭᠡᠭᠰᠢ ᠦᠭᠡᠷᠡᠴᠢᠯᠡᠨ ᠰᠠᠶᠢᠵᠢᠷᠠᠭᠤᠯᠪᠠ᠃ ᠡᠭᠦᠨ ᠠᠴᠠ ᠭᠠᠳᠠᠨ᠎ᠠ᠂ ᠮᠠᠨ ᠤ ᠬᠤᠲᠠ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠪᠦᠬᠦᠯᠢ ᠤᠰᠤᠯᠠᠯᠲᠠ ᠶᠢᠨ ᠤᠷᠤᠨ ᠢ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠤᠯᠤᠰ ᠤᠨ 93 ᠲᠦᠮᠡᠨ ᠮᠦ ᠶᠢᠨ ᠲᠤᠷᠰᠢᠯᠲᠠ ᠶᠢᠨ ᠴᠢᠭ᠋ ᠢ ᠲᠦᠯᠬᠢᠨ ᠠᠬᠢᠭᠤᠯᠬᠤ ᠪᠠ 120 ᠲᠦᠮᠡᠨ ᠮᠦ ᠠᠴᠠ ᠳᠡᠭᠡᠭᠰᠢᠬᠢ ᠬᠠᠲᠤᠨ ᠭᠤᠣᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠲᠥᠷᠥᠯ ᠵᠦᠢᠯ ᠢ ᠴᠢᠨᠠᠷ ᠰᠠᠶᠢᠳᠠᠢ ᠪᠠᠷ ᠪᠡᠶᠡᠯᠡᠭᠦᠯᠦᠨ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤ ᠶᠢ ᠪᠦᠲᠦᠮᠵᠢᠲᠡᠶ ᠠᠰᠢᠭᠯᠠᠬᠤ ᠨᠤᠷᠮ᠎ᠠ ᠶᠢ ᠤᠯᠠᠮ ᠨᠢᠭᠡ ᠠᠯᠬᠤᠮ ᠲᠡᠭᠡᠭᠰᠢᠯᠡᠭᠦᠯᠪᠡ᠃       ᠦᠶᠤᠸᠠᠨ ᠰᠢᠶᠠᠨ ᠤ ᠺᠠᠢ ᠢ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶᠠᠵᠢᠯ ᠤᠨ ᠬᠠᠷᠢᠭᠤᠴᠠᠯᠭᠠᠲᠠᠨ ᠸᠠᠩ ᠺᠠᠢ ᠰᠤᠷᠪᠤᠯᠵᠢᠯᠠᠭᠴᠢ ᠳᠤ ᠰᠢᠯᠵᠢᠮᠡᠯ ᠮᠠᠶ᠋ᠢᠭ ᠤᠨ ᠤᠰᠤ ᠪᠣᠷᠳᠣᠭᠤᠷ ᠢ ᠨᠢᠭᠡ ᠴᠤᠭᠴᠠᠵᠢᠭᠤᠯᠤᠭᠰᠠᠨ ᠲᠦᠭᠦᠭᠡᠷᠤᠮᠵᠢ ᠶᠢ ᠭᠡᠷᠡᠭᠯᠡᠭᠰᠡᠨ ᠤ ᠳᠠᠷᠠᠭ᠎ᠠ᠂ 60% ᠠᠴᠠ ᠳᠡᠭᠡᠭᠰᠢ ᠤᠰᠤ ᠠᠷᠪᠢᠯᠠᠵᠤ᠂ ᠲᠠᠷᠢᠶᠠᠨ ᠡᠮ᠂ ᠬᠢᠮᠢ ᠶᠢᠨ ᠪᠣᠷᠳᠣᠭᠤᠷ ᠢ 30% ᠳᠤ ᠭᠦᠷᠭᠡᠪᠡ᠂ ᠢᠩᠭᠢᠵᠦ ᠪᠣᠳᠣᠪᠠᠯ ᠮᠦ ᠪᠦᠷᠢ ᠶᠢᠨ ᠥᠪᠡᠷ ᠤᠨ ᠥᠷᠲᠡᠭ ᠪᠠᠷᠤᠭ400 ᠲᠦᠭᠦᠷᠢᠭ ᠤᠷᠴᠢᠮ ᠪᠠᠭᠤᠷᠠᠨ᠎ᠠ ᠭᠡᠪᠡ᠃      2023 ᠣᠨ ᠳᠤ᠂ ᠮᠠᠨ ᠤ ᠬᠤᠲᠠ ᠬᠠᠮᠢᠶᠠᠷᠤᠯᠳᠠ ᠲᠠᠢ ᠤᠰᠤ ᠠᠷᠪᠢᠯᠠᠬᠤ᠂ ᠢᠨᠵᠧᠨᠧᠷᠢᠩ ᠤᠨ ᠤᠰᠤ ᠠᠷᠪᠢᠯᠠᠬᠤ᠂ ᠲᠠᠷᠢᠶᠠᠯᠠᠩ ᠤᠨ ᠮᠡᠷᠭᠡᠵᠢᠯ ᠤᠨ ᠤᠰᠤ ᠠᠷᠪᠢᠯᠠᠬᠤ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠵᠡᠷᠭᠡ ᠠᠷᠭ᠎ᠠ ᠬᠡᠮᠵᠢᠶ᠎ᠡ ᠪᠠᠷ ᠲᠠᠮᠵᠢᠨ᠂ 1.426 ᠳ᠋ᠦᠩᠰᠢᠭᠤᠷ ᠺᠦᠪ ᠮᠧᠲᠷ ᠤᠰᠤ ᠠᠷᠪᠢᠯᠠᠨ᠂ ᠵᠢᠯ ᠤᠨ ᠡᠬᠢᠨ ᠳᠤ ᠲᠣᠭᠲᠠᠭᠠᠭᠰᠠᠨ 1.17 ᠳ᠋ᠦᠩᠰᠢᠭᠤᠷ ᠺᠦᠪ ᠮᠧᠲᠷ ᠤᠨ ᠤᠰᠤ ᠠᠷᠪᠢᠯᠠᠬᠤ ᠬᠠᠷᠠᠯᠲᠠ ᠶᠢ ᠳᠠᠪᠠᠭᠤᠯᠤᠨ ᠪᠡᠶᠡᠯᠡᠭᠦᠯᠪᠡ᠃ ᠬᠠᠳᠤᠨ ᠭᠤᠤᠯ ᠤᠨ ᠤᠰᠤᠯᠠᠯᠲᠠ ᠶᠢᠨ ᠤᠷᠤᠨ ᠢ ᠳᠤᠮᠳᠠᠳᠤ ᠤᠯᠤᠰ ᠤᠨ ᠤᠰᠤᠯᠠᠯᠲᠠ ᠶᠢᠨ ᠣᠷᠣᠨ ᠤ ᠨᠡᠶᠢᠭᠡᠮᠯᠢᠭ ᠠᠴᠠ ︽ᠤᠰᠤ ᠠᠷᠪᠢᠯᠠᠬᠤ ᠬᠡᠯᠪᠡᠷᠢ ᠶᠢᠨ ᠵᠢᠱᠢᠶ᠎ᠡ ᠦᠵᠡᠭᠦᠯᠬᠦ ᠤᠰᠤᠯᠠᠯᠲᠠ ᠶᠢᠨ ᠣᠷᠣᠨ︾ ᠤ ᠴᠤᠯᠠ ᠣᠯᠭᠤᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠲᠣᠰ ᠴᠤᠯᠠ ᠶᠢ ᠤᠯᠤᠭᠰᠠᠨ ᠤᠰᠤᠯᠠᠯᠲᠠ ᠶᠢᠨ ᠣᠷᠣᠨ ᠪᠣᠯᠤᠭᠰᠠᠨ ᠪᠠᠶᠢᠨ᠎ᠠ᠃ 
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ