ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠶᠢ ᠬᠠᠷᠢᠭᠤᠯᠤᠨ ᠡᠷᠡᠮᠡᠬᠡᠶᠢᠯᠡᠨ ᠤᠷᠤᠭᠰᠢᠯᠠᠭᠰᠠᠨ ᠨᠢᠭᠡ ᠵᠢᠯ — ᠤᠷᠠᠳ ᠤᠨ ᠳᠤᠮᠳᠠᠳᠤ ᠬᠤᠰᠢᠭᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠡ ᠶᠢᠨ ᠬᠤᠷᠳᠤᠴᠡ ᠶᠢ ᠲᠦᠷᠭᠡᠳᠭᠡᠵᠤ ᠪᠠᠶᠢᠨ᠎ᠠ
ᠨᠡᠶᠢᠲᠡᠯᠡᠭᠰᠡᠨ ᠴᠠᠭ᠄
2024/7/29
      ᠤᠷᠠᠳ ᠤᠨ ᠳᠤᠮᠳᠠᠳᠤ ᠬᠤᠰᠢᠭᠤ ︽ᠲᠥᠷᠥᠯ  ᠵᠦᠢᠯ ᠢᠶᠠᠷ  ᠭᠤᠤᠯ ᠪᠣᠯᠭᠠᠬᠤ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠴᠠᠭ ᠮᠥᠴᠡ ᠶᠢ ᠠᠮᠵᠢᠨ ᠠᠵᠢᠯ ᠤᠨ ᠠᠬᠢᠴᠠ ᠶᠢ  ᠲᠦᠷᠭᠡᠳᠭᠡᠨ᠂ ᠨᠠᠩ ᠬᠦᠴᠦᠲᠡᠶ ᠪᠠᠲᠤᠯᠠᠭ᠎ᠠ᠂ ᠨᠠᠩ ᠯᠠᠪᠳᠠᠭᠤᠨ ᠠᠷᠭ᠎ᠠ ᠬᠡᠮᠵᠢᠶ᠎ᠡ᠂ ᠨᠠᠩ  ᠬᠦᠢᠴᠡᠳ ᠡᠷᠴᠢ ᠵᠣᠷᠢᠭ ᠢᠶᠠᠷ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠬᠤᠷᠳᠤᠴᠠ ᠶᠢ ᠲᠦᠷᠭᠡᠳᠭᠡᠵᠤ ᠪᠠᠶᠢᠨ᠎ᠠ᠃      ᠱᠧᠨ ᠬᠤᠸᠠ ᠪᠠᠶᠠᠨᠨᠠᠭᠤᠷ ᠤᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠬᠡᠦᠷᠰᠢᠭᠦᠯᠬᠦ ᠵᠤᠤᠬ᠎ᠠ ᠶᠢᠨ ᠬᠠᠭᠤᠷᠠᠶ ᠪᠠᠷ ᠬᠡᠦᠷᠰᠢᠭᠦᠯᠬᠦ ᠠᠷᠭ᠎ᠠ ᠪᠠᠷ ᠬᠡᠦᠷᠡᠰᠦ ᠶᠢ ᠤᠨᠲᠠᠷᠠᠭᠠᠵᠤ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠢᠨᠵᠧᠨᠧᠷᠢᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠬᠦ ᠳᠤ᠂ ᠲᠤᠮᠤ ᠬᠡᠯᠪᠡᠷᠢ ᠶᠢᠨ ᠳᠡᠭᠦᠵᠢᠯᠡᠨ ᠤᠭᠰᠠᠷᠠᠬᠤ ᠮᠠᠰᠢᠨ ᠶᠠᠭ ᠪᠠᠴᠢᠮ ᠶᠠᠭᠠᠷᠠᠯᠲᠠᠢ ᠠᠵᠢᠯᠯᠠᠵᠤ᠂ ᠠᠵᠢᠯᠴᠢᠳ ᠡᠮᠬᠢ ᠵᠠᠮᠪᠠᠷᠠᠭ᠎ᠠ ᠲᠠᠢ ᠪᠠᠷ ᠪᠤᠯᠤᠳ  ᠤᠳᠠᠰᠤ ᠶᠢ ᠪᠤᠯᠪᠠᠰᠤᠷᠠᠭᠤᠯᠤᠨ᠂ ᠲᠤᠬᠠᠢ ᠶᠢᠨ ᠲᠠᠯᠠᠪᠠᠢ ᠳᠤ ᠮᠠᠰᠢ ᠶᠠᠭᠠᠷᠠᠯᠲᠠᠢ  ᠪᠠᠶᠢᠯ᠎ᠠ᠃      ᠱᠧᠨ ᠬᠤᠸᠠ ᠪᠠᠶᠠᠨᠨᠠᠭᠤᠷ ᠤᠨ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠦᠷᠰᠢᠭᠦᠯᠬᠦ ᠦᠢᠯᠡᠳᠪᠦᠷᠢ ᠶᠢᠨ ᠨᠢᠭᠡᠳᠦᠭᠡᠷ ᠬᠤᠭᠤᠴᠠᠭᠠᠨ ᠤ ᠨᠢᠭᠡᠳᠦᠭᠡᠷ ᠦᠢᠯᠡᠳᠪᠤᠷᠢᠯᠡᠯ ᠤᠨ ᠱᠤᠭᠤᠮ ᠤᠨ ᠵᠢᠯ ᠳᠤ ᠪᠠᠷᠤᠭ 120 ᠲᠦᠮᠡᠨ ᠲᠣᠨ ᠨᠡᠬᠦᠷᠡᠰᠤ ᠶᠢ ᠬᠠᠭᠤᠷᠠᠶ ᠪᠠᠷ  ᠬᠡᠤᠷᠰᠢᠭᠦᠯᠵᠤ᠂  ᠬᠡᠤᠷᠰᠢᠭᠦᠯᠤᠭ᠍ᠰᠡᠨ ᠢᠯᠴᠢ ᠶᠢ ᠡᠭᠡᠭᠦᠯᠦᠨ ᠬᠤᠷᠢᠶᠠᠵᠤ᠂ ᠡᠨᠧᠷᠭᠢ ᠶᠢᠨ ᠬᠤᠷᠣᠭᠳᠠᠯ ᠢ ᠪᠠᠭᠠᠰᠬᠠᠨ᠂  ᠬᠡᠤᠷᠰᠢᠭᠦᠯᠤᠭ᠍ᠰᠡᠨ ᠨᠡᠬᠦᠷᠡᠰᠤ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ ᠂ ᠺᠣᠮᠫᠠᠨᠢ ᠠᠴᠠ ᠡᠨᠡ ᠵᠢᠯ ᠤᠨ 4 ᠰᠠᠷ᠎ᠠ ᠠᠴᠠ ᠡᠬᠢᠯᠡᠨ ᠶᠡᠷᠦᠩᠬᠡᠶ ᠪᠡᠯᠡ ᠣᠷᠣᠭᠤᠯᠤᠯᠲᠠ ᠨᠢ 3.168 ᠳ᠋ᠦᠩᠰᠢᠭᠤᠷ ᠲᠥᠭᠦᠷᠢᠭ ᠤᠨ ᠬᠡᠦᠷᠰᠢᠭᠦᠯᠬᠦ ᠵᠤᠤᠬ᠎ᠠ ᠶᠢᠨ ᠬᠠᠭᠤᠷᠠᠶ ᠪᠠᠷ ᠬᠡᠦᠷᠰᠢᠭᠦᠯᠬᠦ ᠠᠷᠭ᠎ᠠ ᠪᠠᠷ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠢᠨᠵᠧᠨᠧᠷᠢᠩ ᠤᠨ ᠲᠦᠷᠦᠯ ᠵᠦᠢᠯ ᠢ ᠬᠡᠷᠡᠭᠵᠢᠭᠦᠯᠪᠡ᠃ ᠲᠥᠷᠥᠯ  ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠡᠵᠡᠩᠨᠡᠯᠲᠡ ᠶᠢᠨ ᠣᠷᠣᠯᠭ᠎ᠠ 1.41 ᠳ᠋ᠦᠩᠰᠢᠭᠤᠷ ᠲᠥᠭᠦᠷᠢᠭ  ᠬᠦᠷᠬᠦ ᠪᠣᠯᠤᠨ᠎ᠠ᠃ ᠡᠭᠦᠨ ᠤ ᠬᠠᠮᠲᠤ᠂ ᠲᠣᠰ ᠲᠥᠷᠥᠯ ᠵᠦᠢᠯ ᠳᠤ ᠪᠠᠰᠠ ᠬᠠᠭᠤᠷᠠᠶ ᠪᠠᠷ ᠬᠡᠤᠷᠰᠢᠬᠦᠯᠤᠭ᠍ᠰᠡᠨ ᠦᠯᠡᠳᠡᠪᠦᠷᠢ ᠢᠯᠴᠢ ᠶᠢᠨ  ᠵᠤᠤᠬ᠎ᠠ ᠠᠴᠠ ᠡᠭᠦᠰᠦᠭᠰᠡᠨ ᠠᠭᠤᠷ ᠢᠶᠠᠷ ᠴᠠᠬᠢᠯᠭᠠᠨ ᠭᠠᠷᠭᠠᠵᠤ ᠪᠣᠯᠤᠨ᠎ᠠ᠂ ᠵᠢᠱᠢᠯᠲᠡ ᠪᠠᠷ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 1.78 ᠳ᠋ᠦᠩᠰᠢᠭᠤᠷ ᠭᠷᠠᠳᠦ᠋ᠰ ᠲᠤ ᠬᠥᠷᠬᠦ ᠪᠣᠯᠤᠨ᠎ᠠ᠃      ᠤᠷᠠᠳ ᠤᠨ ᠳᠤᠮᠳᠠᠳᠤ ᠬᠤᠰᠢᠭᠤᠨ ᠳᠤ ᠡᠯᠪᠡᠭ ᠪᠠᠶᠠᠯᠢᠭ ᠠᠭᠤᠷᠬᠠᠶ ᠶᠢᠨ ᠭᠠᠷᠤᠯᠲᠠ᠂ ᠥᠩᠭᠡ ᠦᠵᠡᠮᠵᠢ᠂ ᠲᠠᠷᠢᠶᠠᠯᠠᠩ ᠮᠠᠯ ᠠᠵᠤ ᠠᠬᠤᠶ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠲᠠᠢ ᠪᠠᠶᠢᠵᠤ᠂ ᠬᠢᠯᠢ ᠶᠢᠨ ᠳᠣᠲᠣᠷ᠎ᠠ ᠨᠢᠭᠡᠨᠲᠡ 68  ᠠᠭᠤᠷᠬᠠᠢ ᠶᠢᠨ ᠲᠥᠷᠥᠯ ᠢ ᠬᠠᠶᠢᠨ ᠳᠣᠲᠣᠯᠠᠵᠤ᠂ ᠣᠷᠣᠨ ᠪᠠᠶᠢᠷᠢ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠤᠷᠠᠳ ᠤᠨ ᠳᠤᠮᠳᠠᠳᠤ ᠬᠤᠰᠢᠭᠤᠨ ᠤ ᠠᠵᠤ  ᠦᠢᠯᠡᠳᠪᠤᠷᠢ ᠶᠢᠨ ᠠᠵᠤ ᠠᠬᠤᠶ ᠨᠢ ᠪᠣᠬᠢᠷᠲᠤᠯ ᠥᠬᠡᠶ ᠴᠡᠪᠡᠷ ᠡᠨᠧᠷᠭᠢ ᠶᠢ ᠨᠡᠭᠡᠭᠡᠨ ᠠᠰᠢᠭᠯᠠᠬᠤ᠂ ᠨᠡᠭᠦᠷᠡᠰᠦ  ᠮᠡᠯᠳᠡᠵᠤ ᠤᠬᠢᠶᠠᠵᠤ ᠰᠢᠯᠢᠬᠦ᠂  ᠬᠡᠤᠷᠰᠢᠬᠦᠯᠬᠦ ᠵᠡᠷᠭᠡ ᠭᠤᠤᠯᠳᠠᠯᠭ᠎ᠠ ᠲᠠᠢ ᠲᠤᠯᠭᠠᠭᠤᠷᠢ ᠠᠵᠤ ᠦᠢᠯᠡᠰ ᠢ ᠪᠣᠶ ᠪᠣᠯᠭᠠᠭᠰᠠᠨ ᠪᠥᠭᠡᠳ ᠳᠠᠪᠠᠭᠤᠯᠢᠭ ᠠᠵᠢᠯ ᠲᠥᠷᠥᠯ ᠤᠨ ᠠᠵᠤ ᠦᠢᠯᠡᠰ ᠤᠨ ᠬᠡᠯᠬᠢᠶ᠎ᠡ ᠪᠠᠨ ᠲᠠᠰᠤᠷᠠᠯᠲᠠ ᠥᠬᠡᠶ ᠤᠷᠲᠤᠳᠬᠠᠬᠤ ᠶᠢ ᠠᠬᠢᠭᠤᠯᠵᠤ᠂ ᠠᠵᠤ  ᠦᠢᠯᠡᠳᠪᠤᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃      ᠥᠪᠥᠷ ᠮᠣᠩᠭᠤᠯ ᠤᠨ ᠠᠨᠾᠦ᠋ᠢ ᠶᠢᠨ ᠴᠠᠬᠢᠭᠤᠷ ᠤᠨ  ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ  ᠠᠷᠠᠯᠵᠢᠶᠠᠴᠢᠨ ᠤᠷᠢᠵᠤ ᠪᠠᠯᠠ ᠣᠷᠣᠭᠤᠯᠬᠤ   ᠶᠢ ᠲᠠᠮᠵᠢᠨ᠂ ᠤᠷᠠᠳ ᠤᠨ ᠳᠤᠮᠳᠠᠳᠤ ᠬᠤᠰᠢᠭᠤᠨ ᠳᠤ ᠤᠷᠤᠵᠤ ᠢᠷᠡᠨ ᠰᠠᠭᠤᠷᠢᠰᠢᠨ᠂  ᠰᠤᠷᠪᠤᠯᠵᠢᠯᠠᠭᠴᠢ ᠺᠣᠮᠫᠠᠨᠢ ᠶᠢᠨ ᠵᠢᠯ ᠳᠤ 30 ᠲᠦᠮᠡᠨ ᠲᠣᠨ ᠦᠢᠯᠡᠳᠪᠤᠷᠢᠯᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠤᠷ ᠲᠤ ᠬᠦᠷᠴᠦ᠂ ᠪᠠᠷᠢᠮᠵᠢᠶᠠᠲᠤ ᠦᠢᠯᠡᠳᠪᠤᠷᠢᠯᠡᠯ ᠤᠨ ᠲᠠᠰᠤᠭ ᠲᠤ ᠲᠣᠨᠤᠭ ᠲᠥᠬᠦᠭᠡᠷᠦᠮᠵᠢ ᠶᠢ ᠭᠠᠩᠨᠠᠵᠤ ᠤᠭᠰᠠᠷᠠᠬᠤ ᠠᠵᠢᠯ ᠢ ᠶᠠᠭ ᠶᠠᠭᠠᠷᠠᠯᠳᠡᠢ ᠬᠢᠵᠦ ᠂  ᠶᠡᠷᠦᠩᠬᠡᠶᠢᠯᠡᠭᠰᠡᠨ ᠠᠰᠠᠷ ᠤᠨ ᠠᠯᠪᠠᠯᠠᠬᠤ ᠠᠰᠠᠷ ᠤᠨ ᠭᠤᠣᠯ ᠴᠣᠭᠴᠠ ᠶᠢ ᠨᠢᠭᠡᠨᠲᠡ ᠦᠨᠳᠦᠰᠦᠨ ᠳᠡᠭᠡᠨ ᠪᠠᠷᠢᠵᠤ ᠳᠠᠭᠤᠰᠬᠠᠪᠠ᠃ ᠲᠣᠰ ᠲᠥᠷᠥᠯ  ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 3 ᠳ᠋ᠦᠩᠰᠢᠭᠤᠷ ᠲᠥᠭᠦᠷᠢᠭ ᠪᠠᠶᠢᠵᠤ᠂ ᠭᠤᠤᠯᠳᠠᠭᠤ ᠪᠠᠷᠢᠯᠭ᠎ᠠ ᠶᠢᠨ ᠬᠠᠪᠲᠠᠰᠤᠨ ᠮᠠᠲ᠋ᠧᠷᠢᠶᠠᠯ ᠳᠤ ᠬᠡᠷᠡᠭᠯᠡᠬᠦ  ᠴᠢᠯᠠᠭᠤᠨ ᠡᠯᠡᠰᠦ  ᠦᠢᠯᠡᠳᠪᠤᠷᠢᠯᠡᠵᠤ᠂ ᠪᠠᠷᠢᠯᠭ᠎ᠠ ᠶᠢᠨ ᠶᠡᠷᠦᠩᠬᠡᠶ ᠲᠠᠯᠠᠪᠠᠶ ᠨᠢ ᠪᠠᠷᠤᠭ 4 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠬᠤᠶᠠᠷ ᠬᠤᠭᠤᠴᠠᠭ᠎ᠠ ᠬᠤᠪᠢᠶᠠᠨ ᠶᠠᠪᠤᠭᠳᠠᠭᠤᠯᠤᠨ᠎ᠠ᠃ ᠲᠥᠷᠥᠯ  ᠵᠦᠢᠯ ᠤᠨ ᠬᠡᠷᠡᠭᠵᠢᠭᠦᠯᠦᠯᠲᠡ ᠨᠢ ᠤᠷᠠᠳ ᠤᠨ ᠳᠤᠮᠳᠠᠳᠤ ᠬᠤᠰᠢᠭᠤᠨ ᠤ  ᠴᠢᠯᠠᠭᠤᠨ ᠡᠯᠡᠰᠦ ᠦᠢᠯᠡᠳᠪᠤᠷᠢᠯᠡᠬᠦ  ᠠᠵᠢᠯ ᠲᠥᠷᠥᠯ ᠤᠨ ᠬᠠᠩᠭᠠᠯᠭ᠎ᠠ ᠶᠢᠨ ᠬᠡᠯᠬᠢᠶ᠎ᠡ ᠪᠠ ᠠᠵᠤ ᠦᠢᠯᠡᠰ ᠤᠨ ᠬᠡᠯᠬᠢᠶ᠎ᠡ ᠶᠢᠨ ᠲᠡᠭᠦᠯᠳᠡᠷᠵᠢᠯᠲᠡ ᠶᠢ ᠪᠦᠲᠦᠮᠵᠢᠲᠡᠶ ᠠᠬᠢᠭᠤᠯᠵᠤ᠂ ᠮᠡᠷᠭᠡᠵᠢᠯ ᠤᠨ ᠳᠠᠪᠰᠢᠯᠲᠠ ᠶᠢ ᠠᠬᠢᠭᠤᠯᠤᠨ᠂ ᠤᠷᠠᠳ ᠤᠨ ᠳᠤᠮᠳᠠᠳᠤ ᠬᠤᠰᠢᠭᠤᠨ ᠤ ᠨᠡᠭᠦᠷᠡᠰᠦᠲᠥ᠋ᠷᠥᠭᠴᠢ ᠥᠬᠡᠶ ᠬᠦᠷᠢᠶᠡᠯᠡᠩ ᠲᠣᠭᠤᠷᠢᠭ ᠤᠨ ᠠᠵᠤ  ᠦᠢᠯᠡᠰ ᠤᠨ ᠰᠦᠷᠦᠭᠵᠢᠯ ᠤᠨ ᠬᠥᠭᠵᠢᠯᠲᠡ ᠳᠤ ᠬᠦᠴᠦᠲᠡᠶ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠯ ᠤᠨ ᠦᠢᠯᠡᠳᠬᠦᠨ ᠤ ᠥᠷᠲᠡᠭ ᠨᠢ 3 ᠳ᠋ᠦᠩᠰᠢᠭᠤᠷ ᠲᠥᠭᠦᠷᠢᠭ ᠲᠤ ᠬᠦᠷᠴᠦ᠂  ᠭᠠᠶᠢᠯᠢ  ᠶᠢᠨ ᠤᠷᠤᠯᠭ᠎ᠠ ᠶᠢ 1500 ᠲᠦᠮᠡᠨ ᠲᠥᠭᠦᠷᠢᠭ ᠪᠡᠶᠡᠯᠡᠭᠦᠯᠦᠨ᠎ᠡ᠃      ᠥᠪᠥᠷ ᠮᠣᠩᠭᠤᠯ ᠤᠨ ᠠᠨᠾᠦ᠋ᠢ ᠶᠢᠨ ᠴᠠᠬᠢᠭᠤᠷ ᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ  ᠵᠤ᠋ ᠰᠢᠤᠸᠠᠢ ᠹᠧᠩ  ᠤᠨ ᠬᠡᠯᠡᠬᠦ ᠪᠠᠷ᠂ ᠣᠳᠣᠬᠠᠨ ᠳᠤ ᠪᠦᠬᠦ ᠪᠠᠷᠢᠯᠭ᠎ᠠ ᠶᠢᠨ  70% ᠶᠢ ᠪᠡᠶᠡᠯᠡᠭᠦᠯᠵᠦ᠂ ᠵᠢᠱᠢᠯᠲᠡ ᠪᠠᠷ 7 ᠰᠠᠷ᠎ᠠ ᠶᠢᠨ ᠡᠴᠦᠰ ᠲᠤ ᠪᠦᠬᠦᠨ ᠢ ᠳᠠᠭᠤᠰᠬᠠᠵᠤ᠂ 8 ᠰᠠᠷ᠎ᠠ ᠳᠤ ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠪᠣᠯᠤᠨ᠎ᠠ ᠃      ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠᠷ ᠡᠬᠢᠯᠡᠯᠲᠡ ᠪᠠ ᠲᠤᠰᠤᠯᠲᠠ ᠪᠠᠨ ᠪᠣᠯᠭᠠᠬᠤ ᠶᠢ ᠪᠠᠷᠢᠮᠲᠠᠯᠠᠵᠤ᠂ ᠤᠷᠠᠳ ᠤᠨ ᠳᠤᠮᠳᠠᠳᠤ ᠬᠤᠰᠢᠭᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠲᠤᠰᠬᠠᠶ ᠬᠥᠮᠦᠨ ᠲᠤᠰᠬᠠᠶ ᠠᠩᠭᠢ ᠪᠠᠷ ᠠᠵᠤ ᠠᠬᠤᠶᠢᠯᠠᠯ ᠲᠠᠢ ᠵᠣᠯᠭᠠᠭᠤᠯᠵᠤ ᠬᠦᠴᠢᠷ ᠠᠰᠠᠭᠤᠳᠠᠯ ᠢ ᠰᠢᠢᠳᠪᠦᠷᠢᠯᠡᠵᠦ᠂ ︽ᠠᠵᠤ ᠠᠬᠤᠶᠢᠯᠠᠯᠲᠠᠨ ᠤ  ᠵᠢᠷᠬᠢᠶ᠎ᠡ ᠶᠢᠨ ᠪᠦᠯᠦᠭ︾ ᠢ ᠪᠠᠶᠢᠭᠤᠯᠵᠤ᠂ ᠰᠤᠷᠤᠯᠴᠠᠯᠭ᠎ᠠ ᠰᠣᠯᠢᠯᠴᠠᠭ᠎ᠠ᠂ ᠪᠡᠯᠡ ᠣᠷᠣᠭᠤᠯᠤᠯᠲᠠ ᠶᠢᠨ ᠬᠤᠯᠪᠣᠭᠠᠯᠠᠯ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠶᠠᠷᠢᠯᠴᠠᠭ᠎ᠠ ᠶᠢᠨ ᠲᠠᠪᠴᠠᠩ ᠢ ᠪᠠᠶᠢᠭᠤᠯᠵᠡᠢ︔ ᠠᠵᠤ ᠠᠬᠤᠶᠢᠯᠠᠯ ᠳᠤ ᠠᠰᠢᠭ ᠬᠦᠷᠲᠡᠭᠡᠬᠦ ᠠᠯᠢ ᠤᠯᠠᠨ ᠲᠦᠷᠦ ᠶᠢᠨ ᠪᠤᠳᠤᠯᠭ᠎ᠠ ᠶᠢᠨ ᠳᠠᠭᠠᠭᠠᠴᠢᠯᠠᠯᠲᠠ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠠᠵᠤ ᠠᠬᠤᠶᠢᠯᠠᠯ ᠤᠨ ᠬᠤᠶᠢᠰᠢᠳᠠ ᠶᠢᠨ  ᠰᠠᠨᠠᠭᠠᠰᠢᠷᠠᠬᠤ ᠠᠰᠠᠭᠤᠳᠠᠯ ᠢ ᠨᠢ ᠠᠷᠢᠯᠭᠠᠪᠠ᠃ ᠡᠨᠡ ᠵᠢᠯ ᠤᠨ ᠲᠦᠷᠦᠭᠦᠦ ᠲᠠᠪᠤᠨ ᠰᠠᠷ᠎ᠠ ᠳᠤ᠂ ᠪᠦᠭᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠦᠷᠲᠡᠭ ᠢ 62.3  ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠶ ᠰᠠᠷ᠎ᠠ ᠳᠠᠷᠠᠭᠠᠯᠠᠨ ᠰᠠᠶᠢᠵᠢᠷᠠᠬᠤ ᠬᠠᠨᠳᠤᠰᠢ ᠲᠠᠢ ᠪᠣᠯᠪᠠ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ