ᠮᠠᠨ ᠤ ᠬᠤᠳᠠ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ ᠢ ᠠᠮᠵᠢᠨ᠂ ᠭᠡᠷᠡᠯ ᠴᠡᠨᠡᠭ᠂ ᠰᠠᠯᠬᠢᠨ ᠬᠦᠴᠦᠨ ᠤ ᠴᠠᠬᠢᠯᠭᠠᠨ | ᠵᠡᠷᠭᠡ ᠲᠦᠷᠦᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠶᠢᠷᠢᠯᠠᠭᠤᠯᠤᠨ᠂ ᠭᠡᠷᠡᠯ ᠴᠡᠨᠡᠭ᠂ ᠰᠠᠯᠬᠢᠨ | ᠬᠦᠴᠦᠨ ᠤ ᠴᠠᠬᠢᠯᠭᠠᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃ | ᠣᠳᠣᠬᠠᠨ ᠳᠤ᠂ ᠶᠡᠷᠦᠩᠬᠡᠢ ᠪᠡᠯᠡ ᠣᠷᠣᠭᠤᠯᠤᠯᠲᠠ ᠨᠢ 33.18 ᠳ᠋ᠦᠩᠰᠢᠭᠤᠷ ᠲᠥᠭᠦᠷᠢᠭ ᠪᠣᠯᠬᠤ ᠥᠪᠥᠷ ᠮᠣᠩᠭᠤᠯ ᠤᠨ ᠡᠨᠧᠷᠭᠢ ᠶᠢᠨ ᠤᠷᠠᠳ ᠤᠨ | ᠬᠤᠶᠢᠲᠤ ᠬᠤᠰᠢᠭᠤᠨ ᠤ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠨᠥᠭᠡᠴᠡ ᠶᠢᠨ ᠰᠠᠭᠤᠷᠢᠨ ᠭᠠᠵᠠᠷ ᠤᠨ ᠪᠠᠲᠤᠯᠠᠭ᠎ᠠ ᠶᠢᠨ ᠴᠢᠨᠠᠷᠲᠠᠢ ᠲᠥᠷᠥᠯ ᠵᠦᠢᠯ ᠢ | ᠪᠥᠬᠦ ᠲᠠᠯ᠎ᠠ ᠪᠠᠷ ᠱᠠᠯᠠᠪᠳᠠᠨ ᠪᠠᠶᠢᠭᠤᠯᠵᠤ᠂ ᠪᠠᠷᠢᠯᠭ᠎ᠠ ᠶᠢᠨ ᠠᠵᠢᠯᠲᠠᠳ ᠶᠠᠭ ᠰᠠᠯᠬᠢᠨ ᠬᠦᠴᠦᠨ ᠤ ᠮᠠᠰᠢᠨ ᠤ ᠰᠠᠭᠤᠷᠢ ᠮᠠᠯᠲᠠᠬᠤ᠂ ᠰᠠᠭᠤᠷᠢ ᠪᠠᠷᠢᠯᠭ᠎ᠠ ᠪᠠᠷᠢᠬᠤ | ᠵᠡᠷᠭᠡ ᠪᠦᠲᠦᠭᠡᠨ ᠪᠠᠶᠢᠭᠤᠯᠤᠯᠲᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠵᠦ ᠪᠠᠶᠢᠪᠠ᠃ | ᠥᠪᠥᠷ ᠮᠣᠩᠭᠤᠯ ᠤᠨ ᠡᠨᠧᠷᠭᠢ ᠶᠢᠨ ᠰᠤᠷᠪᠤᠯᠵᠢ ᠶᠢᠨ ᠤᠷᠠᠳ ᠤᠨ ᠬᠤᠶᠢᠲᠤ ᠬᠤᠰᠢᠭᠤᠨ ᠤ 100 ᠲᠦᠮᠡᠨ ᠺᠢᠯᠣᠸᠠᠲ ᠤᠨ ᠰᠠᠯᠬᠢᠨ ᠬᠦᠴᠦᠨ ᠤ | ᠨᠥᠭᠡᠴᠡ ᠶᠢᠨ ᠰᠠᠭᠤᠷᠢᠨ ᠭᠠᠵᠠᠷ ᠤᠨ ᠪᠠᠲᠤᠯᠠᠭ᠎ᠠ ᠶᠢᠨ ᠴᠢᠨᠠᠷᠲᠠᠢ ᠵᠦᠢᠯᠡᠰ ᠤᠨ ᠪᠦᠲᠦᠭᠡᠨ ᠪᠠᠶᠢᠭᠤᠯᠤᠯᠲᠠ ᠳᠤ 10MW ᠶᠢᠨ ᠰᠠᠯᠬᠢᠨ ᠬᠦᠴᠦᠨ ᠤ ᠮᠠᠰᠢᠨ ᠪᠠ | ᠢᠵᠢ ᠪᠦᠷᠢᠳᠦᠭᠦᠯᠬᠦ ᠢᠨᠵᠧᠨᠧᠷᠢᠩ᠂ 220 ᠺᠢᠯᠣᠸᠠᠲ ᠤᠨ ᠬᠦᠴᠦᠳᠡᠯ ᠳᠡᠭᠡᠭᠰᠢᠯᠡᠭᠦᠯᠬᠦ ᠥᠷᠲᠡᠭᠡ ᠪᠠ ᠠᠵᠢᠯᠯᠠᠭᠠᠨ ᠤ ᠬᠠᠮᠢᠶᠠᠷᠤᠯᠲᠠ ᠶᠢᠨ ᠲᠥᠪ ᠵᠡᠷᠭᠡ ᠢᠵᠢ | ᠪᠦᠷᠢᠳᠦᠭᠦᠯᠬᠦ ᠲᠥᠬᠦᠭᠡᠷᠦᠮᠵᠢ ᠶᠢ ᠤᠭᠰᠠᠷᠠᠬᠤ ᠵᠡᠷᠭᠡ ᠠᠭᠤᠯᠭ᠎ᠠ ᠪᠠᠭᠲᠠᠵᠤ᠂ ᠲᠣᠰ ᠲᠦᠷᠦᠯ ᠵᠦᠢᠯ ᠢ ᠡᠨᠡ ᠵᠢᠯ ᠤᠨ 12 ᠰᠠᠷ᠎ᠠ ᠶᠢᠨ ᠰᠡᠭᠦᠯᠴᠢ ᠪᠠᠷ ᠲᠣᠣᠷ ᠲᠤ | ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠡᠶᠡᠯᠡᠭᠦᠯᠬᠦ ᠪᠠᠷ ᠵᠢᠱᠢᠵᠦ ᠪᠣᠶ᠃ | ᠥᠪᠥᠷ ᠮᠣᠩᠭᠤᠯ ᠤᠨ ᠾᠦᠢ ᠹᠧᠩ ᠡᠨᠧᠷᠭᠢ ᠶᠢᠨ ᠰᠤᠷᠪᠤᠯᠵᠢ ᠶᠢᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠳᠠᠭᠠᠭᠠᠮᠠᠯ ᠯᠢ ᠬᠠᠢ ᠵᠧᠩ ᠤᠨ ᠬᠡᠯᠡᠬᠦ | ᠪᠠᠷ᠂ ᠲᠣᠰ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ ᠵᠢᠱᠢᠯᠲᠡ ᠪᠠᠷ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 34.84 ᠳ᠋ᠦᠩᠰᠢᠭᠤᠷ ᠺᠢᠯᠣᠸᠠᠲ | ᠴᠠᠭ ᠲᠤ ᠬᠦᠷᠴᠦ᠂ ᠪᠠᠷᠢᠮᠵᠢᠶᠠᠲᠤ ᠨᠡᠭᠦᠷᠡᠰᠦ ᠶᠢ 99.96 ᠲᠦᠮᠡᠨ ᠲᠣᠨ ᠠᠷᠪᠢᠯᠠᠨ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ | 280 ᠲᠦᠮᠡᠨ ᠲᠣᠨ ᠪᠠᠭᠠᠰᠬᠠᠵᠤ᠂ ᠨᠡᠶᠢᠭᠡᠮ᠂ ᠣᠷᠴᠢᠨ ᠠᠬᠤᠢ ᠶᠢᠨ ᠬᠠᠮᠠᠭᠠᠯᠠᠯᠲᠠ ᠵᠢᠴᠢ ᠠᠵᠤ ᠠᠬᠤᠢ ᠶᠢᠨ ᠰᠠᠶᠢᠨ ᠦᠷ᠎ᠡ ᠠᠰᠢᠭ ᠢ ᠪᠣᠶ ᠪᠤᠯᠭᠠᠨ᠎ᠠ ᠬᠡᠵᠤ | ᠪᠠᠶᠢᠯ᠎ᠠ᠃ | ᠮᠠᠨ ᠤ ᠬᠤᠳᠠ ᠶᠢᠨ ᠬᠡᠷᠡᠯ᠂ ᠰᠠᠯᠬᠢᠨ ᠤ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠰᠠᠯᠬᠢᠨ ᠤ ᠳᠤᠮᠳᠠᠴᠢ ᠬᠤᠷᠳᠤᠴᠠ ᠨᠢ ᠰᠧᠺᠦ᠋ᠨ᠋ᠳ᠋ ᠪᠦᠷᠢ 8 | ᠮᠧᠲᠷ ᠲᠤ ᠭᠥᠷᠳᠡᠭ ᠪᠦᠬᠡᠳ ᠪᠥᠬᠦ ᠵᠢᠯ ᠤᠨ ᠨᠡᠷᠡᠨ ᠤ ᠲᠤᠰᠤᠯᠲᠠ ᠨᠢ ᠳᠤᠮᠳᠠᠴᠢ ᠪᠠᠷ 3200 ᠴᠠᠭ ᠣᠷᠴᠢᠮ ᠪᠠᠶᠢᠵᠤ᠂ ᠲᠣᠮᠣ ᠬᠡᠯᠪᠡᠷᠢ ᠶᠢᠨ ᠰᠠᠯᠬᠢᠨ | ᠬᠦᠴᠦᠨ ᠤ ᠴᠠᠬᠢᠯᠭᠠᠨ᠂ ᠬᠡᠷᠡᠯ ᠴᠡᠨᠡᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠠᠪᠠᠭᠤᠯᠢᠭ ᠨᠥᠬᠦᠴᠡᠯ ᠲᠠᠢ ᠶᠤᠮ᠃ ᠮᠠᠨ ᠤ ᠬᠤᠲᠠ ᠤᠯᠤᠰ ᠤᠨ | ᠬᠠᠲᠤᠨ ᠭᠤᠣᠯ ᠤᠨ ︽ᠲᠤᠬᠤᠢ︾ ᠶᠢᠨ ᠤᠷᠤᠨ ᠤ ᠴᠡᠪᠡᠷ ᠡᠨᠧᠷᠭᠢ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠴᠢᠬᠤᠯᠠ ᠶᠡᠭᠡ ᠠᠵᠠ ᠲᠣᠬᠢᠶᠠᠯ ᠢ | ᠵᠠᠪᠳᠤᠨ ᠠᠳᠬᠤᠵᠤ᠂ ᠲᠣᠰ ᠭᠠᠵᠠᠷ ᠣᠷᠣᠨ ᠤ ᠪᠠᠨ ᠰᠢᠨ᠎ᠡ ᠡᠨᠧᠷᠭᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠥᠪᠡᠷᠮᠢᠴᠡ ᠳᠠᠪᠠᠭᠤᠯᠢᠭ ᠪᠠ ᠠᠵᠤ ᠦᠢᠯᠡᠰ ᠤᠨ | ᠰᠠᠭᠤᠷᠢ ᠳᠤ ᠰᠠᠭᠤᠷᠢᠯᠠᠨ᠂ ᠨᠢᠭᠡ ᠪᠦᠯᠦᠭ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠰᠠᠯᠬᠢᠨ ᠬᠦᠴᠦᠨ ᠤ | ᠴᠠᠬᠢᠯᠭᠠᠨ ᠤ ᠲᠠᠯᠠᠪᠤᠷ ᠪᠠ ᠬᠡᠷᠡᠯ ᠴᠡᠨᠡᠭ ᠤᠨ ᠴᠠᠬᠢᠯᠭᠠᠨ ᠥᠷᠲᠡᠭᠡ ᠶᠢ ᠪᠠᠶᠢᠭᠤᠯᠤᠭᠰᠠᠨ ᠪᠠᠶᠢᠨ᠎ᠠ᠃ ᠨᠢᠳᠤᠨᠤᠨ ᠤ ᠵᠢᠯ ᠤᠨ ᠡᠴᠦᠰ ᠲᠤ᠂ ᠤᠯᠤᠰ ᠤᠨ | ᠠᠩᠬᠠᠳᠠᠭᠴᠢ ᠪᠦᠯᠦᠭ ᠡᠯᠡᠰᠦ ᠮᠠᠩᠬ᠎ᠠ᠂ ᠭᠤᠪᠢ᠂ ᠡᠯᠡᠰᠦᠨ ᠴᠥᠯ ᠤᠨ ᠭᠠᠵᠠᠷ ᠣᠷᠣᠨ ᠢᠶᠠᠷ ᠭᠤᠣᠯᠳᠠᠯᠭ᠎ᠠ ᠪᠣᠯᠭᠠᠭᠰᠠᠨ ᠲᠣᠮᠣ ᠬᠡᠯᠪᠡᠷᠢ ᠶᠢᠨ ᠰᠠᠯᠬᠢᠨ | ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠢᠭᠡ ᠪᠣᠯᠬᠤ ᠱᠠᠩᠬ᠎ᠠ ᠶᠢᠨ ᠰᠦᠮ᠎ᠡ ᠠᠴᠠ ᠱᠠᠨᠳᠦ᠋ᠩ | ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠨᠡᠪᠲᠡᠷᠡᠬᠦ ᠵᠠᠮ ᠤᠨ ᠢᠵᠢ ᠪᠦᠷᠢᠳᠦᠭᠰᠡᠨ ᠪᠠᠶᠠᠨᠨᠠᠭᠤᠷ ᠬᠤᠲᠠ ᠶᠢᠨ 160 ᠲᠦᠮᠡᠨ ᠺᠢᠯᠣᠸᠠᠲ ᠤᠨ | ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠪᠥᠬᠦ ᠪᠠᠭᠲᠠᠭᠠᠮᠵᠢ ᠶᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠤᠯᠠᠭᠠᠨᠪᠤᠬ᠎ᠠ ᠡᠯᠡᠰᠦᠨ | ᠴᠦᠯ ᠤᠨ ᠵᠡᠭᠦᠨ ᠬᠤᠶᠢᠲᠤ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ 200 ᠲᠦᠮᠡᠨ ᠺᠢᠯᠣᠸᠠᠲ ᠤᠨ ᠬᠤᠰᠢᠭᠤᠴᠢ ᠢᠨᠵᠧᠨᠧᠷᠢᠩ ᠢ ᠨᠢᠭᠡᠨᠲᠡ | ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠤᠨ᠂ ᠡᠨᠡ ᠵᠢᠯ ᠤᠨ 3 ᠳ᠋ᠤᠭᠠᠷ ᠰᠠᠷ᠎ᠠ ᠶᠢᠨ 30 ᠤ ᠡᠳᠦᠷ᠂ ᠥᠪᠥᠷ ᠮᠣᠩᠭᠤᠯ ᠤᠨ ᠡᠨᠧᠷᠭᠢ ᠶᠢᠨ ᠤᠷᠠᠳ ᠤᠨ | ᠳᠤᠮᠳᠠᠳᠤ ᠬᠤᠰᠢᠭᠤᠨ ᠤ 150 ᠲᠦᠮᠡᠨ ᠺᠢᠯᠣᠸᠠᠲ ᠤᠨ ᠰᠠᠯᠬᠢᠨ ᠬᠦᠴᠦᠨ ᠤ ᠨᠥᠭᠡᠴᠡ ᠶᠢᠨ ᠰᠠᠭᠤᠷᠢᠨ ᠭᠠᠵᠠᠷ ᠤᠨ ᠲᠥᠷᠥᠯ ᠵᠦᠢᠯ᠂ ᠤᠷᠠᠳ ᠤᠨ ᠳᠤᠮᠳᠠᠳᠤ | ᠬᠤᠰᠢᠭᠤᠨ ᠤ ᠭᠠᠭᠴᠠᠮᠤᠳᠤ ᠪᠣᠭᠤᠮᠲᠠ ᠶᠢᠨ 50 ᠲᠦᠮᠡᠨ ᠺᠢᠯᠣᠸᠠᠲ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠵᠢᠱᠢᠶ᠎ᠡ ᠦᠵᠡᠭᠦᠯᠬᠦ ᠲᠥᠷᠥᠯ ᠵᠦᠢᠯ | ᠭᠠᠭᠴᠠᠮᠤᠳᠤ ᠪᠠᠯᠭᠠᠰᠤᠨ ᠳᠤ ᠠᠵᠢᠯ ᠡᠬᠢᠯᠡᠵᠤ᠂ 7 ᠳ᠋ᠤᠭᠠᠷ ᠰᠠᠷ᠎ᠠ ᠶᠢᠨ 3 ᠤ ᠡᠳᠦᠷ᠂ ᠵᠢᠩ ᠣᠣ ᠨᠣᠣ ᠡᠯ 5GW ᠬᠡᠷᠡᠯ ᠴᠡᠨᠡᠭ ᠤᠨ ᠲᠣᠨᠣᠭᠯᠠᠯ ᠤᠨ ᠲᠥᠷᠥᠯ | ᠵᠦᠢᠯ ᠤᠨ ᠪᠠᠷᠢᠯᠭ᠎ᠠ ᠡᠬᠢᠯᠡᠭᠰᠡᠨ ᠪᠠᠶᠢᠨ᠎ᠠ᠃ ᠰᠢᠨ᠎ᠡ ᠡᠨᠧᠷᠭᠢ ᠶᠢᠨ ᠠᠵᠤ ᠦᠢᠯᠡᠰ ᠨᠢ ᠠᠭᠠᠵᠢᠮ ᠢᠶᠠᠷ ᠪᠦᠬᠦ ᠬᠤᠳᠠ ᠶᠢᠨ ᠠᠵᠤ ᠠᠬᠤᠢ ᠶᠢᠨ ᠪᠣᠬᠢᠷᠲᠤᠯ | ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠪᠠ ᠬᠦᠴᠦᠷᠬᠡᠭᠵᠢᠨ ᠮᠠᠨᠳᠤᠬᠤ ᠶᠢ ᠳᠠᠶᠢᠴᠢᠯᠠᠬᠤ ᠰᠢᠨ᠎ᠡ ᠬᠥᠳᠡᠯᠭᠡᠭᠦᠷ ᠬᠦᠴᠦᠨ ᠪᠤᠯᠵᠤ᠂ ᠡᠨᠡ ᠵᠢᠯ ᠤᠨ 6 ᠰᠠᠷ᠎ᠠ ᠶᠢᠨ | ᠰᠡᠭᠦᠯᠴᠢ ᠪᠣᠯᠲᠠᠯ᠎ᠠ᠂ ᠪᠥᠬᠦ ᠬᠤᠲᠠ ᠶᠢᠨ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ 1212.98 ᠲᠦᠮᠡᠨ ᠺᠢᠯᠣᠸᠠᠲ ᠲᠤ ᠬᠦᠷᠴᠦ᠂ ᠡᠭᠦᠨ ᠳᠤ | ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ 965.07 ᠲᠦᠮᠡᠨ ᠺᠢᠯᠣᠸᠠᠲ ᠲᠤ ᠬᠦᠷᠴᠦ᠂ ᠴᠠᠬᠢᠯᠭᠠᠨ ᠬᠦᠴᠦᠨ ᠤ ᠶᠡᠷᠦᠩᠬᠡᠢ | ᠮᠠᠰᠢᠨ ᠴᠣᠭᠴᠠᠯᠠᠪᠤᠷᠢ ᠶᠢᠨ 79.56% ᠶᠢ ᠡᠵᠡᠯᠡᠪᠡ᠃ ᠲᠦᠷᠦᠭᠦᠸ 6 ᠰᠠᠷ᠎ᠠ ᠳᠤ᠂ ᠪᠥᠬᠦ ᠬᠤᠲᠠ ᠶᠢᠨ ᠴᠠᠬᠢᠯᠭᠠᠨ ᠭᠠᠷᠭᠠᠬᠤ ᠶᠡᠷᠦᠩᠬᠡᠢ ᠬᠡᠮᠵᠢᠶ᠎ᠡ 162.05 | ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠡᠭᠦᠨ ᠳᠤ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠬᠤ ᠬᠡᠮᠵᠢᠶ᠎ᠡ 101.02 | ᠳ᠋ᠦᠩᠰᠢᠭᠤᠷ ᠺᠢᠯᠣᠸᠠᠲ ᠴᠠᠭ ᠲᠤ ᠬᠦᠷᠴᠡᠢ᠃ |