︽ᠲᠠᠪᠤᠨ ᠶᠡᠭᠡ ᠡᠭᠦᠷᠭᠡ︾ ᠶᠢᠨ ᠨᠠᠶᠢᠳᠠᠪᠤᠷᠢᠵᠢᠬᠤ ᠶᠢ ᠲᠦᠷᠭᠡᠳᠬᠡᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ — ᠮᠠᠨ ᠤ ᠬᠤᠲᠠ ᠰᠢᠨᠵᠢᠯᠡᠬᠦ  ᠤᠬᠠᠭᠠᠨ ᠮᠡᠷᠭᠡᠵᠢᠯ ᠤᠨ ᠰᠢᠨᠡᠴᠢᠯᠡᠯᠲᠡ ᠳᠠᠬᠢ ᠮᠥᠩᠭᠦᠨ ᠬᠥᠢᠯᠭᠡᠭᠡᠨ ᠤ ᠥᠢᠯᠡᠴᠢᠯᠡᠭᠡ ᠪᠠᠨ ᠥᠷᠬᠦᠯᠵᠢᠯᠡᠨ ᠰᠢᠯᠢᠲᠡᠭᠵᠢᠬᠦᠯᠵᠥ ᠪᠠᠶᠢᠨ᠎ᠠ
ᠨᠡᠶᠢᠲᠡᠯᠡᠭᠰᠡᠨ ᠴᠠᠭ᠄
2024/7/29
      ᠮᠠᠨ ᠤ ᠬᠤᠲᠠ᠂ ᠮᠥᠩᠭᠦᠨ ᠬᠥᠢᠯᠭᠡᠭᠡᠨ ᠤ ᠥᠢᠯᠡᠴᠢᠯᠡᠭᠡ ᠪᠠᠨ ᠥᠷᠬᠦᠯᠵᠢᠯᠡᠨ ᠰᠢᠯᠢᠲᠡᠭᠵᠢᠬᠦᠯᠵᠥ᠂ ᠰᠢᠨᠵᠢᠯᠡᠬᠦ  ᠤᠬᠠᠭᠠᠨ ᠮᠡᠷᠭᠡᠵᠢᠯ᠂ ᠮᠥᠩᠭᠦᠨ ᠬᠥᠢᠯᠭᠡᠭᠡ ᠶᠢ ᠬᠤᠯᠪᠤᠭᠠᠯᠠᠬᠤ ᠬᠡᠯᠪᠡᠷᠢ ᠪᠠᠷ᠂ ᠰᠢᠨᠵᠢᠯᠡᠬᠦ ᠮᠡᠷᠭᠡᠵᠢᠯ ᠤᠨ ᠰᠢᠨᠡᠴᠢᠯᠡᠯᠲᠡ ᠲᠠᠢ ᠠᠵᠤ ᠠᠬᠤᠶᠢᠯᠠᠯ ᠳᠤ ᠢᠲᠡᠭᠡᠮᠵᠢᠲᠤ ᠵᠢᠭᠡᠯᠡᠯᠭᠡ  ᠪᠠ ᠪᠡᠯᠡ ᠬᠤᠷᠠᠮᠲᠤᠭᠤᠯᠬᠤ ᠳᠤ ᠲᠠᠮᠵᠢᠯᠭᠡ ᠥᠵᠡᠬᠦᠯᠵᠥ᠂ ︽ᠰᠢᠨᠵᠢᠯᠡᠬᠦ ᠤᠬᠠᠭᠠᠨ ᠮᠡᠷᠭᠡᠵᠢᠯ᠂ ᠠᠵᠤ ᠥᠢᠯᠡᠰ᠂ ᠮᠥᠩᠭᠦᠨ ᠬᠥᠢᠯᠭᠡᠭᠡᠨ︾  ᠤ ᠬᠠᠷᠢᠯᠴᠠᠨ ᠡᠷᠭᠢᠯᠲᠥᠬᠦ ᠶᠢ ᠲᠥᠯᠬᠢᠨ ᠠᠬᠢᠭᠤᠯᠵᠤ᠂ ᠥᠨᠲᠤᠷ  ᠴᠢᠨᠰᠠᠭ᠎ᠠ ᠲᠠᠢ  ᠬᠥᠭᠵᠢᠯᠲᠡ ᠶᠢᠨ ᠰᠢᠨ᠎ᠡ ᠴᠢᠲᠠᠪᠬᠢ ᠶᠢ ᠬᠤᠷᠠᠮᠲᠤᠭᠤᠯᠵᠤ ᠪᠠᠶᠢᠨ᠎ᠠ᠃      ᠪᠠᠶᠠᠨᠨᠠᠭᠤᠷ ᠤᠨ ᠬᠠᠢ ᠴᠧᠩ ᠠᠮᠢᠲᠤ ᠪᠤᠲᠠᠰ ᠤᠨ ᠰᠢᠨᠵᠢᠯᠡᠬᠦ  ᠤᠬᠠᠭᠠᠨ ᠮᠡᠷᠭᠡᠵᠢᠯ ᠤᠨ ᠬᠢᠵᠠᠭᠠᠷᠲᠤ ᠺᠤᠮᠫᠠᠨᠢ ᠪᠤᠯ ᠨᠢᠭᠡᠨ ᠡᠷᠤᠭᠡ ᠮᠠᠯ ᠤᠨ ᠬᠡᠲᠡᠰᠤ ᠶᠢ ᠪᠤᠯᠪᠠᠰᠤᠷᠠᠭᠤᠯᠤᠨ ᠭᠠᠲᠠᠭᠠᠲᠤ ᠳᠤ ᠭᠠᠷᠭᠠᠲᠠᠭ ᠠᠵᠤ ᠠᠬᠤᠶᠢᠯᠠᠯ ᠪᠤᠯᠤᠨ᠎ᠠ᠂ ᠡᠨᠡ ᠬᠡᠰᠡᠭ  ᠬᠤᠭᠤᠴᠠᠭ᠎ᠠ ᠨᠢ ᠠᠵᠤ ᠠᠬᠤᠶᠢᠯᠠᠯ ᠤᠨ ᠪᠤᠷᠤᠯᠠᠭᠤᠯᠭ᠎ᠠ ᠶᠢᠨ ᠬᠥᠭᠵᠢᠶᠡᠨᠲᠡᠢ ᠤᠯᠠᠷᠢᠯ ᠪᠠᠶᠢᠵᠤ᠂ ᠭᠠᠲᠠᠭᠠᠲᠤ ᠳᠤ ᠭᠠᠷᠭᠠᠬᠤ ᠲᠥᠭᠦᠭᠡᠢ ᠮᠠᠲ᠋ᠧᠷᠢᠶᠠᠯ ᠬᠤᠲᠠᠯᠲᠤᠨ ᠠᠪᠬᠤ ᠳᠤ ᠪᠡᠯᠡ ᠮᠥᠩᠭᠦ ᠴᠢᠬᠤᠯᠠᠲᠠᠢ ᠪᠠᠶᠢᠯ᠎ᠠ᠃ ᠶᠠᠭ ᠡᠨᠡᠬᠦ  ᠵᠠᠩᠭᠢᠯᠠᠭ᠎ᠠ ᠶᠢᠨ ᠴᠠᠭ ᠥᠶ᠎ᠡ ᠳᠤ᠂ ᠮᠠᠨ ᠤ ᠬᠤᠲᠠ᠂ ᠠᠶᠤᠯ ᠲᠥᠭᠰᠢᠬᠦᠷᠢ ᠶᠢ ᠨᠥᠬᠦᠪᠤᠷᠢᠯᠠᠬᠦ ᠵᠢᠭᠡᠯᠡᠯᠭᠡ ᠶᠢᠨ ᠵᠤᠬᠢᠴᠠᠮᠵᠢ ᠶᠢ ᠲᠡᠯᠭᠡᠷᠡᠬᠦᠯᠵᠥ᠂ ᠲᠤᠮᠲᠠᠲᠤ ᠤᠯᠤᠰ ᠤᠨ ᠲᠠᠷᠢᠶᠠᠯᠠᠩ ᠤᠨ ᠪᠠᠩᠭᠢ ᠶᠢᠨ ᠪᠠᠶᠠᠨᠨᠠᠭᠤᠷ ᠤᠨ ᠬᠤᠪᠢᠶᠠᠷᠢ ᠪᠠᠩᠭᠢ ᠠᠵᠤ ᠠᠬᠤᠶᠢᠯᠠᠯ ᠳᠤ 900 ᠲᠥᠮᠠᠨ ᠲᠥᠬᠦᠷᠢᠭ ᠤᠨ ᠵᠢᠭᠡᠯᠡᠯᠭᠡ ᠥᠭᠴᠡᠢ᠃      ᠪᠠᠶᠠᠨᠨᠠᠭᠤᠷ ᠤᠨ ᠬᠠᠢ ᠴᠧᠩ ᠠᠮᠢᠲᠤ ᠪᠤᠲᠠᠰ ᠤᠨ ᠰᠢᠨᠵᠢᠯᠡᠬᠦ  ᠤᠬᠠᠭᠠᠨ ᠮᠡᠷᠭᠡᠵᠢᠯ ᠤᠨ ᠬᠢᠵᠠᠭᠠᠷᠲᠤ ᠺᠤᠮᠫᠠᠨᠢ ᠤᠨ ᠬᠡᠷᠡᠭ ᠮᠡᠲᠡᠭᠴᠢ ᠱᠢ ᠲᠤᠤ ᠰᠤᠷᠪᠤᠯᠵᠢᠯᠠᠭᠴᠢ ᠳᠤ᠄ ᠬᠡᠷᠪᠡ ᠮᠠᠨ ᠤ ᠪᠡᠯᠡ ᠮᠥᠩᠭᠦ ᠬᠥᠷᠥᠯᠴᠠᠬᠦ ᠦᠭᠡᠢ ᠪᠤᠯ ᠬᠤᠶᠢᠰᠢᠲᠠ ᠶᠢᠨ ᠥᠢᠯᠡᠳᠪᠤᠷᠢᠯᠡᠯ ᠢ ᠶᠡᠭᠡᠪᠡᠷ ᠨᠥᠯᠥᠭᠡᠯᠡᠨ᠎ᠡ᠂ ᠭᠤᠤᠯᠲᠠᠭᠤ ᠲᠥᠭᠦᠭᠡᠢ  ᠮᠠᠲ᠋ᠧᠷᠢᠶᠠᠯ  ᠬᠤᠲᠠᠯᠲᠤᠨ ᠠᠪᠬᠤ ᠪᠠ ᠬᠠᠲᠠᠭᠠᠯᠠᠬᠤ ᠳᠤ ᠬᠡᠷᠡᠭᠯᠡᠨ᠎ᠡ ᠬᠡᠵᠤ ᠪᠠᠶᠢᠯ᠎ᠠ᠃      ᠬᠠᠢ ᠴᠧᠩ ᠠᠮᠢᠲᠤ ᠪᠤᠲᠠᠰ ᠤᠨ ᠰᠢᠨᠵᠢᠯᠡᠬᠦ  ᠤᠬᠠᠭᠠᠨ ᠮᠡᠷᠭᠡᠵᠢᠯ ᠤᠨ ᠬᠢᠵᠠᠭᠠᠷᠲᠤ ᠺᠤᠮᠫᠠᠨᠢ ᠮᠠᠲᠤ ᠶᠢᠨ ᠡᠶᠢᠮᠥᠷᠬᠦᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠲᠠᠢ ᠠᠵᠤ ᠠᠬᠤᠶᠢᠯᠠᠯ ᠤᠨ ᠪᠡᠯᠡ ᠬᠤᠷᠠᠮᠲᠤᠭᠤᠯᠬᠤ ᠳᠤ ᠬᠥᠴᠢᠷ ᠪᠠᠶᠢᠬᠤ ᠠᠰᠠᠭᠤᠲᠠᠯ ᠢ ᠲᠥᠷᠭᠡᠨ ᠰᠢᠢᠳᠪᠤᠷᠢᠯᠡᠬᠦ ᠶᠢᠨ ᠲᠥᠯᠥᠭᠡ᠂ ᠮᠠᠨ ᠤ ᠬᠤᠲᠠ ᠂ ᠰᠢᠨᠵᠢᠯᠡᠬᠦ  ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠠᠶᠤᠯ ᠲᠥᠭᠰᠢᠬᠦᠷᠢ ᠶᠢ ᠨᠥᠬᠦᠪᠤᠷᠢᠯᠡᠬᠦ ᠵᠤᠬᠢᠴᠠᠮᠵᠢ ᠶᠢ ᠬᠡᠷᠡᠭᠵᠢᠬᠦᠯᠵᠥ᠂ ᠲᠤᠰ ᠠᠶᠤᠯ ᠲᠥᠭᠰᠢᠬᠦᠷᠢ ᠶᠢᠨ ᠨᠥᠬᠦᠪᠤᠷᠢ ᠶᠢ ᠰᠢᠨᠵᠢᠯᠡᠬᠦ  ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠬᠠᠷᠢᠭᠤᠴᠠᠨ ᠬᠠᠮᠢᠶᠠᠷᠴᠤ᠂ ᠭᠤᠤᠯᠲᠠᠭᠤ ᠢᠲᠡᠰᠢᠨ ᠬᠤᠨᠢᠨ ᠤ ᠠᠵᠤ ᠥᠢᠯᠡᠰ ᠪᠠ ᠪᠠᠶᠠᠨᠨᠠᠭᠤᠷ ᠬᠤᠲᠠ ᠶᠢᠨ ᠤᠯᠤᠰ ᠤᠨ ᠲᠠᠷᠢᠶᠠᠯᠠᠩ ᠤᠨ ᠲᠡᠭᠡᠲᠤ ᠰᠢᠨ᠎ᠡ ᠮᠡᠷᠭᠡᠵᠢᠯ ᠤᠨ ᠬᠥᠷᠢᠶᠠᠯᠠᠩ ᠤᠨ ᠠᠵᠤ ᠥᠢᠯᠡᠰ ᠤᠨ ᠠᠷᠠᠳ ᠠᠴᠠ ᠡᠵᠡᠩᠨᠡᠭᠰᠡᠨ ᠪᠠ ᠵᠢᠵᠢᠭ ᠪᠠᠭ᠎ᠠ ᠠᠵᠤ ᠠᠬᠤᠶᠢᠯᠠᠯ ᠳᠤ ᠵᠢᠭᠡᠯᠡᠯᠭᠡ ᠬᠠᠩᠭᠠᠬᠤ ᠳᠤ ᠠᠶᠤᠯ ᠲᠥᠭᠰᠢᠬᠦᠷᠢ ᠬᠤᠬᠢᠷᠠᠯ ᠤᠴᠠᠷᠠᠪᠠᠯ ᠨᠥᠬᠦᠪᠤᠷᠢ ᠤᠯᠭᠤᠬᠤ  ᠪᠤᠯᠤᠨ᠎ᠠ᠃ ᠲᠥᠷᠥ ᠶᠢᠨ ᠪᠤᠲᠤᠯᠭ᠎ᠠ ᠶᠢᠨ ᠰᠠᠭᠤᠷᠢ ᠲᠠᠢ ᠪᠤᠯᠤᠭᠰᠠᠨ ᠠᠴᠠ᠂ ᠮᠥᠩᠭᠦᠨ ᠬᠥᠢᠯᠭᠡᠭᠡᠨ ᠤ ᠪᠠᠶᠢᠭᠤᠯᠤᠮᠵᠢ ᠶᠢᠨ ᠰᠢᠨᠵᠢᠯᠡᠬᠦ ᠮᠡᠷᠭᠡᠵᠢᠯ ᠤᠨ ᠬᠡᠯᠪᠡᠷᠢ ᠶᠢᠨ ᠲᠤᠮᠲᠠ ᠵᠢᠵᠢᠭ ᠠᠵᠤ ᠠᠬᠤᠶᠢᠯᠠᠯ ᠳᠠᠬᠢ ᠥᠢᠯᠡᠴᠢᠯᠡᠭᠡ ᠶᠢᠨ ᠢᠲᠡᠪᠬᠢᠲᠤ ᠴᠢᠨᠠᠷ ᠢ ᠶᠡᠭᠡᠪᠡᠷ ᠲᠡᠭᠡᠭᠰᠢᠯᠡᠬᠦᠯᠥᠭᠰᠡᠨ ᠪᠠᠶᠢᠨ᠎ᠠ᠃ ᠥᠪᠥᠷ ᠮᠤᠩᠭᠤᠯ ᠤᠨ ᠰᠢᠶᠤᠤ ᠹᠧᠢ ᠶᠠᠩ ᠢᠲᠡᠭᠡᠨ ᠤ ᠬᠢᠵᠠᠭᠠᠷᠲᠤ ᠺᠤᠮᠫᠠᠨᠢ᠂ ᠥᠨᠥ ᠵᠢᠯ ᠬᠤᠶᠠᠷ ᠲᠥᠷᠥᠯ ᠤᠨ ᠲᠤᠰᠬᠠᠢ ᠠᠰᠢᠭ ᠤᠨ ᠮᠡᠷᠭᠡᠵᠢᠯ ᠤᠨ ᠡᠷᠭᠡ ᠶᠢ ᠤᠯᠵᠤ᠂ ᠠᠵᠤ ᠠᠬᠤᠶᠢᠯᠠᠯ ᠠᠶᠤᠯ ᠲᠥᠭᠰᠢᠭᠦᠷᠢ ᠶᠢᠨ ᠨᠥᠬᠦᠪᠤᠷᠢ ᠶᠢᠨ ᠵᠢᠭᠡᠯᠡᠯᠭᠡ ᠶᠢᠨ ᠵᠤᠬᠢᠴᠠᠮᠵᠢ ᠪᠠᠷ1000 ᠲᠥᠮᠡᠨ ᠲᠥᠬᠦᠷᠢᠭ ᠤᠨ ᠵᠢᠭᠡᠯᠡᠯᠭᠡ ᠤᠯᠵᠤ᠂ ᠥᠢᠯᠡᠳᠪᠤᠷᠢᠯᠡᠯ ᠢᠶᠠᠨ ᠥᠷᠭᠡᠳᠭᠡᠬᠦ ᠳᠤ ᠬᠡᠷᠡᠭᠯᠡᠬᠦ  ᠪᠠᠷ ᠪᠠᠶᠢᠨ᠎ᠠ᠃      ᠥᠪᠥᠷ ᠮᠤᠩᠭᠤᠯ ᠤᠨ ᠰᠢᠶᠤᠤ ᠹᠧᠢ ᠶᠠᠩ ᠢᠲᠡᠭᠡᠨ ᠤ ᠬᠢᠵᠠᠭᠠᠷᠲᠤ ᠺᠤᠮᠫᠠᠨᠢ ᠶᠢᠨ ᠵᠢᠩᠯᠢ ᠶᠢᠨ ᠲᠤᠰᠠᠯᠠᠭᠴᠢ ᠸᠠᠩ ᠨᠢᠩ ᠬᠡᠯᠡᠬᠦ ᠳᠡᠭᠡᠨ᠄ ᠥᠨᠥ ᠵᠢᠯ ᠬᠥᠮᠥᠷᠭᠡ ᠪᠠᠨ 2000 ᠲᠡᠭᠰᠢ ᠲᠥᠷᠪᠡᠯᠵᠢᠨ  ᠮᠧᠲᠷ ᠥᠷᠭᠡᠳᠭᠡᠨ ᠪᠠᠶᠢᠭᠤᠯᠵᠤ᠂ ᠬᠥᠯᠲᠡᠬᠦᠤ ᠰᠤᠷᠭᠤᠭ ᠢᠶᠠᠷ ᠬᠠᠲᠠᠭᠠᠯᠠᠬᠤ ᠥᠢᠯᠡᠳᠪᠤᠷᠢ ᠶᠢᠨ ᠲᠠᠰᠤᠭ ᠢᠶᠠᠨ300 ᠲᠡᠭᠰᠢ ᠲᠥᠷᠪᠡᠯᠵᠢᠨ ᠮᠧᠲᠷ ᠥᠷᠭᠡᠳᠭᠡᠵᠤ᠂ ᠠᠵᠤ ᠠᠬᠤᠶᠢᠯᠠᠯ ᠤᠨ ᠨᠡᠩ ᠰᠠᠶᠢᠨ ᠬᠥᠭᠵᠢᠯᠲᠡ ᠳᠤ ᠰᠠᠭᠤᠷᠢ ᠲᠡᠯᠪᠢᠨ᠎ᠡ ᠬᠡᠵᠤ ᠪᠠᠶᠢᠯ᠎ᠠ᠃       ᠰᠢᠨᠵᠢᠯᠡᠬᠦ  ᠤᠬᠠᠭᠠᠨ ᠮᠡᠷᠭᠡᠵᠢᠯ ᠤᠨ ᠮᠥᠩᠭᠦᠨ ᠬᠥᠢᠯᠭᠡᠭᠡ ᠶᠢ ᠰᠠᠶᠢᠲᠤᠷ ᠬᠢᠬᠦ ᠶᠢᠨ ᠲᠥᠯᠥᠭᠡ᠂ ᠮᠠᠨ ᠤ ᠬᠤᠲᠠ ︽ᠪᠠᠶᠠᠨᠨᠠᠭᠤᠷ ᠬᠤᠲᠠ ᠶᠢᠨ ᠮᠥᠩᠭᠦᠨ ᠬᠥᠢᠯᠭᠡᠭᠡ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠪᠡᠯᠡ ᠬᠤᠷᠠᠮᠲᠤᠭᠤᠯᠬᠤ ᠥᠢᠯᠡᠴᠢᠯᠡᠭᠡᠨ  ᠤ ᠬᠡᠷᠡᠭᠵᠢᠬᠦᠯᠬᠦ ᠲᠥᠰᠥᠯ︾ ᠤᠨ ᠬᠤᠷᠢᠨ ᠨᠢᠭᠡᠲᠥᠭᠡᠷ ᠵᠤᠷᠪᠤᠰ  ᠤᠨ ᠲᠥᠷᠥ ᠶᠢᠨ ᠪᠤᠲᠤᠯᠭ᠎ᠠ ᠶᠢᠨ ᠠᠷᠭ᠎ᠠ ᠪᠠᠷᠢᠯ ᠢ ᠲᠤᠭᠲᠠᠭᠠᠨ ᠭᠠᠷᠭᠠᠵᠤ᠂ ᠠᠶᠤᠯ ᠲᠥᠭᠰᠢᠬᠦᠷᠢ ᠶᠢ ᠨᠥᠬᠦᠪᠤᠷᠢᠯᠠᠬᠦ ᠵᠢᠭᠡᠯᠡᠯᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠲᠠᠢ ᠵᠢᠭᠡᠯᠡᠯᠭᠡ᠂ ᠰᠢᠨᠵᠢᠯᠡᠬᠦ  ᠤᠬᠠᠭᠠᠨ‌ᠮᠡᠷᠭᠡᠵᠢᠯ ᠤᠨ ᠥᠷ᠎ᠠ ᠪᠥᠲᠥᠮᠵᠢ ᠪᠠᠨ ᠪᠠᠷᠢᠴᠠᠭᠠᠯᠠᠵᠤ ᠪᠡᠯᠡ ᠬᠤᠷᠠᠮᠲᠤᠭᠤᠯᠬᠤ ᠵᠡᠷᠭᠡ ᠵᠢᠷᠭᠤᠭᠠᠨ ᠵᠤᠶᠢᠯ ᠤᠨ ᠰᠢᠨ᠎ᠡ ᠮᠠᠶ᠋ᠢᠭ ᠤᠨ ᠵᠢᠭᠡᠯᠡᠯᠭᠡ ᠭᠠᠷᠭᠠᠵᠤ᠂ ᠲᠡᠭᠡᠲᠤ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ  ᠤᠬᠠᠭᠠᠨ ᠮᠡᠷᠭᠡᠵᠢᠯ ᠤᠨ ᠬᠡᠯᠪᠡᠷᠢ ᠶᠢᠨ ᠲᠤᠮᠲᠠ ᠵᠢᠵᠢᠭ ᠠᠵᠤ ᠠᠬᠤᠶᠢᠯᠠᠯ  ᠤᠨ ᠴᠢᠨᠠᠷ ᠢᠶᠠᠨ ᠲᠡᠭᠡᠭᠰᠢᠯᠡᠬᠦᠯᠥᠨ ᠲᠡᠰ  ᠲᠡᠪᠰᠢᠬᠦᠯᠬᠦ ᠳᠤ ᠲᠡᠮᠵᠢᠯᠭᠡ ᠥᠵᠡᠬᠦᠯᠵᠠᠢ᠃ ᠥᠨᠥ ᠵᠢᠯ ᠤᠨ ᠲᠥᠷᠥᠬᠦᠤ ᠲᠠᠪᠤᠨ ᠰᠠᠷ᠎ᠠ ᠳᠤ᠂ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠠᠯᠲᠠ ᠲᠠᠢ ᠲᠤᠮᠲᠠ ᠵᠢᠵᠢᠭ ᠠᠵᠤ ᠠᠬᠤᠶᠢᠯᠠᠯ ᠤᠨ ᠵᠢᠭᠡᠯᠡᠯᠭᠡ 5.8 ᠳ᠋ᠥᠩᠰᠢᠭᠤᠷ ᠲᠥᠬᠦᠷᠢᠭ ᠲᠤ ᠬᠥᠷᠴᠤ᠂ ᠠᠲᠠᠯᠢ ᠬᠤᠭᠤᠴᠠᠭᠠᠨ ᠤ ᠬᠢ ᠠᠴᠠ 0.62% ᠪᠠᠷ ᠨᠡᠮᠡᠭᠲᠡᠵᠥ᠂ ᠲᠡᠭᠡᠲᠤ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠥᠯᠡᠲᠡᠪᠤᠷᠢ 78.46 ᠳ᠋ᠥᠩᠰᠢᠭᠤᠷ ᠲᠥᠬᠦᠷᠢᠭ ᠪᠠᠶᠢᠵᠤ᠂ ᠠᠲᠠᠯᠢ ᠬᠤᠭᠤᠴᠠᠭᠠᠨ ᠤ ᠬᠢ ᠠᠴᠠ 44.61% ᠪᠠᠷ ᠨᠡᠮᠡᠭᠲᠡᠨ᠂ ᠵᠢᠯ ᠤᠨ ᠡᠬᠢ ᠠᠴᠠ 14.36 ᠳ᠋ᠥᠩᠰᠢᠭᠤᠷ ᠲᠥᠬᠦᠷᠢᠭ ᠨᠡᠮᠡᠭᠲᠡᠭᠰᠡᠨ ᠪᠠᠶᠢᠨ᠎ᠠ᠃   
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ