ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠴᠤᠭᠴᠠᠯᠠᠬᠤ ᠶᠢᠨ ᠲᠥᠯᠥᠭᠡ᠂ ᠯᠢᠨ ᠾᠧ | ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠲᠤᠸᠠᠨ ᠵᠢᠶᠧ ᠵᠠᠮ ᠤᠨ ᠬᠤᠶᠠᠷ ᠵᠠᠬ᠎ᠠ ᠪᠠᠷ ᠬᠡᠷᠡᠮ ᠤᠨ ᠪᠤᠳᠤᠭᠲᠤ ᠵᠢᠷᠤᠭ᠂ ᠤᠯᠠᠨ ᠶᠠᠩᠵᠤ ᠶᠢᠨ | ᠱᠤᠭᠤᠮᠠᠯ ᠭᠢᠭᠦ ᠪᠠᠷ ᠳᠠᠮᠵᠢᠭᠤᠯᠤᠨ᠂ ᠦᠨᠳᠦᠰᠦᠲᠡᠨ ᠤ ᠪᠦᠯᠬᠦᠮᠳᠡᠯ ᠤᠨ ︽ᠰᠢᠨ᠎ᠡ ᠬᠡᠪ ᠰᠤᠷᠲᠠᠯ︾ ᠢ ᠰᠤᠷᠳᠠᠯᠴᠢᠯᠠᠵᠤ ᠪᠠᠶᠢᠨ᠎ᠠ᠃ | ᠯᠢᠨ ᠾᠧ ᠲᠣᠭᠤᠷᠢᠭ ᠤᠨ ᠲᠤᠸᠠᠨ ᠵᠢᠶᠧ ᠵᠠᠮ ᠳᠠᠬᠢ ᠨᠢᠭᠡᠨ ᠠᠭᠤᠳᠠᠮ ᠲᠠᠯᠠᠪᠠᠢ ᠳᠤ᠂ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠲᠤᠭᠠᠴᠢᠭᠰᠠᠨ | ᠬᠠᠨ᠎ᠠ ᠶᠢᠨ ᠪᠤᠳᠤᠭᠲᠤ ᠵᠢᠷᠤᠭ ᠨᠢ ᠠᠮᠢᠳᠤ ᠳᠦᠷᠰᠦᠯᠢᠭ ᠪᠠᠶᠢᠵᠤ᠂ ᠬᠥᠮᠦᠰ ᠤᠨ ᠠᠩᠬᠠᠷᠤᠯ ᠢ ᠣᠨᠴᠠ ᠲᠠᠲᠠᠨ᠎ᠠ᠃ ᠴᠢᠯᠦᠭᠡᠳᠦ ᠵᠢᠷᠤᠭᠴᠢᠨ ᠢᠦᠶ ᠬᠤᠸᠠ ᠯᠦᠩ | ᠶᠠᠭ ᠰᠠᠶᠢᠬᠠᠨ ︽ᠭᠤᠷᠪᠠᠨ ᠮᠢᠩᠭᠠᠨ ᠥᠨᠥᠴᠢᠨ ᠬᠡᠦᠬᠡᠳ ᠢ ᠦᠷᠡᠴᠢᠯᠡᠨ ᠲᠡᠵᠢᠭᠡᠭᠰᠡᠨ︾ ᠶᠡᠭᠡ ᠬᠠᠶᠢᠷ᠎ᠠ ᠶᠢᠨ ᠦᠯᠢᠭᠡᠷ ᠢ ᠦᠷᠭᠦᠯᠵᠢᠯᠡᠭᠰᠡᠨ ᠵᠢᠷᠤᠭ ᠤᠨ | ᠭᠡᠯᠪᠡᠷᠢ ᠪᠠᠷ ᠵᠤᠭᠢᠶᠠᠨ ᠪᠦᠳᠦᠭᠡᠵᠦ ᠪᠠᠶᠢᠪᠠ᠃ | ᠵᠢᠷᠤᠭᠴᠢᠨ ᠢᠦᠶ ᠬᠤᠸᠠ ᠯᠦᠩ ᠭᠡᠯᠡᠭᠦ ᠳᠡᠭᠡᠨ᠂ ᠬᠠᠨ᠎ᠠ ᠶᠢᠨ ᠪᠤᠳᠤᠭᠲᠤ ᠵᠢᠷᠤᠭ ᠤᠨ ᠬᠡᠯᠪᠡᠷᠢ ᠪᠠᠷ ᠳᠠᠮᠵᠢᠭᠤᠯᠤᠨ᠂ ᠨᠠᠩ ᠣᠯᠠᠨ ᠬᠥᠮᠦᠨ ᠳᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠲᠤᠬᠠᠶ ᠨᠠᠩ ᠭᠦᠨᠵᠡᠭᠡᠶ ᠲᠠᠨᠢᠯᠲᠠ ᠪᠠ ᠣᠶᠢᠯᠠᠭᠠᠯᠲᠠ ᠲᠠᠢ | ᠪᠣᠯᠭᠠᠬᠤ ᠶᠢ ᠬᠦᠰᠡᠵᠦ ᠪᠠᠶᠢᠨ᠎ᠠ᠂ ᠮᠠᠨ ᠤ ᠵᠢᠷᠤᠭ ᠤᠨ ᠪᠢᠷ ᠢᠶᠠᠷ ᠳᠠᠮᠵᠢᠭᠤᠯᠤᠨ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠭᠦᠮᠦᠰ ᠤᠨ ᠰᠡᠳᠬᠢᠯ ᠳᠤ ᠨᠡᠩ | ᠭᠦᠨ ᠰᠠᠭᠤᠭᠳᠠᠭᠤᠯᠬᠤ ᠶᠢ ᠬᠦᠰᠡᠵᠦ ᠪᠠᠶᠢᠨ᠎ᠠ ᠭᠡᠵᠦ ᠪᠠᠶᠢᠯ᠎ᠠ᠃ | ᠡᠨᠡ ᠵᠢᠯ ᠤᠨ 3 ᠰᠠᠷ᠎ᠠ ᠶᠢᠨ ᠰᠡᠭᠦᠯᠴᠢ ᠠᠴᠠ ᠡᠬᠢᠯᠡᠨ᠂ ᠲᠤᠸᠠᠨ ᠵᠢᠶᠧ ᠵᠠᠮ ᠳᠠᠭᠠᠤ ᠶᠢᠨ ᠭᠡᠷᠡᠮ ᠢ ᠦᠨᠳᠦᠰᠦᠲᠡᠨ ᠤ ᠪᠦᠯᠬᠦᠮᠳᠡᠯ ᠢ ᠠᠬᠢᠭᠤᠯᠬᠤ | ᠰᠣᠶᠣᠯ ᠤᠨ ᠬᠡᠷᠡᠮ ᠪᠣᠯᠭᠠᠨ ᠬᠤᠪᠢᠷᠠᠭᠤᠯᠵᠤ᠂ ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠢᠷᠡᠭᠰᠡᠨ᠂ ᠲᠠᠯ᠎ᠠ ᠨᠤᠲᠤᠭ ᠤᠨ ᠪᠢᠴᠢᠬᠠᠨ ᠡᠭᠡᠴᠢ | ᠥᠬᠢᠨ ᠳᠡᠭᠦᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢ ᠪᠦᠳᠦᠭᠡᠨ ᠪᠠᠶᠢᠭᠤᠯᠤᠭᠰᠠᠨ ᠵᠡᠷᠭᠡ ᠠᠯᠢ | ᠤᠯᠠᠨ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠬᠠᠨ᠎ᠠ ᠶᠢᠨ ᠪᠤᠳᠤᠭᠲᠤ ᠵᠢᠷᠤᠭ ᠤᠨ ᠬᠡᠯᠪᠡᠷᠢ ᠪᠠᠷ ᠬᠠᠷᠠᠭᠤᠯᠵᠤ᠂ ᠦᠨᠳᠦᠰᠦᠲᠡᠨ ᠨᠦᠭᠦᠳ ᠤᠨ ᠤᠯᠠᠨ | ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠢᠭᠲᠠᠷᠠᠨ ᠪᠦᠯᠬᠦᠮᠳᠡᠭᠰᠡᠨ ᠬᠦᠴᠦᠷᠬᠡᠭ ᠶᠡᠭᠡ ᠤᠶᠤᠨ ᠰᠠᠨᠠᠭᠠᠨ ᠤ ᠬᠤᠯᠪᠣᠭᠠᠰᠤ ᠶᠢ | ᠨᠢᠭᠳᠠᠷᠠᠭᠤᠯᠤᠭᠰᠠᠨ ᠪᠠᠶᠢᠨ᠎ᠠ᠃ | ᠯᠢᠨ ᠾᠧ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠯᠪᠠᠨ | ᠬᠡᠷ ᠤᠨ ᠺᠠᠳ᠋ᠷ ᠬᠤᠶ ᠰᠢᠶᠤᠤ ᠬᠣ᠋ ᠶᠢᠨ ᠭᠡᠯᠡᠭᠦ ᠪᠠᠷ ᠂ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ | ᠦᠨᠳᠦᠰᠦᠲᠡᠨ ᠤ ᠣᠮᠣᠭᠰᠢᠯᠲᠤ ᠰᠡᠳᠬᠢᠯᠭᠡ ᠶᠢ ᠠᠯᠬᠤᠮ ᠠᠯᠬᠤᠮ ᠢᠶᠠᠷ ᠨᠡᠮᠡᠭᠳᠡᠭᠦᠯᠦᠨ᠎ᠡ ᠭᠡᠪᠡ᠃ | ᠡᠨᠡ ᠵᠢᠯ᠂ ᠯᠢᠨ ᠾᠧ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ 69.5 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠲᠤᠸᠠᠨ ᠵᠢᠶᠧ ᠵᠠᠮ ᠤᠨ | ᠪᠦᠬᠦ ᠬᠡᠰᠡᠭ ᠲᠤ ᠡᠯ᠎ᠡ ᠲᠥᠷᠥᠯ ᠤᠨ ᠤᠬᠠᠭᠤᠯᠭ᠎ᠠ ᠶᠢᠨ ᠦᠵᠡᠮᠵᠢ ᠶᠢᠨ ᠴᠡᠭ᠂ ᠬᠠᠨ᠎ᠠ ᠶᠢᠨ ᠪᠤᠳᠤᠭᠲᠤ ᠵᠢᠷᠤᠭ᠂ ᠲᠡᠮᠦᠷ ᠤᠨ ᠲᠦᠷᠰᠦᠳᠦ ᠤᠷᠠᠯᠠᠯ᠂ ᠬᠤᠸᠠᠷ | ᠴᠡᠴᠡᠭ ᠤᠨ ᠴᠢᠮᠡᠭᠯᠡᠯ ᠵᠡᠷᠭᠡ ᠶᠢ ᠪᠠᠢᠭᠤᠯᠵᠤ᠂ ᠲᠤᠸᠠᠨ ᠵᠢᠶᠧ ᠵᠠᠮ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ | ᠵᠢᠱᠢᠶᠡᠴᠢ ᠵᠡᠭᠡᠯᠢ ᠪᠠ ᠭᠢᠯᠠᠰ ᠴᠡᠭ ᠪᠣᠯᠭᠠᠨ ᠪᠠᠢᠭᠤᠯᠵᠤ᠂ ᠣᠳᠣ ᠨᠢᠭᠡᠨᠲᠡ 4 ᠲᠣᠮᠣ ᠬᠡᠯᠪᠡᠷᠢ ᠶᠢᠨ ᠲᠡᠮᠦᠷ ᠤᠨ ᠤᠷᠠᠯᠠᠯ᠂ 20 ᠵᠢᠵᠢᠭ ᠬᠡᠯᠪᠡᠷᠢ ᠶᠢᠨ ᠲᠡᠮᠦᠷ ᠤᠨ | ᠤᠷᠠᠯᠠᠯ᠂ 801 ᠲᠡᠭᠰᠢ ᠲᠦᠷᠪᠡᠯᠵᠢᠨ ᠮᠧᠲᠷ ᠤᠨ ᠬᠡᠷᠡᠮ ᠤᠨ ᠪᠤᠳᠤᠭᠲᠤ ᠵᠢᠷᠤᠭ᠂ 20 ᠤᠬᠠᠭᠤᠯᠭ᠎ᠠ ᠶᠢᠨ ᠬᠡᠷᠡᠰᠭᠡ᠂ ᠦᠨᠳᠦᠰᠦᠲᠡᠨ ᠤ ᠤᠨᠴᠠᠯᠢᠭ ᠲᠠᠢ | ᠺᠠᠷᠲ᠋ᠤᠨ ᠭᠦᠮᠦᠨ ᠤ ᠵᠢᠷᠤᠭ ᠲᠠᠢ ᠴᠢᠯᠠᠭᠤᠨ ᠪᠠᠭᠠᠨ᠎ᠠ 32 ᠢ ᠪᠡᠶᠡᠯᠡᠭᠦᠯᠵᠡᠢ᠃ |