ᠭᠤᠣᠯ ᠡᠭᠦᠷᠭᠡ ᠬᠠᠷᠢᠭᠤᠴᠠᠯᠭ᠎ᠠ | ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ | ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠬᠦ ᠶᠠᠪᠤᠴᠠ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠨ᠎ᠠ᠃ ᠭᠤᠤᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ᠂ ᠪᠣᠳᠠᠲᠠᠶ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ ᠶᠠᠰᠤ | ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠪᠣᠯᠤᠨ ᠪᠠᠷᠢᠮᠵᠢᠶᠠᠵᠢᠭᠤᠯᠬᠤ | ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠵᠤ᠂ ᠦᠨᠡᠨᠴᠢ ᠢᠲᠡᠭᠡᠮᠵᠢᠲᠡᠶ᠂ ᠡᠷᠬᠡ ᠲᠡᠭᠰᠢ ᠪᠠᠷ ᠥᠷᠢᠰᠥᠯᠳᠦᠬᠦ | ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ | ︵ᠬᠤᠶᠠᠷ ︶ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠢᠭᠡᠳᠦᠯᠲᠡᠶ ᠪᠦᠷᠢᠳᠬᠡᠨ ᠳᠠᠩᠰᠠᠯᠠᠬᠤ ᠶᠢ ᠬᠠᠷᠢᠭᠤᠴᠠᠨ᠎ᠠ᠃ ᠡᠯ᠎ᠡ ᠲᠥᠷᠥᠯ ᠤᠨ ᠠᠵᠤ ᠠᠬᠤᠶᠢᠯᠠᠯ | ᠂ ᠮᠠᠯᠴᠢᠨ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠪᠠ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠨᠢᠭᠡᠴᠢ᠂ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠵᠢᠴᠢ ᠡᠷᠬᠡ ᠣᠯᠭᠤᠭᠰᠠᠨ ᠬᠡᠪᠴᠢᠶᠡᠨ ᠳᠠᠬᠢ ᠭᠠᠳᠠᠭᠠᠳᠤ ᠤᠯᠤᠰ ︵ᠭᠠᠵᠠᠷ ᠣᠷᠣᠨ ᠢ ᠵᠢᠯᠣᠭᠤᠳᠤᠨ᠎ᠠ᠃︶ ᠠᠵᠤ ᠠᠬᠤᠶᠢᠯᠠᠯ ᠤᠨ | ᠪᠠᠶᠢᠩᠭᠤ ᠰᠠᠭᠤᠭ᠎ᠠ ᠲᠥᠯᠥᠭᠡᠯᠡᠬᠦ ᠪᠠᠶᠢᠭᠤᠯᠤᠮᠵᠢ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠦᠷᠢᠳᠬᠡᠨ ᠳᠠᠩᠰᠠᠯᠠᠬᠤ ᠠᠵᠢᠯ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠠᠶᠢᠭᠤᠯᠵᠤ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠠᠤᠯᠢ | ᠶᠣᠰᠣᠭᠠᠷ ᠢᠯᠡ ᠨᠡᠶᠢᠲᠡᠯᠡᠬᠦ ᠪᠠ ᠬᠠᠮᠲᠤ ᠳᠤ ᠪᠠᠨ ᠬᠦᠷᠲᠡᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ | ︵ᠭᠤᠷᠪᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠬᠤ ᠪᠠ | ᠵᠢᠯᠣᠭᠤᠳᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ | ᠡᠮᠬᠢᠯᠡᠨ ᠨᠡᠶᠢᠯᠡᠭᠦᠯᠬᠦ ᠪᠠ ᠪᠠᠶᠢᠭᠤᠯᠬᠤ ᠶᠢ ᠵᠢᠯᠣᠭᠤᠳᠴᠤ᠂ ᠨᠢᠭᠡᠳᠦᠯᠲᠡᠶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ | ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠣᠷᠣᠨ ᠪᠦᠰᠡ ᠠᠯᠤᠰᠯᠠᠭᠰᠠᠨ | ᠬᠠᠤᠯᠢ ᠠᠴᠠ ᠵᠥᠷᠢᠴᠡᠭᠰᠡᠨ ᠬᠡᠷᠡᠭ ᠢ ᠵᠣᠬᠢᠴᠠᠭᠤᠯᠤᠨ ᠰᠢᠮᠳᠠᠭᠤᠯᠤᠨ ᠰᠢᠢᠳᠪᠦᠷᠢᠯᠡᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ | ︵ᠲᠦᠷᠪᠡ︶ ᠭᠠᠭᠴᠠᠭᠠᠷ ᠡᠵᠡᠮᠰᠢᠯ ᠢ ᠡᠰᠡᠷᠭᠦᠴᠡᠬᠦ ᠨᠢᠭᠡᠳᠦᠯᠲᠡᠶ ᠬᠠᠤᠯᠢ ᠬᠡᠷᠡᠭᠵᠢᠭᠦᠯᠦᠯᠲᠡ ᠶᠢ ᠬᠠᠷᠢᠭᠤᠴᠠᠨ᠎ᠠ᠃ ᠥᠷᠢᠰᠥᠯᠳᠦᠭᠡᠨ ᠤ ᠲᠥᠷᠥ ᠶᠢᠨ | ᠪᠣᠳᠣᠯᠭ᠎ᠠ ᠶᠢᠨ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ ᠵᠢᠯᠣᠭᠤᠳᠤᠨ | ᠬᠡᠷᠡᠭᠵᠢᠭᠦᠯᠦᠨ᠎ᠡ᠃ ᠡᠷᠬᠡ ᠣᠯᠭᠤᠭᠰᠠᠨ ᠢ ᠦᠨᠳᠦᠰᠦᠯᠡᠨ ᠭᠠᠭᠴᠠᠭᠠᠷ ᠡᠵᠡᠮᠰᠢᠬᠦ ᠬᠡᠯᠡᠯᠴᠡᠭᠡᠷ᠂ ᠵᠠᠬ᠎ᠠ ᠳᠡᠯᠭᠡᠭᠦᠷ ᠢ ᠵᠠᠬᠢᠷᠬᠤ ᠪᠠᠶᠢᠷᠢ ᠰᠠᠭᠤᠷᠢ ᠪᠠᠨ ᠳᠤᠷ᠎ᠠ ᠪᠠᠷ | ᠬᠡᠷᠡᠭᠯᠡᠬᠦ ᠪᠠ ᠵᠠᠰᠠᠭ ᠵᠠᠬᠢᠷᠭᠠᠨ ᠤ ᠡᠷᠬᠡ ᠪᠠᠨ ᠳᠤᠷ᠎ᠠ ᠪᠠᠷ ᠬᠡᠷᠡᠭᠯᠡᠵᠦ ᠥᠷᠢᠰᠥᠯᠳᠦᠭᠡᠨ ᠢ ᠦᠭᠡᠶᠢᠰᠬᠡᠬᠦ᠂ ᠬᠢᠵᠠᠭᠠᠷᠯᠠᠬᠤ ᠵᠢᠴᠢ ᠦᠨ᠎ᠡ ᠬᠠᠩᠰᠢ ᠶᠢ ᠭᠠᠭᠴᠠᠭᠠᠷ | ᠡᠵᠡᠮᠰᠢᠬᠦ ᠵᠡᠷᠭᠡ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ | ︵ᠲᠠᠪᠤ︶ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ | ᠬᠠᠮᠠᠭᠠᠯᠠᠵᠤ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠦᠢᠯᠡᠴᠢᠯᠡᠭᠡᠨ ᠤ ᠠᠵᠢᠯᠯᠠᠭ᠎ᠠ ᠶᠢ ᠬᠠᠤᠯᠢ | ᠶᠣᠰᠣᠭᠠᠷ ᠬᠢᠨᠠᠨ ᠬᠠᠮᠢᠶᠠᠷᠤᠨ᠎ᠠ᠃ ᠦᠨ᠎ᠡ ᠬᠠᠩᠰᠢ ᠰᠦᠢᠳᠬᠡᠯ ᠬᠤᠷᠢᠶᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ᠂ ᠵᠦᠢ ᠪᠤᠰᠤ ᠥᠷᠢᠰᠥᠯᠳᠦᠭᠡᠨ᠂ | ᠬᠠᠤᠯᠢ ᠠᠴᠠ ᠵᠥᠷᠢᠴᠡᠨ ᠰᠢᠭᠤᠳ ᠪᠣᠷᠣᠯᠠᠭᠤᠯᠬᠤ᠂ ᠳᠠᠮᠵᠢᠭᠤᠯᠤᠨ ᠪᠣᠷᠣᠯᠠᠭᠤᠯᠬᠤ᠂ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠠᠭᠤᠷᠮᠠᠭ ᠮᠠᠭᠤ ᠦᠢᠯᠡᠳᠬᠦᠨ ᠦᠢᠯᠡᠳᠴᠦ ᠪᠣᠷᠣᠯᠠᠭᠤᠯᠤᠭᠰᠠᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠵᠠᠷ ᠮᠡᠳᠡᠭᠡ ᠶᠢᠨ ᠦᠢᠯᠡᠰ ᠤᠨ ᠬᠥᠭᠵᠢᠯᠲᠡ ᠶᠢ ᠵᠢᠯᠣᠭᠤᠳᠴᠤ᠂ ᠵᠠᠷ ᠮᠡᠳᠡᠭᠡ ᠶᠢᠨ ᠠᠵᠢᠯᠯᠠᠭ᠎ᠠ ᠶᠢ | ᠬᠢᠨᠠᠨ ᠬᠠᠮᠢᠶᠠᠷᠤᠨ᠎ᠠ᠃ ᠦᠨᠡᠮᠯᠡᠯ ᠦᠭᠡᠶ ᠪᠠᠷ ᠦᠢᠯᠡᠳᠪᠦᠷᠢᠯᠡᠵᠦ ᠡᠵᠡᠩᠨᠡᠬᠦ ᠪᠠ ᠦᠨᠡᠮᠯᠡᠯ ᠦᠭᠡᠶ ᠪᠠᠷ ᠦᠢᠯᠡᠳᠪᠦᠷᠢᠯᠡᠵᠦ ᠡᠵᠡᠩᠨᠡᠬᠦ ᠬᠠᠮᠢᠶ᠎ᠠ ᠪᠦᠬᠦᠢ ᠦᠢᠯᠡ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠢᠯᠣᠭᠤᠳᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠭᠠᠯᠳᠤᠯᠭ᠎ᠠ ᠪᠠ ᠢᠯᠡᠴᠢᠯᠡᠨ | ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠢ ᠵᠢᠯᠣᠭᠤᠳᠤᠨ᠎ᠠ᠃ ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠤᠨ ᠬᠡᠷᠡᠭᠯᠡᠭᠡ ᠶᠢᠨ ᠡᠷᠬᠡ ᠪᠠᠨ | ᠬᠠᠮᠠᠭᠠᠯᠠᠬᠤ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃ | ︵ᠵᠢᠷᠭᠤᠭ᠎ᠠ︶ ᠬᠤᠷᠸ᠎ᠠ ᠲᠠᠯ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠶᠠᠰᠤ ᠴᠢᠨᠠᠷ ᠤᠨ ᠬᠥᠭᠵᠢᠯᠲᠡ ᠶᠢᠨ ᠲᠦᠷᠢᠮ ᠪᠠ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠲᠤᠰ ᠵᠠᠰᠠᠭ | ᠵᠠᠬᠢᠷᠭᠠᠨ ᠤ ᠣᠷᠣᠨ ᠪᠦᠰᠡ ᠶᠢᠨ ᠶᠠᠰᠤ ᠴᠢᠨᠠᠷ ᠤᠨ ᠠᠵᠢᠯ ᠢ ᠬᠠᠮᠢᠶᠠᠷᠬᠤ ᠪᠠ ᠵᠢᠯᠣᠭᠤᠳᠴᠤ᠂ ᠦᠢᠯᠡᠳᠬᠦᠨ ᠤ ᠶᠠᠰᠤ ᠴᠢᠨᠠᠷ ᠤᠨ ᠦᠨᠡᠨᠴᠢ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠨ᠂ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠡᠷᠡᠭᠯᠡᠯᠲᠡ ᠶᠢ ᠨᠢᠭᠡᠳᠦᠯᠲᠡᠶ | ᠲᠥᠯᠥᠪᠯᠡᠨ᠂ ᠦᠢᠯᠡᠳᠬᠦᠨ ᠤ ᠶᠠᠰᠤ ᠴᠢᠨᠠᠷ ᠤᠨ ᠠᠳᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠶᠠᠰᠤ ᠴᠢᠨᠠᠷ ᠤᠨ ᠪᠠᠶᠢᠳᠠᠯ ᠢ ᠪᠦᠷᠢᠳᠬᠡᠨ ᠵᠠᠳᠠᠯᠬᠤ᠂ | ᠦᠨᠡᠯᠡᠨ ᠰᠤᠳᠤᠯᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠡᠷᠡᠮᠳᠡᠭ ᠦᠢᠯᠡᠳᠬᠦᠨ ᠢ ᠡᠭᠡᠭᠦᠯᠦᠨ ᠠᠪᠴᠢᠷᠠᠬᠤ ᠳᠦᠷᠢᠮ ᠢ ᠬᠡᠷᠡᠭᠵᠢᠭᠦᠯᠦᠨ᠂ ᠦᠢᠯᠡᠳᠬᠦᠨ ᠤ | ᠬᠠᠭᠤᠷᠮᠠᠭ ᠢ ᠰᠡᠷᠭᠡᠶᠢᠯᠡᠬᠦ ᠠᠵᠢᠯ ᠢ ᠬᠢᠨᠠᠨ ᠬᠠᠮᠢᠶᠠᠷᠤᠨ᠎ᠠ᠃ | ︵ᠳᠤᠯᠤᠭ᠎ᠠ︶ ᠦᠢᠯᠡᠳᠬᠦᠨ ᠤ ᠶᠠᠰᠤ ᠴᠢᠨᠠᠷ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠦᠢᠯᠡᠳᠬᠦᠨ ᠤ ᠶᠠᠰᠤ ᠴᠢᠨᠠᠷ ᠤᠨ | ᠠᠶᠤᠯ ᠦᠭᠡᠶ ᠶᠢᠨ ᠲᠦᠭᠰᠢᠭᠦᠷᠢ ᠶᠢ ᠬᠢᠨᠠᠨ ᠡᠵᠡᠮᠳᠡᠬᠦ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠪᠠ ᠬᠢᠷᠢ ᠲᠡᠩᠴᠡᠬᠦ ᠦᠭᠡᠶ ᠦᠢᠯᠡᠳᠬᠦᠨ ᠤ ᠳᠠᠷᠠᠭᠠᠬᠢ | ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ ᠤᠨ ᠳᠡᠰ ᠬᠤᠪᠢᠶᠠᠬᠤ ᠳᠦᠷᠢᠮ᠂ ᠶᠠᠰᠤ ᠴᠢᠨᠠᠷ ᠤᠨ ᠠᠮᠤᠷ ᠲᠦᠪᠰᠢᠨ ᠢ | ᠮᠥᠷᠳᠡᠨ ᠨᠡᠬᠡᠮᠵᠢᠯᠡᠬᠦ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ | ᠵᠥᠪᠰᠢᠶᠡᠷᠡᠯ ᠤᠨ ᠬᠠᠮᠢᠶᠠᠷᠤᠯᠲᠠ ᠪᠣᠯᠤᠨ ᠰᠢᠷᠬᠡᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | ︵ᠨᠠᠢᠮᠠ︶ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠣᠨᠴᠠ ᠲᠥᠷᠥᠯ ᠤᠨ | ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ᠂ ᠬᠢᠨᠠᠯᠲᠠ ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠨᠧᠷᠭᠢ ᠶᠡᠭᠡ ᠬᠤᠷᠣᠭᠳᠠᠭᠤᠯᠬᠤ | ᠣᠨᠴᠠ ᠲᠥᠷᠥᠯ ᠤᠨ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠪᠠ ᠵᠤᠤᠬ᠎ᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠶᠢ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠨ᠎ᠠ︔ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠣᠨᠴᠠ ᠲᠥᠷᠥᠯ ᠤᠨ | ᠲᠥᠬᠦᠭᠡᠷᠦᠮᠵᠢ ᠶᠢᠨ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠨ᠎ᠠ᠃ | ︵ᠶᠢᠰᠦ︶ ᠢᠳᠡᠭᠡᠨ ᠤ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠢᠳᠡᠭᠡᠨ ᠤ ᠠᠮᠤᠷ | ᠲᠦᠪᠰᠢᠨ ᠤ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠤ ᠠᠮᠤᠷ | ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠢᠳᠡᠭᠡᠨ ᠤ ᠠᠮᠤᠷ ᠲᠦᠪᠰᠢᠨ ᠤ ᠬᠦᠨᠳᠦ ᠶᠡᠭᠡ ᠬᠡᠷᠡᠭ ᠤᠨ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠢᠳᠡᠭᠡᠨ ᠤ ᠠᠶᠤᠯ | ᠦᠭᠡᠶ ᠶᠢᠨ ᠴᠢᠬᠤᠯᠠ ᠮᠡᠳᠡᠭᠡ ᠵᠠᠩᠭᠢ ᠶᠢ ᠰᠢᠭᠤᠳ ᠮᠡᠳᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠬᠤᠲᠠ ᠶᠢᠨ ᠢᠳᠡᠭᠡᠨ ᠪᠠ ᠡᠮ ᠤᠨ ᠵᠦᠢᠯ ᠤᠨ | ᠠᠮᠤᠷ ᠲᠦᠪᠰᠢᠨ ᠤ ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ︵ᠠᠷᠪᠠ︶ ᠢᠳᠡᠭᠡᠨ ᠤ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠭᠡᠨ ᠤ ᠦᠢᠯᠡᠳᠪᠦᠷᠢᠯᠡᠯ᠂ ᠭᠦᠢᠯᠭᠡᠭᠡᠨ᠂ ᠬᠡᠷᠡᠭᠯᠡᠭᠡᠨ ᠤ | ᠪᠦᠬᠦ ᠶᠠᠪᠤᠴᠠ ᠶᠢ ᠬᠠᠮᠤᠷᠤᠭᠰᠠᠨ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠪᠣᠯᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠲᠣᠭᠲᠠᠴᠠ ᠶᠢ | ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠢᠳᠡᠭᠡᠨ ᠤ ᠠᠮᠤᠷ ᠲᠦᠪᠰᠢᠨ ᠤ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ | ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠶ᠃ ᠢᠳᠡᠭᠡᠨ ᠤ ᠵᠦᠢᠯ ᠤᠨ ᠦᠢᠯᠡᠳᠪᠦᠷᠢᠯᠡᠨ ᠡᠵᠡᠩᠨᠡᠭᠴᠢᠳ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠲᠣᠭᠲᠠᠴᠠ ᠪᠠᠶᠢᠭᠤᠯᠬᠤ ᠶᠢ ᠠᠬᠢᠭᠤᠯᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠮᠥᠷᠳᠡᠨ ᠤᠬᠤᠴᠢᠯᠠᠬᠤ ᠰᠢᠰᠲ᠋ᠧᠮᠵᠢ ᠶᠢ | ᠪᠦᠷᠢᠨᠰᠢᠭᠦᠯᠦᠨ᠎ᠡ᠃ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠬᠢᠨᠠᠨ ᠬᠡᠮᠵᠢᠬᠦ᠂ ᠬᠠᠷᠭᠤᠭᠤᠯᠤᠨ | ᠪᠠᠶᠢᠴᠠᠭᠠᠵᠤ ᠰᠢᠢᠳᠪᠦᠷᠢᠯᠡᠬᠦ ᠪᠠ ᠲᠦᠭᠰᠢᠭᠦᠷᠢ ᠶᠢ ᠰᠡᠷᠡᠮᠵᠢᠯᠡᠭᠦᠯᠬᠦ᠂ ᠲᠦᠭᠰᠢᠭᠦᠷᠢ ᠶᠢ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠢᠳᠡᠰᠢᠨ ᠤ ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠣᠨᠴᠠᠭᠠᠢ ᠢᠳᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠠᠵᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠨᠢᠭᠡ︶ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭ ᠤᠨ ᠡᠳ᠋ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ ᠤᠯᠤᠰ ᠤᠨ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ᠂ ᠵᠠᠰᠠᠯ ᠴᠢᠮᠡᠭ ᠤᠨ ᠡᠳ᠋ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ | ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ | ᠲᠥᠯᠥᠪᠵᠢᠭᠦᠯᠭᠡ ᠶᠢ ᠲᠤᠭᠤᠷᠪᠢᠬᠤ ᠳᠤ ᠣᠷᠣᠯᠴᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠠᠷᠪᠠᠨ ᠬᠤᠶᠠᠷ︶ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ᠂ ᠵᠠᠰᠠᠯ ᠴᠢᠮᠡᠭ ᠤᠨ ᠡᠳ᠋ ᠤᠨ ᠪᠠᠷᠢᠮᠵᠢᠶ᠎ᠠ ᠲᠣᠭᠲᠠᠭᠠᠬᠤ ᠪᠠ ᠲᠥᠷᠥᠯ ᠬᠤᠪᠢᠶᠠᠨ | ᠬᠠᠮᠢᠶᠠᠷᠬᠤ ᠳᠦᠷᠢᠮ ᠲᠣᠭᠲᠠᠭᠠᠬᠤ ᠳᠤ ᠣᠷᠣᠯᠴᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ | ᠤᠯᠤᠰ ᠤᠨ ᠦᠨᠳᠦᠰᠦᠨ ᠡᠮ ᠤᠨ ᠳᠦᠷᠢᠮ ᠢ ᠬᠡᠷᠡᠭᠵᠢᠭᠦᠯᠦᠨ᠎ᠡ᠃ ᠡᠷᠬᠡ ᠮᠡᠳᠡᠯ ᠶᠣᠰᠣᠭᠠᠷ ᠪᠦᠬᠦ ᠬᠤᠲᠠ ᠶᠢᠨ ᠬᠢᠲᠠᠳ ᠡᠮ᠂ ᠮᠣᠩᠭᠤᠯ ᠡᠮ ᠤᠨ ᠪᠠᠷᠢᠮᠵᠢᠶ᠎ᠠ ᠶᠢᠨ | ᠵᠢᠷᠤᠮᠵᠢᠯ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠠᠷᠪᠠᠨ ᠭᠤᠷᠪᠠ︶ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭ ᠤᠨ ᠡᠳ᠋ ᠤᠨ ᠶᠠᠰᠤ ᠴᠢᠨᠠᠷ ᠤᠨ ᠬᠠᠮᠢᠶᠠᠷᠤᠯᠲᠠ ᠶᠢ | ᠬᠠᠷᠢᠭᠤᠴᠠᠨ᠎ᠠ᠃ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭ ᠤᠨ ᠡᠳ᠋ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ | ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠠᠷᠪᠠᠨ ᠳᠥᠷᠪᠡ︶ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭ ᠤᠨ ᠡᠳ᠋ ᠤᠨ ᠵᠠᠬ᠎ᠠ ᠳᠡᠯᠭᠡᠭᠦᠷ ᠲᠤ ᠭᠠᠷᠤᠭᠰᠠᠨ ᠤ | ᠳᠠᠷᠠᠭᠠᠬᠢ ᠲᠦᠭᠰᠢᠭᠦᠷᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠡᠮ ᠤᠨ ᠵᠦᠢᠯ᠂ ᠵᠠᠰᠠᠯ ᠴᠢᠮᠡᠭ ᠤᠨ ᠡᠳ᠋ ᠤᠨ ᠮᠠᠭᠤ ᠲᠤᠰᠬᠠᠯ ᠪᠣᠯᠤᠨ ᠡᠮᠴᠢᠯᠡᠭᠡᠨ ᠤ ᠮᠠᠰᠢᠨ | ᠪᠠᠭᠠᠵᠢ ᠶᠢᠨ ᠮᠠᠭᠤ ᠬᠡᠷᠡᠭ ᠢ ᠬᠢᠨᠠᠨ ᠬᠡᠮᠵᠢᠬᠦ᠂ ᠦᠨᠡᠯᠡᠬᠦ ᠪᠠ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠮ ᠤᠨ ᠵᠦᠢᠯ᠂ ᠵᠠᠰᠠᠯ | ᠴᠢᠮᠡᠭ ᠤᠨ ᠡᠳ᠋ ᠪᠣᠯᠤᠨ ᠡᠮᠴᠢᠯᠡᠭᠡᠨ ᠤ ᠮᠠᠰᠢᠨ ᠪᠠᠭᠠᠵᠢ ᠶᠢᠨ ᠠᠶᠤᠯ ᠦᠭᠡᠶ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ | ᠡᠭᠦᠷᠭᠡᠯᠡᠨ᠎ᠡ᠃ | ︵ᠠᠷᠪᠠᠨ ᠲᠠᠪᠤ︶ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭ ᠤᠨ ᠡᠳ᠋ ᠤᠨ ᠬᠢᠨᠠᠯᠲᠠ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠪᠠᠶᠢᠴᠠᠭᠠᠬᠤ ᠳᠦᠷᠢᠮ ᠢ ᠲᠣᠭᠲᠠᠭᠠᠵᠤ᠂ ᠠᠰᠠᠭᠤᠳᠠᠯ ᠲᠠᠢ ᠦᠢᠯᠡᠳᠬᠦᠨ ᠢ ᠡᠭᠡᠭᠦᠯᠦᠨ ᠠᠪᠴᠢᠷᠠᠬᠤ ᠪᠠ | ᠰᠢᠢᠳᠪᠦᠷᠢᠯᠡᠬᠦ ᠳᠦᠷᠢᠮ ᠢ ᠬᠢᠨᠠᠯᠲᠠ ᠲᠠᠯᠪᠢᠨ ᠬᠡᠷᠡᠭᠵᠢᠭᠦᠯᠵᠦ᠂ ᠪᠦᠬᠦ ᠬᠤᠲᠠ ᠶᠢᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠨ | ᠬᠡᠷᠡᠭᠵᠢᠭᠦᠯᠵᠦ᠂ ᠶᠠᠰᠤ ᠴᠢᠨᠠᠷ ᠤᠨ ᠠᠯᠪᠠᠨ ᠵᠠᠷ ᠢ ᠨᠡᠶᠢᠲᠡᠯᠡᠵᠦ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭ ᠤᠨ ᠡᠳ᠋ ᠢ ᠡᠵᠡᠩᠨᠡᠬᠦ᠂ | ᠬᠡᠷᠡᠭᠯᠡᠬᠦ ᠭᠤᠭᠴᠤᠭ᠎ᠠ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠡᠭᠦᠷᠭᠡ ᠬᠠᠷᠢᠭᠤᠴᠠᠯᠭ᠎ᠠ ᠶᠢᠨ | ᠶᠣᠰᠣᠭᠠᠷ ᠪᠤᠰᠤᠳ ᠭᠤᠭᠴᠤᠭ᠎ᠠ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠢᠯᠣᠭᠤᠳᠬᠤ ᠬᠡᠷᠡᠭᠲᠡᠶ᠃ ᠡᠯ᠎ᠡ | ᠬᠤᠰᠢᠭᠤ ᠰᠢᠶᠠᠨ ᠲᠣᠭᠤᠷᠢᠭ ᠲᠤ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭᠯᠡᠯ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠠᠵᠢᠯ | ᠥᠷᠨᠢᠭᠦᠯᠬᠦ ᠶᠢ ᠬᠠᠷᠢᠭᠤᠴᠠᠨ ᠵᠢᠯᠣᠭᠤᠳᠤᠨ᠎ᠠ᠃ | ︵ᠠᠷᠪᠠᠨ ᠵᠢᠷᠭᠤᠭ᠎ᠠ︶ ᠬᠡᠮᠵᠢᠯᠲᠡ ᠶᠢᠨ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ ᠤᠯᠤᠰ ᠤᠨ ᠬᠡᠮᠵᠢᠯᠲᠡ ᠶᠢᠨ ᠳᠦᠷᠢᠮ ᠢ | ᠨᠠᠶᠢᠳᠠᠪᠤᠷᠢᠵᠢᠭᠤᠯᠵᠤ᠂ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠢ ᠶᠢ ᠬᠡᠷᠡᠭᠵᠢᠭᠦᠯᠵᠦ᠂ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠬᠡᠮᠵᠢᠭᠳᠡᠬᠦᠨ ᠢ | ᠳᠠᠮᠵᠢᠭᠤᠯᠬᠤ ᠪᠠ ᠬᠠᠷᠢᠴᠠᠭᠤᠯᠬᠤ ᠠᠵᠢᠯ ᠢ ᠬᠠᠮᠢᠶᠠᠷᠤᠨ᠎ᠠ᠃ ᠲᠠᠸᠠᠷ ᠤᠨ ᠬᠡᠮᠵᠢᠯᠲᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ | ᠬᠢᠨᠠᠯᠲᠠ ᠲᠠᠯᠪᠢᠵᠤ᠂ ᠬᠠᠤᠯᠢ ᠪᠠᠷ ᠲᠣᠭᠲᠠᠭᠠᠭᠰᠠᠨ᠂ ᠡᠷᠬᠡ ᠣᠯᠭᠤᠭᠰᠠᠨ ᠬᠡᠮᠵᠢᠯᠲᠡ ᠶᠢᠨ ᠪᠠᠶᠢᠴᠠᠭᠠᠨ ᠲᠣᠭᠲᠠᠭᠠᠬᠤ ᠪᠠᠶᠢᠭᠤᠯᠤᠮᠵᠢ ᠪᠠ ᠬᠡᠮᠵᠢᠯᠲᠡ ᠶᠢᠨ ᠠᠯᠪᠠᠨ | ᠭᠡᠷᠡᠴᠢᠯᠡᠭᠡ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ | ︵ᠠᠷᠪᠠᠨ ᠳᠣᠯᠤᠭ᠎ᠠ︶ ᠲᠤᠰ ᠵᠠᠰᠠᠭ ᠵᠠᠬᠢᠷᠭᠠᠨ ᠤ ᠣᠷᠣᠨ ᠤ ᠪᠠᠷᠢᠮᠵᠢᠶᠠᠵᠢᠭᠤᠯᠬᠤ ᠠᠵᠢᠯ ᠢ ᠨᠢᠭᠡᠳᠦᠯᠲᠡᠶ ᠬᠠᠮᠢᠶᠠᠷᠬᠤ ᠪᠠ ᠵᠢᠯᠣᠭᠤᠳᠬᠤ ᠶᠢ ᠬᠠᠷᠢᠭᠤᠴᠠᠨ᠎ᠠ | ᠃ ᠡᠷᠬᠡ ᠮᠡᠳᠡᠯ ᠶᠣᠰᠣᠭᠠᠷ ᠣᠷᠣᠨ ᠨᠤᠲᠤᠭ ᠤᠨ ᠪᠠᠷᠢᠮᠵᠢᠶ᠎ᠠ ᠶᠢᠨ ᠲᠥᠷᠥᠯ ᠵᠦᠢᠯ ᠲᠣᠭᠲᠠᠭᠠᠬᠤ᠂ ᠳ᠋ᠤᠭᠠᠷᠯᠠᠬᠤ᠂ ᠨᠡᠶᠢᠲᠡᠯᠡᠬᠦ ᠠᠵᠢᠯ ᠢ ᠬᠠᠤᠯᠢ ᠶᠣᠰᠣᠭᠠᠷ | ᠡᠭᠦᠷᠭᠡᠯᠡᠨ᠎ᠡ᠃ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠶᠢ ᠬᠡᠷᠡᠭᠵᠢᠭᠦᠯᠬᠦ ᠮᠡᠳᠡᠭᠡ ᠵᠠᠩᠭᠢ ᠶᠢ ᠬᠠᠷᠢᠭᠤ | ᠲᠤᠰᠬᠠᠬᠤ ᠪᠠ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠨᠠᠢᠮᠠ︶ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ ᠪᠠᠶᠢᠴᠠᠭᠠᠨ ᠰᠢᠯᠭᠠᠵᠤ | ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠵᠠᠬ᠎ᠠ ᠳᠡᠯᠭᠡᠭᠦᠷ ᠢ ᠵᠢᠷᠤᠮᠵᠢᠭᠤᠯᠤᠨ᠂ | ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠠᠵᠢᠯ ᠲᠥᠷᠥᠯ ᠤᠨ | ᠬᠥᠭᠵᠢᠯᠲᠡ ᠶᠢ ᠵᠢᠯᠣᠭᠤᠳᠤᠨ ᠵᠣᠬᠢᠴᠠᠭᠤᠯᠤᠨ᠎ᠠ᠃ | ︵ᠠᠷᠪᠠ ᠶᠢᠰᠦ︶ ᠪᠥᠬᠦ ᠬᠤᠲᠠ ᠶᠢᠨ ᠭᠡᠷᠡᠴᠢᠯᠡᠨ ᠵᠥᠪᠰᠢᠶᠡᠷᠡᠬᠦ ᠠᠵᠢᠯ ᠢ ᠨᠢᠭᠡᠳᠦᠯᠲᠡᠶ ᠬᠠᠮᠢᠶᠠᠷᠬᠤ᠂ ᠬᠢᠨᠠᠯᠲᠠ ᠲᠠᠯᠪᠢᠬᠤ ᠪᠠ ᠶᠡᠷᠦᠩᠬᠡᠶᠢᠯᠡᠨ | ᠵᠣᠬᠢᠴᠠᠭᠤᠯᠬᠤ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠶᠢᠨ ᠬᠢᠵᠠᠭᠠᠷ ᠶᠣᠰᠣᠭᠠᠷ ᠬᠠᠮᠢᠶ᠎ᠠ ᠪᠦᠬᠦᠢ ᠭᠡᠷᠡᠴᠢᠯᠡᠨ ᠵᠥᠪᠰᠢᠶᠡᠷᠡᠬᠦ ᠪᠠ ᠬᠢᠷᠢ ᠲᠡᠩᠴᠡᠭᠰᠡᠨ ᠢ | ᠦᠨᠡᠯᠡᠨ ᠲᠣᠭᠲᠠᠭᠠᠵᠤ ᠬᠢᠨᠠᠨ ᠬᠠᠮᠢᠶᠠᠷᠬᠤ ᠵᠡᠷᠭᠡ ᠠᠵᠢᠯ ᠢ ᠡᠭᠦᠷᠭᠡᠯᠡᠨ᠎ᠡ᠃ | ︵ ᠬᠤᠷᠢ︶ ᠪᠥᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ | ᠪᠠ ᠦᠢᠯᠡᠴᠢᠯᠡᠬᠦ ᠠᠵᠢᠯ ᠢ ᠬᠠᠷᠢᠭᠤᠴᠠᠨ᠎ᠠ᠃ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠲᠤᠭᠤᠷᠪᠢᠨ | ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠳᠤ ᠣᠷᠣᠯᠴᠠᠵᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠬᠤᠷᠢᠨ ᠨᠢᠭᠡ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠰᠢᠰᠲ᠋ᠧᠮᠵᠢ ᠶᠢ ᠪᠠᠶᠢᠭᠤᠯᠬᠤ ᠲᠥᠰᠦᠯ ᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢ ᠠᠬᠢᠭᠤᠯᠵᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠠ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ | ᠥᠷᠨᠢᠭᠦᠯᠦᠨ᠎ᠡ᠃ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠶ ᠪᠡᠯᠡ ᠮᠥᠩᠭᠦ ᠶᠢ ᠬᠠᠮᠢᠶᠠᠷᠴᠤ᠂ ᠴᠢᠬᠤᠯᠠ ᠶᠡᠭᠡ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠤᠪᠢᠷᠠᠭᠤᠯᠬᠤ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢ ᠰᠢᠯᠵᠢᠭᠦᠯᠦᠨ ᠬᠤᠪᠢᠷᠠᠭᠤᠯᠬᠤ ᠶᠢ ᠠᠬᠢᠭᠤᠯᠤᠨ᠎ᠠ᠃ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠬᠠᠤᠯᠢ ᠬᠡᠷᠡᠭᠵᠢᠭᠦᠯᠬᠦ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠠᠷᠭᠤᠯᠳᠤᠭᠠᠨ ᠢ ᠰᠢᠢᠳᠪᠦᠷᠢᠯᠡᠬᠦ᠂ ᠡᠷᠬᠡ ᠪᠠᠨ ᠬᠠᠮᠠᠭᠠᠯᠠᠬᠤ ᠳᠤ ᠲᠤᠰᠠᠯᠠᠬᠤ ᠪᠠ ᠵᠢᠭᠤᠷᠠᠯᠳᠤᠭᠠᠨ ᠢ ᠡᠶᠡᠳᠡᠭᠦᠯᠦᠨ | ᠰᠢᠢᠳᠪᠦᠷᠢᠯᠡᠬᠦ ᠶᠢ ᠵᠢᠯᠣᠭᠤᠳᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠷᠢᠳᠴᠢᠯᠠᠨ ᠰᠡᠷᠡᠮᠵᠢᠯᠡᠭᠦᠯᠬᠦ ᠪᠠ ᠭᠠᠳᠠᠭᠠᠳᠤ ᠳᠤ | ᠬᠤᠯᠪᠣᠭᠳᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠬᠤᠷᠢᠨ ᠬᠤᠶᠠᠷ︶ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠵᠢᠭ ᠪᠢᠴᠢᠯ ᠠᠵᠤ ᠠᠬᠤᠶᠢᠯᠠᠯ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠢ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃ | ᠡᠯ᠎ᠡ ᠭᠠᠵᠠᠷ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠡᠪᠯᠡᠯ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | | ︵ᠬᠤᠷᠢᠨ ᠭᠤᠷᠪᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ | ᠂ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ ᠢ ᠬᠠᠷᠢᠭᠤᠴᠠᠨ᠎ᠠ᠃ | ︵ᠬᠤᠷᠢᠨ ᠳᠥᠷᠪᠡ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | |