ᠠᠷᠠᠳ ᠤᠨ ᠬᠤᠭᠤᠷᠣᠨᠳᠣᠬᠢ ᠵᠢᠭᠡᠯᠡᠯᠭᠡ ᠠᠶᠤᠯ  ᠲᠦᠭᠰᠢᠭᠦᠷᠢ ᠲᠠᠢ᠂  ᠪᠠᠲᠤᠯᠠᠬᠤ ᠬᠥᠮᠦᠨ ᠪᠣᠯᠬᠤ ᠳᠤ ᠪᠣᠯᠭᠤᠮᠵᠢᠲᠠᠢ ᠪᠠᠢᠬᠤ ᠬᠡᠷᠡᠭᠲᠡᠢ︕
ᠨᠡᠶᠢᠲᠡᠯᠡᠭᠰᠡᠨ ᠴᠠᠭ᠄
2024/7/29
      ᠠᠵᠤ ᠠᠬᠤᠢ  ᠨᠡᠶᠢᠭᠡᠮ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠠᠷᠠᠳ ᠤᠨ ᠵᠢᠭᠡᠯᠡᠯᠭᠡ ᠶᠢᠨ ᠦᠢᠯᠡ ᠠᠵᠢᠯᠯᠠᠭ᠎ᠠ ᠤᠯᠠᠮ ᠠᠴᠠ ᠤᠯᠠᠮ  ᠨᠡᠶᠢᠳᠡᠮ ᠪᠣᠯᠵᠤ᠂ ᠠᠷᠠᠳ ᠤᠨ ᠬᠤᠭᠤᠷᠣᠨᠳᠣᠬᠢ ᠵᠢᠭᠡᠯᠡᠯᠭᠡ ᠨᠢ ᠵᠢᠭᠡᠯᠡᠯᠭᠡ  ᠶᠢᠨ ᠬᠤᠶᠠᠷ ᠲᠠᠯ᠎ᠠ ᠶᠢᠨ ᠢᠲᠡᠭᠡᠮᠵᠢ ᠶᠢᠨ ᠬᠠᠷᠢᠴᠠᠭ᠎ᠠ ᠳᠤ ᠰᠠᠭᠤᠷᠢᠯᠠᠵᠤ ᠶᠠᠪᠤᠭᠳᠠᠳᠠᠭ᠂ ᠬᠠᠷᠢᠨ ᠪᠠᠲᠤᠯᠠᠭᠴᠢ ᠨᠢ  ᠡᠶᠢᠮᠦᠷᠬᠦᠦ ᠢᠲᠡᠭᠡᠮᠵᠢ ᠶᠢᠨ ᠬᠠᠷᠢᠴᠠᠭᠠᠨ ᠤ ᠬᠥᠭᠦᠷᠭᠡ ᠪᠣᠯᠣᠭᠰᠠᠨ ᠪᠠᠶᠢᠨ᠎ᠠ᠃  ᠣᠶᠢᠷ᠎ᠠ ᠶᠢᠨ ᠵᠢᠯ ᠠᠴᠠ  ᠨᠠᠭᠠᠰᠢ᠂ ᠰᠢᠭᠦᠬᠦ ᠬᠤᠷᠢᠶ᠎ᠠ ᠠᠷᠠᠳ ᠤᠨ ᠵᠢᠭᠡᠯᠡᠯᠭᠡ ᠶᠢᠨ ᠬᠡᠷᠡᠭ ᠢ ᠵᠢᠯ ᠳᠠᠷᠠᠭᠠᠯᠠᠨ ᠬᠦᠯᠢᠶᠡᠨ ᠠᠪᠴᠤ  ᠰᠢᠢᠳᠪᠦᠷᠢᠯᠡᠨ᠂ ᠦᠨᠡᠨ ᠳᠡᠭᠡᠨ ᠦᠵᠡᠬᠦ ᠳᠤ ᠨᠥᠬᠦᠷᠰᠡᠭ ᠠᠷᠠᠳ ᠤᠨ ᠵᠢᠭᠡᠯᠡᠯᠭᠡ ᠶᠢᠨ ᠦᠢᠯᠡ ᠠᠵᠢᠯᠯᠠᠭ᠎ᠠ ᠳᠤ ᠮᠠᠰᠢ ᠶᠡᠭᠡ ᠠᠶᠤᠯ  ᠲᠦᠭᠰᠢᠭᠦᠷᠢ  ᠣᠷᠣᠰᠢᠵᠤ ᠪᠠᠢᠬᠤ ᠪᠥᠭᠡᠳ ᠡᠳᠡᠭᠡᠷ ᠠᠶᠤᠯ ᠲᠦᠭᠰᠢᠭᠦᠷᠢ ᠶᠢ ᠠᠮᠠᠷᠬᠠᠨ‌ᠣᠮᠲᠣᠭᠠᠶᠢᠷᠠᠬᠤ  ᠶᠤᠮ᠃ ᠡᠶᠢᠮᠦ ᠠᠴᠠ᠂ ᠵᠢᠭᠡᠯᠡᠭᠦᠯᠦᠭᠴᠢ᠂ ᠮᠥᠩᠭᠦ ᠵᠢᠭᠡᠯᠡᠭᠴᠢ ᠭᠡᠰᠡᠨ ᠦᠭᠡᠢ ᠪᠦᠷ ᠨᠢᠳᠦ ᠪᠠᠨ ᠠᠷᠴᠢᠵᠤ ᠪᠣᠯᠭᠤᠮᠵᠢᠲᠠᠢ ᠬᠠᠨᠳᠤᠬᠤ ᠬᠡᠷᠡᠭᠲᠡᠢ᠃      ᠸᠠᠩ ᠣᠪᠣᠭᠲᠤ ᠪᠣᠯᠤᠨ ᠯᠢ ᠣᠪᠣᠭᠲᠤ ᠪᠣᠯ ᠣᠯᠠᠨ ᠵᠢᠯ ᠤᠨ  ᠰᠠᠶᠢᠨ ᠨᠠᠶᠢᠵᠠ ᠂ ᠯᠢ ᠣᠪᠣᠭᠲᠤ ᠠᠷᠠᠯᠵᠢᠶ᠎ᠠ  ᠮᠠᠶᠢᠮᠠᠢ ᠬᠢᠭᠰᠡᠨ ᠠᠴᠠ ᠭᠤᠣ ᠣᠪᠣᠭᠲᠤ ᠠᠴᠠ 10 ᠲᠦᠮᠡᠨ ᠲᠥᠭᠦᠷᠢᠭ ᠵᠣᠭᠤᠰ ᠵᠢᠭᠡᠯᠡᠪᠡ᠃ ᠵᠢᠭᠡᠯᠡᠭᠦᠯᠦᠭᠰᠡᠨ ᠵᠢᠭᠡᠯᠡᠯᠭᠡ ᠶᠢᠨ ᠢᠲᠡᠭᠡᠮᠵᠢ ᠶᠢᠨ ᠬᠡᠮᠵᠢᠶ᠎ᠡ ᠶᠢ ᠨᠡᠮᠡᠭᠳᠡᠭᠦᠯᠬᠦ ᠶᠢᠨ ᠲᠥᠯᠥᠭᠡ ᠯᠢ ᠣᠪᠣᠭᠲᠤ ᠸᠠᠩ ᠣᠪᠣᠭᠲᠤ ᠳᠤ ᠪᠠᠲᠤᠯᠠᠭ᠎ᠠ ᠣᠯᠭᠤᠬᠤ ᠪᠠᠷ ᠭᠤᠶᠤᠴᠢᠯᠠᠪᠠ᠃ ᠸᠠᠩ ᠣᠪᠣᠭᠲᠤ ᠬᠤᠶᠠᠷ ᠲᠠᠯ᠎ᠠ ᠶᠢᠨ ᠬᠠᠷᠢᠴᠠᠭ᠎ᠠ ᠳᠣᠲᠣᠨᠣ ᠪᠠᠶᠢᠬᠤ ᠶᠢ ᠪᠣᠳᠣᠯᠬᠢᠯᠠᠭᠠᠳ ᠯᠢ ᠣᠪᠣᠭᠲᠤ ᠶᠡᠷᠦ ᠨᠢ ᠢᠲᠡᠭᠡᠮᠵᠢ ᠰᠠᠶᠢᠨ ᠪᠠᠶᠢᠭᠰᠠᠨ ᠪᠣᠯᠬᠤᠷ ᠥᠴᠦᠬᠡᠨ ᠴᠦ ᠲᠠᠲᠠᠭᠠᠯᠵᠠᠯ ᠦᠭᠡᠢ ᠵᠥᠪᠰᠢᠶᠡᠷᠡᠪᠡ᠃ ᠭᠡᠲᠡᠯ᠎ᠡ᠂ ᠬᠡᠷᠡᠭ ᠶᠠᠪᠤᠳᠠᠯ ᠨᠢ ᠸᠠᠩ ᠣᠪᠣᠭᠲᠤ ᠶᠢᠨ ᠵᠢᠱᠢᠭᠰᠡᠨ ᠰᠢᠭ ᠢᠶᠠᠷ ᠤᠷᠤᠭᠰᠢᠲᠠᠶ ᠦᠭᠡᠢ᠃ ᠯᠢ ᠣᠪᠣᠭᠲᠠᠨ ᠡᠵᠡᠩᠨᠡᠯᠲᠡ ᠮᠠᠭᠤ ᠠᠴᠠ ᠪᠣᠯᠵᠤ ᠵᠣᠭᠤᠰ ᠢᠶᠠᠨ ᠪᠤᠴᠠᠭᠠᠵᠤ ᠳᠡᠶᠢᠯᠬᠦ ᠦᠭᠡᠢ ᠪᠣᠯᠵᠠᠢ᠃ ᠠᠪᠴᠠᠬᠠᠲᠠᠨ ᠭᠤᠤ ᠣᠪᠣᠭᠲᠤ ᠣᠯᠠᠨ ᠤᠳᠠᠭ᠎ᠠ ᠰᠢᠪᠠᠳᠠᠨ  ᠠᠪᠴᠤ ᠳᠡᠶᠢᠯᠦᠭᠰᠡᠨ ᠦᠭᠡᠢ ᠯᠢ ᠣᠪᠣᠭᠲᠤ ᠪᠤᠯᠤᠨ ᠸᠠᠩ ᠣᠪᠣᠭᠲᠤ ᠶᠢ ᠰᠢᠭᠦᠬᠦ ᠬᠤᠷᠢᠶᠠᠨ ᠳᠤ ᠵᠠᠭᠠᠯᠳᠤᠪᠠ᠃       ᠬᠡᠷᠡᠭ ᠢ ᠰᠢᠭᠦᠨ ᠰᠢᠢᠳᠪᠦᠷᠢᠯᠡᠬᠦ ᠶᠠᠪᠤᠴᠠ ᠳᠤ ᠬᠠᠤᠯᠢ ᠶᠢᠨ ᠲᠤᠰᠢᠶᠠᠯᠲᠠᠨ ᠲᠤᠬᠠᠢ ᠶᠢᠨ ᠬᠥᠮᠥᠨ ᠤ ᠲᠤᠰᠢᠶᠠᠭᠰᠠᠨ ᠵᠢᠭᠡᠯᠡᠭᠰᠡᠨ ᠵᠦᠢᠯ ᠵᠡᠷᠭᠡ ᠭᠡᠷᠡᠴᠢ ᠪᠠᠷᠢᠮᠲᠠ ᠶᠢᠨ ᠮᠠᠲ᠋ᠧᠷᠢᠶᠠᠯ ᠵᠢᠴᠢ ᠲᠤᠬᠠᠢ ᠶᠢᠨ ᠬᠥᠮᠥᠨ ᠤ ᠲᠣᠭᠠᠴᠢᠯᠲᠠ ᠶᠢ ᠦᠨᠳᠦᠰᠦᠯᠡᠨ᠂ ᠬᠠᠤᠯᠢ ᠳᠤ ᠨᠡᠶᠢᠴᠡᠭᠰᠡᠨ ᠵᠢᠭᠡᠯᠡᠯᠭᠡ ᠶᠢᠨ ᠬᠠᠷᠢᠴᠠᠭ᠎ᠠ ᠶᠢ ᠬᠠᠤᠯᠢ ᠪᠠᠷ ᠬᠠᠮᠠᠭᠠᠯᠠᠨ᠎ᠠ᠃ ᠳᠠᠭᠠᠭᠠᠯᠲᠠ ᠶᠢᠨ ᠬᠠᠷᠢᠭᠤᠴᠠᠯᠭ᠎ᠠ ᠶᠢᠨ ᠲᠤᠬᠠᠶ᠂ ᠵᠠᠭᠠᠯᠳᠤᠭᠳᠠᠭᠴᠢ ᠯᠢ ᠣᠪᠣᠭᠲᠤ ᠥᠭᠴᠡᠭᠡ ᠪᠠᠨ ᠲᠥᠯᠥᠵᠦ ᠳᠠᠭᠤᠰᠬᠠᠬᠤ ᠬᠡᠷᠡᠭᠲᠡᠶ᠂ ᠵᠠᠭᠠᠯᠳᠤᠭᠳᠠᠭᠴᠢ ᠸᠠᠩ ᠣᠪᠣᠭᠲᠤ ᠪᠠᠲᠤᠯᠠᠨ ᠳᠠᠭᠠᠭᠠᠭᠴᠢ ᠪᠣᠯᠵᠤ᠂ ᠵᠣᠭᠤᠰ ᠵᠢᠭᠡᠯᠡᠬᠦ ᠪᠠᠲᠤᠯᠠᠭ᠎ᠠ ᠶᠢᠨ ᠠᠷᠭ᠎ᠠ ᠮᠠᠶ᠋ᠢᠭ  ᠢᠶᠠᠨ ᠪᠣᠯᠵᠣᠨ ᠲᠣᠭᠲᠠᠭᠰᠠᠨ ᠦᠭᠡᠶ ᠮᠥᠷᠲᠡᠭᠡᠨ ᠯᠢ ᠣᠪᠣᠭᠲᠤ ᠵᠠᠭᠠᠯᠳᠤᠭᠴᠢ ᠠᠴᠠ ᠵᠣᠭᠤᠰ ᠵᠢᠭᠡᠯᠡᠬᠦ  ᠦᠶ᠎ᠡ ᠳᠤ ᠵᠣᠭᠤᠰ ᠢᠶᠠᠨ ᠪᠤᠴᠠᠭᠠᠬᠤ ᠴᠠᠭ ᠢᠶᠠᠨ ᠪᠣᠯᠵᠣᠨ ᠲᠣᠭᠲᠠᠭᠰᠠᠨ ᠦᠭᠡᠶ᠂ ᠡᠶᠢᠮᠦ ᠠᠴᠠ ᠵᠠᠭᠠᠯᠳᠤᠭᠳᠠᠭᠴᠢ ᠸᠠᠩ ᠣᠪᠣᠭᠲᠤ ᠶᠢᠨ ᠳᠠᠭᠠᠭᠠᠯᠲᠠ ᠶᠢᠨ ᠬᠠᠷᠢᠭᠤᠴᠠᠯᠭ᠎ᠠ ᠪᠠᠲᠤᠯᠠᠬᠤ ᠬᠤᠭᠤᠴᠠᠭᠠᠨ ᠳᠤ᠂ ᠡᠩ ᠤᠨ ᠪᠠᠲᠤᠯᠠᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠂ ᠲᠤᠬᠠᠶᠢᠯᠠᠪᠠᠯ ᠵᠠᠭᠠᠯᠳᠤᠭᠳᠠᠭᠴᠢ ᠸᠠᠩ ᠣᠪᠣᠭᠲᠤ ᠶᠢᠨ ᠡᠳ᠋ ᠬᠥᠷᠥᠩᠭᠡ ᠶᠢ ᠬᠠᠤᠯᠢ ᠶᠣᠰᠣᠭᠠᠷ ᠠᠯᠪᠠᠳᠠᠨ ᠭᠦᠢᠴᠡᠳᠬᠡᠭᠰᠡᠨ ᠤ ᠳᠠᠷᠠᠭ᠎ᠠ ᠮᠥᠨᠬᠦ ᠭᠦᠢᠴᠡᠳᠬᠡᠵᠦ ᠳᠡᠶᠢᠯᠬᠦ ᠦᠭᠡᠶ ᠬᠡᠰᠡᠭ ᠲᠤ ᠪᠠᠲᠤᠯᠠᠬᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ