ᠲᠡᠭᠷᠢ ᠶᠢᠨ ᠬᠡᠰᠢᠭᠲᠦ ᠪᠣᠷᠣᠲᠣᠬᠤᠢ  ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ ᠡᠭᠦᠳᠡ ᠪᠠᠨ ᠨᠡᠭᠡᠭᠡᠵᠡᠢ︕
ᠨᠡᠶᠢᠲᠡᠯᠡᠭᠰᠡᠨ ᠴᠠᠭ᠄
2024/7/29
      7 ᠰᠠᠷ᠎ᠠ ᠶᠢᠨ 16 ᠤ ᠡᠳᠦᠷ᠂ ᠪᠠᠶᠠᠨᠨᠠᠭᠤᠷ ᠬᠤᠳᠠ ᠶᠢᠨ ᠳ᠋ᠧᠩᠺᠸᠤ ᠰᠢᠶᠠᠨ ᠤ ᠪᠠᠶᠠᠨᠪᠤᠯᠠᠭ ᠭᠠᠴᠠᠭ᠎ᠠ ᠶᠢᠨ ᠲᠡᠭᠷᠢ ᠶᠢᠨ ᠬᠡᠰᠢᠭᠲᠦ ᠪᠣᠷᠣᠲᠣᠬᠤᠢ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ  ᠡᠭᠦᠳᠡ ᠨᠡᠭᠡᠭᠡᠬᠦ ᠶᠣᠰᠣᠯᠠᠯ ᠶᠠᠪᠤᠭᠤᠯᠵᠤ᠂ ᠪᠠᠶᠠᠨ ᠪᠣᠬᠢᠷᠲᠤᠯ ᠦᠭᠡᠢ ᠠᠵᠤ ᠦᠢᠯᠡᠰ ᠤᠨ ᠪᠦᠯᠦᠭᠯᠡᠯ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠠᠩ ᠯᠦᠩ ᠹᠸᠢ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠪᠠ᠃      ᠳᠣᠣᠵᠠ ᠬᠠᠶᠢᠴᠢᠯᠠᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ ᠳᠤᠮᠳᠠᠳᠤ ᠢᠰᠷᠧᠯ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠦᠵᠡᠭᠦᠯᠦᠯᠭᠡ ᠶᠢᠨ ᠲᠢᠩᠬᠢᠮ᠂ ᠡᠳ᠋ᠰᠢᠭᠦᠯᠦᠨ ᠦᠢᠯᠡᠳᠪᠦᠷᠢᠯᠡᠬᠦ ᠢᠯᠭᠠᠵᠤ ᠬᠤᠪᠢᠶᠠᠷᠢᠯᠠᠬᠤ ᠲᠥᠪ ᠪᠣᠯᠤᠨ ᠲᠠᠷᠢᠮᠠᠯ ᠤᠨ ᠬᠦᠯᠡᠮᠵᠢ ᠶᠢ ᠲᠣᠭᠤᠷᠢᠨ ᠦᠵᠡᠪᠡ᠃      ᠳᠤᠮᠳᠠᠳᠤ ᠢᠰᠷᠧᠯ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠠᠶᠢᠭ᠎ᠠ ᠭᠠᠵᠠᠷ ᠤᠨ ᠤᠯᠠᠭᠠᠨᠪᠤᠬ᠎ᠠ ᠶᠢᠨ ᠡᠯᠡᠰᠦᠨ ᠴᠦᠯ ᠤᠨ ᠳᠣᠲᠣᠷ᠎ᠠ ᠭᠠᠵᠠᠷ ᠲᠤ 1000 ᠮᠦ ᠭᠠᠵᠠᠷ ᠡᠵᠡᠯᠡᠵᠦ᠂ ᠲᠡᠷᠢᠭᠦᠨ ᠤ ᠲᠠᠷᠢᠶᠠᠯᠠᠩ ᠤᠨ ᠲᠥᠬᠦᠭᠡᠷᠦᠮᠵᠢ ᠪᠣᠯᠤᠨ ᠮᠡᠷᠭᠡᠵᠢᠯ ᠢ ᠬᠡᠷᠡᠭᠯᠡᠨ ᠳᠡᠭᠡᠳᠦ ᠲᠡᠰ ᠤᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠣᠯᠤᠨ᠎ᠠ᠃      ᠡᠨᠡ ᠵᠢᠯ᠂ ᠪᠠᠶᠠᠨ ᠪᠣᠬᠢᠷᠲᠤᠯ ᠦᠭᠡᠢ ᠠᠵᠤ ᠦᠢᠯᠡᠰ ᠤᠨ ᠪᠦᠯᠦᠭᠯᠡᠯ ᠺᠣᠮᠫᠠᠨᠢ ᠨᠢ ᠸᠠᠨ ᠳ᠋ᠢᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ︵ᠭᠤᠸᠠᠩᠳᠦ᠋ᠩ ᠤᠨ ᠮᠤᠤ ᠮᠢᠩ︶ ᠤᠨ ᠬᠢᠵᠠᠭᠠᠷᠲᠤ ᠺᠣᠮᠫᠠᠨᠢ ᠶᠢ ᠰᠢᠨᠵᠢᠯᠡᠬᠦ ᠤᠬᠠᠭᠠᠨᠴᠢ ᠪᠠᠷ ᠡᠵᠡᠩᠨᠡᠵᠦ ᠠᠵᠤ ᠦᠢᠯᠡᠰ ᠤᠨ ᠬᠦᠷᠢᠶᠡᠯᠡᠩ ᠢ ᠣᠷᠣᠭᠤᠯᠤᠨ ᠠᠪᠴᠢᠷᠠᠵᠤ᠂ ᠬᠥᠬᠡ ᠰᠢᠬᠢᠷᠯᠢᠭ 2 ᠨᠣᠮᠧᠷ᠂ ᠹᠦᠱᠠᠨ 88᠂ ᠲᠥᠪᠡᠳ ᠬᠠᠰᠢ ᠶᠢᠨ ᠤᠯᠠᠷᠢᠯ ᠤᠨ ᠵᠢᠵᠢᠭ ᠲᠥᠪᠡᠳ ᠬᠠᠰᠢ ᠶᠢ ᠨᠡᠶᠢᠲᠡ 500 ᠭᠠᠷᠤᠶ ᠮᠥ ᠳᠠᠷᠢᠵᠤ᠂ ᠵᠢᠯ ᠳᠤ 500 ᠲᠦᠮᠡᠨ ᠵᠢᠩ ᠦᠢᠯᠡᠳᠪᠦᠷᠢᠯᠡᠵᠦ᠂ ᠬᠤᠷᠢᠶᠠᠬᠤ ᠬᠤᠭᠤᠴᠠᠭ᠎ᠠ ᠨᠢ 11 ᠰᠠᠷ᠎ᠠ ᠪᠣᠯᠲᠠᠯ᠎ᠠ ᠦᠷᠭᠦᠯᠵᠢᠯᠡᠪᠡ᠃ ᠡᠭᠦᠨ ᠤ ᠬᠠᠮᠲᠤ ᠪᠠᠶᠠᠨᠨᠠᠭᠤᠷ ᠤᠨ ᠤᠨᠴᠠᠯᠢᠬᠳᠤ ᠭᠤᠸᠠ ᠵᠢᠮᠢᠰ ᠬᠤᠸᠠ ᠯᠠᠢ ᠱᠢ᠂ ᠰᠢ ᠵᠧᠦ ᠮᠢ ᠵᠡᠷᠭᠡ ᠡᠭᠦᠯᠳᠡᠷ ᠢ ᠲᠠᠷᠢᠪᠠ᠃      ᠲᠡᠭᠷᠢ ᠶᠢᠨ ᠬᠡᠰᠢᠭᠲᠦ ᠪᠣᠷᠣᠲᠣᠬᠤᠶ ᠳᠠᠬᠢ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠨᠢ ᠣᠲᠣ ᠦᠶ᠎ᠡ ᠶᠢᠨ ᠪᠡᠯᠡᠳᠬᠡᠮᠵᠢᠲᠦ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠡᠯᠡᠰᠦᠨ ᠴᠥᠯ ᠤᠨ ᠲᠠᠷᠢᠶᠠᠯᠠᠩ ᠬᠢᠭᠡᠳ ︽ᠠᠮᠢ ᠠᠬᠤᠶ︾ ᠶᠢ ᠠᠭᠤᠰᠤᠯᠴᠠᠭᠤᠯᠤᠨ ᠬᠥᠭᠵᠢᠭᠦᠯᠬᠦ ᠵᠠᠮ ᠢ ᠢᠳᠡᠪᠬᠢᠲᠡᠶ ᠠᠬᠢᠭᠤᠯᠬᠤ ᠪᠣᠯᠤᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ