7 ᠰᠠᠷ᠎ᠠ ᠶᠢᠨ 8 ᠤ ᠡᠳᠦᠷ ᠠᠴᠠ 10 ᠤ ᠡᠳᠦᠷ ᠪᠣᠯᠲᠠᠯ᠎ᠠ᠂ ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠪᠠᠶᠠᠨᠨᠠᠭᠤᠷ | ᠬᠤᠲᠠ ᠶᠢᠨ ᠠᠷᠠᠯᠵᠢᠶ᠎ᠠ ᠶᠢ ᠠᠬᠢᠭᠤᠯᠬᠤ ᠬᠤᠷᠠᠯ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠠᠭᠠᠭᠠᠴᠢᠯᠠᠨ ᠡᠷᠭᠢᠯᠡᠵᠦ᠂ ᠪᠠᠶᠠᠨᠨᠠᠭᠤᠷ ᠬᠤᠲᠠ ᠶᠢᠨ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠠᠶᠠᠨᠨᠠᠭᠤᠷ ᠬᠤᠲᠠ ᠶᠢᠨ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠪᠠᠶᠠᠨ ᠪᠣᠬᠢᠷᠲᠤᠯ ᠦᠭᠡᠢ ᠠᠵᠤ | ᠦᠢᠯᠡᠰ ᠤᠨ ᠪᠦᠯᠦᠭᠯᠡᠯ ᠺᠣᠮᠫᠠᠨᠢ ᠶᠢᠨ ᠬᠠᠮᠵᠢᠯᠴᠠᠨ ᠡᠷᠭᠢᠯᠡᠭᠰᠡᠨ ︽ᠪᠠᠶᠠᠨᠨᠠᠭᠤᠷ ᠤᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ︵ᠪᠡᠭᠡᠵᠢᠩ︶ ᠤ ᠬᠠᠩᠭᠠᠯᠭ᠎ᠠ | ᠬᠡᠷᠡᠭᠴᠡᠭᠡ ᠶᠢ ᠵᠣᠯᠭᠠᠭᠤᠯᠬᠤ ᠬᠤᠷᠠᠯ︾ ᠢ ᠪᠡᠭᠡᠵᠢᠩ ᠬᠤᠲᠠ ᠶᠢᠨ ᠰᠢᠨ ᠹᠠ ᠳ᠋ᠢ ᠣᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠬᠤᠷᠠᠯ ᠦᠵᠡᠰᠬᠦᠯᠡᠩ ᠤᠨ | ᠲᠥᠪ ᠲᠤ ᠠᠮᠵᠢᠯᠲᠠ ᠲᠠᠢ ᠡᠷᠭᠢᠯᠡᠪᠡ᠃ | ᠬᠤᠷᠠᠯ ᠤᠨ ᠠᠬᠤᠢ ᠲᠠᠯᠠᠪᠠᠢ ᠳᠤ᠂ ᠪᠠᠶᠠᠨᠨᠠᠭᠤᠷ ᠠᠴᠠ ᠢᠷᠡᠭᠰᠡᠨ 32 ᠰᠢᠯᠢᠳᠡᠭ ᠲᠠᠷᠢᠶᠠᠯᠠᠩ ᠤᠨ ᠠᠵᠤ ᠠᠬᠤᠶᠢᠯᠠᠯ ᠤᠨ ᠦᠢᠯᠡᠳᠬᠦᠨ ᠤ ᠲᠠᠨᠢᠯᠴᠠᠭᠤᠯᠭ᠎ᠠ ᠬᠢᠭᠰᠡᠨ | ᠪᠥᠭᠡᠳ ᠪᠡᠭᠡᠵᠢᠩ ᠬᠤᠳᠠ ᠶᠢᠨ ᠰᠢᠨ ᠹᠠ ᠳ᠋ᠢ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠡᠯ᠎ᠡ ᠲᠦᠷᠦᠯ ᠤᠨ ᠡᠵᠡᠩᠨᠡᠨ | ᠪᠣᠷᠣᠯᠠᠭᠤᠯᠬᠤ ᠲᠠᠪᠴᠠᠩ᠂ ᠪᠡᠭᠡᠵᠢᠩ ᠤᠨ ᠡᠯ᠎ᠡ ᠲᠦᠷᠦᠯ ᠤᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠲᠠᠢ ᠲᠤᠮᠤ ᠬᠡᠯᠪᠡᠷᠢ ᠶᠢᠨ ᠬᠤᠳᠠᠯᠳᠤᠭᠠᠨ ᠤ ᠬᠡᠳᠦ ᠳᠡᠯᠭᠡᠭᠦᠷ | ᠲᠤᠬᠠᠢ ᠶᠢᠨ ᠲᠠᠯᠠᠪᠠᠢ ᠳᠤ ᠵᠥᠪᠳᠡᠯᠴᠡᠭᠡ ᠬᠢᠵᠦ᠂ ᠬᠠᠮᠲᠤᠷᠠᠯᠴᠠᠭᠠᠨ ᠤ ᠰᠠᠨᠠᠮᠵᠢ ᠪᠠᠨ ᠠᠩᠬ᠎ᠠ ᠠᠯᠬᠤᠮ ᠲᠤᠬᠢᠷᠠᠯᠴᠠᠪᠠ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ︽ᠲᠡᠭᠷᠢ ᠶᠢᠨ ᠬᠡᠰᠢᠭᠲᠦ ᠪᠣᠷᠣᠲᠣᠬᠤᠶ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠡᠮᠳᠡᠭ ᠤᠨ ᠡᠷᠬᠡ ᠣᠯᠭᠤᠭᠰᠠᠨ ᠪᠦᠲᠦᠭᠡᠭᠳᠡᠬᠦᠨ ᠵᠢᠴᠢ ᠪᠠᠶᠠᠨᠨᠠᠭᠤᠷ ᠤᠨ ᠠᠷᠪᠠᠨ ᠬᠡᠳᠦᠨ ᠵᠦᠢᠯ ᠤᠨ ᠴᠢᠨᠠᠷ ᠰᠠᠶᠢᠲᠠᠶ ᠲᠠᠷᠢᠶᠠᠯᠠᠩ ᠤᠨ | ᠪᠦᠲᠦᠭᠡᠭᠳᠡᠬᠦᠨ ᠢ ᠳᠡᠯᠭᠡᠨ ᠦᠵᠡᠭᠦᠯᠵᠦ᠂ ᠬᠡᠷᠡᠭᠯᠡᠭᠴᠢᠳ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ | ᠲᠣᠰ ᠤᠳᠠᠭᠠᠨ ᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠬᠤᠷᠠᠯ ᠢᠶᠠᠷ ᠳᠠᠮᠵᠢᠭᠤᠯᠤᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ | ᠂ ᠪᠠᠶᠠᠨᠨᠠᠭᠤᠷ ᠤᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠤ ᠪᠡᠭᠡᠵᠢᠩ ᠤᠨ ᠬᠡᠷᠡᠭᠯᠡᠭᠡᠨ ᠤ ᠵᠠᠬ᠎ᠠ ᠳᠡᠯᠭᠡᠭᠦᠷ ᠲᠤ ᠣᠷᠣᠬᠤ ᠠᠷᠭ᠎ᠠ ᠵᠠᠮ ᠢ ᠥᠷᠭᠡᠳᠬᠡᠬᠦ ᠳᠤ | ᠢᠳᠡᠪᠬᠢᠲᠡᠶ ᠦᠢᠯᠡᠳᠦᠯ ᠦᠵᠡᠭᠦᠯᠪᠡ᠃ | |