ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ | | | ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠬᠥᠭᠵᠢᠯᠲᠡ ᠶᠢ ᠢᠮᠠᠭᠲᠠ ᠠᠩᠬᠠᠷᠤᠨ ᠬᠠᠯᠠᠮᠵᠢᠯᠠᠵᠤ᠂ ᠥᠪᠥᠷ ᠮᠣᠩᠭᠤᠯ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠭᠦᠨ ᠰᠠᠨᠠᠭᠠᠯᠵᠠᠵᠤ᠂ 2023 ᠣᠨ ᠤ 6 ᠰᠠᠷ᠎ᠠ ᠳᠤ ᠳᠥᠷᠪᠡᠳᠡᠬᠢ ᠤᠳᠠᠭ᠎ᠠ ᠥᠪᠥᠷ ᠮᠣᠩᠭᠤᠯ ᠳᠤ ᠢᠷᠡᠵᠥ | ᠰᠢᠨᠵᠢᠯᠡᠨ ᠪᠠᠶᠢᠴᠠᠭᠠᠵᠤ᠂ ᠳᠠᠬᠢᠨᠲᠠ ᠥᠪᠥᠷ ᠮᠣᠩᠭᠤᠯ ᠤᠨ ᠬᠥᠭᠵᠢᠯᠲᠡ ᠶᠢᠨ ᠪᠠᠶᠢᠳᠠᠯ ᠢ ᠵᠠᠳᠠᠯᠵᠤ ᠴᠢᠭᠯᠡᠯ ᠢ ᠲᠣᠭᠲᠠᠭᠠᠵᠤ ᠥᠭᠭᠦᠨ᠂ ᠡᠷᠴᠢ ᠵᠣᠷᠢᠭ ᠢ | ᠬᠥᠪᠴᠢᠯᠡᠨ ᠤᠷᠮᠠᠰᠢᠭᠤᠯᠤᠨ ᠵᠣᠷᠢᠭᠵᠢᠭᠤᠯᠪᠠ᠂ ᠪᠦᠭᠦ ᠣᠷᠣᠨ ᠳᠠᠶᠠᠭᠠᠷ ᠢᠶᠠᠨ ᠲᠦᠢᠯ ᠢᠶᠠᠷ ᠤᠷᠮᠠᠰᠢᠨ ᠵᠣᠷᠢᠭᠵᠢᠪᠠ᠃ | ᠨᠢᠭᠡ ᠵᠢᠯ ᠤᠨ ᠲᠤᠷᠰᠢ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ | ᠭᠤᠣᠯ ᠰᠡᠳᠦᠪᠲᠦ ᠬᠥᠮᠦᠵᠢᠯ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠬᠦᠴᠦᠨ ᠴᠢᠳᠠᠯ ᠣᠯᠭᠤᠨ ᠦᠷ᠎ᠡ ᠠᠰᠢᠭ ᠢᠶᠠᠨ | ᠨᠡᠮᠡᠭᠳᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠭᠤᠶᠢᠪᠢᠰᠢ ᠦᠭᠡᠢ ᠰᠠᠶᠢᠲᠤᠷ ᠪᠡᠶᠡᠯᠡᠭᠦᠯᠬᠦ ᠪᠠᠷ ᠴᠢᠷᠮᠠᠶᠢᠵᠤ᠂ ᠠᠵᠤ ᠦᠢᠯᠡᠰ ᠤᠨ ᠪᠦᠲᠦᠴᠡ᠂ ᠦᠵᠡᠯ ᠰᠠᠨᠠᠭ᠎ᠠ | ᠣᠶᠢᠯᠠᠭᠠᠭᠳᠠᠬᠤᠨ ᠪᠣᠯᠣᠨ ᠠᠵᠢᠯ ᠤᠨ ᠰᠤᠷᠲᠠᠯ ᠢᠶᠠᠨ ᠱᠠᠯᠠᠪᠳᠠᠨ ᠲᠠᠭᠢᠨ ᠪᠤᠢ ᠪᠤᠯᠭᠠᠵᠤ᠂ ᠣᠷᠣᠨ ᠳᠠᠶᠠᠭᠠᠷ ᠢᠶᠠᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ | ᠳᠦᠷᠢ ᠲᠥᠷᠬᠦ ᠶᠢ ᠱᠤᠭᠤᠬᠤ᠂ ᠪᠣᠳᠠᠲᠤ ᠦᠷ᠎ᠡ ᠪᠦᠲᠦᠮᠵᠢ ᠶᠢ ᠡᠷᠭᠢᠮᠯᠡᠭᠦ ᠶᠢ ᠬᠥᠲᠥᠯᠥᠨ ᠵᠢᠯᠤᠭᠤᠳᠴᠤ᠂ ︽ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠰᠢᠨ᠎ᠡ ᠵᠠᠮ ᠢ ᠨᠡᠭᠡᠭᠡᠵᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠦᠭᠦ ᠤᠯᠤᠰ ᠤᠨ ᠳᠤᠮᠳᠠ | ᠲᠦᠪᠰᠢᠨ ᠳᠤ ᠣᠷᠣᠭᠤᠯᠬᠤ ᠶᠢ ᠠᠬᠢᠭᠤᠯᠬᠤ︾ ᠬᠠᠷᠠᠯᠲᠠ ᠲᠡᠶᠢᠰᠢ ᠯᠠᠪᠳᠠᠭᠤᠨ ᠪᠠᠲᠤᠲᠠᠢ ᠨᠢᠭᠡ ᠠᠯᠬᠤᠮ ᠢ ᠠᠯᠬᠤᠪᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠨᠢᠳᠦᠨ ᠳᠤ ᠦᠵᠡᠭᠳᠡᠮ᠎ᠡ | ᠭᠠᠷ ᠲᠤ ᠪᠠᠷᠢᠭᠳᠠᠮ᠎ᠠ ᠰᠡᠳᠬᠢᠯ ᠳᠤ ᠰᠠᠭᠤᠭᠳᠠᠮ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ | ᠳᠤᠷᠠᠳᠤᠭᠰᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠨᠢ ︽ᠪᠠᠰᠠ ᠴᠤ ᠦᠨᠳᠦᠰᠦᠲᠡᠨ ᠤ ᠭᠠᠵᠠᠷ | ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ︾ ᠭᠡᠬᠦ ᠴᠢᠬᠤᠯᠠ ᠶᠡᠭᠡ ᠡᠭᠦᠳᠦᠯᠲᠡ ᠶᠢᠨ ᠴᠢᠨᠠᠷᠲᠠᠢ ᠨᠤᠲᠠᠯᠠᠯᠲᠠ ᠶᠢ ᠭᠦᠨᠵᠡᠭᠡᠢ ᠰᠤᠷᠤᠯᠴᠠᠨ ᠨᠠᠷᠢᠨ | ᠣᠶᠢᠯᠠᠭᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ | ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠪᠡ᠂ 28 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠭᠵᠢᠯᠲᠡ ᠶᠢᠨ ᠪᠦᠭᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠵᠤ᠂ ᠪᠦᠭᠦ | ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ ᠴᠥᠮ ᠡᠨᠡ ᠬᠦ ᠭᠤᠣᠯ ᠰᠢᠵᠢᠮ ᠤᠨ | ᠲᠣᠭᠤᠷᠢᠨ ᠳᠤ ᠥᠴᠥᠬᠡᠨ ᠴᠦ ᠬᠡᠯᠪᠠᠶᠢᠯᠭᠡᠬᠦ ᠦᠭᠡᠢ ᠪᠠᠷ ᠥᠷᠨᠢᠭᠦᠯᠬᠦ ᠶᠢ ᠠᠬᠢᠭᠤᠯᠪᠠ᠃ | ᠲᠤᠰᠢᠶᠠᠯ ᠬᠠᠷᠢᠭᠤᠴᠠᠯᠭ᠎ᠠ ᠲᠣᠳᠣᠷᠬᠠᠢ᠂ ᠡᠮᠬᠢ ᠵᠢᠷᠤᠮ ᠲᠠᠢ ᠠᠬᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠪᠠ᠃ ᠡᠯ᠎ᠡ ᠱᠠᠲᠤᠨ ᠤ ᠨᠠᠮ ᠤᠨ | ᠬᠤᠷᠢᠶ᠎ᠠ ᠶᠢᠨ ᠠᠯᠪᠠᠨ ᠲᠢᠩᠬᠢᠮ ︵ᠭᠡᠷ︶ ᠳᠤ ᠡᠯ᠎ᠡ ᠵᠦᠢᠯ ᠤᠨ ᠠᠵᠢᠯ ᠢ ᠬᠠᠷᠢᠭᠤᠴᠠᠬᠤ ᠳᠠᠭᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠡᠭᠦᠷᠭᠡ ᠬᠠᠷᠢᠭᠤᠴᠠᠯᠭ᠎ᠠ ᠶᠢ ᠣᠯᠭᠤᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ | ᠹᠷᠣᠨᠲ ᠤᠨ ᠰᠠᠯᠠᠭ᠎ᠠ ᠮᠥᠴᠢᠷ ᠲᠤ ᠦᠨᠳᠦᠰᠦᠲᠡᠨ ᠤ ᠠᠵᠢᠯ ᠢ ᠬᠠᠷᠢᠭᠤᠴᠠᠬᠤ ᠳᠠᠭᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠡᠭᠦᠷᠭᠡ ᠬᠠᠷᠢᠭᠤᠴᠠᠯᠭ᠎ᠠ ᠶᠢ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠶᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠲᠣᠭᠲᠠᠭᠠᠬᠤ ᠶᠢᠨ ᠤᠷᠢᠳᠠᠴᠢ ᠬᠢᠨᠠᠨ ᠬᠠᠷᠭᠤᠭᠤᠯᠬᠤ ᠨᠥᠬᠦᠴᠡᠯ | ᠪᠤᠯᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠪᠡᠯᠡ ᠮᠥᠩᠭᠦ ᠪᠠ ᠲᠥᠷᠥᠯ ᠵᠦᠢᠯ ᠤᠨ | ᠲᠣᠬᠢᠷᠠᠭᠤᠯᠤᠯᠲᠠ ᠵᠡᠷᠭᠡ ᠳᠤ ᠠᠵᠢᠯ ᠤᠨ ᠭᠤᠣᠯ ᠰᠢᠵᠢᠮ ᠢ ᠲᠤᠭᠤᠰᠢᠯᠠᠭᠤᠯᠤᠭᠰᠠᠨ ᠢ ᠬᠢᠨᠠᠨ ᠬᠠᠷᠭᠤᠭᠤᠯᠬᠤ᠂ ᠦᠨᠡᠯᠡᠬᠦ᠂ ᠴᠡᠭᠴᠡᠯᠡᠨ ᠢᠯᠭᠠᠷᠠᠭᠤᠯᠬᠤ | ᠲᠣᠭᠲᠠᠴᠠ ᠶᠢ ᠪᠠᠶᠢᠭᠤᠯᠵᠤ᠂ ᠡᠨᠡ ᠬᠦ ︽ᠲᠠᠷᠢᠬᠢ ᠲᠣᠯᠣᠭᠠᠢ ᠳᠠᠬᠢ︾ ᠠᠵᠢᠯ ᠢ ᠡᠯ᠎ᠡ ᠱᠠᠲᠤᠨ ᠤ ︽ᠭᠠᠷ ᠲᠠᠬᠢ︾ ᠠᠵᠢᠯ ᠪᠣᠯᠭᠠᠨ ᠨᠠᠶᠢᠳᠠᠪᠤᠷᠢᠵᠢᠭᠤᠯᠪᠠ᠃ | ᠣᠳᠣᠬᠠᠨ ᠳᠤ᠂ ᠪᠦᠭᠦ ᠣᠷᠣᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ | ᠪᠣᠯᠣᠨ ᠤᠯᠠᠨ ᠲᠦᠮᠡᠨ ᠤ ᠪᠦᠯᠭᠦᠮ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠠᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠳᠤ ᠵᠢᠭᠰᠠᠭᠠᠨ ᠣᠷᠣᠭᠤᠯᠵᠤ | ᠂ ᠡᠯ᠎ᠡ ᠲᠦᠷᠦᠯ ᠤᠨ ᠠᠵᠢᠯ ᠲᠦᠷᠦᠯ ᠤᠨ ᠳᠦᠷᠢᠮ ᠲᠣᠭᠲᠠᠭᠠᠯ᠂ ᠲᠣᠰᠬᠤᠨ ᠤ ᠳᠦᠷᠢᠮ ᠠᠷᠠᠳ ᠤᠨ ᠭᠡᠷ᠎ᠡ᠂ ᠬᠤᠳᠠ ᠶᠢᠨ ᠠᠷᠠᠳ ᠤᠨ ᠨᠡᠶᠢᠲᠡ ᠶᠢᠨ ᠭᠡᠷ᠎ᠡ ᠳᠤ | ᠪᠠᠰᠠ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠠᠭᠤᠯᠭ᠎ᠠ ᠶᠢ ᠵᠠᠯᠭᠠᠭ᠎ᠠ ᠪᠠᠷ ᠨᠡᠮᠡᠨ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠨᠢ ᠠᠭᠠᠵᠢᠮ ᠢᠶᠠᠷ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠡᠳᠦᠷ ᠳᠤᠳᠤᠮ ᠤᠨ ᠠᠶᠠᠨᠳᠠᠭᠠᠨ | ᠬᠡᠷᠡᠭᠯᠡᠳᠡᠭ ᠤᠬᠠᠮᠰᠠᠷᠲᠤ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠵᠤ ᠬᠤᠪᠢᠷᠠᠵᠤ ᠪᠠᠶᠢᠨ᠎ᠠ᠃ | ᠰᠢᠨᠵᠢᠯᠡᠬᠦ ᠤᠬᠠᠭᠠᠨᠴᠢ ᠵᠢᠷᠤᠮᠵᠢᠩᠭᠤᠢ᠂ ᠰᠢᠰᠲ᠋ᠧᠮ ᠲᠠᠢ ᠪᠦᠭᠦ ᠲᠠᠯ᠎ᠠ ᠪᠠᠷ ᠰᠤᠳᠤᠯᠤᠨ ᠲᠠᠶᠢᠯᠪᠤᠷᠢᠯᠠᠬᠤ ᠰᠢᠰᠲ᠋ᠧᠮ ᠢ ᠪᠦᠷᠢᠯᠳᠦᠭᠦᠯᠪᠡ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠨᠤᠯ ᠤᠨ ᠰᠤᠳᠤᠯᠭᠠᠨ ᠤ ᠢᠨᠵᠧᠨᠧᠷᠢᠩ ᠢ ᠬᠡᠷᠡᠭᠵᠢᠭᠦᠯᠵᠦ᠂ ᠥᠪᠡᠷᠲᠡᠭᠡᠨ | ᠵᠠᠰᠠᠬᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ ︵ᠪᠤᠶᠢᠵᠢᠭᠤᠯᠬᠤ︶ | ᠰᠠᠭᠤᠷᠢᠨ ᠢ 11 ᠰᠣᠩᠭᠤᠨ ᠨᠡᠷᠡᠶᠢᠳᠴᠦ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ︽ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠲᠡᠦᠬᠡᠨ ᠮᠠᠲ᠋ᠧᠷᠢᠶᠠᠯ ᠂ ᠥᠪᠥᠷ ᠮᠣᠩᠭᠤᠯ ᠤᠨ ᠪᠣᠳᠢ︾ ᠶᠢ ᠨᠠᠶᠢᠷᠠᠭᠤᠯᠤᠨ ᠪᠢᠴᠢᠵᠦ᠂ ︽ᠥᠪᠥᠷ ᠮᠣᠩᠭᠤᠯ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠬᠡ ᠭᠠᠳᠠᠷᠲᠤ ᠪᠢᠴᠢᠭ ︵2023︶︾ ᠢ ᠨᠠᠶᠢᠷᠠᠭᠤᠯᠤᠨ ᠪᠢᠴᠢᠵᠦ᠂ | ᠡᠷᠲᠡᠨ ᠠᠴᠠ ᠨᠠᠭᠠᠰᠢᠬᠢ ᠥᠪᠥᠷ ᠮᠣᠩᠭᠤᠯ ᠤᠨ ᠡᠨᠡ ᠬᠦ ᠨᠤᠲᠤᠭ ᠳᠡᠪᠢᠰᠬᠡᠷ ᠳᠡᠭᠡᠷᠡᠬᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠦᠯᠬᠦᠮᠳᠡᠨ | ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠵᠦ᠂ ᠬᠠᠮᠲᠤ ᠪᠠᠷ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠭᠰᠠᠨ ᠲᠡᠦᠬᠡᠨ ᠪᠣᠳᠠᠲᠤ ᠪᠠᠶᠢᠳᠠᠯ ᠢ ᠭᠦᠢᠴᠡᠳ | ᠠᠭᠤᠳᠠᠯᠤᠨ ᠢᠯᠡᠷᠡᠭᠦᠯᠪᠡ᠃ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ | ᠬᠠᠮᠲᠤ ᠪᠠᠷ ᠲᠡᠷᠭᠡᠯᠰᠢᠭᠦᠯᠬᠦ︾ ᠵᠡᠷᠭᠡ ᠣᠶᠢᠯᠠᠭᠠᠭᠳᠠᠬᠤᠨ ᠪᠣᠯᠣᠨ ᠡᠯᠧᠮᠧᠨ᠋ᠲ ᠢ ᠲᠡᠦᠬᠡ ᠰᠣᠶᠣᠯ ᠤᠨ ᠤᠬᠠᠭᠤᠯᠭ᠎ᠠ ᠬᠥᠮᠦᠵᠢᠯ᠂ ᠤᠯᠠᠨ ᠨᠡᠶᠢᠲᠡ ᠶᠢᠨ ᠰᠣᠶᠣᠯ ᠤᠨ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠤᠳᠠ ᠶᠢᠨ ᠪᠡᠯᠭᠡ ᠲᠡᠮᠳᠡᠭ ᠤᠨ ᠴᠢᠨᠠᠷᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠢᠭᠤᠯᠴᠢᠯᠠᠯ ᠤᠨ | ᠦᠵᠡᠮᠵᠢ ᠶᠢᠨ ᠦᠵᠡᠭᠦᠯᠭᠡ ᠵᠡᠷᠭᠡ ᠲᠠᠯ᠎ᠠ ᠳᠤ ᠭᠦᠢᠴᠡᠳ ᠢᠯᠡᠷᠡᠭᠦᠯᠵᠦ᠂ ︽ᠬᠠᠳᠤᠨ ᠭᠤᠣᠯ ᠤᠨ ᠰᠦᠭ ᠰᠦᠨᠡᠰᠦ︾᠂ ︽ᠤᠷᠳᠤ ᠴᠠᠭᠠᠨ ᠬᠡᠷᠡᠮ︾᠂ ︽ | ᠪᠣᠭᠤᠮᠲᠠ ᠶᠢᠨ ᠪᠠᠷᠠᠭᠤᠨ ᠠᠮᠠ ᠶᠢᠨ ᠤᠯᠠ ᠮᠥᠷ︾᠂ ︽︿ᠪᠣᠷᠣᠳᠣᠬᠤᠢ ᠬᠥᠮᠥᠨ﹀ ᠤ ᠤᠯᠠ ᠮᠥᠷ ᠢᠶᠠᠷ︾᠂ ︽ᠭᠦᠭᠡᠬᠤᠲᠠ ᠶᠢᠨ ᠰᠣᠶᠣᠯ ᠤᠨ ᠤᠯᠠᠮᠵᠢᠯᠠᠯ | ᠬᠥᠭᠵᠢᠯᠲᠡ︾ ᠵᠡᠷᠭᠡ ᠨᠢᠭᠡ ᠪᠦᠯᠦᠭ ᠥᠪᠥᠷ ᠮᠣᠩᠭᠤᠯ ᠤᠨ ᠭᠠᠵᠠᠷ ᠣᠷᠣᠨ ᠤ ᠣᠨᠴᠠᠯᠢᠭ ᠲᠠᠢ᠂ ᠳᠤᠮᠳᠠᠳᠤ ᠶᠢᠨ ᠰᠣᠶᠣᠯ ᠤᠨ ᠲᠡᠮᠳᠡᠭ ᠪᠣᠯᠣᠨ ᠳᠤᠮᠳᠠᠳᠤ ᠶᠢᠨ | ᠦᠨᠳᠦᠰᠦᠲᠡᠨ ᠤ ᠳᠦᠷᠢ ᠲᠥᠷᠬᠦ ᠶᠢ ᠢᠯᠡᠷᠡᠭᠦᠯᠦᠭᠰᠡᠨ ᠰᠣᠶᠣᠯ ᠤᠨ ᠤᠬᠠᠭᠤᠯᠭ᠎ᠠ ᠶᠢᠨ ᠪᠦᠲᠦᠭᠡᠭᠳᠡᠬᠦᠨ ᠢ ᠨᠡᠶᠢᠲᠡᠯᠡᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠨᠡᠩ ᠣᠶᠢᠯᠠᠭᠠᠨ ᠮᠡᠳᠡᠷᠡᠭᠦᠯᠬᠦ ᠪᠣᠯᠭᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠲᠤ ︽ | ᠠᠨᠠᠷ ᠤᠨ ᠦᠷ᠎ᠡ ᠬᠥᠮᠥᠨ ᠬᠥᠮᠥᠵᠢᠭᠦᠯᠬᠦ ᠪᠠᠭ᠎ᠠ ᠬᠢᠴᠢᠶᠡᠯ ᠤᠨ ᠲᠠᠩᠬᠢᠮ︾ ᠭᠠᠷᠭᠠᠵᠤ᠂ ᠵᠠᠭᠤᠴᠢᠯᠠᠭᠤᠷ ᠲᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾᠂ ︽ᠠᠨᠠᠷ ᠤᠨ ᠴᠡᠴᠡᠭ ᠳᠡᠯᠭᠡᠷᠡᠨᠡᠮ︾᠂ ︽ᠭᠡᠷ ᠣᠷᠣᠨ︾ ᠵᠡᠷᠭᠡ ᠲᠤᠰᠬᠠᠢ ᠪᠤᠯᠤᠩ ᠢ ᠨᠡᠭᠡᠭᠡᠵᠦ᠂ ᠡᠯ᠎ᠡ | ᠱᠠᠲᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠲᠤᠰᠬᠠᠢ ᠬᠢᠴᠢᠶᠡᠯ ᠲᠣᠬᠢᠷᠠᠭᠤᠯᠵᠤ᠂ ᠲᠤᠰᠬᠠᠢ ᠰᠡᠳᠦᠪᠲᠦ | ᠪᠣᠯᠪᠠᠰᠤᠷᠠᠯ ᠤᠨ ᠠᠩᠭᠢ ᠡᠷᠭᠢᠯᠡᠭᠦ᠂ ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡᠨ ᠬᠠᠮᠲᠤ ᠪᠠᠷ︾᠂ ︽ᠳᠥᠷᠪᠡᠨ ᠬᠠᠮᠲᠤᠳᠬᠠᠬᠤ︾᠂ ︽ᠲᠠᠪᠤᠨ | ᠬᠠᠮᠲᠤ ᠶᠢᠨ ᠲᠠᠨᠢᠯᠲᠠ︾᠂ ︽ᠲᠠᠪᠤᠨ ᠦᠵᠡᠯᠲᠡ︾ ᠵᠡᠷᠭᠡ ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠠᠮᠢᠳᠤᠯᠢᠭ ᠢᠶᠠᠷ ᠤᠬᠠᠭᠤᠯᠤᠨ ᠲᠠᠶᠢᠯᠪᠤᠷᠢᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠲᠤᠮ ᠪᠠᠬᠢᠵᠢᠵᠦ᠂ ᠶᠠᠭ ᠠᠭᠠᠷ ᠪᠠ ᠨᠡᠷᠡᠨ ᠤ ᠭᠡᠷᠡᠯ ᠰᠢᠭ | ᠭᠠᠵᠠᠷ ᠪᠣᠯᠭᠠᠨ ᠳᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠡᠳᠬᠢᠯ ᠰᠠᠨᠠᠭ᠎ᠠ ᠶᠢ ᠤᠮᠳᠠᠯᠠᠵᠤ ᠪᠠᠶᠢᠨ᠎ᠠ᠃ | ᠣᠯᠠᠨ ᠡᠰᠢᠲᠦ ᠨᠢᠭᠡ ᠴᠣᠭᠴᠠᠵᠢᠭᠰᠠᠨ᠂ ᠣᠨᠴᠠᠯᠢᠭ ᠰᠢᠨᠵᠢ ᠢᠯᠡ ᠲᠣᠳᠣ ᠤᠮᠠᠷᠠᠲᠤ ᠬᠢᠯᠢ ᠶᠢᠨ ᠰᠣᠶᠣᠯ ᠢ ᠬᠠᠩᠭᠢᠨᠠᠭᠤᠯᠪᠠ᠃ ᠰᠢ ᠶᠢᠨ ᠫᠢᠩ ᠤᠨ | ᠰᠣᠶᠣᠯ ᠤᠨ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠠ ᠵᠢᠯᠣᠭᠤᠳᠤᠯᠭ᠎ᠠ ᠪᠤᠯᠭᠠᠵᠤ᠂ ᠥᠪᠥᠷ ᠮᠣᠩᠭᠤᠯ ᠤᠨ ᠡᠬᠡ ᠭᠠᠵᠠᠷ ᠳᠡᠭᠡᠷᠡᠬᠢ ᠬᠤᠪᠢᠰᠬᠠᠯ ᠤᠨ | ᠰᠣᠶᠣᠯ᠂ ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ ᠰᠣᠶᠣᠯ᠂ ᠬᠠᠳᠤᠨ ᠭᠤᠣᠯ ᠤᠨ ᠰᠣᠶᠣᠯ᠂ ᠤᠷᠳᠤ ᠴᠠᠭᠠᠨ ᠬᠡᠷᠡᠮ ᠤᠨ ᠰᠣᠶᠣᠯ ᠵᠡᠷᠭᠡ ᠰᠣᠶᠣᠯ ᠤᠨ | ᠭᠡᠯᠪᠡᠷᠢ ᠶᠢ ᠰᠢᠰᠲ᠋ᠧᠮ ᠲᠠᠢ ᠬᠤᠷᠠᠮᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ︽ᠮᠣᠩᠭᠤᠯ ᠮᠣᠷᠢᠨ ᠤ ᠵᠣᠷᠢᠭ | ᠰᠠᠨᠠᠭ᠎ᠠ︾ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠪᠠᠳᠠᠷᠠᠭᠤᠯᠬᠤ ᠵᠡᠷᠭᠡ ᠴᠠᠭ ᠦᠶ᠎ᠡ ᠶᠢᠨ ᠱᠠᠭᠠᠷᠳᠠᠯᠭ᠎ᠠ ᠶᠢ ᠠᠭᠤᠰᠤᠯᠴᠠᠭᠤᠯᠵᠤ᠂ | ᠤᠮᠠᠷᠠᠲᠤ ᠬᠢᠯᠢ ᠶᠢᠨ ᠰᠣᠶᠣᠯ ᠢ ᠪᠦᠭᠦ ᠬᠦᠴᠦ ᠪᠠᠷ ᠢᠶᠠᠨ ᠪᠦᠲᠦᠭᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠡᠳᠬᠢᠯ ᠢ | ᠨᠢᠭᠲᠠᠷᠠᠭᠤᠯᠵᠤ᠂ ᠪᠦᠯᠬᠦᠮᠳᠡᠨ ᠲᠡᠮᠡᠴᠡᠬᠦ ᠤᠶᠤᠨ ᠰᠠᠨᠠᠭᠠᠨ ᠤ ᠬᠤᠯᠪᠣᠭᠠᠰᠤ ᠶᠢ ᠪᠠᠲᠤ ᠰᠦᠯᠵᠢᠪᠡ᠃ ᠨᠢᠳᠤᠨᠤᠨ ᠠᠴᠠ ᠨᠠᠭᠠᠰᠢ᠂ ᠤᠮᠠᠷᠠᠲᠤ ᠬᠢᠯᠢ ᠶᠢᠨ | ᠰᠣᠶᠣᠯ ᠤᠨ ᠰᠤᠳᠤᠯᠭᠠᠨ ᠤ ᠲᠥᠪ ᠢ ᠪᠠᠶᠢᠭᠤᠯᠵᠤ᠂ ᠤᠮᠠᠷᠠᠲᠤ ᠬᠢᠯᠢ ᠶᠢᠨ ᠤᠳᠬ᠎ᠠ ᠤᠷᠠᠯᠢᠭ ᠤᠨ ᠶᠠᠷᠢᠶᠠᠨ ᠤ ᠲᠠᠪᠴᠠᠩ ᠪᠣᠯᠣᠨ ︽ᠤᠮᠠᠷᠠᠲᠤ ᠬᠢᠯᠢ ᠶᠢᠨ ᠤᠯᠠ | ᠮᠥᠷ — ᠳᠤᠮᠳᠠᠳᠤ ᠶᠢᠨ ᠪᠣᠯᠪᠠᠰᠤᠨ ᠤ ᠲᠣᠪᠤᠶᠢᠮ᠎ᠠ ᠣᠨᠴᠠᠯᠢᠭ ᠪᠦᠬᠦᠢ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠰᠭᠦᠯᠡᠩ︾ ᠢ ᠡᠷᠭᠢᠯᠡᠵᠤ᠂ ︽ᠨᠣᠮᠢᠨ | ᠨᠣᠭᠤᠭᠠᠨ ᠣᠷᠳᠣ ᠴᠠᠭᠠᠨ ᠬᠡᠷᠡᠮ︾᠂ ︽ᠤᠯᠠᠭᠠᠨᠮᠥ᠋ᠴᠢᠷ ᠬᠢᠯᠢ ᠬᠢᠵᠠᠭᠠᠷ ᠢᠶᠠᠷ ᠠᠶᠠᠯᠠᠨ ᠲᠤᠬᠯᠠᠯᠳᠠ ᠭᠠᠷᠭᠠᠬᠤ︾ ᠪᠠ ︽ᠲᠠᠯ᠎ᠠ ᠨᠤᠲᠤᠭ ᠠᠴᠠ ᠤᠶᠠᠩᠭ᠎ᠠ | ᠳᠠᠭᠤᠤ ᠴᠤᠤᠷᠢᠶᠠᠲᠤᠨ᠎ᠠ︾᠂ ︽ᠮᠢᠩᠭᠠᠨ ᠣᠨ ᠤ ᠵᠣᠣ ᠵᠢᠶᠦ᠋ᠨ ᠪᠣᠭᠤᠮᠲᠠ ᠶᠢᠨ ᠭᠠᠳᠠᠨᠠᠬᠢ ᠬᠠᠶᠢᠷ᠎ᠠ︾ ᠵᠡᠷᠭᠡ ᠨᠢᠭᠡ ᠪᠦᠯᠦᠭ ᠰᠣᠶᠣᠯ ᠤᠷᠠᠯᠢᠭ ᠤᠨ ᠪᠦᠲᠦᠭᠡᠯ ᠢ | ᠵᠣᠬᠢᠶᠠᠨ ᠪᠦᠲᠦᠭᠡᠵᠦ᠂ ︽ᠤᠷᠳᠤ ᠴᠠᠭᠠᠨ ᠬᠡᠷᠡᠮ ᠪᠣᠯᠣᠨ ᠬᠠᠳᠤᠨ ᠭᠤᠣᠯ ᠤᠨ ᠥᠪᠥᠷ ᠮᠣᠩᠭᠤᠯ ᠳᠠᠬᠢ ᠲᠠᠪᠤ ᠤᠳᠠᠭ᠎ᠠ ᠶᠢᠨ ᠠᠭᠤᠯᠵᠠᠯᠲᠠ︾ ᠰᠢᠷᠢᠰ ᠮᠡᠳᠡᠭᠡᠯᠡᠯ | ᠥᠷᠨᠢᠭᠦᠯᠵᠦ᠂ ᠤᠮᠠᠷᠠᠲᠤ ᠬᠢᠯᠢ ᠶᠢᠨ ᠡᠬᠡ ᠭᠠᠵᠠᠷ ᠳᠡᠭᠡᠷᠡᠬᠢ ᠳᠤᠮᠳᠠᠳᠤ ᠶᠢᠨ ᠪᠣᠯᠪᠠᠰᠤᠨ ᠤ ︽ᠲᠠᠪᠤᠨ ᠲᠣᠪᠤᠶᠢᠮ᠎ᠠ ᠣᠨᠴᠠᠯᠢᠭ︾ ᠤᠨ ᠲᠡᠦᠬᠡ ᠶᠢ ᠪᠦᠭᠦ ᠲᠠᠯ᠎ᠠ ᠪᠠᠷ | ᠢᠯᠡᠷᠡᠭᠦᠯᠬᠦ ᠪᠠᠷ ᠳᠠᠮᠵᠢᠨ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ | ᠨᠢᠭᠡ ᠴᠣᠭᠴᠠ ᠶᠢᠨ ᠲᠤᠬᠠᠢ ᠣᠶᠢᠯᠠᠭᠠᠯᠲᠠ ᠪᠠ ᠲᠠᠨᠢᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠣᠳᠣᠬᠠᠨ ᠳᠤ᠂ ᠶᠠᠭ ᠤᠮᠠᠷᠠᠲᠤ ᠬᠢᠯᠢ ᠶᠢᠨ ᠰᠣᠶᠣᠯ ᠤᠨ | ᠰᠤᠳᠤᠯᠭᠠᠨ ᠤ ᠰᠠᠭᠤᠷᠢᠨ ᠢ ᠪᠦᠲᠦᠭᠡᠨ ᠪᠠᠶᠢᠭᠤᠯᠵᠤ᠂ ︽ᠤᠮᠠᠷᠠᠲᠤ ᠬᠢᠯᠢ ᠶᠢᠨ ᠰᠣᠶᠣᠯ ᠤᠨ ᠬᠥᠮᠥᠷᠭᠡ︾ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ︽ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠦᠯᠢᠭᠡᠷ | ︾᠂ ︽ᠮᠣᠩᠭᠤᠯ ᠮᠣᠷᠢᠨ ᠤ ᠵᠣᠷᠢᠭ ᠰᠠᠨᠠᠭᠠᠨ ᠤ ᠰᠤᠳᠤᠯᠭᠠᠨ︾ ᠵᠡᠷᠭᠡ ᠰᠢᠷᠢᠰ ᠨᠣᠮ ᠪᠢᠴᠢᠭ ᠢ ᠨᠠᠶᠢᠷᠠᠭᠤᠯᠤᠨ ᠳᠠᠷᠤᠮᠠᠯᠯᠠᠵᠤ᠂ ᠤᠮᠠᠷᠠᠲᠤ ᠬᠢᠯᠢ ᠶᠢᠨ ᠰᠣᠶᠣᠯ ᠤᠨ | ᠲᠡᠦᠬᠡ ᠶᠢᠨ ᠮᠠᠲ᠋ᠧᠷᠢᠶᠠᠯ ᠤᠨ ᠰᠢᠰᠲ᠋ᠧᠮ᠂ ᠡᠷᠳᠡᠮ ᠰᠢᠨᠵᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠤᠳᠤ | ᠦᠶ᠎ᠡ ᠶᠢᠨ ᠪᠣᠯᠪᠠᠰᠤᠨ ᠢ ᠪᠠᠶᠢᠭᠤᠯᠬᠤ ᠳᠤ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠵᠤ ᠪᠠᠶᠢᠨ᠎ᠠ᠃ | ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ | ᠶᠠᠪᠤᠳᠠᠯ ᠪᠠᠶᠠᠷᠯᠠᠭᠤᠰᠢᠲᠠᠢ ᠠᠮᠵᠢᠯᠲᠠ ᠣᠯᠪᠠ | 2023 ᠣᠨ ᠤ 7 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠬᠤᠶᠠᠷ ᠶᠡᠭᠡ ᠶᠠᠪᠤᠳᠠᠯ ᠢ ᠰᠠᠶᠢᠲᠤᠷ ᠡᠷᠭᠢᠯᠡᠭᠦ ᠶᠢᠨ ᠲᠣᠭᠤᠷᠢᠨ ᠳᠤ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ᠂ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ 6 ᠠᠬᠢᠭᠤᠯᠬᠤ ᠳᠦᠷᠢᠮ ᠢ ᠲᠣᠭᠲᠠᠭᠠᠵᠤ᠂ ︽ᠵᠢᠱᠢᠶᠡᠴᠢ ᠥᠪᠡᠷᠲᠡᠭᠡᠨ | ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ︾ ᠢ ᠲᠣᠭᠲᠠᠭᠠᠵᠤ᠂ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ | ᠰᠣᠨᠣᠰᠴᠤ ᠶᠡᠷᠦᠩᠬᠡᠢ ᠱᠦᠵᠢ ᠰᠢ ᠶᠢᠨ ᠫᠢᠩ ᠢ ᠳᠠᠭᠠᠵᠤ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠦᠨᠳᠦᠰᠦᠲᠡᠨ ᠤ ᠭᠠᠵᠠᠷ ᠣᠷᠣᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠬᠠᠮᠲᠤ ᠪᠠᠷ ᠪᠠᠶᠠᠵᠢᠬᠤ ᠵᠠᠮ ᠢᠶᠠᠷ ᠵᠠᠮᠨᠠᠬᠤ᠂ ᠬᠢᠯᠢ ᠬᠢᠵᠠᠭᠠᠷ ᠣᠷᠣᠨ ᠢ | ᠬᠥᠭᠵᠢᠭᠦᠯᠵᠦ ᠬᠢᠯᠢ ᠬᠢᠵᠠᠭᠠᠷ ᠣᠷᠣᠨ ᠢ ᠲᠣᠭᠲᠠᠭᠤᠨ ᠪᠠᠶᠢᠯᠭᠠᠵᠤ ᠬᠢᠯᠢ ᠬᠢᠵᠠᠭᠠᠷ ᠣᠷᠣᠨ ᠢ ᠪᠠᠬᠢᠵᠢᠭᠦᠯᠬᠦ᠂ ᠬᠢᠯᠢ ᠬᠢᠵᠠᠭᠠᠷ ᠣᠷᠣᠨ ᠤ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠣᠰ ᠣᠷᠴᠢᠯ ᠯᠤᠭ᠎ᠠ ᠬᠤᠯᠪᠣᠯᠳᠤᠨ ᠨᠡᠪᠲᠡᠷᠡᠯᠴᠡᠬᠦ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠵᠡᠷᠭᠡ 7 ᠲᠠᠯ᠎ᠠ ᠪᠠᠷ ᠵᠢᠱᠢᠶᠡᠴᠢ | ᠪᠤᠯᠬᠤ ᠬᠠᠷᠠᠯᠲᠠ ᠡᠭᠦᠷᠭᠡ ᠶᠢ ᠳᠤᠷᠠᠳᠴᠤ᠂ ᠵᠢᠯ ᠤᠨ ᠡᠴᠦᠰ ᠲᠤ ᠪᠠᠰᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠳᠤᠯᠠᠭᠠᠯᠠᠭ᠎ᠠ ᠶᠢᠨ ᠢᠨᠵᠧᠨᠧᠷᠢᠩ᠂ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ᠂ | ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠵᠡᠷᠭᠡ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ | ᠰᠠᠶᠢᠵᠢᠷᠠᠯᠲᠠ ᠳᠤ ᠲᠤᠯᠭᠠᠭᠤᠷᠢᠯᠠᠬᠤ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷ᠂ ᠬᠥᠰᠢᠭᠦᠷᠭᠡ ᠶᠢᠨ ᠴᠢᠨᠠᠷᠲᠠᠢ ᠦᠢᠯᠡᠳᠦᠯ ᠪᠦᠬᠦᠢ ︽ᠵᠢᠷᠭᠤᠭᠠᠨ ᠢᠨᠵᠧᠨᠧᠷᠢᠩ | ︾ ᠢ ᠪᠠᠶᠢᠷᠢᠯᠠᠭᠤᠯᠤᠨ ᠬᠡᠷᠡᠭᠵᠢᠭᠦᠯᠪᠡ᠃ ᠬᠤᠶᠠᠷ ᠶᠡᠭᠡ ᠶᠠᠪᠤᠳᠠᠯ ᠢ ᠭᠦᠨᠵᠡᠭᠡᠶᠢᠷᠡᠭᠦᠯᠦᠨ ᠠᠬᠢᠭᠤᠯᠵᠤ᠂ ᠡᠯ᠎ᠡ ᠬᠦᠷᠢᠶᠡᠨ ᠳᠤ ᠦᠯᠡᠮᠵᠢ ᠦᠷ᠎ᠡ ᠪᠦᠲᠦᠭᠡᠯ ᠣᠯᠪᠠ᠃ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ᠂ ᠭᠤᠣᠯ | ᠬᠦᠴᠦᠨ ᠪᠤᠯᠬᠤ ᠡᠭᠦᠷᠭᠡᠯᠡᠯ᠂ ᠬᠤᠰᠢᠭᠤᠴᠢ ᠪᠤᠯᠬᠤ ᠰᠦᠷ ᠬᠦᠴᠦᠨ ᠢᠶᠠᠷ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ | ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠪᠦᠭᠦ ᠲᠠᠯ᠎ᠠ ᠪᠠᠷ ᠡᠬᠢᠯᠡᠭᠦᠯᠵᠦ᠂ ᠲᠤᠰᠬᠠᠢ ᠠᠵᠢᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠲᠥᠯᠦᠪᠵᠢᠭᠦᠯᠭᠡ ᠪᠠ | ᠬᠡᠷᠡᠭᠵᠢᠭᠦᠯᠬᠦ ᠲᠥᠰᠥᠯ ᠲᠣᠭᠲᠠᠭᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠥᠩᠭᠦ ᠪᠠᠶᠢᠭᠤᠯᠵᠤ᠂ 2023 ᠣᠨ ᠳᠤ 556 ᠲᠦᠮᠡᠨ | ᠮᠦ ᠣᠶᠢᠵᠢᠭᠤᠯᠵᠤ᠂ 1817 ᠲᠦᠮᠡᠨ ᠮᠦ ᠡᠪᠡᠰᠦ ᠳᠠᠷᠢᠵᠤ᠂ 950 ᠲᠦᠮᠡᠨ ᠮᠦ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ 2024 ᠣᠨ ᠳᠤ | ᠡᠯᠡᠰᠦᠷᠬᠡᠭᠵᠢᠭᠰᠡᠨ ᠭᠠᠵᠠᠷ ᠰᠢᠷᠣᠢ ᠶᠢ 1500 ᠲᠦᠮᠡᠨ ᠮᠦ ᠠᠴᠠ ᠳᠡᠭᠡᠭᠰᠢ ᠵᠠᠰᠠᠬᠤ ᠪᠠᠷ ᠲᠥᠯᠥᠪᠯᠡᠵᠦ᠂ 1 — 2 ᠵᠢᠯ ᠬᠡᠷᠡᠭᠯᠡᠵᠦ ᠪᠠᠶᠢᠭᠠᠳ ᠡᠭᠦᠷᠭᠡ ᠪᠠᠷ | ᠨᠡᠯᠢᠶᠡᠳ ᠪᠠᠭ᠎ᠠ ᠬᠤᠰᠢᠭᠤ ᠰᠢᠶᠠᠨ ᠳᠤ ᠪᠦᠭᠦᠨ ᠢ ᠵᠠᠰᠠᠵᠤ ᠳᠠᠭᠤᠰᠬᠠᠬᠤ ᠪᠠᠷ ᠴᠢᠷᠮᠠᠶᠢᠵᠤ᠂ 2030 ᠣᠨ ᠪᠤᠯᠬᠤ ᠳᠤ 9704 ᠲᠦᠮᠡᠨ ᠮᠦ ᠡᠯᠡᠰᠦ ᠶᠢ ᠵᠠᠰᠠᠬᠤ | ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠢᠨ᠎ᠡ ᠡᠨᠧᠷᠭᠢ ᠶᠢ ᠨᠡᠭᠡᠭᠡᠨ | ᠠᠰᠢᠭᠯᠠᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ︽ᠬᠠᠪᠲᠠᠰᠤᠨ ᠳᠡᠭᠡᠷ᠎ᠡ ᠴᠠᠭᠢᠯᠭᠠᠨ ᠭᠠᠷᠭᠠᠬᠤ᠂ ᠬᠠᠪᠲᠠᠰᠤᠨ ᠳᠣᠣᠷ᠎ᠠ ᠲᠠᠷᠢᠮᠠᠯ ᠳᠠᠷᠢᠬᠤ᠂ ᠬᠠᠪᠲᠠᠰᠤᠨ | ᠬᠤᠭᠤᠷᠣᠨᠳᠤ ᠲᠡᠵᠢᠭᠡᠨ ᠦᠷᠡᠵᠢᠭᠦᠯᠬᠦ︾ ᠵᠡᠷᠭᠡ ᠪᠣᠰᠤᠭ᠎ᠠ ᠴᠣᠭᠴᠠᠲᠤ ᠬᠥᠭᠵᠢᠯᠲᠡ ᠶᠢᠨ ᠵᠠᠭᠪᠤᠷ ᠢᠶᠠᠷ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠡᠨᠧᠷᠭᠢ ᠶᠢ | ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠵᠢᠱᠢᠯᠲᠡ ᠪᠠᠷ ᠵᠢᠯ ᠤᠨ ᠳᠣᠲᠣᠷ᠎ᠠ 2727 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠪᠠᠷ ᠲᠡᠮᠵᠢᠨ 230 ᠲᠦᠮᠡᠨ ᠮᠦ ᠶᠢᠨ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠨ᠎ᠠ᠃ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ | ᠬᠥᠷᠥᠰᠥᠨ ᠤ ᠭᠤᠷᠪᠠᠨ ᠶᠡᠭᠡ ᠬᠠᠮᠠᠭᠠᠯᠠᠯᠲᠠ ᠶᠢᠨ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ︽ᠬᠥᠯᠥᠨ ᠨᠠᠭᠤᠷ ᠤᠯᠠᠭᠠᠨᠰᠤᠬᠠᠢ ᠳᠠᠭ᠎ᠠ ᠶᠢᠨ ᠨᠠᠭᠤᠷ︾᠂ ᠴᠠᠭᠠᠨᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠢ | ᠠᠬᠢᠭᠤᠯᠵᠤ᠂ ᠨᠢᠩᠰᠢᠶᠠ᠂ ᠱᠠᠨ ᠰᠢ᠂ ᠱᠠᠨᠰᠢ ᠯᠤᠭ᠎ᠠ ᠬᠠᠲᠤᠨ ᠭᠤᠣᠯ ᠤᠨ ᠰᠠᠪᠠ ᠭᠠᠵᠠᠷ ᠤᠨ ᠬᠥᠨᠳᠡᠯᠡᠨ ᠴᠢᠭᠯᠡᠯ ᠢᠶᠠᠷ ᠠᠮᠢ ᠠᠬᠤᠢ ᠶᠢ ᠬᠠᠮᠠᠭᠠᠯᠠᠬᠤ | ᠨᠥᠬᠦᠪᠦᠷᠢ ᠶᠢᠨ ᠲᠣᠭᠲᠠᠴᠠ ᠶᠢ ᠪᠠᠶᠢᠭᠤᠯᠵᠤ᠂ ᠪᠦᠭᠦ ᠤᠯᠤᠰ ᠤᠨ ᠠᠩᠬᠠᠳᠠᠭᠴᠢ ᠬᠠᠲᠤᠨ ᠭᠤᠣᠯ ᠤᠨ ᠰᠠᠪᠠ ᠭᠠᠵᠠᠷ ᠤᠨ ᠬᠥᠷᠥᠰᠥ ᠰᠢᠷᠣᠢ ᠶᠢᠨ ᠢᠳᠡᠭᠳᠡᠯ ᠢ | ᠵᠠᠰᠠᠬᠤ ︽ᠡᠯᠡᠰᠦ ᠶᠢ ᠬᠠᠰᠢᠵᠤ ᠤᠰᠤ ᠶᠢ ᠰᠣᠯᠢᠬᠤ︾ ᠲᠤᠷᠰᠢᠯᠲᠠ ᠶᠢᠨ ᠴᠡᠭ ᠤᠨ ᠢᠨᠵᠧᠨᠧᠷᠢᠩ ᠢ ᠪᠠᠶᠢᠭᠤᠯᠤᠨ᠂ 2023 ᠣᠨ ᠤ ᠪᠦᠭᠦ ᠣᠷᠣᠨ ᠤ ᠭᠠᠵᠠᠷ | ᠳᠡᠭᠡᠷᠡᠬᠢ ᠤᠰᠤᠨ ᠤ ᠤᠯᠤᠰ ᠠᠴᠠ ᠰᠢᠯᠭᠠᠨ ᠪᠠᠶᠢᠴᠠᠭᠠᠭᠰᠠᠨ ᠤᠰᠤᠨ ᠤ ᠣᠭᠲᠣᠯᠣᠭᠠᠰᠤ ᠶᠢᠨ ᠰᠢᠯᠢᠳᠡᠭ ᠤᠰᠤᠨ ᠴᠣᠭᠴᠠ ᠶᠢᠨ ᠬᠠᠷᠢᠴᠠᠯ᠂ ᠠᠭᠠᠷ ᠮᠠᠨᠳᠠᠯ ᠤᠨ | PM2.5 ᠶᠢᠨ ᠥᠳᠬᠡᠴᠡ ᠪᠠ ᠬᠦᠨᠳᠦ ᠪᠤᠬᠢᠷᠳᠤᠯᠲᠤ ᠡᠳᠦᠷ ᠤᠨ ᠲᠤᠭ᠎ᠠ ᠨᠢ ᠴᠥᠮ ᠤᠯᠤᠰ ᠤᠨ ᠬᠢᠨᠠᠨ ᠰᠢᠯᠭᠠᠬᠤ ᠬᠠᠷᠠᠯᠲᠠ ᠠᠴᠠ ᠳᠠᠪᠠᠭᠤᠯᠢᠭ ᠪᠠᠶᠢᠵᠤ᠂ ︽ | ᠤᠰᠤᠨ ᠪᠣᠯᠣᠷ ᠭᠤᠣᠯ ᠲᠤᠨᠤᠯᠵᠠᠨ ᠤᠷᠤᠰᠤᠭᠠᠳ︾᠂ ︽ᠥᠩᠭᠡ ᠶᠢᠨ ᠴᠡᠴᠡᠭ ᠰᠣᠯᠣᠩᠭᠠᠷᠠᠨ ᠳᠡᠯᠭᠡᠷᠡᠭᠰᠡᠨ︾ ᠭᠤᠶᠤ ᠦᠵᠡᠮᠵᠢ ᠳᠠᠩᠳᠠ ᠢᠯᠡᠷᠡᠬᠦ ᠪᠣᠯᠪᠠ᠃ | ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ᠂ ᠬᠢᠯᠢ ᠬᠢᠵᠠᠭᠠᠷ ᠢ ᠰᠠᠬᠢᠵᠤ | ᠬᠢᠯᠢ ᠬᠢᠵᠠᠭᠠᠷ ᠢ ᠬᠠᠮᠠᠭᠠᠯᠠᠬᠤ᠂ ᠨᠡᠶᠢᠭᠡᠮ ᠤᠨ ᠵᠠᠰᠠᠯᠲᠠ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠡᠬᠡ | ᠤᠯᠤᠰ ᠤᠨ ︽ᠤᠮᠠᠷᠠᠲᠤ ᠶᠡᠭᠡ ᠬᠠᠭᠠᠯᠭ᠎ᠠ︾᠂ ᠨᠡᠶᠢᠰᠯᠡᠯ ᠤᠨ ︽ᠬᠠᠮᠠᠭᠠᠯᠠᠯᠲᠠ ᠶᠢᠨ ᠭᠤᠣᠯ︾ ᠢ ᠡᠷᠡᠰ ᠰᠠᠶᠢᠲᠤᠷ ᠰᠠᠬᠢᠪᠠ᠃ ᠰᠢᠨ᠎ᠡ ᠭᠡᠯᠪᠡᠷᠢ ᠶᠢᠨ ᠬᠢᠯᠢ | ᠬᠠᠮᠠᠭᠠᠯᠠᠬᠤ ᠰᠢᠰᠲ᠋ᠧᠮ ᠢ ᠢᠳᠡᠪᠬᠢᠲᠡᠢ ᠪᠠᠶᠢᠭᠤᠯᠵᠤ᠂ ︽ᠲᠣᠭᠠᠴᠢᠯᠠᠭᠰᠠᠨ ᠬᠢᠯᠢ ᠶᠢᠨ ᠬᠠᠮᠠᠭᠠᠯᠠᠯᠲᠠ︾᠂ ︽ᠣᠶᠤᠨᠴᠢ ᠬᠢᠯᠢ ᠶᠢᠨ ᠬᠠᠮᠠᠭᠠᠯᠠᠯᠲᠠ︾ ᠶᠢᠨ | ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠬᠢᠯᠢ ᠶᠢᠨ ᠬᠠᠮᠢᠶᠠᠷᠤᠨ ᠡᠵᠡᠮᠳᠡᠬᠦ ᠴᠢᠳᠠᠪᠤᠷᠢ ᠶᠢ ᠢᠯᠡᠳᠲᠡ ᠴᠢᠩᠭᠠᠷᠠᠭᠤᠯᠪᠠ᠃ ᠵᠠᠬᠢᠳᠠᠯ ᠰᠤᠷᠪᠤᠯᠵᠢᠯᠠᠯ ᠢ | ᠣᠷᠣᠯᠠᠨ ᠭᠦᠢᠴᠡᠳᠬᠡᠬᠦ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠵᠦ᠂ 2023 ᠣᠨ ᠳᠤ ᠡᠯ᠎ᠡ ᠱᠠᠲᠤᠨ ᠤ ᠡᠯ᠎ᠡ ᠲᠥᠷᠥᠯ ᠤᠨ ᠵᠠᠬᠢᠳᠠᠯ ᠰᠤᠷᠪᠤᠯᠵᠢᠯᠠᠯ ᠤᠨ | ᠵᠦᠢᠯᠡᠰ ᠠᠷᠠᠳ ᠤᠨ ᠠᠮᠢᠳᠤᠷᠠᠯ ᠤᠨ ᠵᠦᠢᠯᠡᠰ ᠢ 2.9 ᠲᠦᠮᠡ ᠭᠠᠷᠤᠢ ᠬᠤᠪᠢ ᠣᠷᠣᠯᠠᠨ ᠭᠦᠢᠴᠡᠳᠬᠡᠵᠦ ᠥᠭᠭᠦᠨ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ | 90% ᠠᠴᠠ ᠳᠡᠭᠡᠭᠰᠢ ᠳᠤ ᠬᠦᠷᠴᠦ᠂ ᠣᠯᠠᠨ ᠲᠦᠮᠡᠨ ᠤ ᠬᠠᠨᠤᠮᠵᠢ ᠲᠠᠢ ᠪᠠᠶᠢᠬᠤ ᠬᠡᠮᠵᠢᠶ᠎ᠡ 99.04% ᠳᠤ ᠭᠦᠷᠪᠡ᠃ ᠨᠡᠶᠢᠭᠡᠮ ᠤᠨ ᠠᠮᠤᠷ ᠢ ᠬᠠᠮᠠᠭᠠᠯᠠᠬᠤ ᠶᠢ | ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠭᠦᠨᠵᠡᠭᠡᠶᠢᠷᠡᠭᠦᠯᠵᠦ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ | ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠪᠠᠶᠢᠭᠤᠯᠵᠤ᠂ ᠠᠶᠤᠯᠲᠠᠢ | ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠲᠣᠬᠢᠷᠠᠭᠤᠯᠤᠨ ᠪᠠᠶᠢᠭᠤᠯᠵᠤ᠂ ᠬᠦᠨᠳᠦ ᠣᠨᠴᠠ ᠶᠡᠭᠡ ᠠᠳᠡᠯ ᠢ | ᠰᠡᠷᠭᠡᠶᠢᠯᠡᠨ ᠬᠤᠷᠢᠭᠯᠠᠬᠤ 135 ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠵᠤ᠂ ᠭᠤᠣᠯᠳᠠᠯᠭ᠎ᠠ ᠲᠠᠢ ᠬᠦᠷᠢᠶᠡᠨ ᠤ ᠲᠤᠰᠬᠠᠢ ᠴᠡᠭᠴᠡᠯᠡᠨ ᠵᠠᠰᠠᠬᠤ ᠪᠠ | ᠰᠣᠯᠪᠢᠴᠠᠭᠤᠯᠤᠨ ᠪᠠᠶᠢᠴᠠᠭᠠᠬᠤ ᠠᠵᠢᠯ ᠢ ᠭᠦᠨᠵᠡᠭᠡᠢ ᠥᠷᠨᠢᠭᠦᠯᠵᠦ᠂ 2023 ᠣᠨ ᠳᠤ ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠤᠭᠰᠠᠨ | ᠲᠤᠭ᠎ᠠ ᠪᠣᠯᠣᠨ ᠠᠳᠡᠭᠰᠡᠨ ᠬᠥᠮᠥᠨ ᠤ ᠲᠤᠭ᠎ᠠ ᠲᠤᠰ ᠲᠤᠰ 22.8%᠂ 12.9% ᠪᠠᠷ ᠪᠠᠭᠤᠷᠠᠵᠤ᠂ 2024 ᠣᠨ ᠤ ᠲᠦᠷᠦᠭᠦᠦ 5 ᠰᠠᠷ᠎ᠠ ᠳᠤ ᠲᠤᠰ ᠲᠤᠰ | 41.3%᠂ 32.5% ᠪᠠᠷ ᠪᠠᠭᠤᠷᠠᠪᠠ᠃ | ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ᠂ ᠰᠢᠨ᠎ᠡ ᠡᠨᠧᠷᠭᠢ ᠶᠢ | ᠶᠡᠭᠡ ᠬᠡᠪᠴᠢᠶ᠎ᠡ ᠪᠠᠷ᠂ ᠥᠨᠳᠥᠷ ᠬᠠᠷᠢᠴᠠᠯ ᠢᠶᠠᠷ ᠨᠡᠭᠡᠭᠡᠨ ᠠᠰᠢᠭᠯᠠᠵᠤ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠭᠦᠨᠵᠡᠭᠡᠢ | ᠠᠬᠢᠭᠤᠯᠵᠤ᠂ ᠰᠢᠨ᠎ᠡ ᠬᠠᠭᠤᠴᠢᠨ ᠡᠨᠧᠷᠭᠢ ᠶᠢᠨ ᠶᠡᠷᠦᠩᠬᠡᠢ ᠬᠡᠮᠵᠢᠶᠡᠨ ᠤ ᠳᠠᠪᠠᠭᠤᠯᠢᠭ ᠪᠠ ᠬᠠᠮ ᠳᠠᠪᠠᠭᠤᠯᠢᠭ ᠢ ᠲᠠᠰᠤᠷᠠᠯᠳᠠ ᠦᠭᠡᠢ ᠶᠡᠬᠡᠰᠬᠡᠵᠦ᠂ ᠤᠯᠤᠰ ᠤᠨ | ᠡᠨᠧᠷᠭᠢ ᠶᠢᠨ ᠠᠮᠤᠷ ᠲᠦᠪᠰᠢᠨ ᠢ ᠪᠦᠭᠦ ᠬᠦᠴᠦᠨ ᠢᠶᠠᠷ ᠢᠶᠠᠨ ᠪᠠᠲᠤᠯᠠᠪᠠ᠃ 2023 ᠣᠨ ᠳᠤ 12.2 ᠳ᠋ᠦᠩᠰᠢᠭᠤᠷ ᠲᠣᠨ ᠨᠡᠭᠦᠷᠡᠰᠦ ᠦᠢᠯᠡᠳᠪᠦᠷᠢᠯᠡᠵᠦ᠂ 9. | 45 ᠳ᠋ᠦᠩᠰᠢᠭᠤᠷ ᠲᠣᠨ ᠤ ᠬᠠᠩᠭᠠᠯᠭ᠎ᠠ ᠶᠢ ᠪᠠᠲᠤᠯᠠᠵᠤ᠂ ᠴᠠᠭᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ 2 ᠳ᠋ᠦᠩᠰᠢᠭᠤᠷ ᠺᠢᠯᠣᠸᠠᠲ ᠢ ᠳᠠᠪᠠᠵᠤ᠂ | 7566 ᠳ᠋ᠦᠩᠰᠢᠭᠤᠷ ᠭᠷᠡᠳᠦ᠋ᠰ ᠤᠨ ᠴᠠᠭᠢᠯᠭᠠᠨ ᠭᠠᠷᠭᠠᠵᠤ᠂ 3065 ᠳ᠋ᠦᠩᠰᠢᠭᠤᠷ ᠭᠷᠡᠳᠦ᠋ᠰ ᠴᠠᠭᠢᠯᠭᠠᠨ ᠢ ᠭᠠᠳᠠᠭᠰᠢ ᠬᠦᠷᠭᠡᠵᠦ᠂ 29 ᠮᠤᠵᠢ ᠣᠷᠣᠨ ᠤ | ᠡᠨᠧᠷᠭᠢ ᠶᠢᠨ ᠬᠡᠷᠡᠭᠴᠡᠭᠡ ᠶᠢ ᠪᠠᠲᠤᠯᠠᠪᠠ᠃ ᠣᠳᠣᠬᠠᠨ ᠳᠤ᠂ ᠥᠪᠥᠷ ᠮᠣᠩᠭᠤᠯ ᠨᠢᠭᠡᠨᠲᠡ ᠪᠦᠭᠦ ᠤᠯᠤᠰ ᠤᠨ ᠠᠩᠬᠠᠳᠠᠭᠴᠢ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ 1 ᠳ᠋ᠦᠩᠰᠢᠭᠤᠷ ᠺᠢᠯᠣᠸᠠᠲ ᠢ ᠳᠠᠪᠠᠭᠰᠠᠨ ᠮᠤᠵᠢ ᠣᠷᠣᠨ ᠪᠣᠯᠵᠠᠢ᠂ ᠡᠭᠦᠨ ᠳᠤ 404 ᠲᠦᠮᠡᠨ ᠺᠢᠯᠣᠸᠠᠲ ᠤᠨ ᠰᠢᠨ᠎ᠡ ᠭᠡᠯᠪᠡᠷᠢ ᠶᠢᠨ ᠡᠨᠧᠷᠭᠢ | ᠨᠥᠭᠡᠴᠡᠯᠡᠬᠦ ᠮᠠᠰᠢᠨ ᠴᠣᠭᠴᠠᠯᠠᠪᠤᠷᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠡᠨᠡ ᠵᠢᠯ ᠤᠨ ᠡᠴᠦᠰ ᠲᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 1. | 35 ᠳ᠋ᠦᠩᠰᠢᠭᠤᠷ ᠺᠢᠯᠣᠸᠠᠲ ᠲᠤ ᠬᠦᠷᠴᠦ᠂ ᠢᠯᠴᠢ ᠶᠢᠨ ᠴᠠᠭᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠳᠠᠪᠠᠵᠤ᠂ ᠰᠢᠨ᠎ᠡ ᠭᠡᠯᠪᠡᠷᠢ ᠶᠢᠨ ᠡᠨᠧᠷᠭᠢ | ᠨᠥᠭᠡᠴᠡᠯᠡᠬᠦ ᠬᠡᠪᠴᠢᠶ᠎ᠡ 1000 ᠲᠦᠮᠡᠨ ᠺᠢᠯᠣᠸᠠᠲ ᠲᠤ ᠬᠦᠷᠬᠦ ᠪᠣᠯᠣᠨ᠎ᠠ᠃ ᠪᠦᠭᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ | ᠰᠠᠭᠤᠷᠢᠨ ᠪᠠ ᠪᠦᠭᠦ ᠳᠡᠯᠡᠬᠡᠢ ᠳᠤ ᠲᠦᠷᠦᠭᠦᠯᠡᠭᠰᠡᠨ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠢ ᠲᠦᠷᠭᠡᠳᠬᠡᠨ ᠪᠠᠶᠢᠭᠤᠯᠵᠤ᠂ ᠬᠤᠪᠣᠷ ᠰᠢᠷᠣᠢ ᠶᠢᠨ 30 | ᠠᠵᠤ ᠠᠬᠤᠶᠢᠯᠠᠯ ᠢ ᠰᠢᠨ᠎ᠡ ᠪᠠᠷ ᠣᠷᠣᠭᠤᠯᠤᠨ ᠠᠪᠴᠢᠷᠠᠵᠤ᠂ ᠲᠣᠭᠲᠠᠮᠠᠯ ᠰᠣᠷᠢᠨᠵᠢᠨ ᠴᠠᠭᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠵᠤ᠂ ᠬᠤᠪᠣᠷ ᠰᠢᠷᠣᠢ ᠶᠢᠨ ᠰᠣᠷᠢᠨᠵᠢᠨ ᠴᠢᠨᠠᠷᠲᠠᠢ ᠮᠠᠲ᠋ᠧᠷᠢᠶᠠᠯ ᠤᠨ ᠦᠢᠯᠡᠳᠪᠦᠷᠢᠯᠡᠯ ᠵᠢᠴᠢ ᠬᠡᠷᠡᠭᠯᠡᠯᠲᠡ ᠳᠤ ᠪᠦᠭᠦ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ ᠶᠢ ᠪᠡᠶᠡᠯᠡᠭᠦᠯᠦᠨ᠂ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ᠂ ᠬᠤᠪᠣᠷ ᠰᠢᠷᠣᠢ ᠶᠢᠨ ᠦᠢᠯᠡᠳᠬᠦᠨ ᠤ ᠠᠷᠠᠯᠵᠢᠶᠠᠨ ᠤ | ᠬᠡᠮᠵᠢᠶ᠎ᠡ ᠲᠣᠰ ᠲᠣᠰ ᠪᠦᠭᠦ ᠤᠯᠤᠰ ᠤᠨ 30% ᠸᠠ 40% ᠠᠴᠠ ᠳᠡᠭᠡᠭᠰᠢ ᠶᠢ ᠡᠵᠡᠯᠡᠵᠦ᠂ 2023 ᠣᠨ ᠳᠤ ᠬᠤᠪᠣᠷ ᠰᠢᠷᠣᠢ ᠶᠢᠨ ᠠᠵᠤ ᠦᠢᠯᠡᠰ ᠤᠨ | ᠨᠡᠮᠡᠭᠳᠡᠯ ᠥᠷᠲᠡᠭ 21% ᠪᠠᠷ ᠨᠡᠮᠡᠭᠳᠡᠪᠡ᠃ | ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ᠂ | ︽ᠭᠠᠵᠠᠷ᠂ ᠤᠰᠤ᠂ ᠦᠷ᠎ᠡ ᠪᠠ ᠠᠮᠤ ᠪᠤᠳᠠᠭ᠎ᠠ᠂ ᠮᠢᠬ᠎ᠠ᠂ ᠰᠦ︾ ᠶᠢᠨ ᠪᠣᠭᠤᠮᠢ ᠪᠣᠯᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠲᠠᠷᠢᠶᠠᠯᠠᠩ ᠤᠨ ᠭᠦᠨ ᠤᠰᠤ ᠠᠷᠪᠢᠯᠠᠬᠤ ᠶᠢ ᠴᠢᠩᠭᠠᠳᠬᠠᠵᠤ᠂ ᠦᠷ᠎ᠡ ᠶᠢᠨ ᠦᠢᠯᠡᠰ᠂ | ᠰᠦ ᠶᠢᠨ ᠦᠢᠯᠡᠰ᠂ ᠡᠪᠡᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ 2023 ᠣᠨ ᠤ ᠠᠮᠤ ᠪᠤᠳᠠᠭᠠᠨ ᠤ ᠤᠨᠠᠯᠲᠠ 791. | 6 ᠳ᠋ᠦᠩᠰᠢᠭᠤᠷ ᠵᠢᠩ ᠳᠤ ᠬᠦᠷᠴᠦ᠂ ᠤᠨᠠᠯᠲᠠ 11.5 ᠳ᠋ᠦᠩᠰᠢᠭᠤᠷ ᠵᠢᠩ ᠨᠡᠮᠡᠭᠳᠡᠨ᠂ ᠭᠠᠳᠠᠭᠰᠢ 500 ᠳ᠋ᠦᠩᠰᠢᠭᠤᠷ ᠵᠢᠩ ᠠᠴᠠ ᠳᠡᠭᠡᠭᠰᠢ ᠰᠢᠯᠵᠢᠭᠦᠯᠪᠡ︔ | ᠮᠢᠬᠠᠨ ᠤ ᠵᠦᠢᠯ᠂ ᠰᠦ ᠶᠢᠨ ᠭᠠᠷᠤᠯᠲᠠ ᠲᠣᠰ ᠲᠣᠰ 57 ᠳ᠋ᠦᠩᠰᠢᠭᠤᠷ ᠵᠢᠩ ᠪᠠ 158.5 ᠳ᠋ᠦᠩᠰᠢᠭᠤᠷ ᠵᠢᠩ ᠳᠤ ᠬᠦᠷᠴᠦ᠂ ᠴᠥᠮ ᠲᠡᠦᠬᠡ ᠶᠢᠨ ᠰᠢᠨ᠎ᠡ | ᠲᠡᠮᠳᠡᠭᠯᠡᠯ ᠢ ᠡᠭᠦᠳᠴᠦ᠂ ᠨᠠᠷᠠᠲᠤ ᠰᠢᠯᠢᠳᠡᠭ ᠣᠨᠴᠠ ᠰᠢᠨ᠎ᠡ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠡᠷᠦᠩᠬᠡᠢ ᠲᠤᠭ᠎ᠠ ᠪᠦᠭᠦ ᠤᠯᠤᠰ ᠲᠤ | ᠲᠦᠷᠦᠭᠦᠯᠡᠪᠡ᠃ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠵᠤ ᠲᠡᠵᠢᠭᠡᠬᠦ᠂ ᠬᠦᠷᠢᠶ᠎ᠡ ᠬᠠᠰᠢᠶᠠᠨ ᠤ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ︽ᠵᠠᠭᠤᠨ | ᠰᠢᠶᠠᠩ ᠮᠢᠩᠭᠠᠨ ᠲᠣᠰᠬᠤᠨ ᠲᠦᠮᠡᠨ ᠬᠦᠷᠢᠶ᠎ᠡ︾ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠦ ᠶᠢᠨ ᠦᠢᠯᠡᠰ᠂ ᠲᠥᠮᠥᠰᠥ ᠶᠢᠨ ᠤᠯᠤᠰ ᠤᠨ | ᠲᠡᠰ ᠤᠨ 2 ᠠᠵᠤ ᠦᠢᠯᠡᠰ ᠤᠨ ᠪᠦᠯᠦᠭᠵᠢᠯ ᠪᠠ ᠤᠯᠤᠰ ᠤᠨ ᠲᠡᠰ ᠤᠨ 3 ᠣᠳᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ᠂ 1.5 ᠲᠦᠮᠡᠨ ᠮᠥᠬᠦᠯᠢᠭ | ᠰᠠᠨᠰᠠᠷ ᠤᠨ ᠲᠥᠮᠥᠰᠥ ᠶᠢᠨ ᠦᠷ᠎ᠡ ᠶᠢ ᠲᠤᠷᠰᠢᠨ ᠲᠠᠷᠢᠵᠤ᠂ ᠪᠦᠭᠦ ᠤᠯᠤᠰ ᠤᠨ ᠠᠩᠬᠠᠳᠠᠭᠴᠢ ᠰᠦ ᠶᠢᠨ ᠦᠢᠯᠡᠰ ᠤᠨ ᠪᠥᠭᠡᠮ ᠲᠠᠸᠠᠷ ᠤᠨ ᠠᠷᠠᠯᠵᠢᠶᠠᠨ ᠤ | ᠲᠠᠪᠴᠠᠩ ᠢ ᠡᠬᠢᠯᠡᠨ ᠠᠵᠢᠯᠯᠠᠭᠤᠯᠵᠤ᠂ ᠢᠯᠢ᠂ ᠮᠧᠩ ᠨᠢᠦ ᠶᠢᠨ ᠡᠵᠡᠩᠨᠡᠯᠲᠡ ᠶᠢᠨ ᠣᠷᠣᠯᠭ᠎ᠠ ᠲᠤᠰ ᠲᠤᠰ ᠪᠦᠭᠦ ᠪᠥᠮᠪᠥᠷᠴᠡᠭ ᠤᠨ ᠰᠦ ᠶᠢᠨ ᠠᠵᠤ ᠠᠬᠤᠶᠢᠯᠠᠯ ᠤᠨ | 5 ᠳ᠋ᠤᠭᠠᠷ ᠸᠠ 8 ᠳ᠋ᠤᠭᠠᠷ ᠲᠤ ᠣᠷᠣᠪᠠ᠃ | ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠡᠬᠢᠯᠡᠯᠲᠡ ᠶᠢ ᠪᠦᠲᠦᠭᠡᠨ ᠪᠠᠶᠢᠭᠤᠯᠬᠤ ᠲᠠᠯ᠎ᠠ ᠪᠠᠷ᠂ ᠡᠯ᠎ᠡ ᠱᠠᠲᠤᠨ ᠤ ᠬᠢᠨ ᠢ ᠬᠥᠲᠥᠯᠥᠨ | ᠵᠢᠯᠤᠭᠤᠳᠴᠤ ᠨᠡᠭᠡᠭᠡᠯᠲᠡᠲᠤ ᠬᠥᠭᠵᠢᠯᠲᠡ ᠶᠢᠨ ᠦᠵᠡᠯ ᠤᠬᠠᠮᠰᠠᠷ ᠢ ᠦᠨᠡᠨ ᠬᠦ ᠴᠢᠩᠭᠠᠳᠬᠠᠵᠤ᠂ ᠳᠣᠲᠣᠭᠠᠳᠤ ᠭᠠᠳᠠᠭᠠᠳᠤ ᠶᠢ ᠬᠤᠯᠪᠣᠭᠰᠠᠨ᠂ ᠡᠷᠭᠢᠨ ᠲᠣᠭᠤᠷᠢᠨ ᠢ | ᠲᠠᠶᠢᠴᠢᠯᠠᠨ ᠨᠥᠯᠥᠭᠡᠯᠡᠭᠰᠡᠨ᠂ ᠡᠬᠢ ᠪᠠᠶᠠᠯᠢᠭ ᠢ ᠲᠥᠪᠯᠡᠷᠡᠭᠦᠯᠵᠦ ᠲᠠᠷᠬᠠᠭᠠᠭᠰᠠᠨ᠂ ᠬᠦᠴᠦᠨ ᠵᠦᠢᠯ ᠢ ᠠᠭᠤᠰᠤᠯᠴᠠᠭᠤᠯᠤᠨ ᠨᠡᠪᠲᠡᠷᠡᠯᠴᠡᠭᠦᠯᠦᠭᠰᠡᠨ ᠪᠦᠭᠦ ᠣᠷᠣᠨ | ᠪᠦᠰᠡ ᠶᠢᠨ ᠨᠡᠭᠡᠭᠡᠯᠲᠡ ᠶᠢᠨ ᠲᠠᠪᠴᠠᠩ ᠢ ᠪᠦᠭᠦ ᠬᠦᠴᠦᠨ ᠢᠶᠠᠷ ᠢᠶᠠᠨ ᠪᠠᠶᠢᠭᠤᠯᠪᠠ᠃ 2023 ᠣᠨ ᠳᠤ ᠳᠣᠲᠣᠭᠠᠳᠤ ᠨᠡᠭᠡᠭᠡᠯᠲᠡ ᠰᠢᠨ᠎ᠡ ᠠᠯᠬᠤᠮ ᠢ ᠠᠯᠬᠤᠵᠤ᠂ | ᠪᠡᠭᠡᠵᠢᠩ ᠬᠤᠲᠠ ᠯᠤᠭ᠎ᠠ ᠪᠦᠭᠦ ᠲᠠᠯ᠎ᠠ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ | ᠭᠤᠸᠠᠩᠳᠦ᠋ᠩ ᠰᠢᠶᠠᠩᠭᠠᠩ ᠣᠣᠮᠧᠨ ᠵᠡᠷᠭᠡ ᠭᠠᠵᠠᠷ ᠯᠤᠭ᠎ᠠ ᠶᠢᠨ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠵᠦ᠂ ᠣᠷᠣᠭᠤᠯᠤᠨ ᠠᠪᠴᠢᠷᠠᠭᠰᠠᠨ ᠪᠡᠯᠡ | ᠮᠥᠩᠭᠦ 40.2% ᠢᠶᠠᠷ ᠨᠡᠮᠡᠭᠳᠡᠪᠡ︔ ᠭᠠᠳᠠᠭᠠᠳᠤ ᠨᠡᠭᠡᠭᠡᠯᠲᠡ ᠰᠢᠨ᠎ᠡ ᠠᠬᠢᠴᠠ ᠲᠠᠢ ᠪᠣᠯᠵᠤ᠂ ᠪᠦᠭᠦ ᠣᠷᠣᠨ ᠤ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠭᠰᠡᠨ | ᠬᠡᠮᠵᠢᠶ᠎ᠡ 1 ᠳ᠋ᠦᠩᠰᠢᠭᠤᠷ ᠲᠣᠨ ᠢ ᠳᠠᠪᠠᠵᠤ᠂ ᠪᠦᠭᠦ ᠤᠯᠤᠰ ᠤᠨ ᠬᠠᠭᠤᠷᠠᠢ ᠵᠠᠮ ᠤᠨ ᠬᠢᠯᠢ ᠳᠠᠭᠠᠤ ᠪᠣᠭᠤᠮᠲᠠ ᠶᠢᠨ ᠲᠡᠮᠳᠡᠭᠯᠡᠯ ᠢ ᠰᠢᠨᠡᠳᠬᠡᠵᠦ᠂ ᠨᠠᠭᠠᠰᠢ ᠴᠠᠭᠠᠰᠢ | ᠶᠠᠪᠤᠭᠰᠠᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 429 ᠴᠤᠪᠤᠭ᠎ᠠ ᠳᠤ ᠬᠦᠷᠴᠦ᠂ 73.7% ᠪᠠᠷ ᠨᠡᠮᠡᠭᠳᠡᠵᠦ᠂ ᠮᠠᠰᠢᠨ ᠴᠠᠭᠢᠯᠭᠠᠨ ᠤ | ᠦᠢᠯᠡᠳᠬᠦᠨ ᠤ ᠭᠠᠳᠠᠭᠠᠳᠤ ᠭᠠᠷᠭᠠᠯᠲᠠ 118.9% ᠪᠠᠷ ᠨᠡᠮᠡᠭᠳᠡᠵᠦ᠂ ᠴᠠᠭᠢᠯᠭᠠᠨ ᠭᠦᠳᠡᠯᠭᠡᠭᠦᠷᠲᠦ ᠬᠥᠮᠥᠨ ᠰᠠᠭᠤᠯᠭᠠᠭᠰᠠᠨ ᠮᠠᠰᠢᠨ ᠲᠡᠷᠭᠡ ᠵᠡᠷᠭᠡ ︽ᠰᠢᠨ᠎ᠡ | ᠭᠤᠷᠪᠠᠨ ᠵᠦᠢᠯ︾ ᠤᠨ ᠦᠢᠯᠡᠳᠬᠦᠨ ᠤ ᠭᠠᠳᠠᠭᠠᠳᠤ ᠭᠠᠷᠭᠠᠯᠲᠠ 48 ᠳᠠᠭᠢᠨ ᠨᠡᠮᠡᠭᠳᠡᠪᠡ᠃ ᠮᠠᠨᠵᠤᠤᠷ ᠪᠣᠭᠤᠮᠲᠠ ᠶᠢᠨ ᠳᠤᠮᠳᠠᠳᠤ ᠣᠷᠣᠰ ᠤᠨ ᠪᠦᠯᠭᠦᠮ ᠤᠨ | ᠵᠢᠭᠤᠯᠴᠢᠯᠠᠯ ᠤᠨ ᠸᠢᠰᠠ ᠶᠢ ᠬᠠᠷᠢᠯᠴᠠᠨ ᠬᠡᠯᠲᠦᠷᠢᠭᠦᠯᠵᠦ᠂ ᠡᠷᠢᠶᠡᠨ ᠬᠤᠲᠠ ᠵᠡᠷᠭᠡ 5 ᠪᠣᠭᠤᠮᠲᠠ ᠶᠢᠨ 8 ᠰᠠᠭᠤᠳᠠᠯ ᠠᠴᠠ ᠳᠣᠷᠣᠭᠰᠢᠬᠢ ᠵᠢᠵᠢᠭ ᠭᠡᠯᠪᠡᠷᠢ ᠶᠢᠨ | ᠮᠠᠰᠢᠨ ᠲᠡᠷᠭᠡ ᠶᠢᠨ ᠪᠣᠭᠤᠮᠲᠠ ᠪᠠᠷ ᠥᠩᠭᠡᠷᠡᠬᠦ ᠶᠢ ᠪᠦᠭᠦ ᠲᠠᠯ᠎ᠠ ᠪᠠᠷ ᠰᠡᠷᠭᠦᠭᠡᠵᠦ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶ᠎ᠠ ᠥᠷᠨᠢᠨ ᠬᠥᠭᠵᠢᠪᠡ᠃ | ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠢᠳᠡᠪᠬᠢᠲᠡᠢ ᠭᠤᠶᠤᠴᠢᠯᠠᠨ ᠪᠠᠶᠢᠭᠤᠯᠵᠤ᠂ | ᠭᠤᠣᠯᠳᠠᠯᠭ᠎ᠠ ᠲᠠᠢ ᠪᠣᠭᠤᠮᠲᠠ ᠶᠢ ᠴᠣᠭᠴᠠᠯᠠᠬᠤ᠂ ᠨᠡᠭᠡᠭᠡᠯᠲᠡ ᠶᠢᠨ ᠲᠠᠪᠴᠠᠩ ᠤᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠭᠦ᠂ ᠳᠣᠲᠣᠷ ᠭᠠᠵᠠᠷ ᠤᠨ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ | ᠥᠷᠭᠡᠳᠬᠡᠬᠦ ᠶᠢᠨ ᠲᠣᠭᠤᠷᠢᠨ ᠳᠤ ᠨᠢᠭᠡ ᠪᠦᠯᠦᠭ ᠥᠭᠡᠷᠡᠴᠢᠯᠡᠯᠲᠡ ᠸᠠ ᠨᠡᠭᠡᠭᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠪᠡ᠃ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠠᠯ᠎ᠠ ᠪᠠᠷ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠶᠡᠭᠡ ᠲᠠᠯ᠎ᠠ ᠳᠤ ᠥᠪᠥᠷ ᠮᠣᠩᠭᠤᠯ ᠤᠨ ᠬᠠᠷᠢᠭᠤᠴᠠᠯᠭ᠎ᠠ ᠡᠭᠦᠷᠭᠡᠯᠡᠯ ᠪᠣᠯᠣᠨ ᠵᠢᠳᠬᠦᠯ ᠴᠢᠷᠮᠠᠶᠢᠯᠭ᠎ᠠ ᠶᠢ ᠨᠠᠩ ᠰᠠᠶᠢᠲᠤᠷ ᠢᠯᠡᠷᠡᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠶᠡᠭᠡ ᠡᠭᠦᠷᠭᠡ︾ ᠶᠢ ᠪᠦᠭᠦ ᠬᠦᠴᠦᠨ ᠢᠶᠠᠷ ᠢᠶᠠᠨ ᠪᠡᠶᠡᠯᠡᠭᠦᠯᠬᠦ ᠶᠢᠨ ᠵᠡᠷᠭᠡ ᠪᠠᠷ᠂ ᠨᠠᠮ ᠤᠨ ᠪᠠᠶᠢᠭᠤᠯᠤᠯᠲᠠ᠂ | ᠠᠷᠠᠳᠴᠢᠯᠠᠯ ᠬᠠᠤᠯᠢᠵᠢᠯ᠂ ᠠᠷᠠᠳ ᠤᠨ ᠠᠮᠢᠳᠤᠷᠠᠯ ᠪᠠ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠠᠯᠲᠠᠨ ᠦᠰᠦᠭᠲᠦ ᠫᠠᠶᠢᠰᠠ ᠶᠢ ᠨᠠᠩ ᠠᠯᠳᠠᠷᠰᠢᠭᠤᠯᠤᠨ | ᠳᠠᠭᠤᠷᠢᠰᠤᠭᠤᠯᠬᠤ ᠪᠠᠷ ᠴᠢᠷᠮᠠᠶᠢᠪᠠ᠃ ᠭᠤᠣᠯ ᠰᠡᠳᠦᠪᠲᠦ ᠬᠥᠮᠦᠵᠢᠯ ᠢᠶᠠᠷ ᠠᠵᠠ ᠲᠣᠭᠢᠶᠠᠯ ᠪᠤᠯᠭᠠᠵᠤ᠂ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠭᠦᠷᠳᠡᠯ᠎ᠡ ᠦᠷᠭᠦᠯᠵᠢᠯᠡᠭᠦᠯᠵᠦ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ | ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ︽ᠵᠢᠷᠭᠤᠭᠠᠨ ᠥᠭᠦᠯᠡᠪᠦᠷᠢ ᠦᠭᠡ ᠶᠢᠨ ᠪᠣᠳᠠᠲᠤ ᠶᠠᠪᠤᠳᠠᠯ ᠪᠣᠯᠣᠨ ᠶᠣᠰᠣ ᠤᠴᠢᠷ︾ | ᠬᠥᠮᠥᠰ ᠤᠨ ᠰᠡᠳᠬᠢᠯ ᠳᠤ ᠭᠦᠨ ᠬᠠᠳᠠᠩᠰᠢᠵᠤ᠂ ᠶᠡᠷᠦᠩᠬᠡᠢ ᠱᠦᠵᠢ ᠰᠢ ᠶᠢᠨ ᠫᠢᠩ ᠢ ᠨᠢᠭᠲᠠ ᠲᠠᠭᠠᠵᠤ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠬᠤ ᠨᠢ | ᠤᠮᠠᠷᠠᠲᠤ ᠬᠢᠯᠢ ᠶᠢᠨ ᠡᠬᠡ ᠭᠠᠵᠠᠷ ᠤᠨ ᠬᠠᠮᠤᠭ ᠤᠨ ᠬᠦᠴᠦᠷᠬᠡᠭ ᠳᠠᠭᠤᠨ ᠪᠣᠯᠪᠠ᠃ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠵᠡᠨ ᠬᠥᠮᠥᠨ ᠤ ᠦᠵᠡᠯ | ᠤᠬᠠᠮᠰᠠᠷ ᠢ ᠬᠦᠴᠦᠯᠡᠨ ᠬᠥᠭᠵᠢᠭᠡᠵᠦ᠂ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ᠂ ᠦᠢᠯᠡᠳᠪᠦᠷᠢᠯᠡᠯ ᠢᠶᠠᠷ ᠱᠠᠩᠨᠠᠨ ᠨᠥᠬᠦᠪᠦᠷᠢ ᠥᠭᠬᠦ᠂ ᠭᠦᠳᠡᠯᠮᠦᠷᠢ | ᠦᠢᠯᠡᠴᠢᠯᠡᠭᠡ ᠪᠠᠷ ᠨᠥᠬᠦᠪᠦᠷᠢ ᠥᠭᠬᠦ ᠵᠡᠷᠭᠡ ᠠᠷᠭ᠎ᠠ ᠮᠠᠶ᠋ᠢᠭ ᠢ ᠬᠡᠷᠡᠭᠵᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠤ ︽ᠤᠮᠠᠷᠠᠲᠤ ᠶᠢᠨ ᠭᠤᠷᠪᠠᠨ ᠣᠷᠣᠨ | ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠰᠠᠨᠠᠭᠠᠴᠢᠯᠠᠭ᠎ᠠ ᠠᠴᠠ ᠪᠠᠨ ᠣᠷᠤᠯᠴᠠᠬᠤ ᠶᠢ ᠬᠥᠲᠥᠯᠥᠨ | ᠵᠢᠯᠤᠭᠤᠳᠴᠤ᠂ ︽ᠠᠵᠢᠯ ᠶᠠᠪᠤᠳᠠᠯ ᠪᠠᠶᠢᠪᠠᠯ ᠬᠠᠮᠲᠤ ᠪᠠᠷ ᠬᠢᠵᠦ᠂ ᠬᠦᠴᠢᠷᠳᠡᠯ ᠲᠠᠢ ᠪᠣᠯ ᠬᠠᠮᠲᠤ ᠪᠠᠷ ᠡᠭᠦᠷᠭᠡᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ | ᠬᠠᠮᠲᠤ ᠪᠠᠷ ᠡᠳ᠋ᠯᠡᠬᠦ︾ ᠶᠢ ᠪᠦᠭᠦ ᠣᠷᠣᠨ ᠤ ᠳᠡᠭᠡᠳᠦ ᠳᠣᠣᠷᠠᠳᠤ ᠱᠠᠲᠤᠨ ᠤ ᠬᠠᠮᠲᠤ ᠶᠢᠨ ᠲᠠᠨᠢᠯᠲᠠ ᠪᠣᠯᠭᠠᠪᠠ᠃ ᠦᠨᠳᠦᠰᠦᠲᠡᠨ ᠨᠥᠬᠦᠳ ᠤᠨ ᠣᠯᠠᠨ ᠲᠦᠮᠡᠨ ᠤ | ᠠᠩᠬᠠᠷᠤᠨ ᠬᠠᠯᠠᠮᠵᠢᠯᠠᠵᠤ ᠪᠠᠶᠢᠭ᠎ᠠ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ | ᠰᠢᠨ᠎ᠡ ᠦᠷ᠎ᠡ ᠪᠦᠲᠦᠮᠵᠢ ᠣᠯᠵᠤ᠂ ᠪᠡᠭᠡᠵᠢᠩ ᠬᠤᠲᠠ ᠶᠢᠨ 358 ᠰᠤᠷᠭᠠᠭᠤᠯᠢ᠂ 276 ᠡᠮᠨᠡᠯᠭᠡ ᠶᠢᠨ ᠬᠤᠷᠢᠶ᠎ᠠ ᠲᠠᠢ ᠬᠠᠪᠰᠤᠷᠤᠯᠴᠠᠭ᠎ᠠ ᠪᠠᠶᠢᠭᠤᠯᠬᠤ ᠬᠠᠷᠢᠴᠠᠭ᠎ᠠ | ᠪᠠᠶᠢᠭᠤᠯᠵᠤ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠥᠪᠥᠷ | ᠮᠣᠩᠭᠤᠯ ᠳᠠᠬᠢ ᠡᠮᠨᠡᠯᠭᠡ ᠶᠢᠨ ᠬᠤᠷᠢᠶ᠎ᠠ ᠵᠡᠷᠭᠡ ᠶᠢ ᠠᠰᠢᠭᠯᠠᠯᠲᠠ ᠳᠤ ᠣᠷᠣᠭᠤᠯᠵᠤ᠂ ᠡᠯ᠎ᠡ ᠲᠥᠷᠥᠯ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ︵ᠲᠥᠪ᠂ ᠥᠷᠲᠡᠭᠡ︶ ᠶᠢ 7000 ᠭᠠᠷᠤᠢ ᠪᠠᠶᠢᠭᠤᠯᠵᠤ ᠳᠠᠭᠤᠰᠬᠠᠪᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠪᠦᠭᠦ | ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠶᠢᠨ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠢᠴᠢᠶᠡᠯ ᠲᠦᠷᠦᠯ ᠳᠤ ᠠᠩᠬ᠎ᠠ ᠤᠳᠠᠭ᠎ᠠ ︽ᠠᠳᠠᠯᠢᠬᠠᠨ ᠰᠢᠯᠭᠠᠯᠲᠠ ᠶᠢᠨ ᠬᠠᠭᠤᠳᠠᠰᠤ︾ ᠶᠢ ᠬᠡᠷᠡᠭᠵᠢᠭᠦᠯᠪᠡ᠃ | ᠳᠤᠯᠠᠭᠠᠯᠠᠭ᠎ᠠ ᠶᠢᠨ ᠢᠨᠵᠧᠨᠧᠷᠢᠩ ᠢ ᠪᠠᠶᠢᠷᠢᠯᠠᠭᠤᠯᠤᠨ ᠬᠡᠷᠡᠭᠵᠢᠭᠦᠯᠵᠦ᠂ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ 880 ᠲᠥᠷᠥᠯ ᠵᠦᠢᠯ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠵᠤ᠂ ᠣᠯᠠᠨ ᠲᠦᠮᠡᠨ ᠤ ᠲᠤᠰᠬᠠᠯ ᠢᠶᠠᠷ ᠴᠢᠩᠭ᠎ᠠ ᠪᠠᠶᠢᠭ᠎ᠠ ᠳᠤᠯᠠᠭᠠᠯᠠᠭ᠎ᠠ ᠶᠢᠨ ᠠᠰᠠᠭᠤᠳᠠᠯ ᠢ ᠵᠣᠷᠢᠭ ᠰᠢᠭᠤᠳᠤᠨ ᠲᠦᠢᠯᠪᠤᠷᠢᠲᠠᠢ | ᠰᠢᠢᠳᠪᠦᠷᠢᠯᠡᠵᠦ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠪᠦᠭᠦ ᠤᠯᠤᠰ ᠤᠨ ᠳᠤᠮᠳᠠᠴᠢ ᠲᠦᠪᠰᠢᠨ ᠳᠤ ᠬᠦᠷᠭᠡᠬᠦ ᠪᠤᠶᠤ | ᠲᠡᠭᠦᠨ ᠠᠴᠠ ᠳᠠᠪᠠᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠢ ᠴᠢᠨᠠᠭᠰᠢᠳᠠ ᠳᠡᠭᠡᠭᠰᠢᠯᠡᠭᠦᠯᠪᠡ᠃ ᠬᠢᠯᠢ ᠬᠢᠵᠠᠭᠠᠷ ᠣᠷᠣᠨ ᠤ | ︽ᠤᠰᠤ ᠴᠠᠭᠢᠯᠭᠠᠨ ᠵᠠᠮ ᠴᠢᠮᠡᠭᠡ ᠬᠤᠯᠪᠤᠭ᠎ᠠ︾ ᠵᠡᠷᠭᠡ ᠰᠠᠭᠤᠷᠢ ᠲᠥᠬᠦᠭᠡᠷᠦᠮᠵᠢ ᠲᠦᠷᠭᠡᠨ ᠰᠠᠶᠢᠵᠢᠷᠠᠵᠤ᠂ 2023 ᠣᠨ ᠳᠤ 20 ᠬᠢᠯᠢ ᠶᠢᠨ ᠬᠤᠰᠢᠭᠤ | ᠬᠤᠳᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠳᠡᠭᠡᠷ᠎ᠡ ᠵᠢᠯ ᠤᠨ ᠬᠢ ᠠᠴᠠ 100 ᠳ᠋ᠦᠩᠰᠢᠭᠤᠷ ᠲᠥᠭᠦᠷᠢᠭ ᠰᠢᠬᠠᠮ ᠨᠡᠮᠡᠭᠳᠡᠪᠡ᠃ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠦᠢᠯᠡᠴᠢᠯᠡᠬᠦ ᠪᠠ ᠠᠭᠤᠰᠤᠯᠴᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨᠴᠢ ᠢᠲᠡᠭᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ | ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ | ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ ᠪᠠ ᠭᠤᠣᠯᠳᠠᠯᠭ᠎ᠠ ᠲᠠᠢ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠨᠠᠮ ᠤᠨ ᠬᠤᠷᠢᠶ᠎ᠠ ᠶᠢ ᠪᠠᠶᠢᠭᠤᠯᠵᠤ ᠠᠵᠤ ᠠᠬᠤᠶᠢᠯᠠᠯ ᠳᠤ ᠪᠦᠭᠦ ᠬᠦᠴᠦᠨ ᠢᠶᠠᠷ ᠢᠶᠠᠨ ᠰᠠᠶᠢᠲᠤᠷ ᠦᠢᠯᠡᠴᠢᠯᠡᠵᠦ᠂ ᠨᠢᠭᠡ | ᠪᠦᠯᠦᠭ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠥᠪᠥᠷ ᠮᠣᠩᠭᠤᠯ ᠳᠤ ᠨᠤᠲᠤᠭᠰᠢᠨ᠂ ᠠᠷᠠᠯᠵᠢᠶᠠᠴᠢᠨ ᠤ ᠤᠷᠮ᠎ᠠ ᠶᠢ ᠨᠢᠭᠲᠠᠷᠠᠭᠤᠯᠵᠤ᠂ | ᠬᠥᠮᠥᠰ ᠤᠨ ᠠᠩᠬᠠᠷᠤᠯ ᠢ ᠲᠠᠲᠠᠭᠰᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠲᠦᠷᠭᠡᠨ ᠪᠦᠷᠢᠯᠳᠦᠭᠦᠯᠪᠡ᠃ | ᠡᠭᠦᠨ ᠤ ᠵᠡᠷᠭᠡ ᠪᠠᠷ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠪᠣᠯᠣᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ | ᠪᠠ ᠴᠢᠨᠠᠷ ᠰᠠᠶᠢᠲᠠᠢ ᠬᠥᠭᠵᠢᠯᠲᠡ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠴᠢᠬᠤᠯᠠ ᠶᠡᠭᠡ | ᠤᠯᠤᠰ ᠤᠨ ᠪᠠᠶᠢᠯᠳᠤᠬᠤ ᠪᠣᠳᠣᠯᠭ᠎ᠠ ᠵᠢᠴᠢ ᠤᠯᠤᠰ ᠠᠴᠠ ᠬᠠᠷᠠᠬᠠᠨ ᠬᠥᠭᠵᠢᠭᠡᠳᠦᠢ ᠭᠠᠵᠠᠷ ᠣᠷᠣᠨ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ᠂ ᠬᠢᠯᠢ | ᠬᠢᠵᠠᠭᠠᠷ ᠣᠷᠣᠨ᠂ ᠦᠨᠳᠦᠰᠦᠲᠡᠨ ᠤ ᠭᠠᠵᠠᠷ ᠣᠷᠣᠨ ᠢ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠨᠡᠨ ᠬᠦ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠪᠠ᠃ 2023 ᠣᠨ ᠳᠤ | ᠂ ᠪᠦᠭᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 7.3% ᠪᠠᠷ ᠨᠡᠮᠡᠭᠳᠡᠵᠦ᠂ ᠬᠥᠮᠥᠨ ᠳᠤᠮᠳᠠᠴᠢ ᠪᠠᠷ 10 ᠲᠦᠮᠡᠨ ᠲᠥᠭᠦᠷᠢᠭ ᠢ | ᠳᠠᠪᠠᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 19.8% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 9. | 2% ᠢᠶᠠᠷ ᠨᠡᠮᠡᠭᠳᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠲᠣᠰ ᠲᠣᠰ 5.1%᠂ | 8% ᠪᠠᠷ ᠨᠡᠮᠡᠭᠳᠡᠵᠦ᠂ ᠭᠤᠣᠯ ᠪᠤᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠭᠦ ᠤᠯᠤᠰ ᠤᠨ ᠨᠢᠭᠡᠳᠦᠭᠡᠷ ᠡᠩᠨᠡᠭᠡᠨ ᠳᠤ | ᠣᠷᠣᠪᠠ᠃ 2024 ᠣᠨ ᠤ ᠲᠦᠷᠦᠭᠦᠦ 5 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 7.2% ᠢᠶᠠᠷ ᠨᠡᠮᠡᠭᠳᠡᠵᠦ | ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 15.6% ᠪᠠᠷ ᠨᠡᠮᠡᠭᠳᠡᠵᠦ᠂ ᠠᠵᠤ ᠠᠬᠤᠢ ᠶᠢᠨ ᠬᠥᠭᠵᠢᠯᠲᠡ ᠦᠷᠭᠦᠯᠵᠢᠯᠡᠨ ᠲᠣᠭᠲᠠᠭᠤᠨ ᠤ ᠳᠤᠮᠳᠠ | ᠰᠠᠶᠢᠵᠢᠷᠠᠬᠤ᠂ ᠲᠣᠭᠲᠠᠭᠤᠨ ᠤ ᠳᠤᠮᠳᠠ ᠰᠢᠯᠢᠳᠡᠭ ᠢᠶᠠᠷ ᠤᠷᠤᠭᠰᠢᠯᠠᠨ ᠲᠠᠪᠰᠢᠬᠤ ᠰᠠᠶᠢᠨ ᠰᠠᠶᠢᠬᠠᠨ ᠪᠠᠶᠢᠳᠠᠯ ᠢᠶᠠᠨ ᠪᠠᠲᠤᠯᠠᠪᠠ᠃ | ᠪᠦᠲᠦᠴᠡ ᠳᠤ ᠲᠣᠬᠢᠷᠠᠭᠤᠯᠤᠯᠲᠠ ᠬᠢᠵᠦ ᠦᠵᠡᠯᠲᠡ ᠲᠠᠨᠢᠯᠲᠠ ᠪᠠᠨ ᠬᠤᠪᠢᠷᠠᠭᠤᠯᠵᠤ ᠰᠤᠷᠲᠠᠯ ᠢᠶᠠᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠠᠭᠠᠵᠢᠮ ᠢᠶᠠᠷ | ᠢᠯᠡᠷᠡᠪᠡ | ᠤᠷᠳᠤ ᠬᠤᠭᠤᠴᠠᠭᠠᠨ ᠳᠤ ᠬᠤᠷᠠᠮᠳᠤᠵᠤ ᠪᠦᠷᠢᠯᠳᠦᠭᠰᠡᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ᠂ ᠴᠢᠨᠠᠷ ᠰᠠᠶᠢᠲᠠᠢ ᠬᠥᠭᠵᠢᠯᠲᠡ ᠶᠢᠨ | ᠱᠠᠭᠠᠷᠳᠠᠯᠭ᠎ᠠ ᠯᠤᠭ᠎ᠠ ᠵᠣᠬᠢᠴᠠᠬᠤ ᠦᠭᠡᠢ ᠪᠦᠲᠦᠴᠡ᠂ ᠦᠵᠡᠯᠲᠡ᠂ ᠰᠤᠷᠲᠠᠯ ᠤᠨ ᠠᠰᠠᠭᠤᠳᠠᠯ ᠳᠤ ᠴᠢᠭᠯᠡᠭᠦᠯᠦᠨ᠂ ᠣᠷᠣᠨ ᠳᠠᠶᠠᠭᠠᠷ ᠢ ᠬᠥᠲᠥᠯᠥᠨ ᠵᠢᠯᠤᠭᠤᠳᠴᠤ | ᠴᠢᠨᠠᠭᠰᠢᠳᠠ ᠦᠵᠡᠯ ᠰᠠᠨᠠᠭ᠎ᠠ ᠪᠠᠨ ᠴᠢᠯᠦᠭᠡᠯᠡᠵᠦ᠂ ᠦᠵᠡᠯᠲᠡ ᠪᠠᠨ ᠰᠢᠨᠡᠳᠬᠡᠵᠦ᠂ ᠲᠡᠷᠢᠭᠦᠨ ᠤ ᠬᠢ ᠪᠠᠷ ᠪᠠᠷᠢᠮᠵᠢᠶᠠᠯᠠᠨ ᠵᠥᠷᠢᠶ᠎ᠡ ᠪᠠᠨ ᠡᠷᠢᠵᠦ᠂ ᠶᠡᠭᠡ ᠬᠦᠴᠦ | ᠣᠷᠣᠭᠤᠯᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠪᠦᠭᠦ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢᠯᠡᠳᠲᠡ ᠴᠢᠩᠭᠠᠷᠠᠵᠤ᠂ | ᠥᠷᠭᠡᠨ ᠣᠯᠠᠨ ᠺᠠᠳ᠋ᠷ ᠣᠯᠠᠨ ᠲᠦᠮᠡᠨ ᠤ ᠣᠶᠤᠨ ᠰᠠᠨᠠᠭᠠᠨ ᠤ ᠳᠦᠷᠰᠦ ᠪᠠᠶᠢᠳᠠᠯ ᠢᠯᠡᠳᠲᠡ ᠬᠤᠪᠢᠷᠠᠵᠤ᠂ ᠶᠠᠭ ᠬᠥᠭᠵᠢᠯᠲᠡ ᠶᠢᠨ ᠶᠠᠰᠤ ᠴᠢᠨᠠᠷ ᠦᠷ᠎ᠡ | ᠪᠦᠲᠦᠮᠵᠢ ᠶᠢ ᠴᠢᠬᠤᠯᠠᠴᠢᠯᠠᠬᠤ᠂ ᠠᠵᠢᠯ ᠬᠢᠬᠦ ᠳᠡᠭᠡᠨ ᠲᠡᠷᠢᠭᠦᠨ ᠤ ᠬᠢ ᠪᠤᠯᠬᠤ ᠪᠠᠷ ᠴᠢᠷᠮᠠᠶᠢᠬᠤ᠂ ᠪᠣᠳᠠᠲᠠᠢ ᠠᠵᠢᠯ ᠬᠢᠬᠦ ᠶᠢ ᠡᠷᠭᠢᠮᠯᠡᠭᠦ ᠰᠠᠶᠢᠨ ᠰᠠᠶᠢᠬᠠᠨ | ᠣᠷᠴᠢᠯ ᠳᠤ ᠣᠷᠣᠵᠤ ᠪᠠᠶᠢᠨ᠎ᠠ᠃ | ᠠᠵᠤ ᠦᠢᠯᠡᠰ ᠤᠨ ︽ᠳᠦᠷᠪᠡᠨ ᠤᠯᠠᠨ ᠳᠦᠷᠪᠡᠨ ᠴᠥᠭᠡᠨ︾ ᠪᠠᠶᠢᠳᠠᠯ ᠢ ᠲᠦᠷᠭᠡᠨ ᠬᠤᠪᠢᠷᠠᠭᠤᠯᠪᠠ᠃ ᠣᠳᠣᠬᠢᠴᠢᠯᠠᠭᠰᠠᠨ ᠠᠵᠤ ᠠᠬᠤᠢ ᠶᠢᠨ | ᠰᠢᠰᠲ᠋ᠧᠮ ᠢ ᠪᠠᠶᠢᠭᠤᠯᠬᠤ ᠪᠠᠷ ᠭᠤᠣᠯᠳᠠᠭᠤᠯᠵᠤ᠂ ︽ᠨᠡᠭᠦᠷᠡᠰᠦ ᠨᠢ ᠡᠬᠢᠨ ᠳᠤ ᠬᠢᠮᠢ ᠶᠢᠨ ᠪᠦᠲᠦᠭᠡᠭᠳᠡᠬᠦᠨ ᠨᠢ ᠰᠡᠭᠦᠯ ᠳᠤ︾᠂ ︽ᠲᠠᠷᠢᠮᠠᠯ ᠨᠢ ᠡᠬᠢᠨ ᠳᠤ | ᠪᠦᠲᠦᠭᠡᠭᠳᠡᠬᠦᠨ ᠨᠢ ᠰᠡᠭᠦᠯ ᠳᠤ︾᠂ ︽ᠲᠠᠷᠢᠶᠠᠯᠠᠩ ᠨᠢ ᠡᠬᠢᠨ ᠳᠤ ᠠᠵᠤ ᠦᠢᠯᠡᠳᠪᠦᠷᠢ ᠨᠢ ᠰᠡᠭᠦᠯ ᠳᠤ ᠪᠠᠶᠢᠬᠤ︾ ᠪᠦᠭᠦ ᠬᠡᠯᠬᠢᠶ᠎ᠡ ᠳᠤ ᠠᠩᠬᠠᠷᠤᠯ ᠢᠶᠠᠨ | ᠬᠠᠨᠳᠤᠭᠤᠯᠵᠤ᠂ ᠨᠡᠭᠦᠷᠡᠰᠦ᠂ ᠮᠠᠯ ᠠᠵᠤ ᠠᠬᠤᠢ ᠲᠠᠷᠢᠶᠠᠯᠠᠩ ᠵᠡᠷᠭᠡ ᠤᠯᠠᠮᠵᠢᠯᠠᠯᠲᠤ ᠠᠵᠤ ᠦᠢᠯᠡᠰ ᠤᠨ ᠬᠥᠭᠵᠢᠯᠲᠡ ᠶᠢ ᠠᠬᠢᠭᠤᠯᠪᠠ᠃ ᠡᠬᠢ ᠪᠠᠶᠠᠯᠢᠭ ᠤᠨ ᠪᠤᠰᠤ | ᠭᠡᠯᠪᠡᠷᠢ ᠶᠢᠨ ᠠᠵᠤ ᠦᠢᠯᠡᠰ ᠢ ᠶᠡᠭᠡ ᠪᠠᠷ ᠪᠤᠶᠢᠵᠢᠭᠤᠯᠤᠨ ᠬᠥᠭᠵᠢᠭᠦᠯᠵᠦ᠂ ᠤᠳᠤ ᠦᠶ᠎ᠡ ᠶᠢᠨ ᠲᠣᠨᠣᠭᠯᠠᠯ ᠦᠢᠯᠡᠳᠬᠦ᠂ ᠡᠨᠧᠷᠭᠢ ᠠᠷᠪᠢᠯᠠᠵᠤ ᠣᠷᠴᠢᠨ | ᠲᠣᠭᠤᠷᠢᠨ ᠢ ᠬᠠᠮᠠᠭᠠᠯᠠᠬᠤ᠂ ᠡᠯᠧᠺᠲᠷᠣᠨ ᠮᠡᠳᠡᠭᠡ ᠵᠠᠩᠭᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ 2023 ᠣᠨ ᠳᠤ ᠨᠡᠭᠦᠷᠡᠰᠦᠨ ᠤ ᠪᠤᠰᠤ ᠠᠵᠤ ᠦᠢᠯᠡᠰ 12.1% ᠪᠠᠷ ᠨᠡᠮᠡᠭᠳᠡᠵᠦ᠂ ᠨᠡᠭᠦᠷᠡᠰᠦᠨ ᠤ ᠠᠵᠤ | ᠦᠢᠯᠡᠰ ᠠᠴᠠ ᠵᠠᠭᠤᠨ ᠤ ᠬᠠᠷᠢᠴᠠᠯ ᠢᠶᠠᠷ 10.7 ᠬᠤᠪᠢ ᠥᠨᠳᠥᠷ ᠪᠣᠯᠵᠤ᠂ ᠭᠠᠶᠢᠯᠢ ᠶᠢᠨ ᠣᠷᠣᠯᠭ᠎ᠠ 28.5% ᠪᠠᠷ ᠨᠡᠮᠡᠭᠳᠡᠵᠦ᠂ ᠪᠦᠭᠦ ᠰᠢᠰᠲ᠋ᠧᠮ ᠤᠨ | ᠭᠠᠶᠢᠯᠢ ᠶᠢᠨ ᠣᠷᠣᠯᠭ᠎ᠠ ᠳᠤ ᠡᠵᠡᠯᠡᠬᠦ ᠬᠤᠪᠢ ᠶᠢᠨ ᠵᠢᠩ ᠨᠢ 57.6% ᠪᠠᠶᠢᠵᠤ᠂ ᠪᠦᠭᠦ᠋ᠢᠯᠡ ᠠᠵᠢᠯ ᠲᠦᠷᠦᠯ ᠤᠨ ᠭᠠᠶᠢᠯᠢ ᠳᠠᠬᠢ ᠡᠵᠡᠯᠡᠬᠦ ᠬᠤᠪᠢ ᠶᠢᠨ ᠵᠢᠩ | 57.6% ᠳᠤ ᠬᠦᠷᠴᠦ᠂ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠰᠢᠨ᠎ᠡ ᠬᠥᠳᠡᠯᠭᠡᠭᠦᠷ ᠪᠣᠯᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ | ᠪᠦᠰᠡᠯᠡᠯᠲᠡ ᠰᠢᠪᠲᠤᠯᠬᠤ︾ ᠢᠨᠵᠧᠨᠧᠷᠢᠩ ᠢ ᠶᠡᠭᠡ ᠪᠠᠷ ᠠᠬᠢᠭᠤᠯᠵᠤ᠂ ᠥᠪᠥᠷ ᠮᠣᠩᠭᠤᠯ ᠤᠨ ᠡᠬᠢ ᠪᠠᠶᠠᠯᠢᠭ ᠲᠠᠢ ᠳᠠᠪᠠᠭᠤᠯᠢᠭ ᠲᠠᠢ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠪᠤᠶ ᠪᠤᠯᠭᠠᠬᠤ ᠪᠣᠯᠣᠮᠵᠢ ᠲᠠᠢ ᠬᠦᠷᠢᠶ᠎ᠡ ᠴᠠᠷᠠᠭ᠎ᠠ ᠳᠤ ᠴᠢᠭᠯᠡᠭᠦᠯᠦᠨ ᠲᠥᠪᠯᠡᠷᠡᠩᠭᠦᠢ ᠬᠦᠴᠦᠯᠡᠵᠦ᠂ ᠤᠯᠤᠰ ᠤᠨ ᠭᠤᠣᠯᠳᠠᠯᠭ᠎ᠠ ᠲᠠᠢ | ᠰᠤᠳᠤᠯᠤᠨ ᠨᠡᠭᠡᠭᠡᠬᠦ ᠲᠥᠯᠥᠪᠯᠡᠭᠡ ︽ᠡᠨᠧᠷᠭᠢ ᠬᠠᠳᠠᠭᠠᠯᠠᠬᠤ ᠬᠢᠭᠡᠳ ᠣᠶᠤᠨᠴᠢ ᠴᠠᠭᠢᠯᠭᠠᠨ ᠲᠣᠣᠷ ᠤᠨ ᠮᠡᠷᠭᠡᠵᠢᠯ︾ ᠤᠨ ᠲᠥᠷᠥᠯ ᠵᠦᠢᠯ ᠢ ᠬᠡᠷᠡᠭᠵᠢᠭᠦᠯᠵᠦ᠂ | ᠠᠭᠠᠷ ᠰᠠᠨᠰᠠᠷ ᠤᠨ ᠬᠡᠮᠵᠢᠭᠦᠷ ᠠᠯᠤᠰᠯᠠᠭᠰᠠᠨ ᠬᠡᠮᠵᠢᠯᠲᠡ ᠶᠢᠨ ᠰᠠᠭᠤᠷᠢ ᠪᠠᠷᠢᠮᠵᠢᠶ᠎ᠠ ᠶᠢᠨ ᠲᠣᠮᠣ ᠰᠢᠨᠵᠢᠯᠡᠬᠦ ᠤᠬᠠᠭᠠᠨ ᠤ ᠲᠣᠨᠤᠭ ᠲᠥᠬᠦᠭᠡᠷᠦᠮᠵᠢ ᠬᠢᠭᠡᠳ ᠳᠡᠭᠡᠳᠦ | ᠴᠢᠳᠠᠪᠬᠢᠲᠤ ᠭᠡᠷᠡᠯᠴᠢ ᠰᠠᠷᠠᠯᠵᠢ ᠶᠢᠨ ᠠᠵᠤ ᠦᠢᠯᠡᠰᠵᠢᠯᠲᠡ ᠶᠢᠨ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ ᠬᠤᠷᠢᠨᠭᠡᠷ ᠰᠢᠨ᠎ᠡ ᠲᠣᠭᠤᠷᠢᠭ ᠤᠨ | ᠤᠯᠤᠰ ᠤᠨ ︽ᠵᠡᠭᠦᠨᠳᠡᠬᠢ ᠲᠤᠭ᠎ᠠ ᠪᠠᠷᠢᠮᠲᠠ ᠶᠢ ᠪᠠᠷᠠᠭᠤᠨᠳᠠᠬᠢ ᠳ᠋ᠠᠶᠢᠲ᠋ᠠ ᠪᠠᠷ ᠲᠤᠯᠭᠠᠭᠤᠷᠢᠯᠠᠬᠤ︾ ᠳ᠋ᠠᠶᠢᠲ᠋ᠠ ᠶᠢᠨ ᠲᠥᠪ ᠤᠨ ᠪᠦᠯᠦᠭᠵᠢᠯ᠂ ᠪᠦᠭᠦ ᠪᠥᠮᠪᠥᠷᠴᠡᠭ ᠤᠨ | ᠬᠠᠮᠤᠭ ᠤᠨ ᠶᠡᠭᠡ ᠪᠣᠬᠢᠷᠳᠤᠯ ᠦᠭᠡᠢ ᠤᠰᠤᠲᠥ᠋ᠷᠥᠭᠴᠢ ᠰᠢᠪᠲᠦᠷ ᠵᠡᠷᠭᠡ ᠲᠥᠷᠥᠯ ᠵᠦᠢᠯ ᠢ ᠬᠤᠶᠢᠨ᠎ᠠ ᠬᠤᠶᠢᠨ᠎ᠠ ᠠᠴᠠ ᠨᠢ ᠠᠰᠢᠭᠯᠠᠯᠲᠠ ᠳᠤ ᠣᠷᠣᠭᠤᠯᠵᠤ᠂ | ᠢᠷᠡᠭᠡᠳᠦᠢ ᠶᠢᠨ ᠠᠵᠤ ᠦᠢᠯᠡᠰ ᠲᠦᠷᠭᠡᠨ ᠪᠦᠷᠢᠯᠳᠦᠵᠦ ᠪᠠᠶᠢᠨ᠎ᠠ᠃ | ᠬᠠᠭᠤᠴᠢᠨ ᠦᠵᠡᠯ ᠰᠠᠨᠠᠭ᠎ᠠ ᠣᠶᠢᠯᠠᠭᠠᠭᠳᠠᠬᠤᠨ ᠤ ᠬᠦᠯᠢᠶᠡᠰᠦᠯᠡᠯ ᠢ ᠴᠢᠨᠠᠭᠰᠢᠳᠠ ᠡᠪᠳᠡᠪᠡ᠃ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ | ᠂ ᠬᠥᠭᠵᠢᠯᠲᠡ ᠶᠢ ᠠᠬᠢᠭᠤᠯᠬᠤ︾ ᠰᠤᠷᠤᠯᠴᠠᠨ ᠶᠠᠷᠢᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠷᠣᠨ ᠳᠠᠶᠠᠭᠠᠷ ᠢ ᠬᠥᠲᠥᠯᠥᠨ ᠵᠢᠯᠤᠭᠤᠳᠴᠤ | ︽ᠳᠣᠯᠤᠭ᠎ᠠ ᠶᠢ ᠲᠠᠶᠠᠭᠳᠠᠬᠤ︾ ᠶᠢ ᠪᠡᠶᠡᠯᠡᠭᠦᠯᠵᠦ᠂ ︽ ᠤ ᠢ ᠬᠥᠮᠥᠨ ᠢ ᠬᠦᠷᠬᠦ ᠦᠭᠡᠢ︾ ᠭᠡᠬᠦ ᠣᠶᠢᠯᠠᠭᠠᠭᠳᠠᠬᠤᠨ ᠠᠴᠠ ᠲᠦᠷᠭᠡᠬᠡᠨ ᠰᠠᠯᠵᠤ᠂ | ᠲᠡᠷᠢᠭᠦᠨ ᠤ ᠬᠢ ᠶᠢ ᠡᠭᠦᠳᠴᠦ᠂ ᠳᠠᠭᠤᠷᠢᠶᠠᠯ ᠪᠤᠯᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠶ ᠪᠤᠯᠭᠠᠵᠤ᠂ ᠬᠥᠭᠵᠢᠯᠲᠡ ᠶᠢ ᠶᠡᠭᠡ ᠪᠠᠷ ᠠᠳᠬᠤᠵᠤ᠂ | ᠬᠥᠭᠵᠢᠯᠲᠡ ᠶᠢ ᠲᠦᠷᠭᠡᠳᠬᠡᠬᠦ ᠠᠭᠤᠷ ᠠᠮᠢᠰᠬᠤᠯ ᠢ ᠨᠠᠩ ᠭᠦᠨ ᠵᠤᠵᠠᠭᠠᠨ ᠪᠣᠯᠭᠠᠪᠠ᠃ ︽ᠥᠩᠭᠡᠷᠡᠭᠰᠡᠨ ᠳᠤ ᠢᠩᠭᠢᠵᠦ ᠬᠢᠵᠦ ᠪᠠᠶᠢᠭᠰᠠᠨ︾᠂ ︽ | ᠪᠣᠯᠪᠠᠰᠤᠷᠠᠩᠭᠤᠢ ᠵᠣᠷ ᠦᠭᠡᠢ ᠪᠣᠯ ᠡᠮ ᠥᠭᠬᠦ ᠠᠴᠠ ᠪᠣᠯᠭᠤᠮᠵᠢᠯᠠᠨ᠎ᠠ︾ ᠭᠡᠬᠦ ᠵᠡᠷᠭᠡ ᠣᠶᠢᠯᠠᠭᠠᠭᠳᠠᠬᠤᠨ ᠠᠷᠭ᠎ᠠ ᠬᠢᠳᠡᠯ ᠢ ᠲᠠᠶᠠᠭᠳᠠᠵᠤ᠂ ᠡᠯ᠎ᠡ ᠱᠠᠲᠤᠨ ᠤ ᠬᠢᠨ ᠤ | ︽ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠬᠢᠵᠦ ᠪᠠᠶᠢᠬᠤ ᠶᠠᠪᠤᠳᠠᠯ ᠮᠥᠨ︾᠂ ︽ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠨ | ᠪᠦᠷᠢᠨᠰᠢᠭᠦᠯᠬᠦ ᠪᠣᠯ ᠳᠠᠷᠤᠢ ᠦᠢᠯᠡᠳᠪᠦᠷᠢᠯᠡᠯ ᠤᠨ ᠬᠦᠴᠦᠨ ᠢ ᠴᠢᠯᠦᠭᠡᠯᠡᠨ ᠬᠥᠭᠵᠢᠭᠦᠯᠬᠦ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠴᠢᠩᠭᠠᠳᠬᠠᠬᠤ ᠶᠢ | ᠠᠬᠢᠭᠤᠯᠵᠤ᠂ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠤᠰᠤ ᠶᠢ ᠠᠷᠪᠢᠯᠠᠨ ᠬᠡᠷᠡᠭᠯᠡᠬᠦ | ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ᠂ ᠲᠥᠪ ᠤᠨ ᠠᠵᠤ ᠠᠬᠤᠶᠢᠯᠠᠯ ᠲᠠᠢ ᠬᠠᠮᠲᠤᠷᠠᠯᠴᠠᠬᠤ ᠵᠡᠷᠭᠡ ᠶᠢᠨ | ᠲᠣᠭᠤᠷᠢᠨ ᠳᠤ 58 ᠵᠦᠢᠯ ᠤᠨ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠦᠭᠰᠡᠨ ᠡᠭᠦᠷᠭᠡ ᠶᠢ ᠪᠠᠶᠢᠷᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠬᠢᠵᠠᠭᠠᠷᠯᠠᠵᠤ ᠪᠠᠶᠢᠭ᠎ᠠ ᠨᠢᠭᠡ ᠪᠦᠯᠦᠭ ᠲᠦᠭᠵᠢᠷᠡᠯ ᠠᠰᠠᠭᠤᠳᠠᠯ ᠢ ᠲᠦᠷᠭᠡᠨ ᠰᠢᠢᠳᠪᠦᠷᠢᠯᠡᠪᠡ᠃ ︽ᠨᠢᠳᠦᠨ ᠡᠮᠦᠨᠡᠬᠢ ᠪᠠᠨ ᠬᠠᠷᠠᠭᠠᠳ ᠠᠯᠤᠰ ᠬᠤᠯᠠ ᠶᠢ ᠬᠠᠷᠠᠬᠤ | ᠦᠭᠡᠢ︾᠂ ︽ᠦᠢᠯᠡᠳᠪᠦᠷᠢᠯᠡᠬᠦ ᠶᠢ ᠴᠢᠬᠤᠯᠠᠴᠢᠯᠠᠵᠤ ᠡᠵᠡᠩᠨᠡᠬᠦ ᠶᠢ ᠬᠥᠩᠭᠡᠪᠴᠢᠯᠡᠬᠦ︾ ᠵᠡᠷᠭᠡ ᠰᠡᠳᠬᠢᠬᠦᠢ ᠪᠠ ᠦᠵᠡᠯᠲᠡ ᠶᠢ ᠬᠦᠴᠦᠯᠡᠨ ᠬᠤᠪᠢᠷᠠᠭᠤᠯᠵᠤ᠂ ᠡᠯ᠎ᠡ | ᠱᠠᠲᠤᠨ ᠤ ᠬᠢᠨ ᠢ ᠬᠥᠲᠥᠯᠥᠨ ᠵᠢᠯᠤᠭᠤᠳᠴᠤ ︽ᠠᠷᠪᠢᠯᠠᠨ ᠭᠠᠮᠨᠠᠬᠤ ᠪᠣᠯ ᠳᠠᠷᠤᠢ ᠨᠡᠮᠡᠭᠳᠡᠯ ᠮᠥᠨ᠂ ᠬᠤᠬᠢᠷᠠᠯ ᠢ ᠪᠠᠭᠠᠰᠬᠠᠬᠤ ᠨᠢ ᠳᠠᠷᠤᠢ ᠤᠨᠠᠯᠲᠠ ᠶᠢ | ᠨᠡᠮᠡᠭᠳᠡᠭᠦᠯᠵᠦ ᠪᠠᠶᠢᠨ᠎ᠠ᠂ ᠬᠤᠷᠣᠭᠳᠠᠭᠤᠯᠤᠯ ᠢ ᠪᠠᠭᠠᠰᠬᠠᠬᠤ ᠪᠣᠯ ᠳᠠᠷᠤᠢ ᠣᠷᠣᠯᠭ᠎ᠠ ᠶᠢ ᠨᠡᠮᠡᠭᠳᠡᠭᠦᠯᠵᠦ ᠪᠠᠶᠢᠨ᠎ᠠ︾ ᠭᠡᠬᠦ ᠤᠬᠠᠮᠰᠠᠷ ᠢ ᠴᠢᠩᠭᠠᠳᠬᠠᠵᠤ᠂ ᠡᠨᠧᠷᠭᠢ᠂ | ᠤᠰᠤ᠂ ᠠᠮᠤ ᠪᠤᠳᠠᠭ᠎ᠠ᠂ ᠭᠠᠵᠠᠷ ᠰᠢᠷᠣᠢ᠂ ᠠᠭᠤᠷᠬᠠᠢ᠂ ᠮᠠᠲ᠋ᠧᠷᠢᠶᠠᠯ ᠵᠡᠷᠭᠡ ᠡᠯ᠎ᠡ ᠬᠦᠷᠢᠶᠡᠨ ᠳᠤ ᠠᠷᠪᠢᠯᠠᠬᠤ ᠶᠢ ᠴᠢᠩᠭᠠᠳᠬᠠᠵᠤ᠂ ︽ᠲᠠᠪᠤ ᠶᠢ ᠲᠦᠢᠯᠪᠤᠷᠢᠲᠠᠢ | ᠪᠠᠶᠢᠴᠠᠭᠠᠬᠤ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠭᠦ ᠤᠯᠤᠰ ᠲᠤ ᠡᠩ ᠲᠡᠷᠢᠭᠦᠨ ᠳᠤ ᠮᠤᠵᠢ ᠶᠢᠨ ᠲᠡᠰ ᠤᠨ ᠡᠬᠢ ᠪᠠᠶᠠᠯᠢᠭ ᠢ ᠠᠷᠪᠢᠯᠠᠨ | ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮ ᠢ ᠲᠣᠭᠲᠠᠭᠠᠵᠤ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ | ᠂ ᠬᠤᠲᠠ ᠶᠢᠨ ᠨᠣᠭᠤᠭᠠᠷᠠᠭᠤᠯᠤᠯᠲᠠ ᠶᠢᠨ ᠵᠠᠷᠤᠳᠠᠯ ᠤᠨ ᠲᠤᠭ᠎ᠠ ᠬᠡᠮᠵᠢᠶ᠎ᠡ ᠶᠢ ᠲᠣᠭᠲᠠᠭᠠᠵᠤ᠂ 2023 ᠣᠨ ᠳᠤ ᠪᠦᠭᠦ ᠣᠷᠣᠨ ᠤ ᠬᠡᠪᠴᠢᠶᠡᠨ ᠳᠤ 14.75 | ᠲᠦᠮᠡᠨ ᠮᠦ ᠶᠢᠨ ᠵᠥᠪᠰᠢᠶᠡᠷᠡᠭᠰᠡᠨ ᠪᠤᠯᠪᠠᠴᠤ ᠬᠠᠩᠭᠠᠭᠠᠳᠤᠢ ᠭᠠᠵᠠᠷ ᠰᠢᠷᠣᠢ ᠶᠢ ᠰᠢᠢᠳᠪᠦᠷᠢᠯᠡᠵᠦ᠂ 22 ᠳ᠋ᠦᠩᠰᠢᠭᠤᠷ ᠲᠥᠭᠦᠷᠢᠭ ᠤᠨ ᠭᠠᠵᠠᠷ ᠰᠢᠷᠣᠢ ᠶᠢᠨ | ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠦᠯᠡᠳᠡᠪᠦᠷᠢ ᠭᠦᠢᠴᠡᠳᠬᠡᠯ ᠲᠤᠭ᠎ᠠ ᠶᠢ ᠮᠤᠵᠢ ᠠᠯᠤᠰᠯᠠᠨ ᠠᠷᠠᠯᠵᠢᠶᠠᠯᠠᠬᠤ ᠶᠢ ᠪᠡᠶᠡᠯᠡᠭᠦᠯᠵᠦ᠂ ᠲᠠᠷᠢᠶᠠᠨ ᠭᠠᠵᠠᠷ ᠤᠨ | ᠤᠰᠤᠯᠠᠯᠲᠠ ᠶᠢᠨ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠲᠤᠭ᠎ᠠ ᠠᠩᠬ᠎ᠠ ᠤᠳᠠᠭ᠎ᠠ ᠪᠦᠭᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠣᠯᠵᠤ᠂ | ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ︽ᠶᠡᠭᠡ ᠤᠰᠤ ᠪᠠᠷ ᠨᠠᠯᠠᠶᠢᠲᠠᠯ᠎ᠠ ᠤᠰᠤᠯᠠᠬᠤ︾ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠢᠳᠡᠪᠬᠢᠲᠡᠢ | ᠠᠬᠢᠴᠠ ᠲᠠᠢ ᠪᠣᠯᠵᠤ᠂ ᠤᠰᠤᠯᠠᠯᠲᠠ ᠶᠢᠨ ᠣᠷᠣᠨ ᠤ ᠨᠠᠮᠤᠷ ᠤᠨ ᠤᠰᠤᠯᠠᠯᠲᠠ ᠶᠢᠨ ᠬᠡᠮᠵᠢᠶ᠎ᠡ ᠡᠩ ᠤᠨ ᠵᠢᠯ ᠤᠨ ᠬᠢ ᠠᠴᠠ 45% ᠪᠠᠷ ᠪᠠᠭᠠᠰᠪᠠ᠃ | ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ | ︾ ᠪᠠᠷ ᠠᠵᠢᠯ ᠬᠢᠵᠦ ᠦᠢᠯᠡᠰ ᠪᠣᠰᠬᠠᠬᠤ ᠡᠷᠴᠢ ᠵᠣᠷᠢᠭ ᠨᠡᠩ ᠲᠡᠭᠦᠯᠳᠡᠷ ᠪᠣᠯᠪᠠ᠃ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ | ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠬᠤ 20 ᠵᠤᠷᠪᠤᠰ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ︽ᠪᠠᠷᠢᠮᠵᠢᠶ᠎ᠠ ᠶᠢ ᠳᠡᠭᠡᠭᠰᠢᠯᠡᠭᠦᠯᠭᠦ᠂ ᠬᠤᠷᠳᠤᠴᠠ ᠶᠢ | ᠳᠡᠭᠡᠭᠰᠢᠯᠡᠭᠦᠯᠭᠦ᠂ ᠦᠷ᠎ᠡ ᠪᠦᠲᠦᠮᠵᠢ ᠶᠢ ᠳᠡᠭᠡᠭᠰᠢᠯᠡᠭᠦᠯᠭᠦ︾ ᠲᠤᠰᠬᠠᠢ ᠠᠵᠢᠯᠯᠠᠭ᠎ᠠ ᠶᠢ ᠥᠷᠨᠢᠭᠦᠯᠦᠨ᠂ ᠡᠯ᠎ᠡ ᠱᠠᠲᠤᠨ ᠤ ᠬᠢᠨ ᠤ ︽ᠶᠠᠪᠤᠳᠠᠯ ᠢ ᠰᠢᠢᠳᠪᠦᠷᠢᠯᠡᠬᠦ | ᠰᠡᠳᠬᠢᠬᠦᠢ︾ ︽ᠶᠠᠪᠤᠳᠠᠯ ᠢ ᠰᠠᠶᠢᠲᠤᠷ ᠰᠢᠢᠳᠪᠦᠷᠢᠯᠡᠬᠦ ᠰᠡᠳᠬᠢᠬᠦᠢ︾ ᠪᠠᠷ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠰᠢᠢᠳᠪᠦᠷᠢᠯᠡᠨ ᠬᠦᠴᠢᠷᠳᠡᠯ ᠢ ᠢᠯᠡᠨ | ᠳᠠᠪᠠᠭ᠋ᠤ ᠶᠢ ᠠᠬᠢᠭᠤᠯᠵᠤ᠂ ᠠᠵᠢᠯ ᠤᠨ ᠳᠤᠮᠳᠠᠬᠢ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠵᠡᠷᠭᠡ ᠦᠵᠡᠭᠳᠡᠯ ᠢ ᠠᠯᠬᠤᠮ ᠠᠯᠬᠤᠮ ᠢᠶᠠᠷ ᠰᠠᠶᠢᠵᠢᠷᠠᠭᠤᠯᠪᠠ᠃ | ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠶᠢᠨ ᠲᠣᠭᠤᠷᠢᠨ ᠳᠤ ᠭᠤᠣᠯᠳᠠᠯᠭ᠎ᠠ ᠲᠠᠢ ᠵᠦᠢᠯᠡᠰ ᠤᠨ ᠨᠠᠷᠢᠨ ᠲᠠᠩᠰᠠ ᠶᠢ ᠨᠡᠶᠢᠲᠡᠯᠡᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠱᠤᠭᠤᠮ︾ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳᠦᠷ ᠲᠤ | ︽ᠡᠭᠦᠳᠡ ᠪᠠᠨ ᠬᠠᠭᠠᠬᠤ ᠦᠭᠡᠢ︾᠂ ᠭᠠᠷᠠᠭ ᠤᠨ ᠰᠡᠭᠦᠯᠴᠢ ᠳᠤ ︽ᠦᠢᠯᠡᠴᠢᠯᠡᠭᠡ ᠪᠠᠨ ᠲᠠᠰᠤᠯᠳᠠᠭᠤᠯᠬᠤ ᠦᠭᠡᠢ︾ ᠪᠠᠶᠢᠬᠤ ᠶᠢ ᠪᠡᠶᠡᠯᠡᠭᠦᠯᠵᠦ᠂ ᠡᠯ᠎ᠡ | ᠱᠠᠲᠤᠨ ᠤ ᠬᠢᠨ ᠤ ᠠᠵᠤ ᠠᠬᠤᠶᠢᠯᠠᠯ ᠪᠠ ᠣᠯᠠᠨ ᠲᠦᠮᠡᠨ ᠳᠤ ᠦᠢᠯᠡᠴᠢᠯᠡᠬᠦ ᠦᠷ᠎ᠡ ᠪᠦᠲᠦᠮᠵᠢ ᠶᠡᠭᠡ ᠪᠠᠷ ᠳᠡᠭᠡᠭᠰᠢᠯᠡᠪᠡ᠃ ᠵᠠᠬ᠎ᠠ ᠳᠡᠯᠭᠡᠭᠦᠷ ᠤᠨ ᠰᠡᠳᠬᠢᠬᠦᠢ ᠪᠠ | ᠨᠠᠷᠢᠨ ᠳᠠᠩᠰᠠ ᠪᠤᠳᠤᠬᠤ ᠤᠬᠠᠮᠰᠠᠷ ᠢ ᠴᠢᠩᠭᠠᠳᠬᠠᠨ᠂ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠷᠭ᠎ᠠ ᠮᠠᠶ᠋ᠢᠭ ᠢ ᠴᠠᠭ ᠦᠶ᠎ᠡ ᠲᠠᠢ ᠵᠡᠷᠭᠡ ᠪᠠᠷ | ᠰᠢᠯᠢᠳᠡᠭᠵᠢᠭᠦᠯᠵᠦ᠂ ᠭᠠᠵᠠᠷ ᠰᠢᠷᠣᠢ ᠶᠢᠨ ᠭᠦᠢᠴᠡᠳᠬᠡᠯ ᠲᠤᠭ᠎ᠠ ᠪᠠ ᠨᠡᠭᠦᠷᠡᠰᠦᠲᠥ᠋ᠷᠥᠭᠴᠢ ᠬᠤᠷᠠᠮᠳᠤᠭᠤᠯᠬᠤ ᠭᠦᠢᠴᠡᠳᠬᠡᠯ ᠲᠤᠭ᠎ᠠ ᠶᠢᠨ ᠠᠷᠠᠯᠵᠢᠶ᠎ᠠ ᠶᠢ ᠭᠦᠨᠵᠡᠭᠡᠢ | ᠠᠬᠢᠭᠤᠯᠵᠤ᠂ ᠲᠤᠬᠠᠢ ᠶᠢᠨ ᠭᠠᠵᠠᠷ ᠤᠨ ᠪᠠᠶᠢᠳᠠᠯ ᠳᠤᠨᠢ ᠲᠣᠬᠢᠷᠠᠭᠤᠯᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠥᠪᠡᠷ ᠤᠨ ᠦᠷᠲᠡᠭ ᠢ ᠪᠠᠭᠤᠷᠠᠭᠤᠯᠵᠤ | ᠂ ᠨᠠᠮ ᠵᠠᠰᠠᠭ ᠤᠨ ᠪᠠᠶᠢᠭᠤᠯᠭ᠎ᠠ ᠲᠦᠷᠦᠭᠦᠯᠡᠨ ᠠᠷᠪᠢᠯᠠᠨ ᠭᠠᠮᠨᠠᠵᠤ ᠠᠮᠢᠳᠤᠷᠠᠬᠤ ᠶᠢ ᠪᠠᠷᠢᠮᠲᠠᠯᠠᠨ᠂ ᠨᠢᠭᠡ ᠬᠤᠪᠢ ᠡᠬᠢ ᠪᠠᠶᠠᠯᠢᠭ ᠪᠠ ᠨᠢᠭᠡ ᠮᠥᠩᠭᠦ ᠵᠣᠭᠤᠰ ᠢ | ᠴᠥᠮ ᠬᠠᠮᠤᠭ ᠤᠨ ᠶᠡᠭᠡ ᠦᠷ᠎ᠡ ᠠᠰᠢᠭ ᠲᠠᠢ ᠪᠣᠯᠭᠠᠵᠠᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ | ᠵᠠᠰᠠᠬᠤ ᠭᠤᠷᠪᠠᠨ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ | ᠬᠥᠳᠡᠯᠦᠯᠴᠡᠵᠦ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ | ᠴᠢᠩᠭᠠᠳᠬᠠᠨ᠂ ᠰᠤᠷᠲᠠᠯ ᠤᠨ ᠠᠷᠬᠠᠭ ᠭᠡᠮ ᠢ ᠦᠨᠳᠦᠰᠦᠨ ᠠᠴᠠ ᠨᠢ ᠵᠠᠰᠠᠵᠤ᠂ 1+1+1>3 ᠶᠢᠨ ᠦᠷ᠎ᠡ ᠪᠦᠲᠦᠮᠵᠢ ᠶᠢ ᠴᠢᠷᠮᠠᠶᠢᠨ ᠪᠡᠶᠡᠯᠡᠭᠦᠯᠪᠡ᠃ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠴᠡᠭᠴᠡᠯᠡᠨ ᠡᠮᠬᠢᠳᠬᠡᠭᠰᠡᠨ ᠡᠬᠡ ᠳᠠᠩᠰᠠ 3/4 ᠰᠢᠬᠠᠮ ᠪᠠᠶᠢᠵᠤ᠂ ᠬᠤᠰᠢᠭᠤ ᠰᠢᠶᠠᠨ ᠭᠦᠷᠲᠡᠯ᠎ᠡ | ᠬᠤᠷᠠᠯᠳᠤᠭᠤᠯᠬᠤ ᠬᠤᠷᠠᠯ 1/2 ᠰᠢᠬᠠᠮ ᠪᠠᠭᠠᠰᠴᠤ᠂ ᠰᠤᠮᠤ ᠰᠢᠶᠠᠩ ᠪᠠᠯᠭᠠᠰᠤ ᠶᠢᠨ ᠡᠭᠦᠷᠭᠡ ᠲᠤᠰᠢᠶᠠᠯ ᠡᠭᠦᠷᠭᠡ ᠬᠠᠷᠢᠭᠤᠴᠠᠯᠭ᠎ᠠ 373 ᠵᠦᠢᠯ ᠪᠠᠶᠢᠭᠰᠠᠨ ᠢ | 148 ᠵᠦᠢᠯ ᠪᠣᠯᠭᠠᠨ ᠰᠢᠯᠢᠳᠡᠭᠵᠢᠭᠦᠯᠵᠦ᠂ ︽ᠰᠠᠭᠤᠷᠢ ᠳ᠋ᠠᠶᠢᠲ᠋ᠠ ᠶᠢᠨ ᠬᠥᠮᠥᠷᠭᠡ︾ ᠪᠣᠯᠣᠨ ︽ᠪᠦᠷᠢᠨ ᠴᠢᠳᠠᠮᠵᠢᠲᠤ ᠬᠦᠰᠦᠨᠦᠭᠲᠦ︾ ᠵᠡᠷᠭᠡ ᠬᠡᠷᠡᠭᠯᠡᠭᠡᠨ ᠤ | ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ ᠦᠨᠳᠦᠰᠦᠨ ᠱᠠᠲᠤᠨ ᠤ ᠬᠦᠰᠦᠨᠦᠭᠲᠦ ᠲᠠᠭᠯᠠᠬᠤ ᠠᠵᠢᠯ ᠤᠯᠠᠨ ᠵᠡᠷᠭᠡ ᠠᠰᠠᠭᠤᠳᠠᠯ ᠢ ᠰᠢᠢᠳᠪᠦᠷᠢᠯᠡᠵᠦ᠂ ᠺᠠᠳ᠋ᠷᠴᠤᠳ | ᠨᠡᠩ ᠣᠯᠠᠨ ᠴᠠᠭ ᠪᠣᠯᠣᠨ ᠣᠶᠤᠨ ᠴᠢᠳᠠᠯ ᠢᠶᠠᠨ ᠵᠠᠷᠤᠴᠠᠭᠤᠯᠤᠨ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠴᠦ ᠳᠡᠶᠢᠯᠭᠦ ᠪᠣᠯᠵᠠᠢ᠃ ︽ᠠᠯᠢᠪᠠ | ᠪᠦᠭᠦᠨ ᠳᠤ ᠦᠷ᠎ᠡ ᠳ᠋ᠦᠩ ᠢ ᠦᠵᠡᠬᠦ᠂ ᠪᠣᠳᠠᠲᠤ ᠦᠷ᠎ᠡ ᠪᠦᠲᠦᠮᠵᠢ ᠪᠠᠷ ᠦᠨᠡᠯᠡᠬᠦ︾ ᠢᠯᠡ ᠲᠣᠳᠣ ᠤᠳᠤᠷᠢᠳᠤᠮᠵᠢ ᠶᠢ ᠪᠤᠢ ᠪᠤᠯᠭᠠᠵᠤ᠂ ᠵᠥᠪ ᠴᠢᠭᠯᠡᠯ ᠢᠶᠠᠷ | ᠵᠣᠷᠢᠭᠵᠢᠭᠤᠯᠬᠤ 12 ᠵᠦᠢᠯ ᠤᠨ ᠠᠷᠭ᠎ᠠ ᠬᠡᠮᠵᠢᠶ᠎ᠡ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ 8 ᠵᠦᠢᠯ ᠤᠨ | ᠰᠠᠨᠠᠯ ᠢ ᠭᠦᠨᠵᠡᠭᠡᠢ ᠬᠡᠷᠡᠭᠵᠢᠭᠦᠯᠵᠦ᠂ ︽ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢ ᠦᠨᠡᠯᠡᠨ ᠰᠢᠯᠭᠠᠷᠠᠭᠤᠯᠵᠤ | ᠬᠥᠬᠢᠭᠦᠯᠦᠨ ᠰᠠᠶᠢᠰᠢᠶᠠᠬᠤ ᠠᠵᠢᠯ ᠢ ᠬᠤᠶᠠᠷ ᠵᠢᠯ ᠳᠠᠷᠠᠭᠠᠯᠠᠨ ᠥᠷᠨᠢᠭᠦᠯᠵᠦ᠂ ᠤᠳᠤᠷᠢᠳᠬᠤ ᠺᠠᠳ᠋ᠷᠴᠤᠳ ᠤᠨ ᠳᠠᠪᠰᠢᠵᠤ ᠪᠠᠭᠤᠵᠤ ᠪᠦᠷ ᠪᠤᠯᠬᠤ ᠲᠣᠭᠲᠠᠭᠠᠯ ᠢ | ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠶᠡᠭᠡ ᠪᠠᠷ ᠪᠠᠶᠢᠴᠠᠭᠠᠨ ᠰᠤᠳᠤᠯᠤᠯᠲᠠ ᠬᠢᠬᠦ᠂ ᠠᠰᠠᠭᠤᠳᠠᠯ ᠢ ᠢᠯᠡᠭᠦᠬᠡᠨ ᠪᠣᠳᠣᠯᠬᠢᠯᠠᠬᠤ᠂ ᠠᠰᠠᠭᠤᠳᠠᠯ ᠢ ᠢᠯᠡᠭᠦᠬᠡᠨ | ᠰᠤᠳᠤᠯᠬᠤ ᠶᠢ ᠠᠬᠢᠭᠤᠯᠵᠤ᠂ ᠳᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠷ | ᠠᠵᠢᠯᠯᠠᠵᠤ᠂ ᠥᠷᠯᠥᠭᠡ ᠦᠳᠡᠰᠢ ᠶᠢ ᠲᠡᠮᠡᠴᠡᠨ ᠤᠷᠤᠭᠰᠢᠯᠠᠵᠤ᠂ ᠵᠣᠭᠰᠣᠯ ᠦᠭᠡᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠨᠢ ᠥᠷᠭᠡᠨ ᠤᠯᠠᠨ ᠨᠠᠮ ᠤᠨ | ᠭᠡᠰᠢᠭᠦᠨ ᠺᠠᠳ᠋ᠷᠴᠤᠳ ᠤᠨ ᠠᠵᠢᠯᠯᠠᠭᠠᠨ ᠤ ᠤᠬᠠᠮᠰᠠᠷ ᠪᠣᠯᠵᠠᠢ᠃ | ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠢ ᠲᠦᠢᠯ ᠢᠶᠠᠷ ᠬᠠᠯᠠᠮᠵᠢᠯᠠᠵᠤ᠂ ᠬᠦᠨᠳᠦ ᠬᠦᠰᠡᠯ ᠨᠠᠶᠢᠳᠠᠯᠭ᠎ᠠ ᠲᠠᠯᠪᠢᠵᠤ ᠪᠤᠢ᠃ ᠪᠢᠳᠡ ᠡᠷᠬᠡᠪᠰᠢ | ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ | ᠥᠪᠥᠷ ᠮᠣᠩᠭᠤᠯ ᠤᠨ ᠶᠠᠪᠤᠳᠠᠯ ᠢ ᠨᠡᠩ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠪᠣᠳᠠᠲᠠᠢ ᠠᠵᠢᠯ ᠪᠣᠳᠠᠲᠤ ᠠᠮᠵᠢᠯᠲᠠ ᠪᠠᠷ ᠢᠶᠠᠨ ᠶᠡᠷᠦᠩᠬᠡᠢ ᠱᠦᠵᠢ ᠪᠣᠯᠣᠨ ᠨᠠᠮ ᠤᠨ ᠲᠥᠪ ᠬᠤᠷᠢᠶ᠎ᠠ ᠳᠤ ᠨᠢᠭᠡᠨ ᠬᠤᠪᠢ | ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ᠃ | ︵ᠤᠤᠯ ᠵᠣᠬᠢᠶᠠᠯ ᠢ 2024 ᠣᠨ ᠤ 7 ᠰᠠᠷ᠎ᠠ ᠶᠢᠨ 17 ᠤ ᠡᠳᠦᠷ ᠤᠨ ᠳᠤᠮᠳᠠᠳᠤ ᠤᠯᠤᠰ ᠤᠨ ᠦᠨᠳᠦᠰᠦᠲᠡᠨ ᠤ ᠰᠦᠯᠵᠢᠶ᠎ᠡ ᠳᠤ ᠨᠡᠶᠢᠲᠡᠯᠡᠪᠡ︶ | | |