7 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ | ᠡᠷᠭᠢᠯᠡᠪᠡ᠃ | ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠣᠨ᠎ᠠ᠃ ᠪᠦᠭᠦᠳᠡ ᠬᠤᠷᠠᠯ ᠠᠴᠠ | ᠪᠠᠲᠤᠯᠠᠭᠰᠠᠨ ︽ᠲᠣᠭᠲᠠᠭᠠᠯ︾ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠤᠣᠯ ᠰᠡᠳᠦᠪ ᠤᠨ ᠲᠣᠭᠤᠷᠢᠨ ᠳᠤ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠵᠢᠯᠤᠭᠤᠳᠬᠤ ᠦᠵᠡᠯ ᠰᠠᠨᠠᠭ᠎ᠠ᠂ ᠶᠡᠷᠦᠩᠬᠡᠢ ᠬᠠᠷᠠᠯᠲᠠ᠂ ᠴᠢᠬᠤᠯᠠ ᠶᠡᠭᠡ | ᠵᠠᠷᠴᠢᠮ ᠢ ᠲᠣᠳᠣᠷᠬᠠᠶᠢᠯᠠᠵᠤ᠂ ᠢᠷᠡᠭᠡᠳᠦᠢ ᠶᠢᠨ ᠲᠠᠪᠤᠨ ᠵᠢᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠪᠠᠶᠢᠷᠢᠯᠠᠭᠤᠯᠵᠤ᠂ | ᠰᠢᠨ᠎ᠡ ᠠᠶᠠᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠪᠢᠴᠢᠭ | ᠮᠠᠲ᠋ᠧᠷᠢᠶᠠᠯ ᠪᠣᠯᠵᠠᠢ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠲᠠᠢ ᠤᠶᠠᠯᠳᠤᠭᠤᠯᠵᠤ᠂ ︽ᠲᠣᠭᠲᠠᠭᠠᠯ︾ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ︽ᠲᠣᠭᠲᠠᠭᠠᠯ ︵ | ᠶᠠᠷᠢᠯᠴᠠᠬᠤ ᠨᠣᠣᠷᠠᠭ︶︾ ᠤᠨ ᠲᠤᠬᠠᠢ ᠲᠣᠳᠣᠷᠬᠠᠶᠢᠯᠠᠯᠲᠠ ᠶᠢ ᠲᠡᠷᠡ ᠬᠡᠪ ᠢᠶᠠᠷ ᠨᠢ ᠰᠤᠳᠤᠯᠤᠨ ᠤᠩᠰᠢᠵᠤ᠂ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠣᠶᠢᠯᠠᠭᠠᠨ ᠡᠵᠡᠮᠰᠢᠵᠦ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ | ᠦᠨᠡᠨ ᠬᠦ ᠨᠢᠭᠡᠳᠬᠡᠵᠦ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ᠂ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠱᠠᠲᠤᠨ ᠤ ᠬᠢᠨ ᠨᠠᠷᠢᠨ ᠬᠢᠨᠠᠮᠠᠭᠠᠢ ᠲᠥᠯᠥᠪᠵᠢᠭᠦᠯᠵᠦ᠂ ᠲᠦᠷᠭᠡᠨ ᠬᠥᠳᠡᠯᠦᠯᠴᠡᠵᠦ᠂ | ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠨᠠᠮ ᠤᠨ ᠡᠭᠦᠷ ᠪᠦᠷᠢ᠂ ᠨᠠᠮ ᠤᠨ ᠭᠡᠰᠢᠭᠦᠨ ᠪᠦᠷᠢ ᠳᠤ ᠴᠠᠭ ᠲᠤᠬᠠᠢ ᠳᠤᠨᠢ ᠤᠯᠠᠮᠵᠢᠯᠠᠵᠤ᠂ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠠᠵᠢᠯ ᠢ ᠪᠦᠭᠦᠨ ᠢ ᠪᠦᠷᠬᠦᠭᠦᠯᠦᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠠ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ | ᠫᠢᠩ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠬᠦᠴᠢᠷ ᠢ ᠲᠤᠭᠤᠯᠤᠨ ᠪᠡᠷᠬᠡ ᠶᠢ ᠳᠠᠪᠠᠵᠤ ᠥᠷᠢᠰᠦᠯᠳᠦᠭᠡᠨ ᠢ | ᠠᠷᠭᠠᠴᠠᠭᠠᠵᠤ᠂ ᠮᠠᠰᠢ ᠤᠯᠠᠨ ᠶᠡᠭᠡ ᠶᠠᠪᠤᠳᠠᠯ ᠬᠦᠴᠢᠷ ᠶᠠᠪᠤᠳᠠᠯ ᠴᠢᠬᠤᠯᠠ ᠶᠠᠪᠤᠳᠠᠯ ᠢ ᠪᠦᠲᠦᠭᠡᠵᠦ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ | ᠢᠯᠡᠳᠲᠡ ᠠᠮᠵᠢᠯᠲᠠ ᠣᠯᠵᠤ᠂ ᠬᠥᠮᠥᠰ ᠤᠨ ᠰᠡᠳᠬᠢᠯ ᠢ ᠶᠡᠭᠡ ᠪᠠᠷ ᠬᠥᠭᠵᠢᠭᠡᠵᠦ᠂ ᠡᠷᠴᠢ ᠵᠣᠷᠢᠭ ᠢ ᠬᠥᠪᠴᠢᠯᠡᠵᠦ᠂ ᠬᠦᠴᠦᠨ ᠴᠢᠳᠠᠯ ᠢ ᠨᠢᠭᠲᠠᠷᠠᠭᠤᠯᠪᠠ᠃ ᠵᠢᠯ | ᠭᠠᠷᠤᠢ ᠶᠢᠨ ᠦᠢᠯᠡᠳᠦᠯᠭᠡ ᠳᠠᠬᠢᠨᠲᠠ ᠭᠡᠷᠡᠴᠢᠯᠡᠭᠰᠡᠨ ᠨᠢ᠂ ᠮᠠᠨ ᠤ ᠨᠠᠮ ᠤᠨ ᠤᠳᠤᠷᠢᠳᠤᠯᠭ᠎ᠠ ᠤᠯᠠᠮ ᠠᠴᠠ ᠤᠯᠠᠮ ᠪᠠᠲᠤ ᠴᠢᠩᠭ᠎ᠠ ᠪᠣᠯᠵᠤ᠂ ᠨᠡᠶᠢᠭᠡᠮ ᠵᠢᠷᠤᠮ ᠤᠨ | ᠪᠠᠶᠢᠭᠤᠯᠤᠯ ᠤᠯᠠᠮ ᠠᠴᠠ ᠤᠯᠠᠮ ᠪᠠᠬᠢᠵᠢᠵᠦ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠤᠯᠠᠮ ᠠᠴᠠ ᠤᠯᠠᠮ ᠰᠠᠶᠢᠵᠢᠷᠠᠵᠤ᠂ ᠨᠡᠶᠢᠭᠡᠮ ᠤᠨ ᠶᠡᠭᠡ ᠲᠠᠯ᠎ᠠ | ᠤᠯᠠᠮ ᠠᠴᠠ ᠤᠯᠠᠮ ᠲᠣᠭᠲᠠᠭᠤᠨ ᠪᠣᠯᠵᠠᠢ᠃ ᠡᠳᠡᠭᠡᠷ ᠠᠮᠵᠢᠯᠲᠠ ᠪᠦᠲᠦᠮᠵᠢ ᠶᠢ ᠣᠯᠣᠭᠰᠠᠨ ᠤ ᠦᠨᠳᠦᠰᠦ ᠨᠢ ᠶᠡᠷᠦᠩᠬᠡᠢ ᠱᠦᠵᠢ ᠰᠢ ᠶᠢᠨ ᠫᠢᠩ ᠠᠶᠠᠯᠠᠯ ᠢ | ᠵᠢᠯᠣᠭᠤᠳᠤᠨ ᠵᠠᠯᠠᠭᠤᠷ ᠢ ᠡᠵᠡᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠠᠶᠢᠨ᠎ᠠ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠦᠭᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠥᠪᠥᠷ ᠮᠣᠩᠭᠤᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠪᠦᠭᠦ ᠣᠷᠣᠨ ᠤ ᠴᠢᠬᠤᠯᠠ ᠶᠡᠭᠡ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤ ᠬᠤᠯᠪᠣᠭᠳᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠪᠦᠬᠦᠯᠢ | ᠴᠣᠭᠴᠠ ᠪᠠᠷ ᠠᠬᠢᠭᠤᠯᠬᠤ ᠶᠢ ᠪᠠᠷᠢᠮᠲᠠᠯᠠᠨ᠂ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠨᠠᠩ ᠶᠡᠭᠡ ᠦᠷ᠎ᠡ ᠪᠦᠲᠦᠮᠵᠢ ᠣᠯᠬᠤ ᠪᠠᠷ | ᠴᠢᠷᠮᠠᠶᠢᠬᠤ ᠬᠡᠷᠡᠭᠲᠡᠢ᠃ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠡᠵᠡᠮᠳᠡᠵᠦ᠂ ︽ᠵᠢᠷᠭᠤᠭᠠᠨ ᠢᠨᠵᠧᠨᠧᠷᠢᠩ︾ ᠢ | ᠬᠡᠷᠡᠭᠵᠢᠭᠦᠯᠬᠦ ᠪᠠᠷ ᠭᠠᠷᠳᠠᠴᠠ ᠪᠣᠯᠭᠠᠨ ︽ᠲᠠᠪᠤᠨ ᠶᠡᠭᠡ ᠡᠭᠦᠷᠭᠡ︾ ᠶᠢᠨ ᠨᠠᠩ ᠣᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠪᠠᠶᠢᠭᠤᠯᠤᠮᠵᠢ ᠲᠣᠭᠲᠠᠴᠠ ᠶᠢᠨ | ᠰᠢᠨ᠎ᠡ ᠶᠢ ᠡᠭᠦᠳᠬᠦ ᠪᠠᠷ ᠳᠠᠮᠵᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ | ᠠᠬᠢᠭᠤᠯᠵᠤ᠂ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠲᠠᠯ᠎ᠠ ᠪᠠᠷ ᠰᠢᠨ᠎ᠡ ᠠᠬᠢᠴᠠ ᠲᠠᠢ ᠪᠤᠯᠬᠤ ᠪᠠᠷ ᠴᠢᠷᠮᠠᠶᠢᠬᠤ ᠬᠡᠷᠡᠭᠲᠡᠢ᠃ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠳ᠋ᠦᠩᠨᠡᠯᠲᠡ ᠦᠨᠡᠯᠡᠯᠲᠡ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠡᠮᠦᠨᠡᠬᠢ ᠬᠤᠭᠤᠴᠠᠭᠠᠨ ᠤ ᠲᠥᠯᠦᠪᠵᠢᠭᠦᠯᠭᠡ ᠶᠢ ᠱᠠᠯᠠᠪᠳᠠᠨ ᠠᠬᠢᠭᠤᠯᠵᠤ᠂ ᠨᠠᠩ ᠣᠯᠠᠨ ᠴᠢᠬᠤᠯᠠ ᠶᠡᠭᠡ ᠲᠥᠷᠥᠯ ᠵᠦᠢᠯ ᠢ ᠤᠯᠤᠰ ᠤᠨ ︽ᠶᠡᠭᠡ ᠲᠠᠯ᠎ᠠ︾ ᠳᠤ | ᠣᠷᠣᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ ︽ᠦᠨᠡᠨ︾ ᠰᠡᠳᠬᠦᠯ ᠤᠨ 2024 ᠣᠨ ᠤ 14 ᠳ᠋ᠦ᠋ᠭᠡᠷ ᠬᠤᠭᠤᠴᠠᠭᠠᠨ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ | ᠡᠷᠬᠡᠪᠰᠢ ᠪᠡᠶ᠎ᠡ ᠳᠡᠭᠡᠨ ᠢᠲᠡᠭᠡᠯ ᠲᠠᠢ ᠪᠡᠶ᠎ᠡ ᠪᠠᠨ ᠳᠠᠭᠠᠭᠠᠬᠤ ᠶᠢ ᠪᠠᠷᠢᠮᠲᠠᠯᠠᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠰᠢᠨ᠎ᠡ ᠴᠠᠭ | ᠦᠶ᠎ᠡ ᠶᠢᠨ ᠮᠠᠨ ᠤ ᠤᠯᠤᠰ ᠤᠨ ᠬᠥᠭᠵᠢᠯᠲᠡ ᠶᠢᠨ ᠣᠯᠣᠭᠰᠠᠨ ᠶᠡᠷᠦ ᠪᠤᠰᠤ ᠶᠢᠨ ᠠᠮᠵᠢᠯᠲᠠ ᠳᠤᠮᠳᠠ ᠠᠴᠠ ᠣᠶᠤᠨ ᠤᠬᠠᠭᠠᠨ ᠪᠠ ᠬᠦᠴᠦᠨ ᠴᠢᠳᠠᠯ ᠣᠯᠵᠤ᠂ | ᠬᠥᠭᠵᠢᠯᠲᠡ ᠶᠢᠨ ᠢᠲᠡᠭᠡᠯ ᠪᠠ ᠵᠣᠷᠢᠭ ᠢᠶᠠᠨ ᠨᠡᠮᠡᠭᠳᠡᠭᠦᠯᠵᠦ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ ᠢ ᠬᠥᠲᠥᠯᠥᠨ ᠵᠢᠯᠤᠭᠤᠳᠴᠤ ᠠᠤᠭ᠎ᠠ ᠰᠠᠨᠠᠭ᠎ᠠ ᠡᠷᠡᠯᠬᠡᠭ | ᠵᠣᠷᠢᠭ ᠢ ᠪᠤᠶ ᠪᠤᠯᠭᠠᠵᠤ᠂ ︽ᠰᠢᠢᠳᠪᠦᠷᠢᠯᠡᠬᠦ ᠰᠡᠳᠬᠢᠬᠦᠢ︾ ᠶᠢ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠲᠦᠰᠢᠭᠯᠡᠨ ᠠᠵᠢᠯ ᠤᠨ ᠰᠢᠨ᠎ᠡ | ᠪᠠᠶᠢᠳᠠᠯ ᠢ ᠨᠡᠭᠡᠭᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠪᠡᠯᠡᠳᠬᠡᠯ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠪᠦᠭᠦᠳᠡ ᠬᠤᠷᠠᠯ ᠢ 7 ᠰᠠᠷ᠎ᠠ ᠶᠢᠨ 29 ᠤ ᠡᠳᠦᠷ ᠠᠴᠠ 31 ᠤ ᠡᠳᠦᠷ | ᠪᠤᠯᠲᠠᠯ᠎ᠠ ᠭᠦᠭᠡᠬᠤᠲᠠ ᠳᠤ ᠬᠤᠷᠠᠯᠳᠤᠭᠤᠯᠬᠤ ᠪᠠᠷ ᠲᠣᠭᠲᠠᠵᠤ᠂ ᠭᠤᠣᠯ ᠡᠭᠦᠷᠭᠡ ᠨᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ | ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ ᠳᠡᠭᠡᠷ᠎ᠡ | ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠳᠣᠣᠷ᠎ᠠ ᠬᠠᠭᠠᠰ ᠵᠢᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠤᠨ᠎ᠠ᠃ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠦᠨᠡᠨᠴᠢ ᠢᠲᠡᠭᠡᠮᠵᠢ ᠶᠢᠨ ᠳᠦᠷᠢᠮ ︵ᠲᠥᠰᠥᠯ ᠳᠤ ᠵᠠᠰᠠᠪᠤᠷᠢ | ᠣᠷᠣᠭᠤᠯᠤᠭᠰᠠᠨ ᠨᠣᠣᠷᠠᠭ︶︾ ᠢ ᠰᠤᠳᠤᠯᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | |