ᠣᠶᠢᠷ᠎ᠠ ᠳᠤ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠭᠤᠤᠯ ᠴᠣᠭᠴᠠ ᠶᠢᠨ ᠢᠲᠡᠭᠡᠮᠵᠢ ᠶᠢᠨ ᠲᠠᠰ ᠲᠣᠭᠲᠠᠭᠠᠯᠲᠠ ᠳᠤ AAA ᠪᠠᠷ | ᠦᠨᠡᠯᠡᠭᠳᠡᠵᠦ᠂ ᠤᠯᠤᠰ ᠤᠨ ᠳᠣᠲᠣᠭᠠᠳᠤ ᠳᠠᠬᠢ ᠠᠵᠤ ᠠᠬᠤᠶᠢᠯᠠᠯ ᠤᠨ ᠢᠲᠡᠭᠡᠮᠵᠢ ᠶᠢᠨ ᠲᠠᠰ ᠤᠨ ︽ᠨᠢᠭᠡᠳᠦᠭᠡᠷ ᠱᠠᠲᠤᠯᠵᠢᠨ ᠤ ᠡᠩᠨᠡᠭᠡᠨ︾ ᠳᠤ ᠣᠷᠣᠪᠠ᠃ ︵ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶ | 7 ᠳ᠋ᠤᠭᠠᠷ ᠰᠠᠷ᠎ᠠ ᠶᠢᠨ 19 ᠤ ᠡᠳᠦᠷ᠂ ᠬᠥᠬᠡᠬᠤᠲᠠ ᠶᠢᠨ ᠳᠣᠤᠷ᠎ᠠ ᠠᠭᠠᠷ ᠤᠨ ᠠᠵᠤ ᠠᠬᠤᠶ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ | ᠬᠦᠷᠢᠶᠡᠯᠡᠩ ᠬᠢᠭᠡᠳ ᠵᠠᠰᠠᠮᠠᠯ ᠵᠠᠮ ᠤᠨ ᠭᠠᠷᠠᠮ ᠤᠨ ᠥᠭᠡᠷᠡᠴᠢᠯᠡᠯᠲᠡ ᠶᠢᠨ ᠰᠢᠨᠡᠳᠭᠡᠬᠦ ᠪᠠᠷᠢᠯᠭ᠎ᠠ ᠶᠢᠨ ᠠᠵᠢᠯ ᠡᠬᠢᠯᠡᠬᠦ ᠶᠤᠰᠤᠯᠠᠯ ᠢᠶᠠᠨ ᠬᠢᠵᠦ᠂ ᠳᠣᠣᠷ᠎ᠠ ᠠᠭᠠᠷ ᠤᠨ | ᠠᠵᠤ ᠠᠬᠤᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠴᠦ ᠬᠥᠮᠥᠷᠭᠡᠯᠡᠨ ᠬᠠᠳᠠᠭᠠᠯᠠᠬᠤ ᠬᠥᠮᠥᠷᠭᠡ᠂ ᠱᠠ ᠯᠢᠶᠠᠩ ᠵᠠᠰᠠᠮᠠᠯ ᠵᠠᠮ ᠤᠨ ᠭᠠᠷᠠᠮ᠂ ᠭᠠᠳᠠᠭᠠᠳᠤ | ᠭᠠᠷᠭᠠᠯᠲᠠ ᠶᠢᠨ ᠬᠢᠨᠠᠨ ᠬᠠᠮᠢᠶᠠᠷᠤᠯᠲᠠ ᠪᠠ ᠨᠡᠶᠢᠲᠡ ᠶᠢᠨ ᠬᠡᠷᠡᠭᠯᠡᠭᠡᠨ ᠤ ᠬᠡᠯᠪᠡᠷᠢ ᠶᠢᠨ ᠭᠠᠶᠢᠯᠢ ᠪᠠᠲᠤᠯᠠᠬᠤ ᠬᠥᠮᠥᠷᠭᠡ ᠵᠡᠷᠭᠡ 3 ᠲᠥᠷᠥᠯ ᠵᠦᠢᠯ ᠢ ᠤᠷᠢᠳ ᠢᠶᠠᠷ | ᠪᠠᠶᠢᠭᠤᠯᠬᠤ ᠪᠣᠯᠣᠨ᠎ᠠ᠃ ︵ᠬᠥᠬᠡᠬᠤᠲᠠ ᠶᠢᠨ ᠵᠠᠰᠠᠭ ᠤᠨ ᠣᠷᠳᠣᠨ︶ | ᠳᠡᠭᠡᠷ᠎ᠡ ᠬᠠᠭᠠᠰ ᠵᠢᠯ ᠳᠤ᠂ ᠰᠢᠯᠢ ᠶᠢᠨ ᠭᠤᠣᠯ ᠠᠶᠢᠮᠠᠭ ᠤᠯᠤᠰ ᠤᠨ ᠳᠣᠲᠣᠭᠠᠳᠤ ᠳᠠᠬᠢ ᠵᠤᠭᠠᠴᠠᠭᠰᠠᠳ ᠢ ᠨᠡᠶᠢᠲᠡ 740.1 ᠲᠦᠮᠡᠨ ᠬᠥᠮᠦᠨ ᠤᠳᠠᠭ᠎ᠠ | ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 13.69% ᠨᠡᠮᠡᠭᠳᠡᠪᠡ︔ ᠤᠯᠤᠰ ᠤᠨ ᠳᠣᠲᠣᠭᠠᠳᠤ ᠳᠠᠬᠢ ᠵᠤᠭᠠᠴᠠᠭᠰᠠᠳ ᠤᠨ ᠶᠡᠷᠦᠩᠬᠡᠶ ᠵᠠᠷᠤᠳᠠᠯ ᠨᠢ | 95.62 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.66% ᠨᠡᠮᠡᠭᠳᠡᠪᠡ᠃ ︵ᠰᠢᠯᠢ ᠶᠢᠨ ᠭᠤᠤᠯ ᠠᠶᠢᠮᠠᠭ ᠤᠨ ᠵᠠᠬᠢᠷᠭ᠎ᠠ︶ | | | | |