7 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ ︽ᠮᠧᠩ ᠴᠢ ᠲᠤᠩ︾ ᠲᠠᠪᠴᠠᠩ ᠳᠠᠬᠢ ᠠᠵᠤ ᠠᠬᠤᠶᠢᠯᠠᠯ ᠤᠨ ︽ᠠᠰᠠᠭᠤᠳᠠᠯ ᠲᠤᠰᠬᠠᠬᠤ︾ | ᠴᠣᠩᠬᠤᠪᠴᠢ ᠳᠤ ᠨᠡᠶᠢᠲᠡ 150 ᠠᠰᠠᠭᠤᠳᠠᠯ ᠢ ᠭᠥᠯᠢᠶᠡᠨ ᠠᠪᠴᠤ ᠰᠢᠢᠳᠪᠦᠷᠢᠯᠡᠨ᠂ 91 ᠠᠰᠠᠭᠤᠳᠠᠯ ᠢ ᠨᠢ ᠰᠢᠢᠳᠪᠦᠷᠢᠯᠡᠨ ᠳᠠᠭᠤᠰᠬᠠᠵᠤ᠂ ᠠᠵᠤ | ᠠᠬᠤᠶᠢᠯᠠᠯ ᠤᠨ ᠦᠷᠢᠲᠦᠵᠦ ᠪᠠᠶᠢᠭᠰᠠᠨ ᠳᠠᠩᠰᠠᠨ ᠵᠣᠭᠤᠰ᠂ ᠠᠵᠤ ᠠᠬᠤᠢ ᠶᠢᠨ ᠬᠤᠬᠢᠷᠠᠯ ᠢ ᠨᠡᠶᠢᠲᠡ 3.25 ᠳ᠋ᠦᠩᠰᠢᠭᠤᠷ ᠲᠥᠭᠦᠷᠢᠭ ᠡᠭᠡᠭᠦᠯᠦᠨ ᠠᠪᠴᠢᠷᠠᠭᠰᠠᠨ | ᠪᠠᠶᠢᠨ᠎ᠠ᠃ ︵ᠬᠠᠤᠯᠢ ᠴᠠᠭᠠᠵᠠ ᠶᠢᠨ ᠲᠢᠩᠬᠢᠮ︶ | 7 ᠳ᠋ᠤᠭᠠᠷ ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠨᠡᠭᠦᠷᠡᠰᠦᠨ ᠤ ᠠᠷᠠᠯᠵᠢᠶᠠᠨ ᠤ ᠲᠥᠪ ᠤᠨ ᠠᠷᠠᠯᠵᠢᠶᠠᠨ ᠤ ᠲᠠᠪᠴᠠᠩ ᠢ ᠣᠷᠳᠣᠰ | ᠬᠤᠲᠠ ᠳᠤ ᠰᠦᠯᠵᠢᠶ᠎ᠡ ᠪᠠᠷ ᠠᠵᠢᠯᠯᠠᠵᠤ ᠡᠬᠢᠯᠡᠭᠰᠡᠨ ᠢ ᠨᠢ ᠨᠡᠶᠢᠲᠡᠯᠡᠪᠡ᠃ ︵ᠣᠷᠳᠣᠰ ᠬᠤᠲᠠ ᠶᠢᠨ ᠵᠠᠰᠠᠭ ᠤᠨ ᠣᠷᠳᠣᠨ᠂ ᠳ᠋ᠦᠩᠱᠧᠩ ᠲᠣᠭᠤᠷᠢᠭ ᠤᠨ | ᠵᠠᠰᠠᠭ ᠤᠨ ᠣᠷᠳᠣᠨ︶ | 7 ᠳ᠋ᠤᠭᠠᠷ ᠰᠠᠷ᠎ᠠ ᠶᠢᠨ 19 ᠤ ᠡᠳᠦᠷ᠂ ᠵᠢᠨᠢᠩ ᠲᠣᠭᠤᠷᠢᠭ ᠨᠢ ᠥᠪᠥᠷ ᠮᠣᠩᠭᠤᠯ ᠤᠨ ᠱᠧᠦ ᠬᠠᠩ ᠵᠠᠭᠤᠴᠢᠯᠠᠭᠤᠷ ᠤᠨ ᠪᠦᠯᠦᠭᠯᠡᠯ ᠯᠦᠭᠡ ᠶᠡᠷᠦᠩᠬᠡᠢ ᠪᠡᠯᠡ | ᠣᠷᠣᠭᠤᠯᠤᠯᠲᠠ ᠪᠠᠷ ᠪᠠᠷᠤᠭ 2.4 ᠳ᠋ᠦᠩᠰᠢᠭᠤᠷ ᠲᠥᠭᠦᠷᠢᠭ ᠪᠣᠯᠬᠤ ᠬᠤᠲᠠ ᠶᠢᠨ ᠰᠢᠳᠢᠲᠦ ᠳᠦᠷᠪᠡᠯᠵᠢ ᠶᠢᠨ ᠬᠤᠳᠠᠯᠳᠤᠭᠠᠨ ᠤ ᠲᠥᠷᠥᠯ ᠵᠦᠢᠯ ᠳᠤ ᠭᠠᠷ ᠤᠨ | ᠥᠰᠥᠭ ᠵᠢᠷᠤᠪᠠ᠃ ︵ᠵᠢᠨᠢᠩ ᠲᠣᠭᠤᠷᠢᠭ ᠤᠨ ᠵᠠᠰᠠᠭ ᠤᠨ ᠣᠷᠳᠣᠨ︶ | 7 ᠳ᠋ᠤᠭᠠᠷ ᠰᠠᠷ᠎ᠠ ᠶᠢᠨ 19 ᠤ ᠡᠳᠦᠷ᠂ 2024 ᠤᠷᠳᠤᠰ ᠬᠤᠳᠠ ᠶᠢᠨ ᠨᠣᠣᠯᠣᠭᠤᠷ ᠨᠡᠬᠡᠮᠡᠯ ᠤᠨ ᠠᠵᠤ ᠦᠢᠯᠡᠰ ᠤᠨ ᠶᠠᠷᠢᠯᠴᠠᠬᠤ ᠬᠤᠷᠠᠯ ᠬᠢᠭᠡᠳ | ᠤᠷᠳᠤᠰ ᠤᠨ ᠲᠣᠭᠠᠴᠢᠯᠠᠭᠰᠠᠨ ᠠᠵᠤ ᠠᠬᠤᠢ ᠶᠢᠨ ᠨᠡᠪᠴᠢᠯᠲᠡ ᠶᠢᠨ ᠪᠡᠶᠡᠴᠢᠯᠡᠨ ᠣᠶᠢᠯᠠᠭᠠᠬᠤ ᠲᠥᠪ ᠤᠨ ᠡᠬᠢᠯᠡᠯᠲᠡ ᠶᠢᠨ ᠶᠣᠰᠣᠯᠠᠯ ᠶᠠᠪᠤᠭᠳᠠᠵᠤ᠂ ᠤᠷᠳᠤᠰ ᠤᠨ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ 10 ᠠᠵᠤ ᠠᠬᠤᠶᠢᠯᠠᠯ ᠪᠠ ᠠᠵᠢᠯ ᠲᠦᠷᠦᠯ ᠤᠨ ᠨᠡᠶᠢᠭᠡᠮᠯᠢᠭ ᠯᠦᠭᠡ ᠭᠡᠷ᠎ᠡ ᠲᠣᠭᠲᠠᠵᠤ᠂ ᠵᠥᠪᠯᠡᠯᠴᠡᠭᠡᠷ ᠤᠨ ᠪᠡᠯᠡ | ᠣᠷᠣᠭᠤᠯᠤᠯᠲᠠ ᠨᠢ 5.8 ᠳ᠋ᠦᠩᠰᠢᠭᠤᠷ ᠲᠥᠭᠦᠷᠢᠭ ᠲᠤ ᠬᠦᠷᠴᠡᠢ᠃ ︵ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ︶ | 7 ᠳ᠋ᠤᠭᠠᠷ ᠰᠠᠷ᠎ᠠ ᠶᠢᠨ 22 ᠤᠨ ᠡᠳᠦᠷ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠵᠤ ᠡᠨᠧᠷᠭᠢ ᠨᠥᠭᠡᠴᠡᠯᠡᠬᠦ ᠵᠢᠱᠢᠶ᠎ᠡ ᠦᠵᠡᠭᠦᠯᠬᠦ 34 ᠳ᠋ᠦᠩᠰᠢᠭᠤᠷ | ᠲᠥᠭᠦᠷᠢᠭ ᠤᠨ ᠪᠡᠯᠡ ᠣᠷᠤᠭᠤᠯᠤᠯᠲᠠ ᠲᠠᠢ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠨᠢ ᠵᠢᠨᠢᠩ ᠲᠣᠭᠤᠷᠢᠭ ᠲᠤ ᠣᠷᠣᠵᠤ ᠰᠠᠭᠤᠷᠢᠰᠢᠪᠠ᠃ | ᠲᠡᠷᠡ ᠨᠢ ᠭᠤᠣᠯᠳᠠᠭᠤ᠂ ᠵᠢᠯ ᠳᠤ 10GWh ᠡᠨᠧᠷᠭᠢ ᠬᠠᠳᠠᠭᠠᠯᠠᠬᠤ ᠴᠠᠬᠢᠯᠭᠠᠨ ᠴᠢᠫ ᠦᠢᠯᠡᠳᠪᠦᠷᠢᠯᠡᠬᠦ ᠵᠢᠴᠢ ᠰᠢᠰᠲ᠋ᠧᠮᠲᠦ ᠬᠤᠷᠠᠮᠠᠯ ᠠᠵᠤ ᠦᠢᠯᠡᠰ ᠤᠨ | ᠲᠦᠷᠦᠯ ᠵᠦᠢᠯ᠂ ᠵᠢᠯ ᠳᠤ 5 ᠲᠦᠮᠡᠨ ᠲᠣᠨ ᠯᠢᠲ᠋ᠢ ᠢᠶᠣᠨ ᠤ ᠪᠢᠯᠢᠭ ᠲᠦᠢᠯᠲᠤ ᠮᠠᠲ᠋ᠧᠷᠢᠶᠠᠯ ᠦᠢᠯᠡᠳᠪᠦᠷᠢᠯᠡᠬᠦ ᠲᠦᠷᠦᠯ ᠵᠦᠢᠯ᠂ ᠵᠢᠯ ᠳᠤ 1 GWh ᠤᠨ | ᠬᠠᠭᠠᠰ ᠬᠠᠲᠠᠭᠤ ᠲᠦᠯᠦᠪᠲᠦ ᠴᠡᠨᠡᠭ ᠦᠢᠯᠡᠳᠪᠦᠷᠢᠯᠡᠬᠦ ᠪᠤᠶᠤ 5 ᠮᠢᠩᠭᠠᠨ ᠲᠣᠨ ᠴᠠᠬᠢᠭᠤᠷ ᠨᠡᠭᠦᠷᠡᠰᠦᠨ ᠤ ᠪᠢᠯᠢᠭ ᠲᠦᠢᠯᠲᠤ ᠮᠠᠲ᠋ᠧᠷᠢᠶᠠᠯ ᠦᠢᠯᠡᠳᠪᠦᠷᠢᠯᠡᠬᠦ | ᠲᠦᠷᠦᠯ ᠵᠦᠢᠯ᠂ ᠵᠢᠯ ᠳᠤ 2 ᠲᠦᠮᠡᠨ ᠲᠣᠨ ᠯᠢᠲ᠋ᠢ ᠢᠶᠣᠨ ᠤ ᠠᠷᠭ᠎ᠠ ᠲᠦᠢᠯᠲᠤ ᠮᠠᠲ᠋ᠧᠷᠢᠶᠠᠯ ᠦᠢᠯᠡᠳᠪᠦᠷᠢᠯᠡᠬᠦ ᠲᠦᠷᠦᠯ ᠵᠦᠢᠯ ᠵᠡᠷᠭᠡ ᠶᠢ ᠪᠦᠲᠦᠭᠡᠨ | ᠪᠠᠶᠢᠭᠤᠯᠬᠤ ᠪᠣᠯᠣᠨ᠎ᠠ᠃ ︵ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ︶ | |