7 ᠰᠠᠷ᠎ᠠ ᠶᠢᠨ 18 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ︵ᠥᠷᠭᠡᠳᠬᠡᠭᠰᠡᠨ︶ | ᠶᠢᠨ ᠬᠤᠷᠠᠯ ᠬᠤᠷᠠᠯᠳᠤᠭᠤᠯᠵᠤ᠂ ᠪᠡᠭᠡᠵᠢᠩ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ | ᠬᠡᠯᠲᠡᠰ ᠤᠨ ᠫᠷᠤᠹᠧᠰᠰᠤᠷ ᠯᠢ ᠮᠢᠩ ᠸᠧᠢ ᠶᠢ ᠤᠷᠢᠵᠤ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠳ᠋ᠢ ᠷᠦᠢ ᠵᠧᠨ ᠣᠷᠣᠯᠴᠠᠵᠠᠶ᠃ | ᠯᠢ ᠮᠢᠩ ᠸᠧᠢ ᠫᠷᠤᠹᠧᠰᠰᠤᠷ ︽ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠡᠷᠭᠢᠴᠡᠭᠦᠯᠵᠦ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠬᠠᠲᠠᠭᠤᠵᠢᠭᠤᠯᠤᠶᠠ - ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢ ᠰᠤᠷᠤᠯᠴᠠᠵᠤ ᠵᠥᠪ ᠣᠨᠣᠪᠴᠢᠲᠠᠢ ᠨᠠᠮ ᠤᠨ ᠲᠡᠦᠬᠡ ᠶᠢᠨ ᠦᠵᠡᠯᠲᠡ ᠶᠢ ᠪᠤᠢ | ᠪᠣᠯᠭᠠᠶ᠎ᠠ︾ ᠭᠡᠬᠦ ᠰᠡᠳᠦᠪ ᠢᠶᠠᠷ ᠲᠡᠦᠬᠡ ᠶᠢᠨ ᠡᠷᠭᠢᠴᠡᠭᠦᠯᠦᠯ᠂ ᠦᠷᠳᠡᠭ ᠤᠨ ᠬᠥᠭᠡᠭᠡᠴᠡᠯᠳᠦᠯ᠂ ᠲᠤᠷᠰᠢᠯᠭ᠎ᠠ ᠶᠢᠨ ᠳ᠋ᠦᠩᠨᠡᠯᠲᠡ ᠪᠣᠯᠤᠨ ᠰᠢᠨ᠎ᠡ ᠠᠶᠠᠨ ᠵᠠᠮ ᠵᠡᠷᠭᠡ 4 | ᠲᠠᠯ᠎ᠠ ᠠᠴᠠ ︽ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯ ᠳᠤᠮᠳᠠᠳᠤ ᠶᠢᠨ ᠦᠨᠳᠦᠰᠦᠲᠡᠨ ᠤ ᠤᠢᠢᠷ᠎ᠠ ᠦᠶ᠎ᠡ ᠠᠴᠠ | ᠨᠠᠭᠠᠰᠢᠬᠢ ᠬᠠᠮᠤᠭ ᠤᠨ ᠠᠭᠤᠤ ᠶᠡᠭᠡ ᠬᠦᠰᠡᠯ ᠵᠡᠭᠦᠳᠦ ᠮᠥᠨ︾᠂ ︽ᠠᠷᠠᠳ ᠲᠦᠮᠡᠨ ᠢᠶᠠᠷ ᠭᠤᠣᠯ ᠪᠣᠯᠭᠠᠬᠤ ᠪᠣᠯ ᠳᠤᠮᠳᠠᠳᠤ ᠤᠯᠤᠰ ᠤᠨ ᠡᠪ ᠬᠠᠮᠲᠤᠴᠤᠳ ᠤᠨ | ᠰᠢᠨᠲᠠᠷᠠᠰᠢ ᠦᠭᠡᠢ ᠴᠢᠷᠮᠠᠶᠢᠬᠤ ᠴᠢᠭᠯᠡᠯ ᠮᠥᠨ︾᠂ ︽ᠳᠤᠮᠳᠠᠳᠤ ᠤᠯᠤᠰ ᠤᠨ ᠡᠪ ᠬᠠᠮᠲᠤᠴᠤᠳ ᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠶᠢ ᠪᠠᠲᠤ ᠡᠵᠡᠮᠳᠡᠬᠦ︾ ᠵᠡᠷᠭᠡ ᠠᠭᠤᠯᠭ᠎ᠠ ᠶᠢᠨ ᠲᠣᠭᠤᠷᠢᠨ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠵᠡᠢ᠃ | ᠲᠠᠶᠢᠯᠤᠮᠵᠢ ᠶᠢᠨ ᠭᠤᠤᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ ᠪᠠᠶᠢᠵᠤ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠵᠢᠯᠣᠭᠤᠳᠬᠤ ᠴᠢᠨᠠᠷ ᠪᠠ | ᠬᠠᠨᠳᠤᠯᠭᠠᠲᠤ ᠴᠢᠨᠠᠷ ᠲᠠᠢ ᠪᠠᠶᠢᠵᠤ᠂ ᠮᠠᠨ ᠤ ᠬᠤᠲᠠ ᠶᠢᠨ ᠤᠳᠤᠷᠢᠳᠬᠤ ᠺᠠᠳ᠋ᠷᠴᠤᠳ ᠤᠨ ᠨᠠᠮ ᠤᠨ ᠲᠡᠦᠬᠡ ᠶᠢ ᠤᠯᠠᠮ ᠨᠢᠭᠡ ᠠᠯᠬᠤᠮ ᠰᠠᠶᠢᠲᠤᠷ ᠰᠤᠷᠤᠯᠴᠠᠬᠤ᠂ | ᠨᠠᠮ ᠤᠨ ᠲᠡᠦᠬᠡ ᠶᠢ ᠰᠠᠶᠢᠲᠤᠷ ᠬᠡᠷᠡᠭᠯᠡᠬᠦ ᠳᠤ ᠴᠢᠬᠤᠯᠠ ᠰᠡᠩᠬᠡᠷᠡᠭᠦᠯᠬᠦ ᠪᠠ ᠵᠢᠯᠣᠭᠤᠳᠬᠤ ᠦᠢᠯᠡᠳᠦᠯ ᠲᠠᠢ ᠶᠤᠮ᠃ | ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ | ᠤᠳᠤᠷᠢᠳᠬᠤ ᠨᠥᠬᠦᠳ᠂ ᠬᠤᠲᠠ ᠶᠢᠨ ᠰᠢᠭᠤᠳ ᠬᠠᠷᠢᠶ᠎ᠠ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠠᠷ ᠰᠤᠷᠤᠯᠴᠠᠯᠭ᠎ᠠ ᠳᠤ ᠣᠷᠣᠯᠴᠠᠪᠠ᠃ | |