ᠪᠠᠰᠠ ᠨᠢᠭᠡ ᠵᠢᠯ ᠤᠨ ᠪᠤᠭᠤᠳᠠᠢ ᠬᠤᠷᠢᠶᠠᠬᠤ ᠤᠯᠠᠷᠢᠯ ᠬᠦᠷᠴᠦ ᠢᠷᠡᠯ᠎ᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠡᠨᠡ ᠵᠢᠯ | ᠮᠠᠨ ᠤ ᠬᠤᠲᠠ ᠶᠢᠨ 565 ᠪᠤᠭᠤᠳᠠᠢ ᠬᠤᠷᠢᠶᠠᠬᠤ ᠮᠠᠰᠢᠨ ᠮᠠᠰᠢᠨ ᠢᠶᠠᠷ ᠬᠤᠷᠢᠶᠠᠬᠤ ᠠᠵᠢᠯ ᠳᠤ ᠣᠷᠣᠯᠴᠠᠪᠠ᠃ | ᠡᠨᠡ ᠵᠢᠯ᠂ ᠬᠤᠲᠠ᠂ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠡᠷᠲᠡᠬᠡᠨ ᠬᠥᠳᠡᠯᠦᠯᠴᠡᠵᠦ᠂ 6 | ᠰᠠᠷ᠎ᠠ ᠠᠴᠠ ᠡᠬᠢᠯᠡᠨ ᠮᠠᠰᠢᠨ ᠪᠠᠭᠠᠵᠢ ᠶᠢᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠲᠣᠬᠢᠷᠠᠭᠤᠯᠬᠤ ᠶᠢᠨ ᠬᠠᠮᠲᠤ ᠠᠵᠢᠯᠯᠠᠭᠴᠢ ᠶᠢᠨ ᠪᠣᠯᠪᠠᠰᠤᠷᠠᠭᠤᠯᠤᠯ ᠪᠠ ᠮᠠᠰᠢᠨ | ᠪᠠᠭᠠᠵᠢ ᠶᠢ ᠪᠠᠶᠢᠴᠠᠭᠠᠨ ᠵᠠᠰᠠᠵᠤ ᠠᠷᠠᠴᠢᠯᠠᠨ ᠬᠠᠮᠠᠭᠠᠯᠠᠬᠤ ᠶᠢ ᠦᠷᠭᠦᠯᠵᠢᠯᠡᠨ ᠰᠠᠶᠢᠲᠤᠷ ᠵᠣᠬᠢᠶᠠᠨ ᠪᠠᠶᠢᠭᠤᠯᠪᠠ᠃ ᠡᠭᠦᠨ ᠤ ᠬᠠᠮᠲᠤ᠂ ᠮᠠᠰᠢᠨ ᠪᠠᠭᠠᠵᠢ ᠨᠡᠯᠢᠶᠡᠳ | ᠶᠡᠭᠡ ᠳᠤᠲᠠᠭᠳᠠᠵᠤ ᠪᠠᠶᠢᠭ᠎ᠠ ᠭᠠᠵᠠᠷ ᠣᠷᠣᠨ ᠳᠤ᠂ ᠣᠷᠣᠨ ᠠᠯᠤᠰᠯᠠᠭᠰᠠᠨ ᠠᠵᠢᠯᠯᠠᠬᠤ ᠮᠠᠰᠢᠨ ᠴᠣᠭᠴᠠᠯᠠᠪᠤᠷᠢ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ | ᠣᠷᠣᠨ ᠠᠯᠤᠰᠯᠠᠨ ᠠᠵᠢᠯᠯᠠᠬᠤ ᠦᠨᠡᠮᠯᠡᠯ ᠢ ᠳᠡᠩᠰᠡᠯᠡᠨ ᠣᠯᠭᠤᠬᠤ ᠶᠢ ᠰᠠᠶᠢᠲᠤᠷ ᠬᠢᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠲᠠᠢ ᠬᠠᠮᠲᠤᠷᠠᠨ | ᠮᠠᠰᠢᠨ ᠪᠠᠭᠠᠵᠢ ᠶᠢ ᠰᠢᠯᠵᠢᠭᠦᠯᠦᠨ ᠲᠡᠭᠡᠭᠡᠪᠦᠷᠢᠯᠡᠬᠦ ᠶᠢᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ᠂ ᠬᠡᠰᠡᠭ ᠪᠣᠭᠤᠳᠠᠶ ᠶᠢᠨ ᠲᠠᠷᠢᠶ᠎ᠠ ᠨᠢᠭᠡᠪᠦᠷᠢ ᠶᠢ | ᠣᠷᠭᠠᠨᠢᠭ ᠢᠶᠠᠷ ᠬᠤᠷᠢᠶᠠᠬᠤ ᠶᠢ ᠪᠠᠲᠤᠯᠠᠨ᠎ᠠ᠃ ᠲᠣᠬᠢᠷᠠᠭᠤᠯᠤᠯᠲᠠ ᠶᠢ ᠦᠨᠳᠦᠰᠦᠯᠡᠪᠡᠯ᠂ ᠪᠥᠬᠦ ᠬᠤᠲᠠ ᠳᠤ ᠨᠡᠶᠢᠲᠡ 565 ᠪᠤᠭᠤᠳᠠᠢ ᠬᠤᠷᠢᠶᠠᠬᠤ ᠮᠠᠰᠢᠨ | ᠮᠠᠰᠢᠨ ᠢᠶᠠᠷ ᠬᠤᠷᠢᠶᠠᠬᠤ ᠠᠵᠢᠯ ᠳᠤ ᠣᠷᠣᠯᠴᠠᠵᠤ᠂ ᠡᠭᠦᠨ ᠳᠤ ᠲᠣᠰ ᠭᠠᠵᠠᠷ ᠤᠨ ᠪᠤᠭᠤᠳᠠᠶ ᠬᠤᠷᠢᠶᠠᠬᠤ ᠮᠠᠰᠢᠨ 193 ᠰᠠᠭᠤᠷᠢ᠂ ᠣᠷᠣᠨ ᠠᠯᠤᠰᠯᠠᠨ ᠠᠵᠢᠯᠯᠠᠬᠤ | ᠮᠠᠰᠢᠨ ᠪᠠᠭᠠᠵᠢ 372 ᠪᠣᠶ᠃ ᠬᠤᠲᠠ᠂ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠪᠠᠰᠠ ᠤᠬᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠲᠠᠷᠢᠶᠠᠴᠢᠨ᠂ ᠲᠠᠷᠢᠶᠠᠯᠠᠩ ᠤᠨ ᠮᠠᠰᠢᠨ ᠤ ᠠᠵᠢᠯᠲᠠᠨ ᠢ ᠬᠥᠲᠥᠯᠦᠨ ᠵᠢᠯᠣᠭᠤᠳᠴᠤ ᠪᠠᠶᠢᠭᠠᠳ ︽ᠬᠤᠬᠢᠷᠠᠯ ᠢ | ᠪᠠᠭᠠᠰᠬᠠᠬᠤ ᠪᠣᠯ ᠳᠠᠷᠤᠶ ᠭᠠᠷᠤᠯᠲᠠ ᠪᠠᠨ ᠨᠡᠮᠡᠭᠳᠡᠭᠦᠯᠬᠦ︾ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠮᠠᠰᠢᠨ ᠢᠶᠠᠷ ᠬᠤᠷᠢᠶᠠᠬᠤ ᠪᠠ ᠬᠤᠬᠢᠷᠠᠯ ᠢ ᠪᠠᠭᠠᠰᠬᠠᠬᠤ ᠶᠡᠭᠡ | ᠪᠣᠯᠪᠠᠰᠤᠷᠠᠭᠤᠯᠤᠯ᠂ ᠶᠡᠭᠡ ᠮᠥᠷᠦ᠋ᠢᠴᠡᠭᠡᠨ ᠤ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠪᠤᠭᠤᠳᠠᠶ ᠶᠢ ᠲᠠᠷᠢᠶᠠᠯᠠᠬᠤ ᠴᠠᠭ ᠢ ᠰᠠᠭᠠᠲᠠᠭᠠᠬᠤ | ᠥᠬᠡᠶ᠂ ᠮᠥᠬᠦᠯᠢᠭ ᠠᠮᠤ ᠶᠢ ᠬᠥᠮᠥᠷᠭᠡ ᠳᠤ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ | |