ᠮᠠᠨ ᠤ ᠬᠤᠲᠠ ᠲᠣᠭᠠᠴᠢᠯᠠᠭᠰᠠᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2024/8/15
      ᠣᠶᠢᠷ᠎ᠠ ᠶᠢᠨ ᠵᠢᠯ ᠳᠤ᠂ ᠮᠠᠨ ᠤ ᠬᠤᠲᠠ ᠲᠣᠭᠠᠴᠢᠯᠠᠭᠰᠠᠨ ᠪᠥᠲᠥᠭᠡᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠰᠢᠨ᠎ᠡ ᠥᠨᠳᠦᠷᠯᠢᠭ ᠢ ᠬᠦᠴᠦᠯᠡᠨ ᠪᠣᠶ ᠪᠣᠯᠭᠠᠪᠠ᠃      ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠶᠢ ᠠᠬᠢᠭᠤᠯᠬᠤ ᠬᠡᠷᠡᠭᠲᠡᠢ᠃ ᠲᠤᠭ᠎ᠠ ᠪᠠᠷᠢᠮᠲᠠ ᠶᠢᠨ ᠬᠡᠷᠡᠭᠯᠡᠭᠡᠨ ᠤ ᠲᠠᠯᠠᠪᠤᠷ ᠢᠶᠠᠷ ᠬᠥᠲᠥᠯᠦᠮᠵᠢ ᠪᠣᠯᠭᠠᠨ ᠲᠤᠭ᠎ᠠ ᠪᠠᠷᠢᠮᠲᠠ ᠶᠢ ᠥᠨᠳᠥᠷ ᠪᠦᠲᠦᠮᠵᠢᠲᠡᠶ ᠪᠠᠷ ᠬᠠᠮᠲᠤ ᠪᠠᠷ ᠭᠥᠷᠳᠡᠬᠦ ᠶᠢ ᠳᠥᠯᠭᠢᠨ ᠠᠬᠢᠭᠤᠯᠵᠤ᠂ ᠪᠥᠬᠦ ᠬᠤᠲᠠ ᠳᠤ ᠨᠡᠶᠢᠲᠡ 47 ᠰᠠᠯᠠᠭ᠎ᠠ ᠮᠥᠴᠢᠷ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ ᠶᠢ ᠳᠥᠯᠭᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠡᠶᠢᠲᠡ 2059 ᠨᠡᠶᠢᠲᠡᠯᠡᠵᠦ᠂ 1619 ᠡᠬᠢ ᠪᠠᠶᠠᠯᠢᠭ ᠤᠨ ᠭᠠᠷᠴᠠᠭ ᠢ ᠡᠯᠭᠦᠵᠦ᠂ 1619 ᠡᠬᠢ ᠪᠠᠶᠠᠯᠢᠭ ᠢ ᠡᠯᠭᠦᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠭᠡᠵᠦ ᠪᠣᠯᠬᠤ ᠵᠦᠢᠯᠡᠰ ᠤᠨ ᠪᠦᠷᠬᠦᠴᠡ ᠶᠢᠨ ᠨᠣᠷᠮ᠎ᠠ 99.64% ᠪᠣᠯᠵᠣ᠂ ᠪᠥᠬᠦ ᠶᠠᠪᠤᠴᠠ ᠳᠤ ᠰᠦᠯᠵᠢᠶ᠎ᠡ ᠪᠠᠷ ᠭᠦᠢᠴᠡᠳᠭᠡᠬᠦ ᠵᠦᠢᠯᠡᠰ ᠤᠨ ᠪᠦᠷᠬᠦᠴᠡ ᠶᠢᠨ ᠨᠣᠷᠮ᠎ᠠ 97.21%᠎ ᠳᠤ ᠬᠦᠷᠴᠦ᠂ ᠤᠷᠤᠭ ᠤᠨ ᠦᠨᠡᠮᠯᠡᠯ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠦᠨᠡᠮᠯᠡᠯ ᠵᠡᠷᠭᠡ 176 ᠲᠥᠷᠥᠯ ᠤᠨ 261 ᠲᠦᠮᠡᠨ  ᠡᠯᠧᠺᠲᠷᠣᠨ ᠭᠡᠷᠡᠴᠢ ᠦᠨᠡᠮᠯᠡᠯ ᠢ ᠬᠤᠷᠠᠮᠳᠤᠭᠤᠯᠵᠤ᠂ ᠭᠠᠷ ᠤᠨ ᠥᠰᠥᠭ ᠵᠢᠷᠤᠭᠰᠠᠨ ᠨᠣᠷᠮ᠎ᠠ 99.96% ᠪᠣᠯᠵᠣ᠂ ︽ᠺᠣᠳ᠋ ᠰᠢᠷᠪᠢᠵᠦ ᠭᠡᠷᠡᠴᠢ ᠭᠠᠷᠭᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ  ᠡᠯᠧᠺᠲᠷᠣᠨ ᠭᠡᠷᠡᠴᠢ ᠦᠨᠡᠮᠯᠡᠯ ᠢ ᠨᠡᠶᠢᠲᠡ 7100 ᠭᠠᠷᠤᠶ ᠬᠤᠪᠢ ᠬᠡᠷᠡᠭᠯᠡᠵᠦ᠂  ᠡᠯᠧᠺᠲᠷᠣᠨ ᠭᠡᠷᠡᠴᠢ ᠦᠨᠡᠮᠯᠡᠯ ᠢ ᠨᠡᠶᠢᠲᠡ 1324 ᠲᠦᠮᠡ ᠭᠠᠷᠤᠶ ᠤᠳᠠᠭ᠎ᠠ ᠰᠢᠯᠵᠢᠭᠦᠯᠦᠨ ᠬᠡᠷᠡᠭᠯᠡᠵᠦ᠂ ︽ᠮᠥᠩᠬᠡ ᠰᠤᠪᠠᠭ︾᠎ ᠤᠨ ᠣᠨᠴᠠᠯᠢᠭᠲᠤ ᠬᠡᠷᠡᠭᠯᠡᠭᠡ ᠳᠤ ᠣᠷᠣᠭᠤᠯᠵᠤ᠂ ᠪᠥᠬᠦ ᠬᠤᠲᠠ ᠶᠢᠨ 2.45 ᠲᠦᠮᠡ ᠭᠠᠷᠤᠶ ᠰᠣᠷᠣᠭᠴᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠢᠳᠠᠮᠵᠢ ᠶᠢ ᠪᠡᠶᠡᠯᠡᠭᠦᠯᠪᠡ᠃      ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠤᠨ ᠡᠵᠡᠩᠨᠡᠯᠲᠡ ᠶᠢ ᠵᠥᠪᠰᠢᠶᠡᠷᠡᠬᠦ ᠵᠡᠷᠭᠡ 10 ︽ᠨᠢᠭᠡ ᠶᠠᠪᠤᠳᠠᠯ︾᠎ ᠢ ᠲᠥᠪᠯᠡᠷᠡᠭᠦᠯᠦᠨ ᠰᠢᠢᠳᠪᠦᠷᠢᠯᠡᠬᠦ ᠰᠢᠰᠲ᠋ᠧᠮ ᠢ ᠲᠤᠷᠰᠢᠨ ᠠᠵᠢᠯᠯᠠᠭᠤᠯᠬᠤ ᠠᠵᠢᠯ ᠢ ᠪᠡᠶᠡᠯᠡᠭᠦᠯᠵᠦ᠂ ᠪᠠᠶᠠᠨᠨᠠᠭᠤᠷ ᠬᠤᠲᠠ ᠶᠢᠨ ᠨᠢᠭᠡᠨᠲᠡ ᠨᠡᠶᠢᠲᠡᠯᠡᠭᠰᠡᠨ 323 ︽ᠨᠢᠭᠡ ᠶᠠᠪᠤᠳᠠᠯ︾᠎ ᠢ ᠡᠮᠬᠢᠯᠡᠨ ᠨᠡᠶᠢᠯᠡᠭᠦᠯᠵᠦ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ᠂ ᠵᠦᠢᠯᠡᠰ ᠢ ᠰᠢᠯᠢᠳᠡᠭᠵᠢᠭᠦᠯᠬᠦ ᠶᠢ ᠠᠬᠢᠭᠤᠯᠤᠨ᠂ ︽ᠰᠦᠯᠵᠢᠶᠡᠨ ᠳᠡᠭᠡᠷ᠎ᠡ ᠭᠦᠢᠴᠡᠳᠭᠡᠬᠦ︾᠂ ︽ᠥᠪᠡᠰᠦᠪᠡᠨ ᠭᠦᠢᠴᠡᠳᠭᠡᠬᠦ︾᠂ ︽ᠣᠶᠢᠷ᠎ᠠ ᠬᠠᠪᠢ ᠳᠤᠨᠢ ᠭᠦᠢᠴᠡᠳᠭᠡᠬᠦ︾᠎ ᠶᠢ ᠪᠡᠶᠡᠯᠡᠭᠦᠯᠦᠨ᠎ᠡ᠃ ᠪᠦᠬᠦ ᠬᠤᠲᠠ ᠳᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠵᠦᠢᠯᠡᠰ ᠢ ᠨᠡᠶᠢᠲᠡ 34.5 ᠲᠦᠮᠡᠨ ᠬᠤᠪᠢ ᠰᠢᠢᠳᠪᠦᠷᠢᠯᠡᠪᠡ᠃      ᠦᠨᠳᠦᠰᠦᠨ ᠱᠠᠲᠤᠨ ᠤ ᠦᠢᠯᠡᠴᠢᠯᠡᠭᠡᠨ ᠤ ︽ᠨᠢᠭᠡ ᠴᠣᠩᠬᠤ ᠪᠠᠷ ᠭᠦᠢᠴᠡᠳᠭᠡᠬᠦ᠂ ᠣᠶᠢᠷ᠎ᠠ ᠬᠠᠪᠢ ᠪᠠᠷ ᠭᠦᠢᠴᠡᠳᠭᠡᠬᠦ︾᠎ ᠶᠢ ᠠᠬᠢᠭᠤᠯᠤᠨ᠎ᠠ᠃ ︽ᠶᠡᠷᠦᠩᠬᠡᠶᠢᠯᠡᠭᠰᠡᠨ ᠨᠢᠭᠡ ᠴᠣᠩᠬᠤᠪᠴᠢ︾᠎ ᠨᠢ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠢ ᠨᠡᠶᠢᠲᠡ 11.94 ᠲᠦᠮᠡᠨ ᠬᠤᠪᠢ ᠬᠤᠷᠠᠮᠳᠤᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠵᠠᠰᠠᠭ ᠤᠨ ᠶᠠᠪᠤᠳᠠᠯ ᠤᠨ  ᠦᠢᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠶᠢ ᠦᠷᠭᠦᠯᠵᠢᠯᠡᠨ ᠠᠬᠢᠭᠤᠯᠵᠤ᠂ ᠬᠡᠪ ᠳᠠᠭᠤᠷᠢᠶᠠᠯ ᠪᠣᠯᠬᠤ ᠬᠤᠲᠠ᠂ ᠬᠤᠰᠢᠭᠤ ᠰᠢᠶᠠᠨ᠂ ᠰᠢᠶᠠᠩ ᠪᠠᠯᠭᠠᠰᠤ᠂ ᠲᠣᠰᠬᠤᠨ ᠳᠤᠭᠤᠶᠢᠯᠠᠩ᠂ ᠬᠦᠷᠢᠶᠡᠯᠡᠩ ᠲᠣᠭᠤᠷᠢᠭ ᠤᠨ ᠳᠡᠭᠡᠳᠦ ᠳᠣᠤᠷᠠᠳᠤ ᠱᠠᠲᠤᠨ ᠤ ᠬᠤᠯᠪᠣᠭᠠᠯᠠᠨ ᠬᠥᠳᠡᠯᠦᠯᠴᠡᠬᠦ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠬᠡᠪ ᠳᠠᠭᠤᠷᠢᠶᠠᠯ ᠪᠣᠯᠬᠤ ᠬᠡᠯᠪᠡᠷᠢ ᠶᠢᠨ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡᠨ ᠤ ᠲᠥᠪ ︵ᠥᠷᠲᠡᠭᠡ︶᠎ ᠢ 24᠂ ᠪᠠᠷᠢᠮᠵᠢᠶᠠᠯᠠᠭᠰᠠᠨ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠥᠷᠲᠡᠭᠡ ᠶᠢ 10 ᠪᠠᠶᠢᠭᠤᠯᠵᠤ᠂ 66  ᠵᠦᠢᠯᠡᠰ ᠢ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠢᠶᠠᠷ ᠭᠦᠢᠴᠡᠳᠭᠡᠬᠦ ᠥᠬᠡᠶ ᠪᠣᠯᠭᠠᠵᠤ᠂ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ᠂ ᠠᠵᠢᠯ ᠣᠯᠭᠤᠯᠲᠠ᠂ ᠠᠷᠠᠳ ᠤᠨ ᠶᠠᠪᠤᠳᠠᠯ ᠵᠡᠷᠭᠡ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠵᠦᠢᠯᠡᠰ ᠢ ᠨᠡᠶᠢᠲᠡ 5.15 ᠲᠦᠮᠡᠨ ᠬᠤᠪᠢ ᠬᠠᠪᠰᠤᠷᠤᠨ  ᠭᠦᠢᠴᠡᠳᠬᠡᠵᠦ ᠥᠭᠪᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ