ᠣᠶᠢᠷ᠎ᠠ ᠶᠢᠨ ᠵᠢᠯ ᠳᠤ᠂ ᠮᠠᠨ ᠤ ᠬᠤᠲᠠ ᠲᠣᠭᠠᠴᠢᠯᠠᠭᠰᠠᠨ ᠪᠥᠲᠥᠭᠡᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠤ ᠰᠢᠨ᠎ᠡ ᠥᠨᠳᠦᠷᠯᠢᠭ ᠢ ᠬᠦᠴᠦᠯᠡᠨ ᠪᠣᠶ ᠪᠣᠯᠭᠠᠪᠠ᠃ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠶᠢ ᠠᠬᠢᠭᠤᠯᠬᠤ ᠬᠡᠷᠡᠭᠲᠡᠢ᠃ ᠲᠤᠭ᠎ᠠ ᠪᠠᠷᠢᠮᠲᠠ ᠶᠢᠨ | ᠬᠡᠷᠡᠭᠯᠡᠭᠡᠨ ᠤ ᠲᠠᠯᠠᠪᠤᠷ ᠢᠶᠠᠷ ᠬᠥᠲᠥᠯᠦᠮᠵᠢ ᠪᠣᠯᠭᠠᠨ ᠲᠤᠭ᠎ᠠ ᠪᠠᠷᠢᠮᠲᠠ ᠶᠢ ᠥᠨᠳᠥᠷ ᠪᠦᠲᠦᠮᠵᠢᠲᠡᠶ ᠪᠠᠷ ᠬᠠᠮᠲᠤ ᠪᠠᠷ ᠭᠥᠷᠳᠡᠬᠦ ᠶᠢ ᠳᠥᠯᠭᠢᠨ ᠠᠬᠢᠭᠤᠯᠵᠤ᠂ ᠪᠥᠬᠦ | ᠬᠤᠲᠠ ᠳᠤ ᠨᠡᠶᠢᠲᠡ 47 ᠰᠠᠯᠠᠭ᠎ᠠ ᠮᠥᠴᠢᠷ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ ᠶᠢ ᠳᠥᠯᠭᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠡᠶᠢᠲᠡ 2059 ᠨᠡᠶᠢᠲᠡᠯᠡᠵᠦ᠂ 1619 ᠡᠬᠢ ᠪᠠᠶᠠᠯᠢᠭ ᠤᠨ ᠭᠠᠷᠴᠠᠭ ᠢ ᠡᠯᠭᠦᠵᠦ᠂ 1619 ᠡᠬᠢ ᠪᠠᠶᠠᠯᠢᠭ ᠢ | ᠡᠯᠭᠦᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠭᠡᠵᠦ ᠪᠣᠯᠬᠤ ᠵᠦᠢᠯᠡᠰ ᠤᠨ ᠪᠦᠷᠬᠦᠴᠡ ᠶᠢᠨ ᠨᠣᠷᠮ᠎ᠠ 99. | 64% ᠪᠣᠯᠵᠣ᠂ ᠪᠥᠬᠦ ᠶᠠᠪᠤᠴᠠ ᠳᠤ ᠰᠦᠯᠵᠢᠶ᠎ᠡ ᠪᠠᠷ ᠭᠦᠢᠴᠡᠳᠭᠡᠬᠦ ᠵᠦᠢᠯᠡᠰ ᠤᠨ ᠪᠦᠷᠬᠦᠴᠡ ᠶᠢᠨ ᠨᠣᠷᠮ᠎ᠠ 97.21% ᠳᠤ ᠬᠦᠷᠴᠦ᠂ ᠤᠷᠤᠭ ᠤᠨ ᠦᠨᠡᠮᠯᠡᠯ᠂ | ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠦᠨᠡᠮᠯᠡᠯ ᠵᠡᠷᠭᠡ 176 ᠲᠥᠷᠥᠯ ᠤᠨ 261 ᠲᠦᠮᠡᠨ ᠡᠯᠧᠺᠲᠷᠣᠨ ᠭᠡᠷᠡᠴᠢ ᠦᠨᠡᠮᠯᠡᠯ ᠢ ᠬᠤᠷᠠᠮᠳᠤᠭᠤᠯᠵᠤ᠂ | ᠭᠠᠷ ᠤᠨ ᠥᠰᠥᠭ ᠵᠢᠷᠤᠭᠰᠠᠨ ᠨᠣᠷᠮ᠎ᠠ 99.96% ᠪᠣᠯᠵᠣ᠂ ︽ᠺᠣᠳ᠋ ᠰᠢᠷᠪᠢᠵᠦ ᠭᠡᠷᠡᠴᠢ ᠭᠠᠷᠭᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠡᠯᠧᠺᠲᠷᠣᠨ | ᠭᠡᠷᠡᠴᠢ ᠦᠨᠡᠮᠯᠡᠯ ᠢ ᠨᠡᠶᠢᠲᠡ 7100 ᠭᠠᠷᠤᠶ ᠬᠤᠪᠢ ᠬᠡᠷᠡᠭᠯᠡᠵᠦ᠂ ᠡᠯᠧᠺᠲᠷᠣᠨ ᠭᠡᠷᠡᠴᠢ ᠦᠨᠡᠮᠯᠡᠯ ᠢ ᠨᠡᠶᠢᠲᠡ 1324 ᠲᠦᠮᠡ ᠭᠠᠷᠤᠶ ᠤᠳᠠᠭ᠎ᠠ ᠰᠢᠯᠵᠢᠭᠦᠯᠦᠨ | ᠬᠡᠷᠡᠭᠯᠡᠵᠦ᠂ ︽ᠮᠥᠩᠬᠡ ᠰᠤᠪᠠᠭ︾ ᠤᠨ ᠣᠨᠴᠠᠯᠢᠭᠲᠤ ᠬᠡᠷᠡᠭᠯᠡᠭᠡ ᠳᠤ ᠣᠷᠣᠭᠤᠯᠵᠤ᠂ ᠪᠥᠬᠦ ᠬᠤᠲᠠ ᠶᠢᠨ 2.45 ᠲᠦᠮᠡ ᠭᠠᠷᠤᠶ ᠰᠣᠷᠣᠭᠴᠢ ᠰᠦᠯᠵᠢᠶᠡᠨ | ᠳᠡᠭᠡᠷ᠎ᠡ ᠨᠡᠷ᠎ᠡ ᠮᠡᠳᠡᠭᠦᠯᠬᠦ ᠴᠢᠳᠠᠮᠵᠢ ᠶᠢ ᠪᠡᠶᠡᠯᠡᠭᠦᠯᠪᠡ᠃ | ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠤᠨ ᠡᠵᠡᠩᠨᠡᠯᠲᠡ ᠶᠢ | ᠵᠥᠪᠰᠢᠶᠡᠷᠡᠬᠦ ᠵᠡᠷᠭᠡ 10 ︽ᠨᠢᠭᠡ ᠶᠠᠪᠤᠳᠠᠯ︾ ᠢ ᠲᠥᠪᠯᠡᠷᠡᠭᠦᠯᠦᠨ ᠰᠢᠢᠳᠪᠦᠷᠢᠯᠡᠬᠦ ᠰᠢᠰᠲ᠋ᠧᠮ ᠢ ᠲᠤᠷᠰᠢᠨ ᠠᠵᠢᠯᠯᠠᠭᠤᠯᠬᠤ ᠠᠵᠢᠯ ᠢ ᠪᠡᠶᠡᠯᠡᠭᠦᠯᠵᠦ᠂ ᠪᠠᠶᠠᠨᠨᠠᠭᠤᠷ | ᠬᠤᠲᠠ ᠶᠢᠨ ᠨᠢᠭᠡᠨᠲᠡ ᠨᠡᠶᠢᠲᠡᠯᠡᠭᠰᠡᠨ 323 ︽ᠨᠢᠭᠡ ᠶᠠᠪᠤᠳᠠᠯ︾ ᠢ ᠡᠮᠬᠢᠯᠡᠨ ᠨᠡᠶᠢᠯᠡᠭᠦᠯᠵᠦ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ᠂ | ᠵᠦᠢᠯᠡᠰ ᠢ ᠰᠢᠯᠢᠳᠡᠭᠵᠢᠭᠦᠯᠬᠦ ᠶᠢ ᠠᠬᠢᠭᠤᠯᠤᠨ᠂ ︽ᠰᠦᠯᠵᠢᠶᠡᠨ ᠳᠡᠭᠡᠷ᠎ᠡ ᠭᠦᠢᠴᠡᠳᠭᠡᠬᠦ︾᠂ ︽ᠥᠪᠡᠰᠦᠪᠡᠨ ᠭᠦᠢᠴᠡᠳᠭᠡᠬᠦ︾᠂ ︽ᠣᠶᠢᠷ᠎ᠠ ᠬᠠᠪᠢ ᠳᠤᠨᠢ | ᠭᠦᠢᠴᠡᠳᠭᠡᠬᠦ︾ ᠶᠢ ᠪᠡᠶᠡᠯᠡᠭᠦᠯᠦᠨ᠎ᠡ᠃ ᠪᠦᠬᠦ ᠬᠤᠲᠠ ᠳᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠵᠦᠢᠯᠡᠰ ᠢ ᠨᠡᠶᠢᠲᠡ 34.5 ᠲᠦᠮᠡᠨ | ᠬᠤᠪᠢ ᠰᠢᠢᠳᠪᠦᠷᠢᠯᠡᠪᠡ᠃ | ᠦᠨᠳᠦᠰᠦᠨ ᠱᠠᠲᠤᠨ ᠤ ᠦᠢᠯᠡᠴᠢᠯᠡᠭᠡᠨ ᠤ ︽ᠨᠢᠭᠡ ᠴᠣᠩᠬᠤ ᠪᠠᠷ ᠭᠦᠢᠴᠡᠳᠭᠡᠬᠦ᠂ ᠣᠶᠢᠷ᠎ᠠ ᠬᠠᠪᠢ ᠪᠠᠷ ᠭᠦᠢᠴᠡᠳᠭᠡᠬᠦ︾ ᠶᠢ ᠠᠬᠢᠭᠤᠯᠤᠨ᠎ᠠ᠃ ︽ | ᠶᠡᠷᠦᠩᠬᠡᠶᠢᠯᠡᠭᠰᠡᠨ ᠨᠢᠭᠡ ᠴᠣᠩᠬᠤᠪᠴᠢ︾ ᠨᠢ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠢ ᠨᠡᠶᠢᠲᠡ 11.94 ᠲᠦᠮᠡᠨ ᠬᠤᠪᠢ ᠬᠤᠷᠠᠮᠳᠤᠭᠤᠯᠵᠤ᠂ ᠰᠦᠯᠵᠢᠶᠡᠨ | ᠳᠡᠭᠡᠷ᠎ᠡ ᠪᠠ ᠰᠦᠯᠵᠢᠶᠡᠨ ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠶᠢ ᠦᠷᠭᠦᠯᠵᠢᠯᠡᠨ ᠠᠬᠢᠭᠤᠯᠵᠤ᠂ ᠬᠡᠪ | ᠳᠠᠭᠤᠷᠢᠶᠠᠯ ᠪᠣᠯᠬᠤ ᠬᠤᠲᠠ᠂ ᠬᠤᠰᠢᠭᠤ ᠰᠢᠶᠠᠨ᠂ ᠰᠢᠶᠠᠩ ᠪᠠᠯᠭᠠᠰᠤ᠂ ᠲᠣᠰᠬᠤᠨ ᠳᠤᠭᠤᠶᠢᠯᠠᠩ᠂ ᠬᠦᠷᠢᠶᠡᠯᠡᠩ ᠲᠣᠭᠤᠷᠢᠭ ᠤᠨ ᠳᠡᠭᠡᠳᠦ ᠳᠣᠤᠷᠠᠳᠤ ᠱᠠᠲᠤᠨ ᠤ | ᠬᠤᠯᠪᠣᠭᠠᠯᠠᠨ ᠬᠥᠳᠡᠯᠦᠯᠴᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠬᠡᠪ ᠳᠠᠭᠤᠷᠢᠶᠠᠯ ᠪᠣᠯᠬᠤ ᠬᠡᠯᠪᠡᠷᠢ ᠶᠢᠨ ᠦᠨᠳᠦᠰᠦᠨ | ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠢ 24᠂ ᠪᠠᠷᠢᠮᠵᠢᠶᠠᠯᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠷᠲᠡᠭᠡ ᠶᠢ 10 ᠪᠠᠶᠢᠭᠤᠯᠵᠤ᠂ 66 ᠵᠦᠢᠯᠡᠰ ᠢ ᠰᠢᠶᠠᠩ ᠪᠠᠯᠭᠠᠰᠤ ︵ᠵᠡᠭᠡᠯᠢ ᠭᠤᠳᠤᠮᠵᠢ︶ ᠢᠶᠠᠷ | ᠭᠦᠢᠴᠡᠳᠭᠡᠬᠦ ᠥᠬᠡᠶ ᠪᠣᠯᠭᠠᠵᠤ᠂ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ᠂ ᠠᠵᠢᠯ ᠣᠯᠭᠤᠯᠲᠠ᠂ ᠠᠷᠠᠳ ᠤᠨ ᠶᠠᠪᠤᠳᠠᠯ ᠵᠡᠷᠭᠡ | ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠵᠦᠢᠯᠡᠰ ᠢ ᠨᠡᠶᠢᠲᠡ 5.15 ᠲᠦᠮᠡᠨ ᠬᠤᠪᠢ ᠬᠠᠪᠰᠤᠷᠤᠨ ᠭᠦᠢᠴᠡᠳᠬᠡᠵᠦ ᠥᠭᠪᠡ᠃ | |