︽ᠲᠠᠪᠤᠨ ᠶᠡᠭᠡ ᠡᠭᠦᠷᠭᠡ︾᠎ ᠶᠢᠨ ᠨᠠᠶᠢᠳᠠᠪᠤᠷᠢᠵᠢᠬᠤ ᠶᠢ ᠲᠦᠷᠭᠡᠳᠬᠡᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ  — ᠰᠦᠯᠵᠢᠶᠡᠨ ᠳᠡᠭᠡᠷ᠎ᠡ ᠪᠠ ᠰᠦᠯᠵᠢᠶᠡᠨ ᠎ ᠤ ᠭᠠᠳᠠᠨ᠎ᠠ ᠲᠠᠪᠴᠠᠩ ᠭᠠᠷᠭᠠᠵᠤ ᠨᠠᠷᠢᠯᠢᠭ ᠣᠨᠣᠴᠠᠲᠠᠢ ᠪᠠᠷ ᠦᠢᠯᠡᠴᠢᠯᠡᠵᠦ ᠠᠵᠢᠯ ᠣᠯᠭᠤᠯᠲᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/8/21
      ᠮᠠᠨ ᠤ ᠬᠤᠲᠠ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂  ᠰᠦᠯᠵᠢᠶᠡᠨ ᠳᠡᠭᠡᠷ᠎ᠡ ᠪᠠ ᠰᠦᠯᠵᠢᠶᠡᠨ ᠎ ᠤ ᠭᠠᠳᠠᠭᠤᠷᠬᠢ ᠵᠠᠭᠪᠤᠷ ᠢᠶᠠᠷ ᠲᠠᠮᠵᠢᠨ  ᠂  ᠠᠵᠢᠯᠳᠡᠨ ᠡᠯᠰᠡᠬᠦ ᠪᠠ  ᠠᠵᠢᠯ ᠤᠯᠭᠤᠨ ᠠᠳᠠᠯ ᠦᠢᠯᠡᠰ ᠴᠣᠭᠴᠠᠯᠠᠬᠤ ᠵᠡᠷᠭᠡ ᠠᠵᠢᠯ ᠢ ᠨᠢᠭᠡᠳᠦᠯᠲᠡᠢ  ᠲᠦᠯᠤᠪᠵᠢᠬᠦᠯᠤᠨ ᠰᠠᠶᠢᠲᠤᠷ ᠬᠢᠵᠦ᠂ ᠨᠠᠩ ᠣᠯᠠᠨ ᠬᠥᠮᠥᠨ ᠤ ᠴᠢᠨᠠᠷ ᠰᠠᠶᠢᠲᠠᠢ  ᠬᠦᠢᠴᠡᠳ ᠠᠵᠢᠯ ᠤᠯᠭᠤᠬᠤ ᠳᠤ ᠬᠦᠴᠦᠨ ᠨᠡᠮᠡᠷᠢᠯᠡᠨ᠎ᠡ᠃      ᠰᠠᠨ ᠫᠠᠩ ᠳ᠋ᠠᠨ ︵ᠥᠪᠥᠷ ᠮᠣᠩᠭᠤᠯ︶᠎ ᠎ ᠤᠨ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ᠂ ᠰᠠᠶ᠋ᠢᠬᠠᠨ ᠠᠵᠢᠯ ᠳᠤ ᠣᠷᠣᠭᠰᠠᠨ ᠸᠠᠩ ᠳ᠋ᠠᠨ ᠬᠤᠷᠠᠯ ᠤᠨ ᠪᠡᠯᠡᠳᠬᠡᠯ ᠠᠵᠢᠯ  ᠬᠢᠵᠤ  ᠶᠠᠭᠠᠷᠠᠯᠳᠤᠨ᠎ᠠ᠃  ᠡᠮᠤᠨᠡᠭᠡᠨ  ᠸᠠᠩ ᠳ᠋ᠠᠨ ᠦᠶᠤᠸᠠᠨ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠎ ᠤᠨ ᠰᠦᠯᠵᠢᠶᠡᠨ ᠳᠡᠭᠡᠷ᠎ᠡ ᠠᠵᠢᠯᠲᠠᠨ ᠡᠯᠰᠡᠬᠦ  ᠵᠠᠷ ᠎ ᠢᠶᠠᠷ ᠲᠠᠮᠵᠢᠨ  ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠲᠤᠰᠬᠠᠢ ᠲᠤᠰᠢᠶᠠᠯᠲᠠᠨ ᠢᠶᠠᠷ  ᠠᠮᠵᠢᠯᠲᠠ ᠲᠠᠢ  ᠡᠯᠰᠡᠭᠳᠡᠵᠡᠢ᠃      ᠮᠠᠨ ᠤ ᠬᠤᠲᠠ ᠶᠢᠨ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠢᠴᠢ ᠰᠣᠨᠢᠨ ᠮᠡᠳᠡᠭᠡᠨ ᠤ ᠵᠠᠭᠤᠴᠢᠯᠠᠭᠤᠷ ᠪᠠᠰᠠ ᠣᠯᠠᠨ ᠵᠦᠢᠯ ᠤᠨ ᠬᠡᠯᠪᠡᠷᠢ ᠪᠠᠷ ᠰᠢᠭᠤᠳ ᠨᠠᠪᠲᠠᠷᠡᠭᠦᠯᠵᠦ ᠠᠵᠢᠯ ᠤᠨ ᠪᠠᠶᠢᠷᠢ ᠳᠤ ᠬᠦᠷᠭᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ᠂ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠤ ᠬᠦᠷᠭᠡᠬᠦ︾  ᠠᠵᠢᠯᠲᠠᠨ ᠡᠯᠰᠡᠬᠦ ᠬᠡᠯᠪᠡᠷᠢ ᠪᠠᠷ ᠴᠢᠳᠠᠪᠤᠷᠢᠲᠠᠨ  ᠡᠯᠰᠡᠬᠦ  ᠰᠢᠨ᠎ᠡ ᠵᠠᠭᠪᠤᠷ ᠢ ᠨᠡᠭᠡᠭᠡᠪᠡ᠃ ᠣᠳᠣ ᠪᠣᠯᠲᠠᠯ᠎ᠠ᠂ ᠮᠠᠨ ᠤ ᠬᠤᠲᠠ ᠨᠡᠶᠢᠲᠡ 15  ᠬᠤᠭᠤᠴᠠᠭᠠᠨ ᠤ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠦᠷᠨᠢᠬᠦᠯᠵᠤ᠂ ᠨᠡᠶᠢᠲᠡ 334 ᠠᠵᠤ ᠠᠬᠤᠶᠢᠯᠠᠯ ᠤᠨ ᠠᠵᠢᠯᠲᠠᠨ ᠡᠯᠰᠡᠬᠦ ᠮᠡᠳᠡᠭᠡ ᠵᠠᠩᠭᠢ ᠶᠢ ᠰᠢᠭᠤᠳ ᠨᠠᠪᠲᠠᠷᠡᠭᠦᠯᠵᠦ᠂ 11310 ᠤᠳᠠᠭᠠᠨ ᠤ ᠠᠵᠢᠯ ᠤᠨ ᠪᠠᠶᠢᠷᠢ ᠶᠢ  ᠬᠠᠩᠭᠠᠭᠰᠠᠨ ᠪᠠᠶᠢᠨ᠎ᠠ᠃ ᠮᠠᠨ ᠤ ᠬᠤᠲᠠ ᠪᠠᠰᠠ ︽ᠬᠠᠪᠤᠷ ᠤᠨ ᠰᠠᠯᠬᠢᠨ ᠤ ᠠᠵᠢᠯᠯᠠᠭ᠎ᠠ︾᠂ ︽ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ︾᠂ ︽ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ︾ ᠵᠡᠷᠭᠡ ᠲᠤᠰᠬᠠᠢ ᠲᠥᠷᠥᠯ ᠤᠨ ᠠᠵᠢᠯᠲᠠᠨ ᠡᠯᠰᠡᠬᠦ ᠪᠠᠷ ᠳᠠᠮᠵᠢᠭᠤᠯᠤᠨ᠂ ᠬᠥᠳᠡᠯᠮᠦᠷᠢᠴᠢᠳ ᠲᠤ ᠠᠵᠢᠯ ᠤᠨ ᠪᠠᠶᠢᠷᠢ᠂ ᠪᠣᠯᠪᠠᠰᠤᠷᠠᠯ ᠂ ᠦᠢᠯᠡᠴᠢᠯᠡᠭᠡ᠂ ᠲᠥᠷᠥ ᠶᠢᠨ ᠪᠣᠳᠣᠯᠭ᠎ᠠ ᠶᠢ ᠲᠦᠪᠯᠡᠷᠡᠬᠦᠯᠤᠨ ᠬᠦᠷᠭᠡᠵᠦ᠂ ᠠᠵᠤ ᠠᠬᠤᠶᠢᠯᠠᠯ ᠪᠠ ᠠᠵᠢᠯ ᠡᠷᠢᠭᠰᠡᠳ ᠲᠤ ᠬᠤᠣᠰ  ᠵᠠᠮ ᠰᠤᠪᠠᠭ ᠢ  ᠨᠡᠭᠡᠭᠡᠭᠰᠡᠨ ᠪᠠᠶᠢᠨ᠎ᠠ᠃ ᠦᠶᠤᠸᠠᠨ ᠰᠢᠶᠠᠨ ᠤ ᠷᠦᠨ ᠬᠠᠢ ᠶᠤᠸᠠᠨ ᠠᠵᠤ ᠦᠢᠯᠡᠰ ᠤᠨ ᠬᠢᠵᠠᠭᠠᠷᠲᠤ ᠺᠣᠮᠫᠠᠨᠢ ᠪᠣᠯ ᠨᠢᠭᠡᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠠᠷᠢᠶᠠᠯᠠᠩ ᠤᠨ ᠠᠵᠤ ᠦᠶᠢᠯᠡᠰᠵᠢᠯ ᠎ ᠤᠨ ᠲᠣᠯᠣᠭᠠᠶᠢᠯᠠᠭᠴᠢ ᠠᠵᠤ ᠠᠬᠤᠶᠢᠯᠠᠯ ᠪᠠᠶᠢᠵᠤ᠂ ᠠᠵᠢᠯᠴᠢᠨ ᠬᠡᠷᠡᠭᠯᠡᠬᠦ ᠬᠡᠷᠡᠭᠴᠡᠭᠡ ᠨᠡᠯᠢᠶᠡᠳ ᠶᠡᠭᠡ᠂ ᠡᠨᠡ ᠵᠢᠯ ᠠᠵᠤ ᠠᠬᠤᠶᠢᠯᠠᠯ ᠬᠤᠲᠠ ᠰᠢᠶᠠᠨ ᠤ ᠬᠤᠶᠠᠷ ᠱᠠᠲᠤᠨ ᠠᠴᠠ ᠡᠷᠬᠢᠯᠡᠭᠰᠡᠨ ᠠᠵᠢᠯᠲᠠᠨ ᠡᠯᠰᠡᠬᠦ ᠬᠤᠷᠠᠯ ᠢᠶᠠᠷ ᠳᠠᠮᠵᠢᠨ ᠠᠵᠢᠯᠴᠢᠨ ᠬᠡᠷᠡᠭᠯᠡᠬᠦ ᠳᠤ ᠬᠦᠴᠢᠷ ᠠᠰᠠᠭᠤᠳᠠᠯ ᠢ ᠰᠢᠢᠳᠪᠦᠷᠢᠯᠡᠪᠡ᠃      ᠲᠦᠷᠦᠭᠦᠸ ᠬᠠᠭᠠᠰ ᠵᠢᠯ ᠳᠤ᠂ ᠮᠠᠨ ᠤ ᠬᠤᠲᠠ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠬᠦ ᠴᠤᠭᠯᠠᠭᠠᠨ ᠢ ᠨᠡᠶᠢᠲᠡ 134 ᠤᠳᠠᠭ᠎ᠠ ᠥᠷᠨᠢᠭᠦᠯᠵᠦ᠂ 968 ᠠᠵᠤ ᠠᠬᠤᠶᠢᠯᠠᠯ  ᠤᠷᠤᠯᠴᠠᠨ᠂ 2.4 ᠲᠦᠮᠡᠨ ᠤᠳᠠᠭ᠎ᠠ ᠠᠵᠢᠯᠲᠠᠨ ᠡᠯᠰᠡᠬᠦ ᠠᠵᠢᠯ ᠤᠨ ᠪᠠᠶᠢᠷᠢ ᠬᠠᠩᠭᠠᠵᠤ᠂ ᠲᠤᠬᠠᠢ ᠶᠢᠨ ᠲᠠᠯᠠᠪᠤᠷ ᠲᠤ 2408 ᠬᠥᠮᠥᠨ ᠤᠳᠠᠭ᠎ᠠ ᠶᠢᠨ ᠠᠵᠢᠯ ᠣᠯᠬᠤ ᠰᠠᠨᠠᠮᠵᠢ ᠶᠢ ᠠᠩᠬ᠎ᠠ ᠠᠯᠬᠤᠮ ᠲᠣᠬᠢᠷᠠᠭᠤᠯᠪᠠ᠃      ᠡᠭᠦᠨ ᠤ ᠬᠠᠮᠲᠤ᠂ ᠮᠠᠨ ᠤ ᠬᠤᠲᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠠᠵᠢᠯᠲᠠᠨ ᠤ ᠶᠠᠪᠤᠳᠠᠯ ᠤᠨ ᠴᠢᠳᠠᠪᠤᠷᠢᠲᠠᠨ  ᠵᠡᠷᠭᠡ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠢ ᠬᠠᠪᠰᠤᠷᠤᠨ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢᠨ ᠠᠰᠢᠭ ᠢ ᠨᠡᠩ  ᠰᠠᠶᠢᠳᠤᠷ  ᠡᠳ᠋ᠯᠡᠬᠦᠯᠵᠡᠢ᠃      ᠬᠠᠩᠭᠠᠯᠭ᠎ᠠ ᠬᠡᠷᠡᠭᠴᠡᠭᠡᠨ ᠤ  ᠵᠤᠯᠭᠠᠯᠳᠡ ᠶᠢᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠠᠵᠢᠯᠲᠠᠨ ᠡᠯᠰᠡᠬᠦ ᠦᠢᠯᠡᠴᠢᠯᠡᠭᠡ ᠶᠢ ᠣᠯᠠᠨ ᠳᠠᠬᠢᠨ ᠨᠢᠭᠲᠠ ᠥᠷᠨᠢᠭᠦᠯᠵᠦ᠂ ᠠᠵᠢᠯ ᠡᠷᠢᠭᠰᠡᠳ ᠪᠠ ᠬᠥᠮᠥᠨ ᠬᠡᠷᠡᠭᠯᠡᠬᠦ ᠪᠠᠶᠢᠭᠤᠯᠤᠯᠭ᠎ᠠ ᠨᠢᠭᠡᠴᠡ ᠶᠢᠨ  ᠬᠤᠤᠰ  ᠱᠠᠭᠠᠷᠳᠠᠯᠭ᠎ᠠ ᠶᠢ ᠪᠡᠶᠡᠯᠡᠬᠦᠯᠵᠤ᠂  6 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠲᠠ ᠶᠢᠨ ᠬᠤᠲᠠ ᠪᠠᠯᠭᠠᠰᠤᠨ ᠳᠤ 5002 ᠬᠥᠮᠥᠨ ᠳᠤ ᠰᠢᠨ᠎ᠡ ᠪᠠᠷ ᠠᠵᠢᠯ ᠣᠯᠭᠤᠵᠤ᠂  ᠵᠢᠯ ᠤᠨ 7000 ᠬᠦᠮᠤᠨ ᠳᠤ ᠠᠵᠢᠯ ᠤᠯᠭᠤᠬᠤ ᠬᠠᠷᠠᠯᠳᠡᠳᠤ ᠡᠭᠦᠷᠭᠡ ᠎ ᠶᠢᠨ 71.46% ᠎ ᠶᠢ ᠪᠡᠶᠡᠯᠡᠬᠦᠯᠤᠭ᠍ᠰᠡᠨ ᠪᠠᠶᠢᠨ᠎ᠠ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ