ᠪᠠᠶᠠᠨᠨᠠᠭᠤᠷ ᠲᠤ 3.38 ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠬᠢᠯᠢ ᠶᠢᠨ ᠬᠠᠮᠢᠶᠠᠷᠤᠯᠲᠠ ᠶᠢᠨ ᠣᠷᠣᠨ ᠪᠠ 369 ᠺᠢᠯᠣᠮᠧᠲᠷ ᠤᠨ ᠬᠢᠯᠢ ᠶᠢᠨ | ᠬᠠᠮᠠᠭᠠᠯᠠᠯᠲᠠ ᠶᠢᠨ ᠱᠤᠭᠤᠮ ᠲᠠᠢ᠃ ᠮᠠᠨ ᠤ ᠬᠤᠲᠠ ᠶᠢᠨ ᠬᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠥᠷᠥᠯ ᠬᠤᠪᠢᠶᠠᠨ ᠵᠢᠯᠤᠭᠤᠳᠴᠤ᠂ ᠬᠢᠯᠢ | ᠬᠢᠵᠠᠭᠠᠷ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ | ᠦᠢᠯᠡᠳᠪᠤᠷᠢᠯᠡᠯ ᠠᠮᠢᠳᠤᠷᠠᠯ ᠢ ᠨᠡᠩ ᠳᠥᠭᠦᠮ ᠳᠥᠲᠡ ᠪᠤᠯᠭᠠᠵᠤ ᠪᠠᠶᠢᠨ᠎ᠠ᠃ | ᠣᠶᠢᠷ᠎ᠠ ᠳᠤ᠂ ᠰᠢᠶᠠᠨ ᠤ ᠲᠡᠰ ᠤᠨ ᠵᠠᠮ 717 ᠭᠦᠶᠠᠩ ᠪᠠᠶᠠᠨ ᠤ ᠵᠠᠭᠠᠭ ᠬᠦᠷᠬᠦ 39 ᠺᠢᠯᠣᠮᠧᠲᠷ ᠤᠨ ᠵᠠᠮ ᠠᠷᠠᠴᠢᠯᠠᠨ ᠬᠠᠮᠠᠭᠠᠯᠠᠬᠤ ᠢᠨᠵᠧᠨᠧᠷᠢᠩ | ᠵᠢᠩᠬᠢᠨᠢ ᠪᠠᠷ ᠲᠡᠷᠭᠡ ᠨᠡᠪᠲᠡᠷᠡᠪᠡ᠃ ᠡᠨᠡᠬᠦ ᠵᠤᠷᠪᠤᠰ ᠵᠠᠮ ᠤᠯᠤᠰ ᠤᠨ ᠲᠡᠰ ᠤᠨ ᠵᠠᠮ 335 ᠪᠣᠯᠣᠨ ᠰᠢᠶᠠᠨ ᠤ ᠲᠡᠰ ᠤᠨ ᠵᠠᠮ 717 ᠤᠨ ᠠᠭᠤᠯᠵᠠᠷ ᠠᠴᠠ | ᠮᠣᠷᠳᠠᠵᠤ᠂ ᠡᠯᠡᠰᠦᠨ ᠴᠥᠯ ᠢ ᠲᠤᠭᠤᠯᠵᠤ ᠰᠢᠭᠤᠳ ᠤᠷᠠᠳ ᠤᠨ ᠬᠤᠶᠢᠲᠤ ᠬᠤᠰᠢᠭᠤᠨ ᠤ ᠬᠦᠭᠡᠴᠤ ᠰᠤᠮᠤᠨ ᠳᠤ ᠭᠦᠷᠦᠨ᠎ᠡ᠃ | ᠤᠷᠠᠳ ᠤᠨ ᠬᠤᠶᠢᠲᠤ ᠬᠤᠰᠢᠭᠤᠨ ᠤ ᠬᠦᠭᠡᠴᠤ ᠰᠤᠮᠤ ᠶᠢᠨ ᠪᠡᠯᠴᠢᠭᠡᠷ ᠭᠠᠴᠠᠭ᠎ᠠ ᠶᠢᠨ ᠮᠠᠯᠴᠢᠨ ᠾᠧ ᠮᠠᠨ ᠬᠠᠢ ᠰᠤᠷᠪᠤᠯᠵᠢᠯᠠᠭᠴᠢ ᠳᠤ᠂ ᠤᠤᠯ ᠤᠨ | ᠬᠤᠶᠠᠷ ᠴᠠᠭ ᠭᠠᠷᠤᠢ ᠶᠢᠨ ᠵᠠᠮ ᠤᠳᠤ ᠴᠠᠭ ᠭᠠᠷᠤᠢ ᠶᠠᠪᠤᠬᠤ ᠪᠤᠯᠤᠭᠰᠠᠨ᠂ ᠡᠪᠡᠰᠦ ᠪᠣᠷᠳᠤᠭ᠎ᠠ ᠲᠠᠲᠠᠬᠤ ᠂ ᠡᠳᠦᠷ ᠲᠤᠲᠤᠮ ᠤᠨ ᠠᠮᠢᠳᠤᠷᠠᠯ ᠤᠨ ᠬᠡᠷᠡᠭᠰᠡᠯ ᠢ | ᠬᠤᠳᠠᠯᠳᠤᠨ ᠠᠪᠬᠤ ᠳᠤ ᠴᠤ ᠮᠠᠰᠢ ᠲᠦᠬᠦᠮ ᠪᠤᠯᠤᠭᠰᠠᠨ ᠭᠡᠵᠤ ᠬᠡᠯᠡᠵᠤ ᠪᠠᠶᠢᠯ᠎ᠠ᠃ | ᠬᠢᠯᠢ ᠬᠢᠵᠠᠭᠠᠷ ᠣᠷᠣᠨ ᠤ ︿ᠤᠰᠤ ᠴᠠᠬᠢᠯᠭᠠᠨ ᠵᠠᠮ ᠮᠡᠳᠡᠭᠡ﹀ ᠶᠢᠨ ᠰᠠᠭᠤᠷᠢ ᠲᠥᠬᠦᠭᠡᠷᠦᠮᠵᠢ ᠶᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠬᠤ | ᠭᠤᠷᠪᠠᠨ ᠵᠢᠯ ᠤᠨ ᠠᠵᠢᠯᠯᠠᠭ᠎ᠠ ᠶᠢᠨ ᠲᠣᠭᠤᠷᠢᠨ ᠳᠤ᠂ ᠤᠷᠠᠳ ᠤᠨ ᠬᠤᠶᠢᠲᠤ ᠬᠤᠰᠢᠭᠤ ︽ ᠮᠦᠸᠧ ᠯᠢᠨ ᠠᠴᠠ ᠪᠠᠶᠠᠨ ᠤ ᠵᠠᠭᠠᠭ ᠬᠦᠷᠬᠦ︾ ᠵᠠᠮ ᠤᠨ ᠲᠣᠣᠷ ᠢ | ᠰᠠᠶᠢᠵᠢᠷᠠᠭᠤᠯᠬᠤ ᠲᠥᠷᠥᠯ ᠵᠦᠢᠯ ᠤᠨ ᠢᠨᠵᠧᠨᠧᠷᠢᠩ ᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 9000 ᠲᠦᠮᠡᠨ ᠲᠥᠭᠦᠷᠢᠭ᠂ ᠪᠥᠬᠦ ᠵᠠᠮ ᠤᠨ | ᠣᠷᠳᠣ 54.85 ᠺᠢᠯᠣᠮᠧᠲᠷ ᠪᠠᠶᠢᠵᠤ᠂ 2023 ᠣᠨ ᠤ 11 ᠰᠠᠷ᠎ᠠ ᠶᠢᠨ 17 ᠤ ᠡᠳᠦᠷ ᠪᠥᠬᠦ ᠱᠤᠭᠤᠮ ᠢᠶᠠᠷ ᠲᠡᠷᠭᠡ ᠨᠡᠪᠲᠡᠷᠡᠪᠡ᠃ ᠡᠭᠦᠨ ᠤ ᠬᠠᠮᠲᠤ᠂ ᠮᠠᠨ ᠤ | ᠬᠤᠲᠠ ᠲᠥᠷᠥᠯ ᠵᠦᠢᠯ ᠢ ᠴᠢᠷᠮᠠᠶᠢᠨ ᠣᠯᠵᠤ᠂ ᠪᠡᠯᠡ ᠮᠦᠩᠬᠦ ᠶᠢ ᠨᠢᠭᠡᠳᠤᠯᠳᠡᠢ ᠬᠡᠷᠡᠭᠯᠡᠬᠦ ᠶᠢ ᠴᠢᠩᠭᠠᠳᠬᠠᠨ᠂ ᠬᠢᠯᠢ ᠬᠢᠵᠠᠭᠠᠷ ᠣᠷᠣᠨ ᠤ ᠣᠯᠠᠨ ᠨᠡᠶᠢᠲᠡ ᠶᠢᠨ | ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠵᠡᠢ᠃ 2023 ᠣᠨ ᠳᠤ 2 ᠬᠢᠯᠢ ᠶᠢᠨ ᠬᠤᠰᠢᠭᠤᠨ ᠤ 1298 ᠬᠥᠮᠥᠨ ᠤ ᠠᠮᠤᠷ ᠲᠦᠪᠰᠢᠨ ᠤᠰᠤ | ᠤᠤᠭᠤᠬᠤ ᠠᠰᠠᠭᠤᠳᠠᠯ ᠢ ᠰᠢᠢᠳᠪᠦᠷᠢᠯᠡᠪᠡ᠃ | ᠤᠷᠠᠳ ᠤᠨ ᠬᠤᠶᠢᠲᠤ ᠬᠤᠰᠢᠭᠤᠨ ᠤ ᠪᠠᠶᠠᠨᠴᠢᠨᠳᠠᠮᠤᠨᠢ ᠰᠤᠮᠤ ᠶᠢᠨ ᠪᠠᠶᠠᠨᠴᠠᠭᠠᠨ ᠭᠠᠴᠠᠭ᠎ᠠ ᠶᠢᠨ ᠨᠠᠮ ᠤᠨ ᠡᠭᠦᠷ ᠤᠨ ᠱᠦᠵᠢ ᠪᠦᠦ ᠢᠦᠢ ᠬᠡᠯᠡᠬᠦ ᠳᠡᠭᠡᠨ᠂ | 16 ᠡᠷᠦᠬᠡ ᠮᠠᠯᠴᠢᠳ ᠲᠤ ᠤᠰᠤᠨ ᠵᠣᠭᠤᠷᠢ ᠪᠠᠶᠢᠭᠤᠯᠤᠨ ᠦᠭᠴᠤ᠂ ᠵᠠᠯᠭᠠᠭᠠᠳ ᠪᠢᠳᠡ ᠪᠠᠰᠠ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ | ᠦᠯᠡᠳᠡᠭᠰᠡᠨ ᠮᠠᠯᠴᠢᠨ ᠡᠷᠦᠬᠡ ᠳᠤ ᠤᠰᠤᠨ ᠵᠣᠭᠤᠷᠢ ᠪᠠᠶᠢᠭᠤᠯᠤᠨ ᠦᠭᠬᠦᠨ᠎ᠡ ᠭᠡᠵᠤ ᠪᠠᠶᠢᠯ᠎ᠠ᠃ | ᠡᠭᠦᠨ ᠠᠴᠠ ᠭᠠᠳᠠᠨ᠎ᠠ᠂ ᠮᠠᠨ ᠤ ᠬᠤᠲᠠ ᠪᠠᠰᠠ ᠪᠤᠶᠢᠳᠠ ᠪᠥᠭᠯᠡᠭᠦᠦ ᠭᠠᠵᠠᠷ ᠣᠷᠣᠨ ᠤ 232 ᠮᠠᠯᠴᠢᠳ ᠡᠷᠤᠭᠡ ᠳᠤ ᠡᠩ ᠤᠨ ᠴᠠᠬᠢᠯᠭᠠᠨ ᠤᠭᠰᠠᠷᠠᠨ | ᠥᠭᠴᠦ᠂ 8773 ᠡᠷᠦᠬᠡ ᠶᠢᠨ ᠨᠡᠬᠦᠷᠡᠰᠤ ᠶᠢ ᠴᠠᠬᠢᠯᠭᠠᠨ ᠪᠤᠯᠭᠠᠨ ᠦᠭᠡᠷᠡᠴᠢᠯᠡᠵᠤ᠂ ᠡᠩ ᠤᠨ ᠴᠠᠬᠢᠯᠭᠠᠨ ᠪᠤᠯᠤᠨ ᠰᠠᠯᠬᠢᠨ ᠬᠡᠷᠡᠯ ᠴᠡᠨᠡᠭ ᠤᠨ ᠬᠠᠷᠢᠯᠴᠠᠨ | ᠨᠥᠬᠦᠪᠦᠷᠢᠯᠡᠬᠦ ᠰᠢᠨ᠎ᠡ ᠡᠨᠧᠷᠭᠢ ᠶᠢᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠢᠯᠢ ᠬᠢᠵᠠᠭᠠᠷ ᠣᠷᠣᠨ ᠳᠤ ᠦᠨᠳᠦᠰᠦᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠢ | ᠪᠦᠬᠦᠨ ᠢ ᠪᠦᠷᠬᠦᠬᠦᠯᠤᠭ᠍ᠰᠡᠨ ᠪᠠᠶᠢᠨ᠎ᠠ︔ 4G ᠶᠢᠨ ᠰᠠᠭᠤᠷᠢ ᠥᠷᠲᠡᠭᠡ ᠶᠢ ᠰᠢᠨ᠎ᠡ ᠪᠠᠷ 4 ᠪᠠᠶᠢᠭᠤᠯᠵᠤ᠂ ᠡᠨᠡ ᠵᠢᠯ 4G ᠶᠢᠨ ᠰᠠᠭᠤᠷᠢ ᠥᠷᠲᠡᠭᠡ ᠶᠢ ᠳᠠᠬᠢᠨ | 46 ᠪᠠᠶᠢᠭᠤᠯᠬᠤ ᠪᠠᠷ ᠲᠥᠯᠥᠪᠯᠡᠵᠦ᠂ ᠬᠢᠯᠢ ᠬᠢᠵᠠᠭᠠᠷ ᠣᠷᠣᠨ ᠤ ᠮᠡᠳᠡᠭᠡ ᠬᠤᠯᠪᠣᠭᠠᠨ ᠤ ᠳᠣᠬᠢᠶ᠎ᠠ ᠶᠢ ᠦᠨᠳᠦᠰᠦᠨ ᠳᠡᠭᠡᠨ ᠪᠠᠲᠤᠯᠠᠭ᠎ᠠ ᠲᠠᠢ ᠪᠣᠯᠭᠠᠨ᠎ᠠ᠃ | | | |