ᠠᠷᠠᠳ ᠤᠨ ᠠᠮᠢᠳᠤᠷᠠᠯ ᠪᠣᠯ ᠠᠷᠠᠳ ᠲᠦᠮᠡᠨ ᠤ ᠵᠣᠯ ᠵᠢᠷᠭᠠᠯ ᠤᠨ ᠰᠠᠭᠤᠷᠢ᠂ ᠨᠡᠶᠢᠭᠡᠮ ᠤᠨ ᠡᠶ᠎ᠡ ᠵᠣᠬᠢᠴᠠᠯ ᠤᠨ ᠦᠨᠳᠦᠰᠦ ᠮᠥᠨ᠃ ᠮᠠᠨ ᠤ ᠬᠤᠲᠠ ᠣᠯᠠᠨ | ᠲᠦᠮᠡᠨ ᠤ ᠬᠦᠴᠢᠷ ᠵᠣᠪᠠᠭᠤᠷᠢ ᠶᠢ ᠴᠢᠩᠭ᠎ᠠ ᠠᠩᠬᠠᠷᠴᠤ᠂ ᠠᠷᠠᠳ ᠤᠨ ᠠᠮᠢᠳᠤᠷᠠᠯ ᠤᠨ ᠠᠯᠢ ᠤᠯᠠᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠭᠢᠵᠤ᠂ | ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠬᠤᠳᠠ ᠶᠢᠨ ᠠᠷᠠᠳ ᠲᠦᠮᠡᠨ ᠳᠤ ᠨᠡᠩ ᠤᠯᠠᠨ᠂ ᠨᠡᠩ ᠭᠤᠣᠯᠴᠢ ᠪᠠᠷ ᠡᠳ᠋ᠯᠡᠭᠦᠯᠬᠦ ᠶᠢ ᠠᠭᠢᠭᠤᠯᠤᠨ᠎ᠠ᠃ | | ᠯᠢᠨ ᠾᠧ ᠲᠣᠭᠤᠷᠢᠭ ᠤᠨ ᠴᠢᠩ ᠢ ᠯᠢᠨ ᠬᠠᠢ ᠠᠨ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠬᠦ ᠳᠤ᠂ ᠮᠠᠰᠢᠨ ᠮᠧᠬᠠᠨᠢᠭ ᠭᠦᠷᠴᠢᠭᠢᠨᠡᠨ ᠭᠦᠳᠡᠯᠵᠤ᠂ ᠠᠵᠢᠯᠳᠠᠳ ᠶᠠᠭ ᠭᠤᠣᠯ ᠪᠠᠷᠢᠯᠭ᠎ᠠ ᠶᠢᠨ | ᠪᠦᠲᠦᠭᠡᠨ ᠪᠠᠢᠭᠤᠯᠤᠯᠲᠠ ᠶᠢ ᠱᠠᠯᠠᠪᠳᠠᠨ ᠬᠢᠵᠦ ᠪᠠᠶᠢᠯ᠎ᠠ᠃ | ᠯᠢᠨ ᠾᠧ ᠬᠤᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠰᠢᠨ ᠾᠧ ᠭᠡᠷ ᠪᠠᠶᠢᠰᠢᠩ ᠭᠠᠵᠠᠷ ᠬᠥᠷᠥᠩᠭᠡ ᠶᠢᠨ ᠢᠨᠵᠧᠨᠧᠷᠢᠩ ᠤᠨ ᠬᠡᠯᠲᠡᠰ ᠤᠨ | ᠴᠢᠩ ᠢ ᠯᠢᠨ ᠬᠠᠢ ᠠᠨ ᠲᠥᠷᠥᠯ ᠵᠦᠢᠯ ᠤᠨ ᠬᠠᠷᠢᠭᠤᠴᠠᠯᠭᠠᠲᠠᠨ ᠯᠢ ᠵᠢᠶᠦ᠋ᠨ ᠰᠤᠷᠪᠤᠯᠵᠢᠯᠠᠭᠴᠢ ᠳᠤ ᠲᠥᠷᠥᠯ ᠵᠦᠢᠯ ᠨᠢ ᠨᠡᠶᠢᠲᠡ 19300 ᠲᠡᠭᠰᠢ | ᠳᠥᠷᠪᠡᠯᠵᠢᠨ ᠮᠧᠲᠷ᠂ ᠭᠠᠵᠠᠷ ᠲᠤᠤᠷ᠎ᠠ ᠨᠢᠭᠡ ᠳᠠᠪᠬᠤᠷᠭ᠎ᠠ᠂ ᠭᠠᠵᠠᠷ ᠲᠡᠭᠡᠷ᠎ᠡ 26 ᠳᠠᠪᠬᠤᠷᠭ᠎ᠠ ᠲᠠᠢ᠂ ᠣᠳᠣ ᠨᠢᠭᠡᠨᠲᠡ13 ᠳᠠᠪᠬᠤᠷᠭ᠎ᠠ ᠶᠢᠨ ᠣᠷᠣᠢ ᠶᠢ | ᠪᠢᠲᠡᠭᠦᠮᠵᠢᠯᠡᠵᠦ᠂14 ᠳᠠᠪᠬᠤᠷᠭ᠎ᠠ ᠶᠢᠨ ᠪᠠᠷᠢᠯᠭ᠎ᠠ ᠶᠢᠨ ᠠᠵᠢᠯ ᠢ ᠬᠢᠵᠦ ᠪᠠᠶᠢᠨ᠎ᠠ᠃ ᠬᠥᠮᠥᠨ ᠤ ᠬᠦᠴᠦᠨ ᠤ ᠣᠷᠣᠭᠤᠯᠤᠯᠲᠠ᠂ ᠡᠳ᠋ ᠪᠣᠳᠠᠰ ᠤᠨ ᠬᠠᠩᠭᠠᠯᠭ᠎ᠠ᠂ | ᠠᠮᠤᠷ ᠲᠦᠪᠰᠢᠨ ᠤ ᠠᠷᠭ᠎ᠠ ᠪᠠᠷᠢᠯ ᠵᠡᠷᠭᠡ ᠲᠠᠯ᠎ᠠ ᠪᠠᠷ ᠲᠥᠷᠥᠯ ᠵᠦᠢᠯ ᠤᠨ ᠪᠦᠬᠦᠯᠢ ᠴᠣᠭᠴᠠ ᠶᠢᠨ ᠬᠡᠷᠡᠭᠵᠢᠭᠦᠯᠦᠯᠲᠡ ᠶᠢ ᠪᠥᠬᠦ ᠬᠦᠴᠦᠨ ᠢᠶᠠᠷ ᠢᠶᠠᠨ ᠪᠠᠳᠤᠯᠠᠨ᠎ᠠ | ᠭᠡᠪᠡ᠃ | ᠴᠢᠩ ᠢ ᠯᠢᠨ ᠬᠠᠢ ᠠᠨ ᠨᠡᠶᠢᠲᠡ ᠶᠢᠨ ᠲᠦᠷᠢᠶᠡᠰᠦᠨ ᠭᠡᠷ ᠤᠨ ᠲᠥᠷᠥᠯ ᠵᠦᠢᠯ ᠨᠢ ᠶᠢᠨ ᠭᠤᠸᠠᠨ ᠶᠡᠭᠡ ᠵᠠᠮ ᠤᠨ ᠵᠡᠭᠦᠨ ᠲᠠᠯ᠎ᠠ᠂ ᠺᠠᠢ ᠶᠤᠸᠠᠨ ᠵᠠᠮ ᠤᠨ | ᠪᠠᠷᠠᠭᠤᠨ ᠲᠠᠯ᠎ᠠ᠂ ᠴᠢᠩ ᠹᠧᠩ ᠵᠡᠭᠡᠯᠢ ᠶᠢᠨ ᠬᠤᠶᠢᠲᠤ ᠲᠠᠯ᠎ᠠ ᠪᠠᠷ ᠪᠠᠶᠢᠷᠢᠯᠠᠵᠤ᠂ ᠨᠡᠶᠢᠲᠡ ᠶᠢᠨ ᠲᠦᠷᠢᠶᠡᠰᠦᠨ ᠭᠡᠷ ᠢ 5. 1 ᠲᠦᠮᠡᠨ ᠲᠡᠭᠰᠢ ᠳᠥᠷᠪᠡᠯᠵᠢᠨ ᠮᠧᠲᠷ᠂ | 850 ᠢᠵᠢ ᠲᠣᠬᠢᠷᠠᠭᠤᠯᠤᠨ ᠪᠠᠷᠢᠨ᠎ᠠ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 2.1 ᠳ᠋ᠦᠩᠰᠢᠭᠤᠷ ᠲᠥᠭᠦᠷᠢᠭ ᠲᠤ ᠬᠦᠷᠴᠦ᠂ ᠨᠢᠭᠡᠳᠦᠭᠡᠷ | ᠬᠤᠭᠤᠴᠠᠭᠠᠨ ᠤ ᠲᠦᠷᠦᠯ ᠵᠤᠶᠢᠯ ᠳᠤ 572 ᠢᠵᠢ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠪᠦᠲᠦᠭᠡᠨ ᠪᠠᠶᠢᠭᠤᠯᠵᠤ᠂ 2023 ᠣᠨ ᠤ 8 ᠰᠠᠷ᠎ᠠ | ᠶᠢᠨ 1 ᠤ ᠡᠳᠦᠷ ᠲᠤᠰᠢᠶᠠᠨ ᠥᠭᠴᠦ ᠬᠡᠷᠡᠭᠯᠡᠭᠦᠯᠦᠨ᠎ᠡ᠃ ᠬᠤᠶᠠᠳᠤᠭᠠᠷ ᠬᠤᠭᠤᠴᠠᠭᠠᠨ ᠤ ᠲᠦᠷᠦᠯ ᠵᠤᠶᠢᠯ ᠳᠤ 278 ᠢᠵᠢ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢ ᠪᠦᠳᠦᠭᠡᠨ ᠪᠠᠶᠢᠭᠤᠯᠵᠤ᠂ 2023 ᠣᠨ ᠤ 9 ᠰᠠᠷ᠎ᠠ ᠳᠤ ᠠᠵᠢᠯ ᠡᠬᠢᠯᠡᠭᠦᠯᠪᠡ᠃ | ︽ᠠᠮᠤᠭᠤᠯᠠᠩ ᠣᠷᠣᠨ ᠰᠠᠭᠤᠴᠠ︾ ᠶᠢᠨ ᠢᠨᠵᠧᠨᠧᠷᠢᠩ ᠢ ᠰᠠᠶᠢᠲᠤᠷ ᠬᠢᠬᠦ ᠶᠢᠨ ᠲᠠᠭᠤ᠂ ᠮᠠᠨ ᠤ ᠬᠤᠲᠠ ᠪᠠᠰᠠ ᠬᠤᠲᠠ ᠶᠢᠨ ᠰᠢᠨᠡᠴᠢᠯᠡᠯᠲᠡ ᠶᠢᠨ | ᠠᠵᠢᠯᠯᠠᠭ᠎ᠠ ᠶᠢ ᠬᠡᠷᠡᠭᠵᠢᠭᠦᠯᠵᠦ ᠪᠠᠶᠢᠨ᠎ᠠ᠃ ᠲᠦᠷᠦᠭᠦᠭᠡᠨ ᠯᠢᠨ ᠾᠧ ᠲᠤᠭᠤᠷᠢᠭ ᠤᠨ ᠹᠧᠩ ᠾᠧ ᠵᠠᠮ ᠵᠢᠩᠬᠢᠨᠢ ᠪᠠᠷ ᠲᠡᠷᠭᠡ ᠨᠡᠪᠲᠡᠷᠡᠵᠦ᠂ ᠪᠦᠬᠦ᠋ᠢᠯᠡ ᠵᠠᠮ ᠨᠢ | ᠥᠷᠭᠡᠨ ᠲᠡᠭᠰᠢ᠂ ᠲᠡᠷᠭᠡ ᠰᠠᠭᠠᠳ ᠦᠭᠡᠢ ᠨᠡᠪᠳᠡᠷᠡᠭᠦ ᠶᠢᠨ ᠲᠠᠭᠤ ᠳᠤ ᠤᠰᠤ ᠲᠠᠲᠠᠷᠠᠭᠤᠯᠬᠤ ᠬᠤᠭᠤᠯᠠᠢ ᠶᠢᠨ ᠲᠣᠣᠷ ᠲᠤ ᠪᠤᠷᠤᠭᠠᠨ ᠤ ᠤᠰᠤ ᠪᠠ ᠪᠤᠭᠢᠷ ᠤᠰᠤ ᠶᠢ | ᠰᠠᠯᠭᠠᠬᠤ ᠲᠦᠭᠦᠭᠡᠷᠤᠮᠵᠢ ᠶᠢ ᠢᠵᠢ ᠪᠦᠷᠢᠳᠦᠭᠦᠯᠦᠨ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | ᠯᠢᠨ ᠾᠧ ᠲᠣᠭᠤᠷᠢᠭ ᠤᠨ ᠰᠠᠭᠤᠭᠠᠯᠢ ᠠᠷᠠᠳ ᠶᠠᠩ ᠼᠦᠨ ᠰᠢᠩ ᠰᠤᠷᠪᠤᠯᠵᠢᠯᠠᠭᠴᠢ ᠳᠤ ᠥᠩᠭᠡᠷᠡᠭᠰᠡᠨ ᠳᠤ ᠲᠣᠭᠤᠷᠢᠭ ᠤᠨ ᠲᠤᠮᠳᠠᠭᠢ ᠪᠦᠬᠦ᠋ᠢᠯᠡ ᠵᠠᠮ | ᠨᠢ ᠡᠩᠬᠦᠯ ᠳᠤᠩᠬᠤᠯ᠂ ᠤᠰᠤ ᠬᠤᠷᠠᠪᠠᠯ ᠭᠠᠳᠠᠭᠰᠢ ᠭᠠᠷᠬᠤ ᠳᠤ ᠳᠥᠭᠦᠮ ᠦᠭᠡᠢ ᠪᠠᠶᠢᠭᠰᠠᠨ᠃ ᠡᠨᠡ ᠤᠳᠠᠭ᠎ᠠ ᠡᠨᠡ ᠵᠠᠮ ᠢ ᠵᠠᠰᠠᠭᠠᠳ ᠶᠡᠭᠡ ᠰᠠᠶᠢᠬᠠᠨ | ᠪᠤᠯᠭᠠᠭᠰᠠᠨ᠂ ᠵᠠᠮ ᠤᠨ ᠭᠠᠳᠠᠷᠭᠤ ᠶᠢ ᠥᠷᠭᠡᠵᠢᠭᠦᠯᠦᠭᠰᠡᠨ᠂ ᠪᠠᠰᠠ ᠨᠣᠭᠤᠭᠠᠷᠠᠭᠤᠯᠬᠤ ᠲᠥᠬᠦᠭᠡᠷᠦᠮᠵᠢ ᠲᠠᠢ ᠪᠤᠯᠤᠭᠰᠠᠨ ᠭᠡᠪᠡ᠃ | 2024 ᠣᠨ ᠳᠤ᠂ ᠯᠢᠨ ᠾᠧ ᠲᠣᠭᠤᠷᠢᠭ ᠹᠧᠩ ᠵᠧᠦ ᠵᠠᠮ᠂ ᠯᠢ ᠮᠢᠨ ᠵᠡᠭᠡᠯᠢ᠂ ᠰᠢᠨᠬᠤᠸᠠ ᠵᠡᠭᠡᠯᠢ ᠵᠡᠷᠭᠡ 15 ᠵᠤᠷᠪᠤᠰ 17.3 ᠺᠢᠯᠣᠮᠧᠲᠷ ᠤᠨ | ᠵᠠᠮ ᠳᠤ᠂ ᠬᠤᠭᠤᠯᠠᠢ ᠶᠢᠨ ᠲᠣᠣᠷ ᠢ ᠰᠢᠨᠡᠳᠬᠡᠨ ᠥᠭᠡᠷᠡᠴᠢᠯᠡᠬᠦ ᠢᠨᠵᠧᠨᠧᠷᠢᠩ ᠢ ᠭᠡᠷᠡᠭᠵᠢᠭᠦᠯᠦᠨ᠂ ᠲᠥᠰᠥᠯ ᠳᠤ ᠵᠠᠮ ᠤᠨ ᠬᠡᠰᠡᠭ ᠢ ᠥᠭᠡᠷᠡᠴᠢᠯᠡᠬᠦ᠂ ᠪᠣᠷᠣᠭᠠᠨ ᠤ | ᠤᠰᠤ ᠪᠠ ᠪᠤᠭᠢᠷ ᠤᠰᠤ ᠶᠢ ᠰᠠᠯᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠨ ᠪᠠᠶᠢᠭᠤᠯᠬᠤ ᠶᠢᠨ ᠲᠠᠭᠤ᠂ ᠤᠰᠤ ᠬᠠᠩᠭᠠᠬᠤ᠂ ᠢᠯᠴᠢ ᠬᠠᠩᠭᠠᠬᠤ᠂ ᠪᠠᠶᠢᠭᠠᠯᠢ ᠶᠢᠨ | ᠰᠢᠲᠠᠮᠠᠬᠠᠢ ᠬᠡᠢ᠂ ᠴᠢᠩᠭ᠎ᠠ ᠰᠤᠯᠠ ᠴᠠᠬᠢᠯᠭᠠᠨ ᠵᠡᠷᠭᠡ ᠬᠤᠲᠠ ᠶᠢᠨ ᠵᠠᠰᠠᠭ ᠤᠨ ᠶᠠᠪᠤᠳᠠᠯ ᠤᠨ ᠬᠤᠭᠤᠯᠠᠢ ᠶᠢ ᠰᠢᠨᠡᠳᠬᠡᠨ ᠥᠭᠡᠷᠡᠴᠢᠯᠡᠵᠦ᠂ ᠬᠤᠳᠠ ᠶᠢᠨ | ᠲᠣᠭᠤᠷᠢᠭ ᠤᠨ ᠬᠤᠳᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠣᠷ ᠤᠨ ᠶᠡᠷᠦᠩᠬᠡᠶᠢᠯᠡᠭᠰᠡᠨ ᠲᠠᠭᠠᠭᠠᠴᠠ ᠶᠢᠨ ᠴᠢᠳᠠᠪᠤᠷᠢ ᠶᠢ ᠲᠡᠭᠡᠭᠰᠢᠯᠡᠭᠦᠯᠪᠡ᠃ 8 ᠰᠠᠷ᠎ᠠ ᠶᠢᠨ | 1 ᠤ ᠡᠳᠦᠷ ᠪᠣᠯᠲᠠᠯ᠎ᠠ᠂ ᠹᠧᠩᠵᠧᠦ ᠵᠠᠮ᠂ ᠹᠧᠩ ᠾᠧ ᠵᠠᠮ ᠤᠨ ᠬᠡᠰᠡᠭ ᠵᠡᠷᠭᠡ 5 ᠵᠤᠷᠪᠤᠰ ᠵᠠᠮ ᠤᠨ 5.06 ᠺᠢᠯᠣᠮᠧᠲᠷ ᠵᠠᠮ ᠢ ᠰᠢᠨ᠎ᠡ ᠪᠠᠷ ᠵᠠᠰᠠᠬᠤ᠂ | ᠦᠭᠡᠷᠡᠴᠢᠯᠡᠨ ᠪᠠᠶᠢᠭᠤᠯᠬᠤ ᠠᠵᠢᠯ ᠢ ᠨᠢᠭᠡᠨᠳᠡ ᠲᠠᠭᠤᠰᠬᠠᠪᠠ᠃ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠠᠷᠠᠳ ᠤᠨ ᠠᠮᠢᠳᠤᠷᠠᠯ ᠳᠤ ᠨᠡᠩ ᠰᠠᠶᠢᠨ ᠬᠦᠷᠲᠡᠭᠡᠬᠦ ᠶᠢᠨ ᠲᠥᠯᠥᠭᠡ᠂ ᠮᠠᠨ ᠤ ᠬᠤᠲᠠ ᠠᠷᠠᠳ ᠤᠨ | ᠠᠮᠢᠳᠤᠷᠠᠯ ᠤᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠵᠠᠮ ᠬᠠᠷᠢᠯᠴᠠᠭ᠎ᠠ ᠶᠠᠪᠤᠵᠤ ᠰᠠᠭᠤᠬᠤ ᠠᠴᠠ ᠰᠤᠷᠭᠠᠨ ᠬᠥᠮᠦᠵᠢᠯ ᠡᠮ ᠡᠮᠨᠡᠯᠭᠡ ᠬᠦᠷᠲᠡᠯ᠎ᠡ᠂ ᠠᠳᠠᠯ | ᠦᠢᠯᠡᠰ ᠴᠣᠭᠴᠠᠯᠠᠵᠤ ᠠᠵᠢᠯ ᠣᠯᠭᠤᠬᠤ ᠠᠴᠠ ᠬᠦᠴᠢᠷᠳᠡᠯᠲᠡᠢ ᠬᠥᠮᠥᠰ ᠲᠤ ᠦᠢᠯᠡᠴᠢᠯᠡᠵᠦ ᠪᠠᠲᠤᠯᠠᠭ᠎ᠠ ᠬᠠᠩᠭᠠᠬᠤ ᠬᠦᠷᠲᠡᠯ᠎ᠡ᠂ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠳ ᠨᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠴᠦᠲᠡᠢ ᠪᠠ ᠬᠠᠯᠠᠮᠵᠢᠯᠠᠵᠤ ᠪᠠᠶᠢᠭ᠎ᠠ ᠶᠢ ᠲᠤᠰᠬᠠᠭᠰᠠᠨ ᠪᠠᠶᠢᠨ᠎ᠠ᠃ ᠡᠨᠡ ᠵᠢᠯ᠂ ᠮᠠᠨ ᠤ | ᠬᠤᠲᠠ 7.95 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ᠂ ᠬᠠᠶᠢᠷ᠎ᠠ ᠬᠠᠯᠠᠮᠵᠢ ᠶᠢᠨ ᠢᠨᠵᠧᠨᠧᠷᠢᠩ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ | ᠭᠤᠣᠯᠳᠠᠭᠤ ᠢᠯᠴᠢ ᠶᠢᠨ ᠡᠬᠢ ᠰᠤᠷᠪᠤᠯᠵᠢ ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠬᠦ᠂ ᠢᠯᠴᠢ ᠶᠢᠨ ᠬᠤᠭᠤᠯᠠᠢ ᠶᠢᠨ ᠲᠣᠣᠷ ᠢ ᠰᠢᠨᠡᠳᠬᠡᠨ ᠥᠭᠡᠷᠡᠴᠢᠯᠡᠬᠦ᠂ | ᠢᠯᠴᠢ ᠶᠢᠨ ᠬᠦᠴᠦᠨ ᠤ ᠦᠷᠳᠡᠭᠡ ᠶᠢ ᠰᠢᠨ᠎ᠡ ᠪᠠᠷ ᠪᠠᠶᠢᠭᠤᠯᠵᠤ ᠥᠭᠡᠷᠡᠴᠢᠯᠡᠬᠦ ᠵᠡᠷᠭᠡ 47 ᠲᠦᠷᠦᠯ ᠵᠤᠶᠢᠯ ᠢ ᠭᠡᠷᠡᠭᠵᠢᠭᠦᠯᠭᠦ ᠪᠤᠯᠤᠨ᠎ᠠ᠃ ᠪᠠᠶᠠᠨᠨᠠᠭᠤᠷ ᠥᠷᠲᠡᠭᠡ ᠶᠢ | ᠵᠢᠩᠬᠢᠨᠢ ᠪᠠᠷ ᠠᠰᠢᠭᠯᠠᠯᠳᠠ ᠳᠤ ᠤᠷᠤᠭᠤᠯᠤᠭᠰᠠᠨ ᠨᠢ ᠪᠥᠬᠦ ᠬᠤᠲᠠ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠᠰᠠ | ᠨᠢᠭᠡ ᠯᠠᠪᠳᠠᠭᠤᠨ ᠪᠠᠲᠤᠲᠠᠢ ᠠᠯᠬᠤᠮ ᠢ ᠠᠯᠬᠤᠭᠰᠠᠨ ᠢ ᠬᠠᠷᠠᠭᠤᠯᠵᠤ᠂ ᠮᠦᠨᠴᠤ ᠪᠤᠭᠤᠲᠤ ᠠᠴᠠ ᠢᠷᠭᠠᠢ ᠭᠦᠷᠭᠦ ᠲᠦᠷᠭᠡᠨ ᠤ ᠲᠡᠮᠦᠷ ᠵᠠᠮ ᠤᠨ ᠪᠦᠬᠦ ᠱᠤᠭᠤᠮ ᠤᠨ | ᠨᠡᠪᠲᠡᠷᠡᠬᠦ ᠳᠤ ᠰᠠᠭᠤᠷᠢ ᠲᠠᠯᠪᠢᠵᠤ ᠥᠭᠴᠡᠢ᠃ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠡᠨᠡ ᠵᠢᠯ ᠠᠴᠠ ᠨᠠᠰᠢ ᠬᠤᠲᠠ | ᠪᠠᠯᠭᠠᠰᠤᠨ ᠤ 5002 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠠᠳᠠᠯᠢ ᠬᠤᠭᠤᠴᠠᠭᠠᠨ ᠤ ᠬᠢ ᠠᠴᠠ 6.88% ᠪᠠᠷ ᠨᠡᠮᠡᠭᠳᠡᠨ᠂ ᠮᠠᠯᠵᠢᠬᠤ ᠲᠠᠷᠢᠶᠠᠯᠠᠬᠤ | ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ 124069 ᠬᠥᠮᠥᠨ ᠳᠤ ᠠᠵᠢᠯ ᠤᠯᠭᠤᠨ᠂ ᠠᠳᠠᠯᠢ ᠬᠤᠭᠤᠴᠠᠭᠠᠨ ᠤ ᠬᠢ ᠠᠴᠠ 35.07% ᠨᠡᠮᠡᠭᠳᠡᠪᠡ︔ | ᠪᠥᠬᠦ ᠬᠤᠲᠠ ᠶᠢᠨ ᠠᠰᠢᠭᠯᠠᠯᠲᠠ ᠳᠤ ᠣᠷᠣᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ 11 ᠪᠠᠶᠢᠵᠤ᠂ ᠠᠰᠢᠭᠯᠠᠯᠲᠠ ᠳᠤ | ᠣᠷᠣᠭᠤᠯᠤᠭᠰᠠᠨ ᠨᠡᠶᠢᠭᠡᠮ ᠲᠤᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ 59 ᠪᠠᠶᠢᠵᠤ᠂ ᠪᠥᠬᠦ ᠬᠤᠲᠠ ᠶᠢᠨ 125 ᠨᠡᠶᠢᠭᠡᠮ | ᠲᠣᠭᠤᠷᠢᠭ ᠢ ᠬᠠᠮᠤᠷᠴᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠷᠬᠦᠴᠡ 99% ᠳᠤ ᠬᠥᠷᠪᠡ᠃ | |