ᠮᠠᠨ ᠤ ᠬᠤᠲᠠ ᠲᠠᠷᠢᠶᠠᠯᠠᠩ ᠤᠨ ᠤᠰᠤ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠨᠡᠩ ᠣᠯᠠᠨ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ ᠤᠨ ᠵᠠᠭᠪᠤᠷ ᠢ ᠬᠠᠶᠢᠨ ᠰᠦᠪᠡᠭᠴᠢᠯᠡᠵᠦ᠂ ᠴᠢᠨᠠᠷ ᠰᠠᠶᠢᠲᠠᠢ ᠬᠥᠭᠵᠢᠯᠲᠡ ᠨᠢ ᠤᠰᠤᠨ ᠤ ᠡᠬᠢ | ᠪᠠᠶᠠᠯᠢᠭ᠂ ᠤᠰᠤᠨ ᠤ ᠠᠮᠢ ᠠᠬᠤᠢ᠂ ᠤᠰᠤᠨ ᠤ ᠣᠷᠴᠢᠨ ᠲᠣᠭᠤᠷᠢᠨ ᠤ ᠳᠠᠭᠠᠭᠠᠴᠠ ᠲᠠᠢ ᠵᠣᠬᠢᠴᠠᠭᠰᠠᠨ ᠲᠠᠷᠢᠶᠠᠯᠠᠩ ᠤᠨ ᠥᠨᠳᠥᠷ ᠪᠦᠲᠦᠮᠵᠢᠲᠡᠢ ᠤᠰᠤ | ᠠᠷᠪᠢᠯᠠᠬᠤ ᠵᠠᠮ ᠢᠶᠠᠷ ᠵᠠᠮᠨᠠᠨ᠎ᠠ᠃ | ᠯᠢᠨ ᠾᠧ ᠲᠣᠭᠤᠷᠢᠭ ᠤᠨ ᠴᠧᠩ ᠭᠤᠸᠠᠨ ᠪᠠᠯᠭᠠᠰᠤᠨ ᠳᠤ ᠪᠠᠶᠢᠭ᠎ᠠ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠲᠡᠭᠡᠳᠤ ᠰᠢᠨᠵᠢᠯᠡᠭᠦ ᠮᠡᠷᠭᠡᠵᠢᠯ ᠤᠨ | ᠣᠷᠣᠨ ᠤ ᠣᠶᠤᠨᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠲᠣᠭᠤᠷᠢᠭ ᠲᠤ ᠭᠦᠷᠭᠦ ᠳᠤ᠂ ᠲᠥᠪᠡᠳ ᠬᠠᠰᠢ ᠶᠢᠨ ᠤᠷᠭᠤᠯᠲᠠ ᠶᠢᠨ ᠪᠠᠶᠢᠳᠠᠯ ᠨᠢ ᠭᠦᠮᠦᠰ ᠤᠨ | ᠰᠡᠳᠬᠢᠯ ᠢ ᠪᠠᠶᠠᠰᠬᠠᠨ᠎ᠠ᠃ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠣᠹᠧᠰᠰᠣᠷ ᠾᠥᠸᠧ ᠽᠠᠢ ᠯᠢᠨ ᠲᠠᠷᠢᠶᠠᠨ ᠭᠠᠵᠠᠷ ᠲᠤ ᠣᠶᠤᠨᠴᠢ | ᠤᠰᠤᠯᠠᠯᠲᠠ ᠶᠢᠨ ᠰᠢᠰᠲ᠋ᠧᠮ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠵᠦ ᠪᠠᠶᠢᠯ᠎ᠠ᠃ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ | ᠲᠠᠷᠢᠶᠠᠯᠠᠩ ᠤᠨ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠠᠰᠢᠭᠯᠠᠬᠤ ᠪᠥᠬᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠭᠡᠭᠡᠷ᠎ᠡ | ᠭᠠᠳᠠᠭ᠎ᠠ ᠲᠤᠷᠰᠢᠯᠳᠠ ᠭᠢᠭᠦ ᠴᠢᠬᠤᠯᠠ ᠲᠠᠪᠴᠠᠩ ᠪᠤᠯᠤᠭᠰᠠᠨ ᠤ ᠬᠤᠪᠢ ᠳᠤ᠂ ᠬᠦᠷᠢᠶᠡᠯᠡᠩ ᠲᠣᠭᠤᠷᠢᠭ ᠲᠤ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ | ᠰᠤᠷᠭᠠᠭᠤᠯᠢ ᠶᠢᠨ ᠪᠦᠯᠬᠦᠮ ᠤᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠲᠠᠷᠢᠶᠠᠯᠠᠩ ᠤᠨ ᠤᠰᠤᠨ ᠵᠦᠢ ᠶᠢᠨ ᠣᠶᠤᠨᠴᠢ | ᠬᠢᠨᠠᠨ ᠬᠡᠮᠵᠢᠬᠦ ᠰᠢᠰᠲ᠋ᠧᠮ ᠢ ᠭᠡᠷᠡᠭᠯᠡᠨ᠂ ᠲᠠᠷᠢᠶᠠᠨ ᠭᠠᠵᠠᠷ ᠤᠨ ᠴᠠᠭ ᠠᠭᠤᠷ ᠤᠨ ᠡᠯᠧᠮᠧᠨ᠋ᠲ ᠵᠢᠴᠢ ᠬᠥᠷᠥᠰᠥ ᠰᠢᠷᠣᠢ ᠶᠢᠨ ᠤᠰᠤ ᠶᠢ ᠵᠡᠷᠭᠡ ᠳᠤᠨᠢ ᠬᠢᠨᠠᠨ ᠬᠡᠮᠵᠢᠵᠦ | ᠂ ᠰᠢᠨᠵᠢᠯᠡᠬᠦ ᠤᠬᠠᠭᠠᠨᠴᠢ ᠪᠠᠷ ᠤᠰᠤᠯᠠᠬᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠡᠷᠡᠭᠯᠡᠨ᠎ᠡ᠃ | ᠨᠢᠳᠤᠨᠤᠨ ᠠᠴᠠ ᠨᠠᠰᠢ᠂ ᠪᠠᠶᠠᠨᠨᠠᠭᠤᠷ ᠬᠤᠳᠠ ᠶᠢᠨ ᠯᠢᠩ ᠳ᠋ᠡ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠯᠢᠨ ᠾᠧ | ᠲᠣᠭᠤᠷᠢᠭ ᠤᠨ ᠴᠧᠩ ᠭᠤᠸᠠᠨ ᠪᠠᠯᠭᠠᠰᠤᠨ ᠤ ᠰᠤᠬᠠᠢ ᠲᠣᠰᠬᠤᠨ ᠳᠤ 5600 ᠮᠦ ᠭᠠᠵᠠᠷ ᠰᠢᠷᠣᠢ ᠶᠢ ᠰᠢᠯᠵᠢᠭᠦᠯᠦᠨ ᠲᠠᠷᠢᠶᠠᠯᠠᠩ ᠤᠨ ᠲᠡᠭᠡᠳᠤ ᠰᠢᠨᠵᠢᠯᠡᠭᠦ | ᠮᠡᠷᠭᠡᠵᠢᠯ ᠤᠨ ᠣᠷᠣᠨ ᠤ ᠣᠶᠤᠨᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠵᠤ ᠡᠷᠳᠡᠨᠢ ᠰᠢᠰᠢ᠂ ᠨᠡᠷᠡᠨ ᠬᠤᠸᠠᠷ᠂ ᠲᠥᠪᠡᠳ ᠬᠠᠰᠢ | ᠵᠡᠷᠭᠡ ᠲᠠᠷᠢᠮᠠᠯ ᠳᠠᠷᠢᠬᠤ ᠶᠢᠨ ᠲᠠᠭᠤ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠣᠶᠤᠨᠴᠢ ᠤᠰᠤᠯᠠᠯᠲᠠ ᠶᠢᠨ ᠰᠢᠢᠳᠪᠦᠷᠢᠲᠦ ᠪᠣᠳᠣᠯᠭ᠎ᠠ ᠶᠢᠨ | ᠮᠡᠷᠭᠡᠵᠢᠯ᠂ ᠣᠶᠤᠨᠴᠢ ᠤᠰᠤᠯᠠᠯᠲᠠ ᠶᠢᠨ ᠬᠠᠮᠢᠶᠠᠷᠤᠨ ᠡᠵᠡᠮᠳᠡᠬᠦ ᠮᠡᠷᠭᠡᠵᠢᠯ ᠵᠢᠴᠢ ᠲᠠᠷᠢᠶᠠᠯᠠᠩ ᠤᠨ ᠤᠰᠤ ᠠᠷᠪᠢᠯᠠᠬᠤ᠂ ᠣᠯᠠᠨ ᠡᠬᠢᠲᠦ ᠪᠣᠬᠢᠷᠲᠤᠯ ᠤᠨ | ᠰᠡᠷᠭᠡᠶᠢᠯᠡᠯᠲᠡ ᠶᠢ ᠡᠵᠡᠮᠳᠡᠬᠦ ᠵᠡᠷᠭᠡ ᠬᠠᠮᠢᠶ᠎ᠠ ᠪᠦᠬᠦᠢ ᠮᠡᠷᠭᠡᠵᠢᠯ ᠢ ᠰᠤᠳᠤᠯᠤᠨ ᠨᠡᠭᠡᠭᠡᠵᠦ᠂ ᠵᠢᠱᠢᠶ᠎ᠡ ᠦᠵᠡᠭᠦᠯᠭᠦ ᠲᠠᠯ᠎ᠠ ᠪᠠᠷ ᠬᠠᠮᠲᠤᠷᠠᠨ ᠠᠵᠢᠯᠯᠠᠪᠠ᠃ | ᠪᠠᠶᠠᠨᠨᠠᠭᠤᠷ ᠬᠤᠳᠠ ᠶᠢᠨ ᠯᠢᠩ ᠳ᠋ᠠ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠪᠢᠨ | ᠰᠤᠷᠪᠤᠯᠵᠢᠯᠠᠭᠴᠢ ᠳᠤ ᠮᠠᠨ ᠤ ᠤᠳᠤ ᠶᠢᠨ ᠬᠡᠮᠵᠢᠨ ᠪᠠᠶᠢᠴᠠᠭᠠᠭᠰᠠᠨ ᠢᠶᠠᠷ ᠦᠵᠡᠪᠡᠯ᠂ ᠥᠩᠭᠡᠷᠡᠭᠰᠡᠨ ᠤ ᠬᠠᠳᠤᠨ ᠭᠤᠤᠯ ᠤᠨ ᠤᠰᠤᠯᠠᠯᠲᠠ ᠲᠠᠢ ᠠᠳᠠᠯᠢᠳᠬᠠᠪᠠᠯ | 40% ᠠᠴᠠ ᠳᠡᠭᠡᠭᠰᠢ ᠤᠰᠤ ᠠᠷᠪᠢᠯᠠᠨ᠎ᠠ᠃ ᠪᠢᠳᠡᠨ ᠤ ᠡᠩ ᠤᠨ ᠡᠳᠡᠭᠡᠷ ᠳᠤᠰᠤᠯᠭᠠᠨ ᠤᠰᠤᠯᠠᠯᠲᠠ ᠪᠠᠷ ᠠᠪᠴᠤ ᠬᠡᠯᠡᠭᠰᠡᠨ ᠴᠦ ᠪᠠᠰᠠ 15%-20% ᠤᠰᠤ | ᠠᠷᠪᠢᠯᠠᠨ᠎ᠠ᠃ ᠡᠶᠢᠮᠦ ᠠᠴᠠ ᠬᠠᠮᠤᠭ ᠶᠡᠭᠡ ᠦᠢᠯᠡᠳᠦᠯ ᠨᠢ ᠤᠰᠤ ᠶᠢ ᠠᠷᠪᠢᠯᠠᠵᠤ᠂ ᠪᠠᠰᠠ ᠥᠪᠡᠷ ᠤᠨ ᠦᠷᠳᠡᠭ ᠢ ᠠᠷᠪᠢᠯᠠᠭᠰᠠᠨ ᠪᠠᠶᠢᠨ᠎ᠠ᠃ ᠨᠢᠳᠤᠨᠤᠨ ᠤ ᠡᠷᠳᠡᠨᠢ | ᠰᠢᠰᠢ ᠶᠢᠨ ᠬᠤᠷᠢᠶᠠᠯᠳᠠ᠂ ᠡᠨᠡ ᠵᠢᠯ ᠤᠨ ᠣᠳᠣ ᠶᠢᠨ ᠲᠥᠪᠡᠳ ᠬᠠᠰᠢ ᠶᠢᠨ ᠤᠷᠭᠤᠴᠠ ᠶᠢᠨ ᠪᠠᠶᠢᠳᠠᠯ ᠠᠴᠠ ᠦᠵᠡᠪᠡᠯ᠂ ᠭᠠᠷᠤᠯᠲᠠ ᠨᠢ 15% ᠣᠷᠴᠢᠮ | ᠨᠡᠮᠡᠭᠳᠡᠭᠰᠡᠨ ᠪᠠᠶᠢᠨ᠎ᠠ ᠭᠡᠪᠡ᠃ | ᠮᠠᠨ ᠤ ᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠳᠤᠮᠳᠠᠳᠤ ᠤᠯᠤᠰ ᠤᠨ ᠤᠰᠤᠨ ᠤ ᠰᠢᠨᠵᠢᠯᠡᠬᠦ | ᠤᠬᠠᠭᠠᠨ ᠤ ᠬᠦᠷᠢᠶᠡᠯᠡᠩ᠂ ᠬᠠᠲᠤᠨ ᠭᠤᠣᠯ ᠤᠨ ᠤᠰᠤᠨ ᠤ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ | ᠦᠬᠠᠨ ᠶᠡᠭᠡ ᠰᠤᠷᠭᠠᠭᠤᠯᠢ ᠵᠡᠷᠭᠡ 40 ᠭᠠᠷᠤᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠪᠣᠯᠣᠨ ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠯᠴᠠᠵᠤ᠂ | ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠥᠷᠥᠰᠥ ᠰᠢᠷᠣᠢ ᠶᠢ ᠬᠤᠵᠢᠷᠰᠢᠭᠤᠯᠬᠤ᠂ ᠤᠰᠤ ᠳᠠᠪᠤᠰᠤ ᠶᠢ ᠲᠡᠩᠴᠡᠭᠦᠷᠢᠲᠡᠢ ᠪᠠᠶᠢᠯᠭᠠᠬᠤ᠂ ᠤᠰᠤᠨ ᠤ ᠡᠷᠬᠡ ᠶᠢ | ᠡᠷᠦᠬᠡ ᠳᠤ ᠬᠦᠷᠭᠡᠬᠦ᠂ ᠥᠨᠳᠥᠷ ᠪᠦᠳᠦᠮᠵᠢᠳᠠᠢ ᠤᠰᠤ ᠠᠷᠪᠢᠯᠠᠬᠤ ᠤᠰᠤᠯᠠᠯᠲᠠ ᠵᠡᠷᠭᠡ ᠬᠦᠴᠢᠷ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠭᠦᠯᠦᠨ᠂ ᠰᠢᠨᠵᠢᠯᠡᠬᠦ | ᠤᠬᠠᠭᠠᠨ ᠮᠡᠷᠭᠡᠵᠢᠯ ᠤᠨ ᠰᠤᠳᠤᠯᠭᠠᠨ ᠢ 300 ᠭᠠᠷᠤᠢ ᠵᠦᠢᠯ ᠥᠷᠨᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠱᠠᠩᠨᠠᠯ ᠢ 113 | ᠵᠦᠢᠯ ᠬᠦᠷᠳᠡᠪᠡ᠃ ᠬᠠᠳᠤᠨ ᠭᠤᠤᠯ ᠤᠨ ᠤᠰᠤ ᠶᠢ ᠴᠡᠪᠡᠷᠰᠢᠭᠦᠯᠦᠨ ᠳᠤᠰᠤᠯᠭᠠᠨ ᠤᠰᠤᠯᠠᠬᠤ᠂ ᠰᠢᠯᠵᠢᠮᠡᠯ ᠮᠠᠶ᠋ᠢᠭ ᠤᠨ ᠰᠢᠭᠤᠳ ᠱᠦᠭᠦᠵᠦ ᠳᠤᠰᠤᠯᠭᠠᠨ | ᠤᠰᠤᠯᠠᠬᠤ ᠵᠡᠷᠭᠡ ᠥᠨᠳᠥᠷ ᠪᠦᠲᠦᠮᠵᠢᠲᠡᠶ ᠤᠰᠤ ᠠᠷᠪᠢᠯᠠᠬᠤ ᠵᠠᠭᠪᠤᠷ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠵᠢᠭᠦᠯᠵᠦ᠂ ᠤᠰᠤ ᠪᠣᠷᠳᠣᠭᠤᠷ ᠢ ᠨᠢᠭᠡ | ᠴᠣᠭᠴᠠᠵᠢᠭᠤᠯᠤᠨ ᠳᠤᠰᠤᠯᠭᠠᠨ ᠤᠰᠤᠯᠠᠬᠤ ᠶᠢ ᠨᠡᠶᠢᠲᠡ 433.45 ᠲᠦᠮᠡᠨ ᠮᠤ᠋ ᠬᠡᠷᠡᠭᠵᠢᠭᠦᠯᠪᠡ᠃ 2023 ᠣᠨ ᠳᠤ᠂ ᠪᠥᠬᠦ ᠬᠤᠲᠠ ᠳᠤ 1.426 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠠᠷᠢᠶᠠᠯᠠᠩ ᠤᠨ ᠤᠰᠤ ᠠᠷᠪᠢᠯᠠᠬᠤ ᠶᠢ ᠪᠡᠶᠡᠯᠡᠭᠦᠯᠵᠦ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠢ ᠳᠤᠮᠳᠠᠳᠤ | ᠤᠯᠤᠰ ᠤᠨ ᠤᠰᠤᠯᠠᠯᠲᠠ ᠶᠢᠨ ᠣᠷᠣᠨ ᠤ ᠨᠡᠶᠢᠭᠡᠮᠯᠢᠭ ᠠᠴᠠ ︽ᠤᠰᠤ ᠠᠷᠪᠢᠯᠠᠬᠤ ᠬᠡᠯᠪᠡᠷᠢ ᠶᠢᠨ ᠵᠢᠱᠢᠶ᠎ᠡ ᠦᠵᠡᠭᠦᠯᠬᠦ ᠤᠰᠤᠯᠠᠯᠲᠠ ᠶᠢᠨ ᠣᠷᠣᠨ︾ ᠤ ᠨᠡᠷᠡᠶᠢᠳᠦᠯ | ᠣᠯᠭᠤᠪᠠ᠃ | | |