ᠮᠠᠨ ᠤ ᠬᠤᠲᠠ 332.27 ᠲᠦᠮᠡᠨ ᠮᠦ ᠠᠮᠢ ᠠᠬᠤᠢ ᠶᠢᠨ ᠵᠠᠰᠠᠯᠲᠠ ᠶᠢ ᠨᠢᠭᠡᠨᠲᠡ ᠪᠡᠶᠡᠯᠡᠭᠦᠯᠵᠡᠢ
ᠨᠡᠶᠢᠲᠡᠯᠡᠭᠰᠡᠨ ᠴᠠᠭ᠄
2024/8/21
      ᠲᠦᠷᠦᠭᠦᠬᠡᠨ᠂ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠨᠢ᠂ ᠮᠠᠨ ᠤ ᠬᠤᠲᠠ ᠶᠢᠨ ᠬᠠᠲᠤᠨ ᠭᠤᠤᠯ ᠤᠨ ︽ᠲᠣᠬᠤᠢ︾᠎ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠯᠠᠪᠳᠠᠭᠤᠨ ᠪᠠᠲᠤᠲᠠᠶ ᠠᠭᠢᠵᠤ᠂ ᠣᠲᠣ ᠪᠣᠯᠲᠠᠯ᠎ᠠ ᠨᠢᠭᠡᠨᠲᠡ 332.27 ᠲᠦᠮᠡᠨ ᠮᠥ ᠠᠮᠢ ᠠᠬᠤᠶ ᠶᠢᠨ ᠵᠠᠰᠠᠯᠲᠠ ᠶᠢ ᠪᠡᠶᠡᠯᠡᠭᠦᠯᠦᠭᠰᠡᠨ ᠪᠠᠶᠢᠨ᠎ᠠ᠃ ᠡᠭᠦᠨ ᠳᠤ᠂ ᠪᠥᠬᠦ ᠤᠯᠤᠰ ᠤᠨ ᠴᠢᠬᠤᠯᠠ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ 263.81 ᠲᠦᠮᠡᠨ ᠮᠥ᠂ ︽ᠭᠤᠷᠪᠠᠨ ᠤᠮᠠᠷᠠᠲᠤ︾᠎ ᠶᠢᠨ ᠬᠠᠯᠬᠠᠪᠴᠢ ᠣᠶ ᠶᠢᠨ ᠢᠨᠵᠧᠨᠧᠷᠢᠩ 22.79 ᠲᠦᠮᠡᠨ ᠮᠥ᠂ ᠲᠥᠪ ᠤᠨ ᠡᠳ᠋ ᠤᠨ ᠵᠠᠰᠠᠭ ᠤᠨ ᠲᠥᠷᠥᠯ ᠵᠦᠢᠯ 33.37 ᠲᠦᠮᠡᠨ ᠮᠥ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠬᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ 12.3 ᠲᠦᠮᠡᠨ ᠮᠥ ᠪᠠᠶᠢᠨ᠎ᠠ᠃      ᠠᠮᠢ ᠠᠬᠤᠢ ᠶᠢᠨ ᠵᠠᠰᠠᠯᠲᠠ ᠶᠢ ᠲᠦᠷᠭᠡᠨ ᠠᠬᠢᠭᠤᠯᠬᠤ ᠶᠢᠨ ᠬᠠᠮᠲᠤ᠂ ᠮᠠᠨ ᠤ ᠬᠤᠲᠠ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠵᠠᠰᠠᠭ ᠵᠠᠬᠢᠷᠭᠠᠨ ᠤ ᠣᠷᠣᠨ ᠠᠯᠤᠰᠯᠠᠨ ᠬᠠᠲᠤᠨ ᠭᠤᠤᠯ ᠤᠨ ᠤᠷᠤᠰᠬᠠᠯ ᠡᠯᠡᠰᠦ ᠶᠢ ᠵᠠᠰᠠᠬᠤ ᠠᠵᠢᠯ ᠢ ᠥᠷᠨᠢᠭᠦᠯᠬᠦ ᠶᠢ ᠲᠦᠷᠦᠭᠦᠯᠡᠨ ᠰᠠᠨᠠᠭᠠᠴᠢᠯᠠᠵᠤ᠂ ᠬᠥᠷᠰᠢ ᠵᠡᠷᠭᠡᠯᠡᠳᠡᠭᠡ ᠠᠯᠠᠱᠠ ᠠᠶᠢᠮᠠᠭ ᠵᠡᠷᠭᠡ ᠳᠥᠷᠪᠡᠨ ᠠᠶᠢᠮᠠᠭ ᠬᠤᠲᠠ ᠲᠠᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠬᠡᠯᠡᠯᠴᠡᠭᠡᠷ ᠲᠣᠭᠲᠠᠵᠤ᠂ ᠨᠡᠭᠦᠳᠡᠯ ᠡᠯᠡᠰᠦ ᠶᠢ ᠭᠠᠷ ᠬᠤᠯᠪᠣᠨ ᠬᠤᠷᠢᠭᠯᠠᠵᠤ ᠪᠠᠶᠢᠨ᠎ᠠ᠃ ᠡᠯᠡᠰᠦ ᠮᠠᠩᠬ᠎ᠠ ᠬᠢᠭᠡᠳ ᠬᠠᠲᠤᠨ ᠭᠤᠤᠯ ᠤᠨ ᠭᠠᠷ ᠬᠤᠯᠪᠣᠯᠴᠠᠭᠰᠠᠨ ᠳ᠋ᠧᠩᠺᠸᠤ ᠰᠢᠶᠠᠨ ᠤ ᠯᠢᠦ ᠭᠤᠸᠠᠢ ᠡᠯᠡᠰᠦᠨ ᠦᠵᠦᠭᠦᠷ ᠢ ᠪᠣᠭᠤᠮᠲᠠ ᠰᠢᠪᠲᠤᠯᠬᠤ ᠳᠠᠶᠢᠯᠠᠯᠳᠤᠭᠠᠨ ᠤ ︽ᠨᠢᠭᠡᠳᠦᠭᠡᠷ ᠥᠨᠳᠥᠷ ᠭᠠᠵᠠᠷ︾ ᠪᠣᠯᠭᠠᠵᠤ᠂ 10.35 ᠲᠦᠮᠡᠨ ᠮᠥ ᠭᠠᠵᠠᠷ ᠢ ᠵᠠᠰᠠᠵᠤ᠂ 20  ᠮᠧᠲᠷ ᠲᠤᠷᠤᠭ ᠮᠣᠳᠣᠨ ᠤ ᠣᠶ ᠶᠢᠨ ᠡᠯᠡᠰᠦ ᠶᠢ ᠬᠠᠰᠢᠬᠤ ᠬᠡᠷᠡᠮ᠂ 100  ᠮᠧᠲᠷ ᠤᠨ ᠪᠤᠲᠠᠯᠢᠭ ᠮᠣᠳᠣᠨ ᠤ ᠣᠶ ᠶᠢᠨ ᠡᠯᠡᠰᠦ ᠶᠢ ᠬᠤᠷᠢᠭᠯᠠᠬᠤ ᠪᠦᠰᠡ ᠶᠢ ᠪᠣᠶ ᠪᠣᠯᠭᠠᠵᠤ᠂ 2000  ᠮᠧᠲᠷ ᠤᠨ ᠡᠪᠡᠰᠦ ᠳᠠᠷᠢᠵᠤ ᠡᠯᠡᠰᠦ ᠶᠢ ᠲᠣᠭᠲᠠᠪᠤᠷᠢᠵᠢᠭᠤᠯᠬᠤ ᠲᠣᠤᠷ ᠢ ᠪᠣᠶ ᠪᠣᠯᠭᠠᠵᠤ᠂ ᠨᠡᠭᠦᠳᠡᠯ ᠡᠯᠡᠰᠦᠨ ᠤ ᠬᠠᠲᠤᠨ ᠭᠤᠤᠯ ᠳᠤ ᠣᠷᠣᠬᠤ ᠶᠢ ᠪᠦᠲᠦᠮᠵᠢᠲᠡᠶ ᠬᠤᠷᠢᠭᠯᠠᠪᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ