ᠥᠭᠡᠷᠡᠴᠢᠯᠡᠯᠲᠡ ᠨᠡᠭᠡᠭᠡᠯᠲᠡ ᠬᠢᠭᠰᠡᠨ ᠪᠠᠶᠠᠨᠨᠠᠭᠤᠷ ᠤᠨ ᠦᠢᠯᠡᠳᠦᠯᠭᠡ — ᠥᠭᠡᠷᠡᠴᠢᠯᠡᠯᠲᠡ ᠪᠠᠷ ᠬᠥᠭᠵᠢᠯᠲᠡ ᠶᠢ ᠠᠬᠢᠭᠤᠯᠵᠤ ᠠᠮᠢ ᠠᠬᠤᠢ ᠠᠴᠠ ᠦᠷ᠎ᠡ ᠠᠰᠢᠭ ᠣᠯᠣᠨ᠎ᠠ
ᠨᠡᠶᠢᠲᠡᠯᠡᠭᠰᠡᠨ ᠴᠠᠭ᠄
2024/8/21
      ᠮᠠᠨ ᠤ ᠬᠤᠳᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠪᠦᠬᠦ ᠲᠠᠯ᠎ᠠ᠂ ᠪᠦᠬᠦ ᠣᠷᠣᠨ ᠪᠦᠰᠡ᠂ ᠪᠦᠬᠦ ᠶᠠᠪᠤᠴᠠ ᠳᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠳᠤ ᠠᠮᠢ ᠠᠬᠤᠢ ᠶᠢᠨ ᠰᠠᠭᠤᠷᠢ ᠥᠩᠭᠡ ᠶᠢ ᠵᠢᠷᠤᠭᠯᠠᠵᠤ ᠥᠭᠭᠦᠨ᠎ᠡ᠃       ᠤᠷᠠᠳ ᠤᠨ ᠬᠤᠶᠢᠲᠤ ᠬᠤᠰᠢᠭᠤᠨ ᠤ ᠰᠢᠨ ᠬᠤᠩ ᠣᠶ ᠰᠢᠭᠤᠢ ᠶᠢᠨ ᠲᠠᠯᠠᠪᠠᠶ ᠶᠢᠨ ᠣᠶ ᠰᠢᠭᠤᠢ ᠵᠢᠮᠢᠰ ᠤᠨ ᠠᠵᠤ ᠦᠢᠯᠡᠰ ᠤᠨ ᠬᠦᠷᠢᠶᠡᠯᠡᠩ ᠳᠤ ᠵᠢᠮᠢᠰ ᠤᠨ ᠮᠣᠳᠣ ᠲᠡᠷᠢ ᠲᠡᠭᠰᠢ ᠵᠢᠭᠳᠡᠷᠡᠨ᠂ ᠨᠠᠮᠠᠭ᠎ᠠ ᠲᠦᠭᠦᠷᠡᠩ ᠵᠢᠮᠢᠰ ᠰᠠᠭᠤᠵᠤ᠂ ᠮᠤᠳᠤᠨ ᠲᠤᠤᠷ᠎ᠠ ᠲᠠᠷᠢᠭᠰᠠᠨ ᠡᠪᠡᠰᠦᠨ ᠡᠮ ᠨᠢ ᠤᠷᠭᠤᠴᠠ ᠰᠠᠶᠢᠳᠠᠢ᠂ ᠡᠮ ᠤᠨ ᠮᠠᠲ᠋ᠧᠷᠢᠶᠠᠯ ᠤᠨ ᠠᠩᠬᠢᠯᠤᠮ᠎ᠠ ᠦᠨᠦᠷ ᠬᠠᠩᠬᠤᠯᠵᠤ ᠪᠠᠶᠢᠯ᠎ᠠ᠃ ᠣᠶ ᠰᠢᠭᠤᠢ ᠶᠢᠨ ᠲᠠᠯᠠᠪᠠᠶ ᠨᠢ ᠠᠵᠤ ᠠᠬᠤᠶᠢᠯᠠᠯ᠂ ᠲᠠᠷᠢᠶᠠᠴᠢᠨ ᠡᠷᠦᠬᠡ ᠲᠠᠢ ᠭᠠᠷ ᠬᠤᠯᠪᠣᠯᠴᠠᠨ᠂ ᠪᠣᠰᠤᠭ᠎ᠠ ᠴᠣᠭᠴᠠᠲᠤ ᠲᠠᠷᠢᠶᠠᠯᠠᠩ ᠤᠨ ᠰᠢᠨ᠎ᠡ ᠵᠠᠭᠪᠤᠷ ᠢ ᠬᠠᠮᠲᠤ ᠪᠠᠷ ᠬᠠᠶᠢᠨ ᠰᠦᠪᠡᠭᠴᠢᠯᠡᠵᠤ᠂ ᠣᠶ ᠮᠤᠳᠤᠨ ᠤ ᠲᠤᠳᠤᠷ᠎ᠠ ᠬᠢᠲᠠᠳ ᠡᠮ ᠤᠨ ᠮᠠᠲ᠋ᠧᠷᠢᠶᠠᠯ ᠳᠠᠷᠢᠬᠤ ᠪᠠᠷ ᠳᠡᠮᠵᠢᠨ᠂ ᠤᠢ ᠮᠤᠳᠤ ᠲᠠᠢ ᠭᠠᠵᠠᠷ ᠤᠨ ᠨᠡᠮᠡᠯᠲᠡ ᠥᠷᠲᠡᠭ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠲᠤᠬᠠᠢ ᠶᠢᠨ ᠭᠠᠵᠠᠷ ᠤᠨ ᠲᠠᠷᠢᠶᠠᠴᠢᠳ ᠲᠤ ᠦᠷ᠎ᠡ ᠠᠰᠢᠭ ᠠᠪᠴᠢᠷᠠᠪᠠ᠃       ᠤᠷᠠᠳ ᠤᠨ ᠬᠤᠶᠢᠲᠤ ᠬᠤᠰᠢᠭᠤᠨ ᠤ ᠰᠢᠨ ᠬᠤᠩ ᠣᠶ ᠰᠢᠭᠤᠢ ᠶᠢᠨ ᠲᠠᠯᠠᠪᠠᠶ ᠳᠠᠬᠢ ᠭᠦᠯᠦᠰᠤᠨ ᠠᠵᠢᠯᠴᠢᠨ ᠱᠠᠩ ᠫᠢᠩ ᠰᠤᠷᠪᠤᠯᠵᠢᠯᠠᠭᠴᠢ ᠳᠤ ᠨᠢᠭᠡ ᠡᠳᠦᠷ ᠲᠤ 150 ᠲᠥᠭᠦᠷᠢᠭ ᠣᠯᠵᠤ᠂ ᠨᠢᠳᠤᠨᠤᠨ ᠵᠢᠯ 3.2 ᠲᠦᠮᠡᠨ ᠲᠥᠭᠦᠷᠢᠭ ᠤᠯᠤᠭᠰᠠᠨ ᠭᠡᠪᠡ᠃      2023 ᠣᠨ ᠤ 12 ᠰᠠᠷ᠎ᠠ ᠶᠢᠨ 21 ᠤ ᠡᠳᠦᠷ᠂ ᠤᠯᠤᠰ ᠤᠨ ᠣᠶ ᠰᠢᠭᠤᠢ  ᠨᠤᠳᠤᠭ ᠪᠡᠯᠴᠢᠭᠡᠷ ᠤᠨ ᠲᠣᠪᠴᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠤᠯᠤᠰ ᠤᠨ ᠥᠮᠴᠢᠯᠡᠯ ᠤᠨ ᠣᠶ ᠰᠢᠭᠤᠢ ᠶᠢᠨ ᠲᠠᠯᠠᠪᠠᠶ ᠶᠢᠨ ᠲᠤᠷᠰᠢᠯᠲᠠ ᠶᠢᠨ ᠴᠢᠭ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠳᠤᠮᠳᠠ᠂ ᠤᠷᠠᠳ ᠤᠨ ᠬᠤᠶᠢᠲᠤ ᠬᠤᠰᠢᠭᠤᠨ ᠤ ᠰᠢᠨ ᠬᠤᠩ ᠣᠶ ᠰᠢᠭᠤᠢ ᠶᠢᠨ ᠲᠠᠯᠠᠪᠠᠶ ᠶᠢ ᠪᠠᠭᠲᠠᠭᠠᠭᠰᠠᠨ ᠮᠠᠨ ᠤ ᠬᠤᠲᠠ ᠶᠢᠨ 6 ᠣᠶ ᠰᠢᠭᠤᠢ ᠶᠢᠨ ᠬᠠᠮᠢᠶᠠᠷᠤᠯᠲᠠ ᠶᠢᠨ ᠲᠥᠪ ᠲᠤᠷᠰᠢᠯᠲᠠ ᠶᠢᠨ ᠴᠡᠭ ᠤᠨ ᠨᠡᠷᠡᠰ ᠲᠤ ᠣᠷᠣᠵᠠᠢ᠃ ᠡᠯ᠎ᠡ ᠤᠢ ᠰᠢᠭᠤᠢ ᠶᠢᠨ ᠬᠠᠮᠢᠶᠠᠷᠤᠯᠲᠠ ᠶᠢᠨ ᠲᠥᠪ ᠨᠢ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠭᠠᠩ ᠢ ᠡᠰᠡᠷᠭᠦᠴᠡᠬᠦ ᠮᠣᠳᠣᠨ ᠤ ᠲᠥᠷᠥᠯ ᠡᠪᠡᠰᠦᠨ ᠤ ᠲᠥᠷᠥᠯ ᠤᠨ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠪᠠᠲᠤᠯᠠᠭ᠎ᠠ ᠶᠢᠨ ᠴᠢᠨᠠᠷᠲᠠᠢ ᠵᠤᠯᠵᠠᠭ᠎ᠠ ᠮᠣᠳᠣᠨ ᠤ ᠬᠦᠷᠢᠶᠡᠯᠡᠩ ᠪᠠ ᠰᠢᠯᠢᠳᠡᠭ ᠦᠷ᠎ᠡ ᠶᠢᠨ  ᠵᠢᠱᠢᠶ᠎ᠡ ᠦᠵᠡᠭᠦᠯᠭᠦ ᠰᠠᠭᠤᠷᠢᠨ ᠭᠠᠵᠠᠷ ᠢ ᠪᠠᠶᠢᠭᠤᠯᠬᠤ ᠶᠢᠨ ᠲᠠᠭᠤ᠂ ᠠᠵᠤ ᠠᠬᠤᠢ ᠶᠢᠨ ᠣᠶ ᠰᠢᠭᠤᠢ ᠵᠡᠷᠭᠡ ᠠᠮᠢ ᠠᠬᠤᠢ ᠶᠢᠨ ᠠᠵᠤ ᠦᠢᠯᠡᠰ ᠢ ᠬᠥᠭᠵᠢᠭᠦᠯᠵᠦ᠂ ᠣᠳᠣᠬᠠᠨ ᠳᠤ᠂ 6 ᠲᠤᠷᠰᠢᠯᠲᠠ ᠶᠢᠨ ᠴᠢᠭ ᠤᠨ ᠣᠶ ᠰᠢᠭᠤᠢ ᠶᠢᠨ ᠲᠠᠯᠠᠪᠠᠶ ᠳᠤ ᠨᠢᠭᠡᠨᠲᠡ 2.06 ᠲᠦᠮᠡᠨ ᠮᠦ ᠠᠮᠢ ᠠᠬᠤᠢ ᠶᠢᠨ ᠵᠠᠰᠠᠯᠲᠠ ᠶᠢ ᠪᠡᠶᠡᠯᠡᠭᠦᠯᠦᠨ᠂ 5050 ᠲᠦᠮᠡᠨ ᠰᠠᠭᠤᠷᠢ ᠴᠢᠬᠢ ᠪᠣᠶᠢᠵᠢᠭᠤᠯᠪᠠ᠃       ᠥᠭᠡᠷᠡᠴᠢᠯᠡᠯᠲᠡ ᠪᠠᠷ ᠬᠥᠭᠵᠢᠯᠲᠡ ᠶᠢ ᠠᠬᠢᠭᠤᠯᠵᠤ᠂ ᠠᠮᠢ ᠠᠬᠤᠢ ᠠᠴᠠ ᠦᠷ᠎ᠡ ᠠᠰᠢᠭ ᠤᠯᠤᠨ᠎ᠠ᠃ ᠡᠨᠡ ᠵᠢᠯ᠂ ᠮᠠᠨ ᠤ ᠬᠤᠲᠠ ᠬᠥᠬᠡ ᠲᠡᠭᠷᠢ᠂ ᠴᠡᠩᠬᠡᠷ ᠤᠰᠤ᠂ ᠠᠷᠢᠭᠤᠨ ᠴᠡᠪᠡᠷ ᠨᠤᠲᠤᠭ ᠤᠰᠤ ᠪᠠᠨ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠭᠢᠵᠤ᠂ ᠠᠵᠤ ᠦᠢᠯᠡᠰ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠢ ᠲᠦᠯᠬᠢᠨ ᠠᠬᠢᠭᠤᠯᠵᠤ᠂ ᠤᠯᠤᠰ ᠤᠨ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠠᠷᠢᠭᠤᠨ ᠴᠡᠪᠡᠷ ᠳᠤᠯᠠᠭᠠᠯᠠᠭ᠎ᠠ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠦᠨ᠎ᠡ᠃       ᠡᠨᠡ ᠬᠡᠳᠦᠨ ᠡᠳᠦᠷ᠂ ᠰᠢᠨ᠎ᠡ ᠨᠢᠭᠡ ᠡᠭᠡᠯᠵᠢ ᠶᠢᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠥᠷᠥᠯ ᠵᠦᠢᠯ ᠦᠶᠤᠸᠠᠨ ᠰᠢᠶᠠᠨ ᠤ ᠾᠧ ᠱᠧᠩ ᠰᠢᠶᠠᠩ ᠤᠨ ᠰᠢᠨ ᠵᠢᠶᠠᠨ ᠲᠣᠰᠬᠤᠨ ᠳᠤ ᠣᠷᠣᠵᠤ᠂ ᠣᠲᠣ ᠪᠦᠭᠦ ᠲᠣᠰᠬᠤᠨ ᠤ 90% ᠤᠨ ᠠᠶᠢᠯ ᠡᠷᠦᠭᠡ ︽ᠨᠡᠭᠦᠷᠡᠰᠦ ᠰᠢᠲᠠᠭᠠᠵᠤ ᠦᠨᠡᠰᠦ ᠬᠠᠶᠠᠬᠤ︾ ᠠᠮᠢᠳᠤᠷᠠᠯ ᠠᠴᠠ ᠪᠠᠨ ᠠᠶᠠᠷᠯᠠᠵᠤ᠂ ᠳᠤᠯᠠᠭᠠᠯᠠᠭ᠎ᠠ ᠶᠢᠨ ᠰᠦᠢᠳᠬᠡᠯ ᠢᠶᠠᠨ ᠪᠠᠭᠤᠷᠠᠭᠤᠯᠬᠤ ᠪᠠᠷ ᠪᠠᠷᠠᠬᠤ ᠦᠭᠡᠢ ᠠᠮᠢᠳᠤᠷᠠᠯ ᠤᠨ ᠣᠷᠴᠢᠨ ᠲᠣᠭᠤᠷᠢᠨ ᠢᠶᠠᠨ ᠰᠠᠶᠢᠵᠢᠷᠠᠭᠤᠯᠪᠠ᠃      ᠦᠶᠤᠸᠠᠨ ᠰᠢᠶᠠᠨ ᠤ ᠾᠧ ᠱᠧᠩ ᠰᠢᠶᠠᠩ ᠤᠨ ᠰᠢᠨ ᠵᠢᠶᠠᠨ ᠲᠣᠰᠬᠤᠨ ᠤ ᠨᠠᠮ ᠤᠨ ᠡᠭᠦᠷ ᠤᠨ ᠳᠡᠳ᠋ ᠱᠦᠵᠢ ᠳ᠋ᠢᠩ ᠵᠢᠶᠠᠨ ᠫᠢᠩ ᠰᠤᠷᠪᠤᠯᠵᠢᠯᠠᠭᠴᠢ ᠳᠤ ᠡᠨᠡ ᠵᠢᠯ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠦᠷᠦᠯ ᠵᠤᠶᠢᠯ ᠳᠤ 69 ᠡᠷᠦᠬᠡ ᠤᠷᠤᠭᠰᠠᠨ᠂ ᠨᠢᠭᠡ ᠳᠤᠯᠠᠭᠠᠯᠠᠭ᠎ᠠ ᠶᠢᠨ ᠤᠯᠠᠷᠢᠯ ᠳᠤ 100 ᠲᠡᠭᠰᠢ ᠳᠥᠷᠪᠡᠯᠵᠢᠨ ᠮᠧᠲᠷ ᠠᠴᠠ ᠳᠣᠷᠣᠭᠰᠢᠬᠢ ᠴᠠᠬᠢᠯᠭᠠᠨ ᠬᠡᠷᠡᠭᠯᠡᠬᠦ ᠵᠠᠷᠤᠳᠠᠯ ᠨᠢ 1500 ᠲᠥᠭᠦᠷᠢᠭ ᠣᠷᠴᠢᠮ ᠪᠠᠶᠢᠳᠠᠭ ᠭᠡᠪᠡ᠃      ᠡᠨᠡ ᠵᠢᠯ᠂ ᠪᠥᠬᠦ ᠬᠤᠲᠠ ᠶᠢᠨ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠲᠥᠷᠥᠯ ᠵᠦᠢᠯ ᠢ 3.62 ᠲᠦᠮᠡᠨ ᠡᠷᠦᠬᠡ ᠳᠤ ᠬᠡᠷᠡᠭᠵᠢᠭᠦᠯᠬᠦ ᠪᠠᠷ ᠲᠥᠯᠥᠪᠯᠡᠵᠦ᠂ ᠣᠲᠣ ᠨᠢᠭᠡᠨᠲᠡ 2.42 ᠲᠦᠮᠡᠨ ᠡᠷᠦᠬᠡ ᠳᠤ ᠤᠭᠰᠠᠷᠠᠪᠠ᠃ ᠬᠥᠬᠡᠮᠳᠦᠭ ᠨᠣᠭᠤᠭᠠᠨ ᠠᠭᠤᠯᠠ ᠤᠰᠤᠨ ᠳᠤ ᠲᠤᠭ᠎ᠠ ᠲᠣᠮᠰᠢ ᠦᠭᠡᠢ ᠡᠬᠢ ᠪᠠᠶᠠᠯᠢᠭ ᠬᠠᠳᠠᠭᠠᠯᠠᠭᠳᠠᠵᠤ ᠪᠤᠢ᠃ ᠮᠠᠨ ᠤ ᠬᠤᠲᠠ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠯᠡᠨ ᠠᠭᠢᠭᠤᠯᠵᠤ᠂  ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ︽ᠤᠮᠠᠷᠠᠳᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠪᠠ ᠬᠠᠲᠤᠨ ᠭᠤᠣᠯ ᠤᠨ ︽ᠲᠤᠬᠤᠢ︾ ᠶᠢᠨ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠪᠦᠬᠦ ᠲᠠᠯ᠎ᠠ ᠪᠠᠷ ᠡᠭᠢᠯᠡᠭᠦᠯᠵᠤ᠂ ᠠᠭᠤᠯᠠ ᠶᠢ ᠬᠠᠮᠠᠭᠠᠯᠠᠬᠤ᠂ ᠤᠰᠤ ᠠᠷᠪᠢᠯᠠᠬᠤ᠂ ᠣᠶᠢᠵᠢᠭᠤᠯᠬᠤ᠂ ᠲᠠᠷᠢᠶᠠᠨ ᠭᠠᠵᠠᠷ ᠢ ᠥᠭᠡᠷᠡᠴᠢᠯᠡᠬᠦ᠂ ᠨᠠᠭᠤᠷ ᠢ ᠬᠠᠮᠠᠭᠠᠯᠠᠬᠤ᠂ ᠡᠪᠡᠰᠦ ᠪᠡᠯᠴᠢᠭᠡᠷ ᠢ ᠨᠡᠮᠡᠭᠳᠡᠭᠦᠯᠬᠦ᠂ ᠡᠯᠡᠰᠦ ᠶᠢ ᠵᠠᠰᠠᠬᠤ ᠶᠢ ᠨᠢᠭᠡᠳᠦᠭᠦᠯᠭᠦ ᠠᠷᠠᠭ᠎ᠠ ᠶᠢ ᠰᠠᠶᠢᠲᠤᠷ ᠬᠢᠬᠦ ᠪᠠᠷ ᠳᠠᠮᠵᠢᠨ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠪᠣᠯᠭᠠᠨ ᠬᠤᠪᠢᠷᠠᠭᠤᠯᠤᠨ᠎ᠠ᠃ ᠣᠳᠣᠬᠠᠨ ᠳᠤ᠂ ᠪᠥᠬᠦ ᠬᠤᠲᠠ ᠳᠤ ᠨᠢᠭᠡᠨᠲᠡ 269.72 ᠲᠦᠮᠡᠨ ᠮᠦ ᠡᠯᠡᠰᠦ ᠶᠢ ᠰᠡᠷᠭᠡᠶᠢᠯᠡᠨ ᠵᠠᠰᠠᠬᠤ ᠠᠵᠢᠯ ᠢ ᠪᠡᠶᠡᠯᠡᠭᠦᠯᠦᠨ᠂ 2023 ᠣᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠵᠠᠰᠠᠯᠲᠠ ᠶᠢᠨ ᠬᠡᠪᠴᠢᠶ᠎ᠡ ᠨᠢ 5 ᠳᠠᠬᠢᠨ ᠢᠯᠡᠭᠦᠦ ᠥᠷᠭᠡᠳᠴᠦ᠂ ᠵᠠᠰᠠᠯᠲᠠ ᠶᠢᠨ ᠠᠬᠢᠴᠠ ᠨᠢ 8 ᠳᠠᠬᠢᠨ ᠢᠯᠡᠭᠦᠦ ᠳᠡᠭᠡᠭᠰᠢᠯᠡᠵᠡᠢ︔ 20 ᠰᠢᠬᠠᠮ  ᠬᠤᠷᠰᠢᠶᠠᠵᠢᠯ᠂ 40 ᠭᠠᠷᠤᠢ ᠠᠵᠤ ᠠᠬᠤᠶᠢᠯᠠᠯ᠂ 1.6 ᠲᠦᠮᠡ ᠭᠠᠷᠤᠢ ᠮᠠᠯᠴᠢᠨ ᠲᠠᠷᠢᠶᠠᠴᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠵᠤ᠂ ᠮᠠᠯᠴᠢᠨ ᠲᠠᠷᠢᠶᠠᠴᠢᠨ ᠤ ᠬᠥᠮᠥᠨ ᠳᠤᠮᠳᠠᠴᠢ ᠶᠢᠨ ᠣᠷᠣᠯᠭ᠎ᠠ 1.2 ᠲᠦᠮᠡᠨ ᠲᠥᠭᠦᠷᠢᠭ ᠨᠡᠮᠡᠭᠳᠡᠪᠡ᠃ ᠠᠮᠢ ᠠᠬᠤᠢ ᠶᠢ ᠬᠠᠮᠠᠭᠠᠯᠠᠬᠤ ᠪᠠ ᠵᠤᠭᠠᠴᠠᠨ ᠲᠣᠭᠤᠷᠢᠬᠤ ᠶᠢ ᠵᠣᠬᠢᠴᠠᠩᠭᠤᠢ ᠪᠠᠷ ᠬᠥᠭᠵᠢᠭᠦᠯᠵᠦ᠂ 2023 ᠣᠨ ᠳᠤ᠂ ᠮᠠᠨ ᠤ ᠬᠤᠲᠠ ᠶᠢᠨ ᠠᠮᠢ ᠠᠬᠤᠢ ᠶᠢᠨ ᠵᠢᠭᠤᠯᠴᠢᠯᠠᠯ ᠤᠨ ᠦᠢᠯᠡᠳᠬᠦᠨ ᠤ ᠥᠷᠲᠡᠭ 2.43 ᠳ᠋ᠦᠩᠰᠢᠭᠤᠷ ᠲᠥᠭᠦᠷᠢᠭ ᠲᠤ ᠬᠥᠷᠪᠡ︔ ᠪᠦᠬᠦ ᠬᠤᠳᠠ ᠳᠤ 1193 ᠨᠡᠷᠡᠰ ᠭᠤᠣᠯ ᠨᠠᠭᠤᠷ ᠤᠨ ᠳᠠᠷᠤᠭ᠎ᠠ᠂ 2057 ᠨᠡᠷᠡᠰ ᠤᠢ ᠰᠢᠭᠤᠢ ᠶᠢᠨ ᠳᠠᠷᠤᠭ᠎ᠠ ᠠᠵᠢᠯ ᠤᠨ ᠪᠠᠶᠢᠷᠢ ᠳᠤ ᠭᠠᠷᠴᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠠᠭᠤᠯᠠ ᠶᠢ ᠬᠠᠮᠢᠶᠠᠷᠬᠤ ᠬᠥᠮᠥᠨ ᠲᠠᠢ᠂ ᠨᠣᠭᠤᠭᠠᠨ ᠥᠩᠭᠡ ᠶᠢ ᠬᠠᠮᠠᠭᠠᠯᠠᠬᠤ ᠬᠥᠮᠥᠨ ᠲᠠᠢ᠂ ᠤᠰᠤ ᠶᠢ ᠵᠠᠰᠠᠬᠤ ᠬᠥᠮᠥᠨ ᠲᠠᠢ᠂ ᠬᠠᠷᠢᠭᠤᠴᠠᠯᠭ᠎ᠠ ᠢ ᠡᠭᠦᠷᠭᠡᠯᠡᠭᠦᠯᠬᠦ ᠬᠥᠮᠥᠨ ᠲᠠᠢ ᠪᠠᠶᠢᠬᠤ ᠶᠢ ᠪᠡᠶᠡᠯᠡᠭᠦᠯᠪᠡ᠃ 
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ