ᠤᠶᠢᠷ᠎ᠠ ᠳᠤ᠂ G0616 ᠭᠠᠭᠴᠠᠮᠤᠳᠤ ᠠᠴᠠ ᠬᠠᠯᠢᠭᠤᠳᠤ ᠭᠦᠷᠭᠦ ᠦᠨᠳᠤᠷ ᠬᠤᠷᠳᠤᠴᠠᠳᠤ ᠵᠠᠰᠠᠮᠠᠯ ᠵᠠᠮ ᠤᠨ ᠪᠠᠷᠠᠭᠤᠨ ᠲᠠᠯ᠎ᠠ ᠪᠣᠯᠣᠨ ᠶᠡᠷᠦᠩᠬᠡᠢ ᠤᠰᠤᠨ | ᠰᠤᠪᠠᠭ ᠤᠨ ᠳᠠᠯᠠᠩ ᠤᠨ ᠵᠠᠰᠠᠮᠠᠯ ᠵᠠᠮ ᠪᠦᠬᠦ ᠱᠤᠭᠤᠮ ᠢᠶᠠᠷ ᠢᠶᠠᠨ ᠲᠡᠷᠭᠡ ᠨᠡᠪᠲᠡᠷᠡᠵᠡᠶ᠃ ᠪᠠᠶᠠᠨᠨᠠᠭᠤᠷ ᠬᠤᠲᠠ ᠶᠢᠨ ᠴᠢᠬᠤᠯᠠ ᠵᠠᠮ ᠬᠠᠷᠢᠯᠴᠠᠭᠠᠨ ᠤ ᠭᠤᠣᠯ | ᠵᠠᠮ ᠤᠨ ᠲᠥᠷᠥᠯ ᠵᠦᠢᠯ ᠪᠤᠯᠬᠤ ︽ᠨᠢᠭᠡ ᠬᠥᠨᠳᠡᠯᠡᠨ ᠨᠢᠭᠡ ᠭᠤᠯᠳᠤ︾ ᠬᠤᠶᠠᠷ ᠵᠠᠰᠠᠮᠠᠯ ᠵᠠᠮ ᠤᠨ ᠲᠡᠷᠭᠡ ᠨᠡᠪᠳᠡᠷᠡᠭᠰᠡᠨ ᠨᠢ ᠪᠦᠭᠦ ᠬᠤᠳᠠ ᠶᠢᠨ ᠵᠠᠮ | ᠬᠠᠷᠢᠯᠴᠠᠭᠠᠨ ᠤ ᠲᠣᠣᠷ ᠰᠦᠯᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠣᠷᠣᠨ ᠪᠦᠰᠡ ᠶᠢᠨ ᠵᠠᠮ ᠬᠠᠷᠢᠯᠴᠠᠭᠠᠨ ᠤ ᠳᠥᠭᠦᠮ ᠳᠥᠲᠡ ᠴᠢᠨᠠᠷ ᠢ | ᠲᠡᠭᠡᠭᠰᠢᠯᠡᠭᠦᠯᠦᠭᠰᠡᠨ ᠪᠠᠶᠢᠨ᠎ᠠ᠃ | G0616 ᠭᠠᠭᠴᠠᠮᠤᠳᠤ ᠠᠴᠠ ᠬᠠᠯᠢᠭᠤᠳᠤ ᠭᠦᠷᠭᠦ ᠦᠨᠳᠤᠷ ᠬᠤᠷᠳᠤᠴᠠᠳᠤ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠲᠤᠬᠠᠢ ᠶᠢᠨ ᠲᠠᠯᠠᠪᠤᠷ ᠲᠤ᠂ ᠵᠠᠰᠠᠮᠠᠯ ᠵᠠᠮ ᠤᠨ ᠪᠠᠷᠠᠭᠤᠨ ᠲᠠᠯ᠎ᠠ ᠶᠢ ᠨᠢᠭᠡᠨᠲᠡ ᠪᠥᠬᠦ ᠱᠤᠭᠤᠮ ᠢᠶᠠᠷ ᠨᠠᠪᠲᠠᠷᠡᠭᠦᠯᠵᠦ᠂ ᠨᠢᠭᠡ ᠬᠡᠰᠡᠭ ᠢᠵᠢ ᠪᠦᠷᠢᠳᠦᠭᠦᠯᠭᠦ | ᠲᠦᠭᠦᠭᠡᠷᠤᠮᠵᠢ ᠶᠢ ᠨᠢᠭᠡᠨᠲᠡ ᠤᠭᠰᠠᠷᠠᠵᠤ ᠳᠠᠭᠤᠰᠬᠠᠭᠠᠳ᠂ ᠲᠥᠷᠥᠯ ᠵᠦᠢᠯ ᠢ ᠪᠥᠬᠦ ᠲᠠᠯ᠎ᠠ ᠪᠠᠷ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠬᠠᠷᠠᠯᠲᠠ ᠶᠢ | ᠪᠡᠶᠡᠯᠡᠭᠦᠯᠬᠦ ᠳᠤ ᠪᠠᠲᠤ ᠨᠤᠲᠠᠲᠠᠢ ᠨᠢᠭᠡ ᠠᠯᠬᠤᠮ ᠢ ᠠᠯᠬᠤᠵᠠᠢ᠃ | ᠪᠠᠶᠠᠨᠨᠠᠭᠤᠷ ᠬᠤᠳᠠ ᠶᠢᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠣᠶᠤᠨᠲᠤ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠶᠢᠨ 60 ᠰᠢᠨ᠎ᠡ | ᠡᠨᠧᠷᠭᠢ ᠶᠢᠨ ᠲᠣᠮᠣ ᠪᠠᠷᠠᠭᠠᠨ ᠤ ᠲᠡᠷᠭᠡ ᠭᠠᠭᠴᠠᠮᠣᠳᠤ ᠪᠣᠭᠤᠮᠲᠠ ᠪᠠ ᠬᠠᠯᠢᠭᠤᠳᠤ ᠪᠠᠯᠭᠠᠰᠤ ᠶᠢᠨ ᠬᠤᠭᠤᠷᠤᠨᠳᠤ ᠨᠠᠭᠠᠰᠢ ᠴᠠᠭᠠᠰᠢ ᠪᠠᠷᠠᠭ᠎ᠠ ᠵᠦᠭᠡᠭᠡᠪᠦᠷᠢᠯᠡᠨ | ᠶᠠᠪᠤᠵᠤ ᠪᠠᠶᠢᠯ᠎ᠠ᠃ ᠣᠳᠣ ᠨᠢᠭᠡ ᠢᠷᠡᠵᠦ ᠶᠠᠪᠤᠬᠤ ᠳᠤ11 ᠴᠠᠭ ᠬᠡᠷᠡᠭᠰᠡᠨ᠎ᠡ᠂ G0616 ᠭᠠᠭᠴᠠᠮᠤᠳᠤ ᠠᠴᠠ ᠬᠠᠯᠢᠭᠤᠳᠤ ᠭᠦᠷᠭᠦ ᠦᠨᠳᠤᠷ ᠬᠤᠷᠳᠤᠴᠠᠳᠤ | ᠵᠠᠰᠠᠮᠠᠯ ᠵᠠᠮ ᠲᠡᠷᠭᠡ ᠨᠡᠪᠲᠡᠷᠡᠭᠰᠡᠨ ᠤ ᠳᠠᠷᠠᠭ᠎ᠠ᠂ ᠢᠷᠡᠵᠦ ᠶᠠᠪᠤᠬᠤ ᠴᠠᠭ ᠪᠠᠷᠤᠭ 7 ᠴᠠᠭ ᠪᠣᠯᠭᠠᠨ ᠪᠣᠭᠤᠨᠢᠰᠬᠠᠵᠤ ᠪᠣᠯᠣᠨ᠎ᠠ᠃ | ᠪᠠᠶᠠᠨᠨᠠᠭᠤᠷ ᠬᠤᠲᠠ ᠶᠢᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠣᠶᠤᠨᠴᠢ ᠪᠠᠷᠠᠭᠠᠨ ᠤ ᠭᠦᠢᠯᠭᠡᠭᠡᠨ ᠤ ᠳᠡᠳ᠋ ᠶᠡᠷᠦᠩᠬᠡᠢ ᠳᠠᠭᠠᠭᠠᠮᠠᠯ ᠵᠠᠩ ᠵᠢᠢ | ᠴᠢᠩ ᠰᠤᠷᠪᠤᠯᠵᠢᠯᠠᠭᠴᠢ ᠳᠤ ᠤᠤᠯ ᠳᠠᠭᠠᠨ ᠨᠢᠭᠡ ᠡᠳᠦᠷ ᠲᠤ ᠨᠢᠭᠡ ᠤᠳᠠᠭ᠎ᠠ ᠶᠠᠪᠤᠵᠤ ᠪᠠᠶᠢᠭᠰᠠᠨ᠂ ᠣᠳᠣ ᠡᠨᠡ ᠵᠠᠮ ᠨᠡᠪᠲᠡᠷᠡᠭᠰᠡᠨ ᠤ ᠳᠠᠷᠠᠭ᠎ᠠ ᠪᠠᠷᠤᠭ ᠬᠤᠶᠠᠷ | ᠡᠳᠦᠷ ᠲᠤ ᠭᠤᠷᠪᠠ ᠤᠳᠠᠭ᠎ᠠ ᠭᠦᠶᠦᠨ᠎ᠡ᠂ ᠮᠠᠨ ᠤ ᠡᠨᠡ ᠠᠵᠤ ᠠᠬᠤᠢᠯᠠᠯ ᠤᠨ ᠦᠷ᠎ᠡ ᠠᠰᠢᠭ ᠢ ᠨᠡᠮᠡᠭᠳᠡᠭᠦᠯᠬᠦ ᠪᠠᠷ ᠪᠠᠷᠠᠬᠤ ᠦᠭᠡᠢ ᠪᠠᠰᠠ ᠪᠠᠷᠠᠭᠠᠨ ᠤ | ᠭᠦᠢᠯᠭᠡᠭᠡ ᠶᠢᠨ ᠥᠨᠳᠥᠷ ᠪᠦᠲᠦᠮᠵᠢᠲᠦ ᠴᠢᠨᠠᠷ ᠪᠠ ᠳᠥᠭᠦᠮ ᠳᠥᠲᠡ ᠴᠢᠨᠠᠷ ᠢ ᠨᠡᠮᠡᠭᠳᠡᠭᠦᠯᠦᠨ᠎ᠡ ᠭᠡᠪᠡ᠃ | ᠭᠠᠭᠴᠠᠮᠤᠳᠤ ᠠᠴᠠ ᠬᠠᠯᠢᠭᠤᠳᠤ ᠭᠦᠷᠭᠦ ᠦᠨᠳᠤᠷ ᠬᠤᠷᠳᠤᠴᠠᠳᠤ ᠵᠠᠰᠠᠮᠠᠯ ᠵᠠᠮ ᠤᠨ ᠲᠦᠷᠦᠯ ᠵᠦᠢᠯ ᠪᠣᠯ ᠭᠠᠭᠴᠠᠮᠣᠳᠤ ᠠᠴᠠ ᠮᠤᠨᠠ ᠠᠭᠤᠯᠠ ᠬᠦᠷᠬᠦ | ᠦᠨᠳᠤᠷ ᠬᠤᠷᠳᠤᠴᠠᠳᠤ ᠵᠠᠰᠠᠮᠠᠯ ᠵᠠᠮ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 55 ᠳ᠋ᠦᠩᠰᠢᠭᠤᠷ | ᠲᠥᠭᠦᠷᠢᠭ᠂ ᠭᠤᠣᠯ ᠱᠤᠭᠤᠮ ᠤᠨ ᠪᠥᠬᠦ ᠣᠷᠳᠣ ᠨᠢ 131.235 ᠺᠢᠯᠣᠮᠧᠲᠷ᠂ ᠬᠤᠣᠰ ᠴᠢᠭᠯᠡᠯ ᠤᠨ ᠳᠥᠷᠪᠡᠨ ᠲᠡᠷᠭᠡᠨ ᠵᠠᠮ ᠢᠶᠠᠷ ᠲᠥᠯᠥᠪᠯᠡᠵᠦ᠂ | ᠡᠬᠢᠯᠡᠯᠲᠡ ᠶᠢᠨ ᠴᠡᠭ ᠨᠢ ᠭᠠᠭᠴᠠᠮᠤᠳᠤ ᠪᠠᠯᠭᠠᠰᠤ᠂ ᠡᠴᠦᠰ ᠤᠨ ᠴᠡᠭ ᠨᠢ ᠬᠠᠯᠢᠭᠤᠳᠤ ᠪᠠᠯᠭᠠᠰᠤᠨ ᠳᠤ ᠭᠦᠷᠴᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠩᠬᠠᠳᠠᠭᠴᠢ PPP ᠵᠠᠭᠪᠤᠷ ᠢᠶᠠᠷ ᠬᠡᠷᠡᠭᠵᠢᠭᠦᠯᠦᠭᠰᠡᠨ ᠦᠨᠳᠤᠷ ᠬᠤᠷᠳᠤᠴᠠᠳᠤ ᠵᠠᠰᠠᠮᠠᠯ ᠵᠠᠮ ᠤᠨ ᠲᠥᠷᠥᠯ ᠵᠦᠢᠯ ᠪᠠᠶᠢᠵᠤ᠂ ᠤᠯᠤᠰ ᠤᠨ ᠦᠨᠳᠤᠷ | ᠬᠤᠷᠳᠤᠴᠠᠲᠤ ᠵᠠᠰᠠᠮᠠᠯ ᠵᠠᠮ ᠤᠨ ᠲᠣᠣᠷ ᠤᠨ ᠲᠥᠯᠦᠪᠵᠢᠭᠦᠯᠭᠡ ᠳᠤ ᠵᠢᠭᠰᠠᠭᠠᠨ ᠣᠷᠣᠭᠤᠯᠵᠤ᠂ ᠤᠯᠤᠰ ᠪᠠ ᠣᠷᠣᠨ ᠪᠦᠰᠡ ᠶᠢᠨ ᠵᠠᠮ ᠤᠨ ᠲᠣᠣᠷ ᠲᠤ ᠴᠢᠬᠤᠯᠠ | ᠪᠠᠶᠢᠷᠢ ᠶᠢ ᠡᠵᠡᠯᠡᠨ᠎ᠡ᠃ ᠲᠥᠷᠥᠯ ᠵᠦᠢᠯ ᠤᠨ ᠲᠡᠷᠭᠡ ᠨᠡᠪᠲᠡᠷᠡᠭᠰᠡᠨ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠨᠳᠤᠷ ᠬᠤᠷᠳᠤᠴᠠᠳᠤ ᠵᠠᠰᠠᠮᠠᠯ ᠵᠠᠮ ᠤᠨ | ᠲᠣᠣᠷ ᠤᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠦᠨ᠂ ᠣᠷᠣᠨ ᠪᠦᠰᠡ ᠶᠢᠨ ᠵᠠᠮ ᠬᠠᠷᠢᠯᠴᠠᠭᠠᠨ ᠤ ᠨᠥᠬᠦᠴᠡᠯ ᠢ ᠰᠠᠶᠢᠵᠢᠷᠠᠭᠤᠯᠵᠤ᠂ ᠭᠠᠭᠴᠠᠮᠤᠳᠤ | ᠪᠣᠭᠤᠮᠲᠠ ᠶᠢᠨ ᠪᠦᠲᠦᠭᠡᠨ ᠪᠠᠶᠢᠭᠤᠯᠤᠯᠲᠠ ᠪᠠ ᠬᠢᠯᠢ ᠬᠢᠵᠠᠭᠠᠷ ᠤᠨ ᠴᠡᠴᠡᠭᠯᠡᠨ ᠬᠥᠭᠵᠢᠬᠦ ᠶᠢ ᠠᠭᠢᠭᠤᠯᠬᠤ᠂ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠢ | ᠬᠠᠮᠠᠭᠠᠯᠠᠬᠤ ᠵᠡᠷᠭᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠦᠶᠤᠸᠠᠨ ᠰᠢᠶᠠᠨ ᠤ ᠢᠨᠳᠤᠷᠳᠤ ᠪᠠᠯᠭᠠᠰᠤᠨ ᠤ ᠬᠤᠩ ᠱᠧᠩ ᠲᠣᠰᠬᠤᠨ ᠤ ᠶᠡᠷᠦᠩᠬᠡᠢ ᠤᠰᠤᠨ ᠰᠤᠪᠠᠭ ᠤᠨ ᠲᠠᠯᠠᠩ ᠤᠨ ᠵᠠᠰᠠᠮᠠᠯ ᠵᠠᠮ ᠤᠨ | ᠪᠠᠷᠢᠯᠭ᠎ᠠ ᠶᠢᠨ k106+600 ᠮᠧᠲᠷ ᠤᠨ ᠭᠠᠵᠠᠷ ᠲᠤ᠂ ᠵᠠᠰᠠᠮᠠᠯ ᠵᠠᠮ ᠤᠨ ᠬᠠᠮᠤᠭ ᠰᠡᠭᠦᠯᠴᠢ ᠶᠢᠨ ᠨᠢᠭᠡ ᠬᠡᠰᠡᠭ ᠬᠠᠷ᠎ᠠ ᠲᠤᠰᠤ ᠲᠡᠪᠢᠰᠭᠦ ᠠᠵᠢᠯ ᠰᠠᠶ᠋ᠢᠬᠠᠨ | ᠳᠠᠭᠤᠰᠴᠤ᠂ ᠵᠠᠮ ᠳᠠᠷᠤᠬᠤ ᠮᠠᠰᠢᠨ ᠵᠡᠷᠭᠡ ᠡᠯ᠎ᠡ ᠵᠦᠢᠯ ᠤᠨ ᠲᠣᠮᠣ ᠬᠡᠯᠪᠡᠷᠢ ᠶᠢᠨ ᠮᠠᠰᠢᠨ ᠲᠥᠬᠦᠭᠡᠷᠦᠮᠵᠢ ᠶᠠᠭᠠᠷᠠᠯᠳᠠᠢ ᠠᠵᠢᠯᠯᠠᠵᠤ᠂ ᠶᠡᠷᠦᠩᠬᠡᠢ ᠤᠰᠤᠨ | ᠰᠤᠪᠠᠭ ᠤᠨ ᠳᠠᠯᠠᠩ ᠤᠨ ᠵᠠᠰᠠᠮᠠᠯ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠥᠬᠦ ᠱᠤᠭᠤᠮ ᠢᠶᠠᠷ ᠨᠡᠪᠳᠡᠷᠡᠭᠦᠯᠦᠨ᠎ᠡ᠃ ᠮᠠᠨ ᠤ | ᠬᠤᠲᠠ ᠶᠢᠨ ᠵᠠᠮ ᠬᠠᠷᠢᠯᠴᠠᠭᠠᠨ ᠤ ᠲᠤᠤᠷ ᠰᠦᠯᠵᠢᠶᠡᠨ ᠤ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠲᠤᠰ ᠵᠠᠰᠠᠮᠠᠯ ᠵᠠᠮ ᠤᠨ ᠪᠥᠬᠦ ᠣᠷᠳᠣ ᠨᠢ | 206.655 ᠺᠢᠯᠣᠮᠧᠲᠷ ᠪᠠᠶᠢᠵᠤ᠂ ᠭᠤᠷᠪᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠡᠬᠢᠯᠡᠯᠲᠡ ᠶᠢᠨ ᠴᠡᠭ ᠨᠢ ᠶᠡᠷᠦᠩᠬᠡᠢ | ᠤᠰᠤᠨ ᠰᠤᠪᠠᠭ ᠤᠨ ᠵᠡᠭᠦᠨ ᠦᠵᠦᠭᠦᠷ ᠤᠨ ᠬᠤᠩ ᠭᠧ ᠪᠥᠸᠧ ᠤᠰᠤ ᠵᠠᠯᠠᠬᠤ ᠥᠷᠲᠡᠭᠡ᠂ ᠡᠴᠤᠰ ᠤᠨ ᠴᠢᠭ ᠨᠢ ᠶᠡᠷᠦᠩᠬᠡᠢ ᠤᠰᠤᠨ ᠰᠤᠪᠠᠭ ᠤᠨ ᠪᠠᠷᠠᠭᠤᠨ | ᠦᠵᠦᠭᠦᠷ ᠲᠠᠬᠢ ᠬᠠᠩᠭᠢᠨ ᠬᠤᠶᠢᠲᠤ ᠬᠤᠰᠢᠭᠤᠨ ᠤ ᠱᠤᠸᠠᠩ ᠮᠢᠶᠣᠣ ᠪᠠᠯᠭᠠᠰᠤᠨ ᠳᠤ ᠭᠦᠷᠦᠨ᠎ᠡ᠃ | ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠶᠡᠷᠦᠩᠬᠡᠢ ᠤᠰᠤᠨ ᠰᠤᠪᠠᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ ᠤᠨ | ᠶᠡᠷᠦᠩᠬᠡᠶᠢᠯᠡᠭᠰᠡᠨ ᠬᠡᠯᠲᠡᠰ ᠤᠨ ᠳᠠᠷᠤᠭ᠎ᠠ ᠱᠠᠩ ᠯᠦᠩ ᠰᠤᠷᠪᠤᠯᠵᠢᠯᠠᠭᠴᠢ ᠳᠤ ᠲᠥᠷᠥᠯ ᠵᠦᠢᠯ ᠢ ᠪᠦᠬᠦᠨ ᠢ ᠳᠠᠭᠤᠰᠬᠠᠭᠰᠠᠨ ᠤ ᠳᠠᠷᠠᠭ᠎ᠠ᠂ ᠮᠠᠨ ᠤ ᠬᠤᠲᠠ ᠶᠢᠨ 7 | ᠬᠤᠰᠢᠭᠤ ᠰᠢᠶᠠᠨ ᠲᠣᠭᠤᠷᠢᠭ᠂ 63 ᠰᠤᠮᠤ ᠰᠢᠶᠠᠩ ᠪᠠᠯᠭᠠᠰᠤ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ 120 ᠲᠦᠮᠡ ᠰᠢᠬᠠᠮ ᠬᠥᠮᠥᠨ ᠠᠮᠠ ᠳᠤ ᠠᠰᠢᠭ | ᠭᠦᠷᠳᠡᠭᠡᠵᠤ᠂ ᠦᠨᠡᠨᠬᠦ ᠪᠠᠶᠠᠨᠨᠠᠭᠤᠷ ᠬᠤᠲᠠ ᠶᠢᠨ ᠨᠢᠭᠡᠨ ᠵᠤᠷᠪᠤᠰ ᠴᠢᠬᠤᠯᠠ ᠪᠠᠶᠠᠵᠢᠯ ᠤᠨ ᠵᠠᠮ᠂ ᠵᠣᠯ ᠵᠢᠷᠭᠠᠯ ᠤᠨ ᠵᠠᠮ᠂ ᠰᠡᠳᠬᠢᠯ ᠢᠶᠠᠨ ᠬᠤᠯᠪᠣᠬᠤ ᠵᠠᠮ᠂ | ᠬᠥᠭᠵᠢᠯ ᠮᠠᠨᠳᠤᠯ ᠤᠨ ᠵᠠᠮ ᠪᠤᠯᠤᠨ᠎ᠠ ᠭᠡᠪᠡ᠃ | ᠣᠲᠣ ᠶᠠᠭ ᠦᠶᠤᠸᠠᠨ ᠰᠢᠶᠠᠨ ᠤ ᠵᠢᠦᠢ ᠵᠢᠶᠠ ᠶᠤᠸᠠᠨ ᠲᠠᠷᠢᠶᠠᠴᠢᠳ ᠤᠨ ᠲᠤᠰᠬᠠᠢ ᠬᠤᠷᠰᠢᠶᠠᠵᠢᠯ ᠤᠨ ᠨᠢᠭᠡ ᠵᠢᠯ ᠤᠨ ᠳᠣᠲᠣᠷᠠᠬᠢ ᠬᠠᠮᠤᠭ ᠤᠨ | ᠶᠠᠭᠠᠷᠠᠯᠲᠠᠢ ᠤᠯᠠᠷᠢᠯ ᠪᠤᠯᠤᠨ᠎ᠠ᠃ ᠶᠡᠷᠦᠩᠬᠡᠢ ᠤᠰᠤᠨ ᠰᠤᠪᠠᠭ ᠤᠨ ᠲᠠᠯᠠᠩ ᠤᠨ ᠵᠠᠰᠠᠮᠠᠯ ᠵᠠᠮ ᠪᠠᠶᠢᠭᠤᠯᠤᠭᠳᠠᠭᠰᠠᠨ ᠤ ᠳᠠᠷᠠᠭ᠎ᠠ᠂ ᠲᠣᠰᠬᠤᠨ ᠤ ᠲᠠᠷᠢᠶᠠᠯᠠᠩ ᠤᠨ | ᠪᠦᠲᠦᠭᠡᠭᠳᠡᠬᠦᠨ ᠤ ᠲᠡᠭᠡᠭᠡᠪᠦᠷᠢᠯᠡᠬᠦ ᠨᠥᠬᠦᠴᠡᠯ ᠢ ᠪᠦᠲᠦᠮᠵᠢᠲᠡᠶ ᠰᠠᠶᠢᠵᠢᠷᠠᠭᠤᠯᠬᠤ ᠪᠣᠯᠣᠨ᠎ᠠ᠃ | ᠬᠠᠩᠭᠢᠨ ᠬᠤᠶᠢᠲᠤ ᠬᠤᠰᠢᠭᠤᠨ ᠤ ᠮᠧᠩ ᠬᠠᠢ ᠪᠠᠯᠭᠠᠰᠤ ᠪᠣᠯ ᠶᠡᠷᠦᠩᠬᠡᠢ ᠤᠰᠤᠨ ᠰᠤᠪᠠᠭ ᠤᠨ ᠲᠠᠯᠠᠩ ᠤᠨ ᠵᠠᠰᠠᠮᠠᠯ ᠵᠠᠮ ᠳᠠᠭᠠᠤ ᠪᠠᠶᠢᠷᠢᠰᠢᠵᠤ ᠪᠠᠶᠢᠭ᠎ᠠ | ᠰᠢᠶᠠᠩ ᠪᠠᠯᠭᠠᠰᠤ ᠪᠣᠯᠣᠨ᠎ᠠ᠂ ᠬᠢᠯᠢ ᠶᠢᠨ ᠳᠣᠲᠣᠷ᠎ᠠ ᠶᠦᠩ ᠮᠢᠩ ᠬᠠᠢ ᠽᠢ᠂ ᠷᠦᠩ ᠶᠣᠣ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ | ᠰᠠᠭᠤᠷᠢᠨ ᠭᠠᠵᠠᠷ᠂ ᠲᠠᠷᠢᠶᠠᠴᠢᠨ ᠠᠶᠢᠯ ᠤᠨ ᠵᠤᠭᠠᠴᠠᠯ ᠰᠡᠯᠡᠭᠦᠴᠡᠯ ᠤᠨ ᠭᠠᠵᠠᠷ ᠵᠡᠷᠭᠡ ᠵᠤᠭᠠᠴᠠᠯ ᠤᠨ ᠰᠣᠶᠣᠯ ᠤᠨ ᠡᠬᠢ ᠪᠠᠶᠠᠯᠢᠭ ᠪᠠᠶᠢᠳᠠᠭ᠃ ᠰᠢᠨ᠎ᠡ ᠪᠠᠷ | ᠪᠠᠶᠢᠭᠤᠯᠤᠭᠰᠠᠨ ᠶᠡᠷᠤᠩᠭᠡᠢ ᠤᠰᠤᠨ ᠰᠤᠪᠠᠭ ᠤᠨ ᠳᠠᠯᠠᠩ ᠤᠨ ᠵᠠᠰᠠᠮᠠᠯ ᠵᠠᠮ ᠳᠤ ᠲᠦᠰᠢᠭᠯᠡᠨ᠂ ᠮᠧᠩ ᠬᠠᠢ ᠪᠠᠯᠭᠠᠰᠤ ᠨᠢ ᠨᠤᠲᠤᠭ ᠤᠨ ᠰᠣᠶᠣᠯ ᠤᠨ | ᠵᠢᠭᠤᠯᠴᠢᠯᠠᠯ ᠤᠨ ᠡᠬᠢ ᠪᠠᠶᠠᠯᠢᠭ ᠢ ᠢᠳᠡᠪᠬᠢᠲᠡᠢ ᠪᠠᠷ ᠠᠭᠤᠳᠠᠯᠤᠨ ᠪᠣᠶᠢᠵᠢᠭᠤᠯᠵᠤ᠂ ᠣᠨᠴᠠᠯᠢᠭᠲᠤ ᠲᠠᠷᠢᠶᠠᠯᠠᠩ ᠤᠨ ᠰᠣᠶᠣᠯ ᠤᠨ ᠵᠢᠭᠤᠯᠴᠢᠯᠠᠯ ᠢ | ᠠᠭᠤᠰᠤᠯᠴᠠᠭᠤᠯᠤᠨ ᠬᠥᠭᠵᠢᠭᠦᠯᠬᠦ ᠵᠠᠮ ᠢ ᠨᠡᠭᠡᠭᠡᠵᠦ ᠪᠠᠶᠢᠨ᠎ᠠ᠃ | |