︽ᠲᠠᠪᠤᠨ ᠶᠡᠭᠡ ᠡᠭᠦᠷᠭᠡ︾ ᠶᠢᠨ ᠨᠠᠶᠢᠳᠠᠪᠤᠷᠢᠵᠢᠬᠤ ᠶᠢ ᠲᠦᠷᠭᠡᠳᠬᠡᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ  —  ᠪᠠᠶᠠᠨᠨᠠᠭᠤᠷ ᠤᠨ ᠪᠤᠭᠤᠳᠠᠢ ᠶᠢᠨ ᠮᠦ ᠪᠦᠷᠢ ᠶᠢᠨ ᠤᠨᠠᠯᠲᠠ 1411.6 ᠵᠢᠩ ᠳᠤ ᠬᠦᠷᠴᠦ ᠥᠪᠡᠷᠲᠡᠭᠡᠨ ᠵᠠᠰᠠᠬᠤ ᠣᠷᠣᠨ ᠤ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2024/8/21
      ᠤᠳᠤᠬᠠᠨ ᠳᠤ᠂ ᠪᠣᠷᠣᠳᠣᠬᠤᠢ ᠶᠢᠨ ᠪᠤᠭᠤᠳᠠᠢ ᠪᠤᠯᠪᠠᠰᠤᠷᠠᠵᠤ ᠭᠦᠢᠴᠡᠭᠡᠳ ᠬᠤᠷᠢᠶᠠᠯᠲᠠ ᠠᠪᠬᠤ ᠴᠠᠭ ᠬᠤᠭᠤᠴᠠᠭ᠎ᠠ ᠳᠠᠭᠠᠨ ᠤᠷᠤᠭᠠᠳ ᠪᠠᠶᠢᠨ᠎ᠠ᠃ 2024 ᠣᠨ ᠤ ᠪᠠᠶᠠᠨᠨᠠᠭᠤᠷ ᠬᠤᠲᠠ ᠶᠢᠨ ᠪᠤᠭᠤᠳᠠᠢ ᠶᠢᠨ ᠥᠨᠳᠥᠷ ᠤᠨᠠᠯᠲᠠ ᠶᠢᠨ ᠤᠷᠤᠯᠳᠤᠭᠠᠨ ᠤ ᠤᠨᠠᠯᠲᠠ ᠶᠢᠨ ᠬᠡᠮᠵᠢᠯᠲᠡ ᠶᠢ ᠦᠨᠳᠦᠰᠦᠯᠡᠪᠡᠯ᠂ ᠪᠥᠬᠦ ᠬᠤᠲᠠ ᠶᠢᠨ ᠪᠤᠭᠤᠳᠠᠢ ᠶᠢᠨ ᠮᠦ ᠪᠦᠷᠢ ᠶᠢᠨ ᠬᠠᠮᠤᠭ ᠤᠨ ᠥᠨᠳᠥᠷ ᠤᠨᠠᠯᠲᠠ 1411.6 ᠵᠢᠩ ᠳᠤ ᠬᠦᠷᠴᠦ᠂ ᠨᠢᠳᠤᠨᠤᠨ ᠤ ᠪᠤᠭᠤᠳᠠᠢ ᠶᠢᠨ ᠮᠦ ᠪᠦᠷᠢ ᠶᠢᠨ ᠬᠠᠮᠤᠭ ᠤᠨ ᠥᠨᠳᠥᠷ ᠤᠨᠠᠯᠲᠠ 1366.92 ᠵᠢᠩ ᠠᠴᠠ 44.68 ᠵᠢᠩ ᠥᠨᠳᠥᠷ ᠪᠤᠯᠵᠤ᠂ ᠲᠡᠦᠬᠡ ᠶᠢᠨ ᠰᠢᠨ᠎ᠡ ᠲᠡᠮᠳᠡᠭᠯᠡᠯ ᠢ ᠳᠠᠬᠢᠨᠲᠠ ᠡᠭᠦᠳᠴᠦ᠂ ᠥᠪᠡᠷᠲᠡᠭᠡᠨ ᠵᠠᠰᠠᠬᠤ ᠣᠷᠣᠨ ᠤ ᠪᠤᠭᠤᠳᠠᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢᠨ ᠲᠡᠮᠳᠡᠭᠯᠡᠯ ᠢ ᠰᠢᠨᠡᠳᠬᠡᠪᠡ᠃       ᠰᠢᠨ᠎ᠡ ᠲᠡᠮᠳᠡᠭᠯᠡᠯ ᠢ ᠡᠭᠦᠳᠦᠭᠰᠡᠨ ᠥᠨᠳᠥᠷ ᠤᠨᠠᠯᠲᠠ ᠲᠠᠢ ᠲᠠᠷᠢᠶᠠᠨ ᠭᠠᠵᠠᠷ ᠨᠢ ᠬᠠᠩᠭᠢᠨ ᠬᠤᠶᠢᠲᠤ ᠬᠤᠰᠢᠭᠤᠨ ᠤ ᠲᠧᠦ ᠳ᠋ᠣᠣ ᠴᠢᠶᠣᠤ ᠪᠠᠯᠭᠠᠰᠤᠨ ᠤ ᠮᠢᠨ ᠵᠢᠶᠠᠨ ᠲᠣᠰᠬᠤᠨ ᠤ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠪᠣᠬᠢᠷᠲᠤᠯ ᠦᠭᠡᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠳᠤ ᠪᠣᠶ᠃ ᠡᠨᠡ ᠵᠢᠯ᠂ ᠬᠦᠷᠢᠶᠡᠯᠡᠩ  ᠳᠤ ᠳᠠᠷᠢᠭᠰᠠᠨ 500 ᠮᠦ ᠪᠤᠭᠤᠳᠠᠢ ᠳᠤ ᠴᠥᠮ ᠮᠠᠨ ᠤ ᠬᠤᠲᠠ ᠶᠢᠨ ᠲᠤᠰ ᠭᠠᠵᠠᠷ ᠤᠨ ᠪᠣᠶᠢᠵᠢᠭᠤᠯᠤᠭᠰᠠᠨ ︽ᠪᠠ ᠮᠠᠢ 13ᠨᠣᠮᠧᠷᠲᠤ︾ ᠶᠢ ᠬᠡᠷᠡᠭᠯᠡᠬᠦ ᠶᠢᠨ ᠲᠠᠭᠤ᠂ ︽ᠬᠠᠪᠤᠷ ᠤᠨ ᠪᠤᠭᠤᠳᠠᠢ ᠶᠢᠨ ᠬᠤᠶᠠᠷ ᠢ ᠥᠭᠡᠷᠡᠴᠢᠯᠡᠵᠦ ᠭᠤᠷᠪᠠ ᠶᠢ ᠢᠵᠢ ᠪᠦᠷᠢᠳᠦᠭᠦᠯᠬᠦ ᠪᠣᠬᠢᠷᠲᠤᠯ ᠦᠭᠡᠢ ᠦᠷ᠎ᠡ ᠠᠰᠢᠭ ᠢ ᠨᠡᠮᠡᠭᠳᠡᠭᠦᠯᠦᠨ ᠳᠠᠷᠢᠵᠤ ᠪᠣᠶᠢᠵᠢᠭᠤᠯᠬᠤ ᠮᠡᠷᠭᠡᠵᠢᠯ︾ ᠶᠣᠰᠣᠭᠠᠷ᠂ ︽ᠭᠦᠨ ᠰᠤᠯᠠᠷᠠᠭᠤᠯᠵᠤ ᠭᠦᠨ ᠤᠷᠪᠠᠭᠤᠯᠬᠤ ᠂ ᠣᠷᠭᠠᠨᠢᠭ ᠪᠣᠷᠳᠣᠭᠤᠷ ᠨᠡᠮᠡᠵᠤ ᠤᠷᠤᠭᠤᠯᠬᠤ᠂ ᠡᠰᠢ ᠰᠦᠷᠡᠯ ᠢ ᠲᠠᠷᠢᠶᠠᠨ ᠭᠠᠵᠠᠷ ᠲᠤᠨᠢ ᠦᠯᠡᠳᠡᠭᠡᠭᠦ︾ ᠭᠤᠷᠪᠠᠨ ᠵᠦᠢᠯ ᠤᠨ ᠲᠠᠷᠢᠶᠠᠯᠠᠩ ᠤᠨ ᠮᠡᠷᠭᠡᠵᠢᠯ ᠤᠨ ᠠᠷᠭ᠎ᠠ ᠬᠡᠮᠵᠢᠶ᠎ᠡ ᠶᠢ ᠠᠪᠴᠤ᠂ ᠪᠤᠭᠤᠳᠠᠢ ᠶᠢᠨ ᠥᠨᠳᠥᠷ ᠤᠨᠠᠯᠲᠠ ᠪᠠ ᠰᠢᠯᠢᠳᠡᠭ ᠶᠠᠰᠤ ᠴᠢᠨᠠᠷ ᠢ ᠦᠨᠡᠨ ᠬᠦ ᠪᠠᠳᠤᠯᠠᠭᠰᠠᠨ ᠪᠠᠶᠢᠨ᠎ᠠ᠃       ᠬᠠᠩᠭᠢᠨ ᠬᠤᠶᠢᠲᠤ ᠬᠤᠰᠢᠭᠤᠨ ᠤ ᠲᠧᠦ ᠳ᠋ᠣᠣ ᠴᠢᠶᠣᠤ ᠪᠠᠯᠭᠠᠰᠤᠨ ᠤ ᠮᠢᠨ ᠵᠢᠶᠠᠨ ᠲᠣᠰᠬᠤᠨ ᠤ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠪᠣᠬᠢᠷᠲᠤᠯ ᠦᠭᠡᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠬᠠᠷᠢᠭᠤᠴᠠᠯᠭᠠᠲᠠᠨ ᠬᠤᠸᠠᠩ ᠹᠠ ᠸᠠᠨ ᠰᠤᠷᠪᠤᠯᠵᠢᠯᠠᠭᠴᠢ ᠳᠤ᠂ ᠡᠨᠡ ᠵᠢᠯ ᠡᠯᠪᠡᠭ ᠬᠤᠷᠢᠶᠠᠯᠲᠠ ᠣᠯᠵᠠᠢ᠂ ᠮᠠᠨ ᠤ ᠲᠠᠯᠠᠪᠠᠢ ᠨᠢᠭᠡᠴᠢ ᠶᠢᠨ ᠳᠤᠮᠳᠠᠴᠢ ᠤᠨᠠᠯᠲᠠ ᠴᠤ 1100 ᠵᠢᠩ ᠳᠤ ᠬᠦᠷᠴᠦ᠂ ᠨᠢᠳᠤᠨᠤᠨ ᠤ ᠬᠢ ᠲᠠᠢ ᠬᠠᠷᠢᠴᠠᠭᠤᠯᠪᠠᠯ ᠮᠦ ᠪᠦᠷᠢ ᠶᠢᠨ ᠤᠨᠠᠯᠲᠠ 150 ᠵᠢᠩ ᠨᠡᠮᠡᠭᠳᠡᠭᠰᠡᠨ᠂ ᠡᠭᠦᠨ ᠤ ᠳᠡᠭᠡᠷ᠎ᠡ ᠪᠤᠭᠤᠳᠠᠢ ᠶᠢᠨ ᠳᠠᠷᠠᠭ᠎ᠠ ᠨᠣᠬᠠᠢ ᠶᠢᠨ ᠬᠤᠰᠢᠭᠤ ᠶᠢᠨ ᠡᠪᠡᠰᠦ ᠶᠢ ᠳᠠᠬᠢᠨ ᠲᠠᠷᠢᠭᠠᠳ ᠨᠢᠭᠡ ᠮᠦ  ᠲᠠᠷᠢᠶᠠᠨ ᠭᠠᠵᠠᠷ ᠠᠴᠠ ᠨᠡᠶᠢᠲᠡ 2600 ᠢᠯᠡᠭᠦᠦ ᠲᠥᠭᠦᠷᠢᠭ ᠤᠯᠤᠨ᠎ᠠ ᠭᠡᠪᠡ᠃      2024 ᠣᠨ ᠤ ᠪᠠᠶᠠᠨᠨᠠᠭᠤᠷ ᠬᠤᠲᠠ ᠶᠢᠨ ᠪᠤᠭᠤᠳᠠᠢ ᠶᠢᠨ ᠥᠨᠳᠥᠷ ᠤᠨᠠᠯᠲᠠ ᠶᠢᠨ ᠤᠷᠤᠯᠳᠤᠭᠠᠨ ᠤ ᠤᠨᠠᠯᠲᠠ ᠶᠢ ᠬᠡᠮᠵᠢᠬᠦ ᠠᠵᠢᠯᠯᠠᠭ᠎ᠠ ᠳᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠪᠤᠭᠤᠳᠠᠢ ᠶᠢᠨ ᠲᠤᠰᠬᠠᠢ ᠮᠡᠷᠭᠡᠵᠢᠯᠲᠡᠨ ᠤ ᠵᠢᠭᠠᠨ ᠵᠢᠯᠤᠭᠤᠳᠬᠤ ᠳᠤᠭᠤᠶᠢᠯᠠᠩ ᠤᠨ ᠪᠦᠷᠢᠯᠳᠦᠭᠦᠨ᠂ ᠪᠠᠶᠠᠨᠨᠠᠭᠤᠷ ᠬᠤᠲᠠ ᠶᠢᠨ ᠲᠤᠰᠬᠠᠢ ᠮᠡᠷᠭᠡᠵᠢᠯᠲᠡᠨ ᠤᠨᠠᠯᠲᠠ ᠶᠢ ᠬᠡᠮᠵᠢᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠪᠦᠷᠢᠯᠳᠦᠭᠦᠯᠵᠦ᠂ ︽ᠪᠥᠬᠦ ᠤᠯᠤᠰ ᠤᠨ ᠠᠮᠤ ᠪᠤᠳᠠᠭᠠᠨ ᠤ ᠥᠨᠳᠥᠷ ᠤᠨᠠᠯᠲᠠ ᠶᠢᠨ ᠡᠭᠦᠳᠦᠯᠲᠡ ᠪᠠᠷ ᠤᠨᠠᠯᠲᠠ ᠶᠢᠨ ᠬᠡᠮᠵᠢᠯᠲᠡ ᠶᠢ ᠰᠢᠯᠭᠠᠨ ᠠᠪᠬᠤ ᠠᠷᠭ᠎ᠠ︾ ᠪᠠᠷ᠂ ᠪᠥᠬᠦ ᠬᠤᠲᠠ ᠶᠢᠨ ᠤᠷᠤᠯᠳᠤᠭᠠᠨ ᠳᠤ ᠣᠷᠣᠯᠴᠠᠬᠤ 29 ᠴᠡᠭ ᠲᠤ ᠰᠢᠨᠵᠢᠯᠡᠬᠦ ᠤᠬᠠᠭᠠᠨᠴᠢ ᠪᠠᠷ ᠤᠨᠠᠯᠲᠠ ᠶᠢᠨ ᠬᠡᠮᠵᠢᠯᠲᠡ ᠬᠢᠪᠡ᠃ ᠤᠨᠠᠯᠲᠠ ᠶᠢ ᠬᠡᠮᠵᠢᠬᠦ ᠮᠡᠷᠭᠡᠵᠢᠯᠲᠡᠨ ᠤ ᠳᠤᠭᠤᠶᠢᠯᠠᠩ ᠤᠨ ᠬᠢᠨ᠂ ᠰᠣᠩᠭᠤᠨ ᠲᠣᠭᠲᠠᠭᠠᠭᠰᠠᠨ ᠭᠠᠵᠠᠷ ᠢ ᠠᠶᠠᠯᠠᠯ ᠵᠠᠯᠠᠬᠤ ᠲᠦᠭᠦᠭᠡᠷᠤᠮᠵᠢ ᠪᠠᠷ ᠲᠠᠯᠠᠪᠠᠢ ᠶᠢ ᠭᠡᠮᠵᠢᠵᠤ᠂ ᠭᠠᠵᠠᠷ ᠤᠨ ᠵᠢᠩ ᠢᠶᠠᠷ ᠪᠣᠳᠠᠲᠤ ᠬᠦᠨᠳᠦ ᠶᠢ ᠭᠡᠮᠵᠢᠵᠤ᠂ ᠤᠰᠤᠨ ᠤ ᠪᠦᠷᠢᠯᠳᠦᠭᠦᠨ ᠢ 5 ᠤᠳᠠᠭ᠎ᠠ ᠭᠡᠮᠵᠢᠵᠤ᠂ ᠳᠤᠮᠳᠠᠴᠢ ᠬᠡᠮᠵᠢᠭᠳᠡᠯ ᠢ ᠠᠪᠴᠤ ᠪᠣᠳᠣᠬᠤ ᠶᠢᠨ ᠬᠠᠮᠲᠤ ᠡᠯᠳᠡᠪ ᠪᠣᠳᠠᠰ ᠢ ᠠᠪᠴᠤ ᠬᠠᠶᠠᠭᠠᠳ ᠬᠠᠮᠤᠭ ᠡᠴᠦᠰ ᠲᠤ ᠤᠨᠠᠯᠳᠠ ᠶᠢᠨ ᠬᠡᠮᠵᠢᠶᠡᠨ ᠤ ᠦᠷ᠎ᠡ ᠳ᠋ᠦᠩ ᠢ ᠤᠯᠤᠨ᠎ᠠ᠃      ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠪᠤᠭᠤᠳᠠᠢ ᠰᠤᠳᠤᠯᠬᠤ ᠲᠠᠰᠤᠭ ᠤᠨ ᠡᠷᠬᠢᠯᠡᠭᠴᠢ ᠶᠠᠩ ᠯᠧᠢ ᠰᠤᠷᠪᠤᠯᠵᠢᠯᠠᠭᠴᠢ ᠳᠤ᠂ ᠲᠣᠰ ᠤᠳᠠᠭᠠᠨ ᠤ ᠤᠨᠠᠯᠲᠠ ᠶᠢ ᠬᠡᠮᠵᠢᠬᠦ ᠠᠵᠢᠯᠯᠠᠭ᠎ᠠ ᠳᠤᠮᠳᠠ᠂ ︽ᠪᠠᠮᠠᠢ 13 ᠨᠣᠮᠧᠷᠲᠤ︾ ᠥᠪᠥᠷ ᠮᠣᠩᠭᠤᠯ ᠤᠨ ᠪᠤᠭᠤᠳᠠᠢ ᠶᠢᠨ ᠥᠨᠳᠥᠷ ᠤᠨᠠᠯᠲᠠ ᠶᠢᠨ ᠲᠡᠮᠳᠡᠭᠯᠡᠯ ᠢ ᠳᠠᠬᠢᠨᠲᠠ ᠰᠢᠨᠡᠳᠬᠡᠵᠦ᠂ ᠡᠮᠦᠨ᠎ᠡ 15 ᠨᠡᠷᠡᠰ ᠤᠨ ᠳᠣᠲᠣᠷ᠎ᠠ 11 ᠶᠢ ᠡᠵᠡᠯᠡᠨ᠂ ᠲᠡᠭᠦᠨ ᠤ ᠥᠨᠳᠥᠷ ᠤᠨᠠᠯᠲᠠ ᠶᠢᠨ ᠣᠨᠴᠠᠯᠢᠭ ᠨᠢ ᠢᠯᠡᠷᠡᠪᠡ᠃ ᠪᠣᠷᠣᠳᠣᠬᠤᠢ ᠣᠷᠣᠨ ᠳᠤ 50 ᠲᠦᠮᠡᠨ ᠮᠦ ︽ᠪᠠᠮᠠᠢ 13 ᠨᠣᠮᠧᠷᠲᠤ︾ ᠶᠢ ᠳᠠᠷᠢᠬᠤ ᠪᠠᠷ ᠵᠢᠱᠢᠶᠡᠯᠡᠪᠡᠯ᠂ ︽ᠶᠦᠩ ᠯᠢᠶᠠᠩ 4 ᠨᠣᠮᠧᠷᠲᠤ︾  ᠲᠠᠢ ᠠᠳᠠᠯᠢᠳᠬᠠᠪᠠᠯ ᠮᠦ ᠪᠦᠷᠢ ᠶᠢᠨ ᠤᠨᠠᠯᠲᠠ 100 ᠵᠢᠩ ᠨᠡᠮᠡᠭᠳᠡᠨ᠂ ᠨᠡᠶᠢᠲᠡ 5000 ᠲᠦᠮᠡᠨ ᠵᠢᠩ ᠪᠤᠭᠤᠳᠠᠢ ᠶᠢᠨ ᠤᠨᠠᠯᠲᠠ ᠨᠡᠮᠡᠭᠳᠡᠵᠦ᠂ ᠪᠠᠷᠤᠭ 40 ᠲᠦᠮᠡ ᠰᠢᠬᠠᠮ ᠬᠥᠮᠥᠨ ᠠᠮᠠ ᠲᠠᠢ ᠬᠤᠲᠠ ᠶᠢᠨ ᠨᠢᠭᠡ ᠵᠢᠯ ᠤᠨ ᠪᠤᠭᠤᠳᠠᠢ ᠶᠢᠨ ᠬᠡᠷᠡᠭᠯᠡᠭᠡ ᠶᠢ ᠬᠠᠩᠭᠠᠵᠤ ᠳᠡᠶᠢᠯᠦᠨ᠎ᠡ᠃  ᠲᠠᠷᠠᠭᠠᠴᠢ ᠪᠠᠷ ︽ᠪᠠᠮᠠᠢ 13 ᠨᠣᠮᠧᠷᠲᠤ︾ ᠶᠢ ᠳᠡᠯᠭᠡᠷᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ 2025 ᠣᠨ ᠳᠤ ᠪᠣᠷᠣᠳᠣᠬᠤᠢ ᠶᠢᠨ ᠪᠤᠭᠤᠳᠠᠢ ᠲᠠᠷᠢᠵᠤ ᠤᠷᠭᠤᠭᠤᠯᠬᠤ ᠲᠠᠯᠠᠪᠠᠢ ᠶᠢᠨ50% ᠠᠴᠠ ᠳᠡᠭᠡᠭᠰᠢᠬᠢ ᠶᠢ ᠡᠵᠡᠯᠡᠬᠦ ᠪᠠᠷ ᠴᠢᠷᠮᠠᠶᠢᠨ᠎ᠠ ᠭᠡᠪᠡ᠃       ᠮᠠᠨ ᠤ ᠬᠤᠲᠠ ᠪᠤᠭᠤᠳᠠᠢ ᠶᠢᠨ ᠦᠢᠯᠡᠳᠪᠦᠷᠢᠯᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠲᠠᠯᠠᠪᠠᠢ ᠶᠢ ᠲᠣᠭᠲᠠᠪᠤᠷᠢᠵᠢᠭᠤᠯᠵᠤ᠂ ᠲᠠᠯᠠᠪᠠᠢ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ︾ ᠬᠤᠶᠠᠷ ᠲᠠᠯ᠎ᠠ ᠪᠠᠷ ᠬᠦᠴᠦᠯᠡᠬᠦ ᠶᠢ ᠪᠠᠷᠢᠮᠲᠠᠯᠠᠵᠤ᠂ ᠠᠮᠤ ᠪᠤᠳᠠᠭᠠᠨ ᠤ ᠠᠮᠤᠷ ᠲᠦᠪᠰᠢᠨ ᠢ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠶᠢ ᠨᠠᠶᠢᠳᠠᠪᠤᠷᠢᠵᠢᠭᠤᠯᠬᠤ ᠶᠢᠨ ᠲᠠᠭᠤ ᠭᠠᠵᠠᠷ ᠰᠢᠷᠣᠢ᠂ ᠦᠷ᠎ᠡ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠵᠠᠩᠭᠢᠯᠠᠭ᠎ᠠ ᠶᠢᠨ ᠡᠯᠧᠮᠧᠨ᠋ᠲ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠭᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠮᠡᠷᠭᠡᠵᠢᠯ ᠤᠨ ᠦᠢᠯᠡᠴᠢᠯᠡᠭᠡ ᠶᠢ ᠴᠢᠩᠭᠠᠷᠠᠭᠤᠯᠵᠤ᠂ ᠰᠢᠯᠢᠳᠡᠭ ᠦᠷ᠎ᠡ ᠶᠢ ᠳᠡᠯᠭᠡᠷᠡᠭᠦᠯᠦᠨ ᠬᠡᠷᠡᠭᠯᠡᠵᠦ᠂ ᠪᠤᠭᠤᠳᠠᠢ ᠶᠢᠨ ᠡᠯᠪᠡᠭ ᠬᠤᠷᠢᠶᠠᠯᠲᠠ ᠣᠯᠬᠤ ᠳᠤ ᠭᠦᠴᠦᠳᠠᠢ ᠲᠤᠯᠭᠠᠭᠤᠷᠢᠯᠠᠯ ᠬᠠᠩᠭᠠᠨ᠎ᠠ᠃ ᠪᠥᠬᠦ ᠬᠤᠲᠠ ᠪᠠᠷ ᠢᠶᠠᠨ ︽ᠴᠢᠨᠠᠷ ᠰᠠᠶᠢᠲᠠᠢ ᠪᠤᠭᠤᠳᠠᠢ ᠶᠢ ᠬᠥᠭᠵᠢᠭᠦᠯᠬᠦ ᠲᠤᠬᠠᠢ ᠠᠷᠪᠠᠨ ᠵᠤᠷᠪᠤᠰ ᠰᠠᠨᠠᠯ︾ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠪᠤᠭᠤᠳᠠᠢ ᠶᠢᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠤᠷᠢᠳᠴᠢᠯᠠᠨ ᠭᠠᠷᠭᠠᠵᠤ᠂ ᠪᠣᠳᠠᠲᠠᠢ ᠲᠠᠷᠢᠭᠰᠠᠳ ᠲᠤ ᠮᠦ ᠪᠦᠷᠢ ᠳᠤ 150-400 ᠲᠥᠭᠦᠷᠢᠭ ᠤᠨ ᠨᠥᠬᠦᠪᠦᠷᠢ ᠥᠭᠴᠦ᠂ ᠪᠤᠭᠤᠳᠠᠢ ᠶᠢᠨ ᠲᠠᠷᠠᠭ᠎ᠠ ᠪᠠᠷ ᠨᠣᠬᠠᠢ ᠶᠢᠨ ᠬᠤᠰᠢᠭᠤ ᠶᠢᠨ ᠡᠪᠡᠰᠦ ᠶᠢ ᠳᠠᠬᠢᠨ ᠲᠠᠷᠢᠭᠰᠠᠳ ᠲᠤ200-300 ᠲᠥᠭᠦᠷᠢᠭ ᠤᠨ ᠨᠥᠬᠦᠪᠦᠷᠢ ᠥᠭᠴᠦ᠂ ᠲᠠᠷᠢᠶᠠᠴᠢᠳ ᠤᠨ ᠪᠤᠭᠤᠳᠠᠢ  ᠲᠠᠷᠢᠵᠤ ᠤᠷᠭᠤᠭᠤᠯᠬᠤ ᠢᠳᠡᠪᠬᠢᠵᠢᠯ ᠢ ᠳᠡᠭᠡᠭᠰᠢᠯᠡᠭᠦᠯᠦᠨ᠎ᠡ᠃ ᠡᠨᠡ ᠵᠢᠯ᠂ ᠪᠥᠬᠦ ᠬᠤᠲᠠ ᠶᠢᠨ ᠪᠤᠷᠤᠳᠤᠬᠤᠢ ᠤᠷᠤᠨ ᠳᠤ ᠪᠤᠭᠤᠳᠠᠢ ᠲᠠᠷᠢᠵᠤ ᠤᠷᠭᠤᠭᠤᠯᠤᠭᠰᠠᠨ ᠲᠠᠯᠠᠪᠠᠶ 45.07 ᠲᠦᠮᠡ ᠮᠤ᠋ ᠳᠤ ᠬᠦᠷᠴᠡᠢ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ