︽ᠲᠠᠪᠤᠨ ᠶᠡᠭᠡ ᠡᠭᠦᠷᠭᠡ︾ ᠶᠢᠨ ᠨᠠᠶᠢᠳᠠᠪᠤᠷᠢᠵᠢᠬᠤ ᠶᠢ ᠲᠦᠷᠭᠡᠳᠬᠡᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ  — ᠪᠦᠬᠦ ᠬᠤᠲᠠ ᠶᠢᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠴᠠᠬᠢᠯᠭᠠᠨ ᠤ ᠲᠣᠣᠷ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ 2.67 ᠲᠦᠮᠡᠨ ᠡᠷᠦᠬᠡ ᠶᠢᠨ ᠪᠠᠷᠢᠯᠭ᠎ᠠ ᠶᠢᠨ ᠠᠵᠢᠯ ᠢ ᠳᠠᠭᠤᠰᠬᠠᠪᠠ
ᠨᠡᠶᠢᠲᠡᠯᠡᠭᠰᠡᠨ ᠴᠠᠭ᠄
2024/8/21
      ᠪᠠᠶᠠᠨᠨᠠᠭᠤᠷ ᠤᠨ ᠴᠠᠬᠢᠯᠭᠠᠨ ᠬᠠᠩᠭᠠᠬᠤ ᠺᠣᠮᠫᠠᠨᠢ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠵᠢ ᠪᠦᠷᠢᠳᠦᠭᠦᠯᠬᠦ ᠴᠠᠬᠢᠯᠭᠠᠨ ᠤ ᠲᠣᠣᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠯᠠᠭᠠᠯᠠᠭ᠎ᠠ ᠶᠢᠨ ᠤᠯᠠᠷᠢᠯ ᠤᠨ ᠴᠠᠬᠢᠯᠭᠠᠨ ᠬᠦᠴᠦᠨ ᠤ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠪᠠ ᠠᠮᠢᠳᠤᠷᠠᠯ ᠤᠨ ᠶᠠᠰᠤ ᠴᠢᠨᠠᠷ ᠤᠨ ᠬᠤᠣᠰ ᠳᠡᠭᠡᠭᠰᠢᠯᠡᠯᠲᠡ ᠶᠢ ᠪᠡᠶᠡᠯᠡᠭᠦᠯᠦᠭᠰᠡᠨ ᠪᠠᠶᠢᠨ᠎ᠠ᠃       ᠯᠢᠨ ᠾᠧ ᠲᠣᠭᠤᠷᠢᠭ ᠤᠨ ᠭᠠᠨᠵᠤᠤᠷ ᠰᠦᠮ᠎ᠡ ᠪᠠᠯᠭᠠᠰᠤ ᠶᠢᠨ ᠪᠠ ᠳ᠋ᠠᠢ ᠶᠢᠨ 35kV ᠶᠢ 954 ᠬᠤᠸᠠᠩ ᠷᠦᠩ ᠱᠤᠭᠤᠮ ᠤᠨ ᠰᠢ ᠴᠢᠦᠢ ᠲᠣᠰᠬᠤᠨ ᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠴᠠᠬᠢᠯᠭᠠᠨ ᠬᠦᠴᠦᠨ ᠤ ᠠᠵᠢᠯᠴᠢᠳ ᠴᠠᠬᠢᠯᠭᠠᠨ ᠬᠦᠷᠭᠡᠬᠦ ᠱᠤᠭᠤᠮ ᠢ ᠥᠭᠡᠷᠡᠴᠢᠯᠡᠨ ᠵᠠᠰᠠᠵᠤ  ᠪᠠᠶᠢᠯ᠎ᠠ᠃      ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠲᠥᠯᠥᠪᠯᠡᠭᠡᠨ ᠤ ᠢᠨᠵᠧᠨᠧᠷᠢᠩ ᠤᠨ ᠲᠠᠰᠤᠭ ᠤᠨ ᠡᠷᠬᠢᠯᠡᠭᠴᠢ ᠪᠦᠦ ᠲᠦᠩ ᠵᠢᠶᠦ᠋ᠨ  ᠬᠡᠯᠡᠬᠦ  ᠳᠤ ᠪᠠᠨ᠂ ᠤᠳᠤ ᠬᠢᠵᠦ ᠪᠠᠶᠢᠭ᠎ᠠ ᠨᠡᠭᠦᠷᠡᠰᠦ ᠶᠢ ᠴᠠᠬᠢᠯᠭᠠᠨ ᠪᠣᠯᠭᠠᠨ ᠦᠭᠡᠷᠡᠴᠢᠯᠡᠬᠦ ᠲᠥᠷᠥᠯ ᠵᠦᠢᠯ  ᠨᠢ ᠯᠢᠨ ᠾᠧ ᠲᠣᠭᠤᠷᠢᠭ ᠤᠨ ᠴᠠᠬᠢᠯᠭᠠᠨ ᠲᠦᠭᠡᠭᠡᠬᠦ ᠲᠣᠣᠷ ᠤᠨ ᠭᠥᠯᠢᠶᠡᠨ ᠠᠪᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠴᠠᠬᠢᠯᠭᠠᠨ ᠤ ᠲᠣᠣᠷ ᠤᠨ ᠳᠠᠭᠠᠭᠠᠴᠠ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠨ᠂ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ᠭᠠᠨᠵᠤᠤᠷ ᠰᠦᠮ᠎ᠡ ᠪᠠᠯᠭᠠᠰᠤ ᠶᠢᠨ 140 ᠠᠶᠢᠯ ᠲᠣᠰᠬᠤᠨ᠂ 2805 ᠭᠠᠷᠤᠢ ᠡᠷᠦᠬᠡ ᠰᠠᠭᠤᠭᠠᠯᠢ ᠠᠷᠠᠳ ᠤᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ  ᠬᠠᠩᠭᠠᠵᠤ ᠪᠠᠶᠢᠨ᠎ᠠ᠃      ᠯᠢᠨ ᠾᠧ ᠲᠣᠭᠤᠷᠢᠭ ᠤᠨ ᠭᠠᠨᠵᠤᠤᠷ ᠰᠦᠮ᠎ᠡ ᠪᠠᠯᠭᠠᠰᠤᠨ ᠤ ᠰᠢ ᠴᠢᠦᠢ ᠲᠣᠰᠬᠤᠨ ᠤ ᠠᠷᠠᠳ ᠬᠤᠸᠠᠩ  ᠱᠤ᠋ ᠮᠢᠨ ᠬᠡᠯᠡᠬᠦ ᠳᠤ ᠪᠠᠨ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠭᠰᠡᠨ︾ ᠤ ᠳᠠᠷᠠᠭ᠎ᠠ ᠡᠪᠦᠯ ᠤᠨ  ᠳᠤ ᠪᠠᠨ ᠳᠤᠯᠠᠭᠠᠬᠠᠨ ᠮᠦᠷᠲᠡᠭᠡᠨ ᠴᠡᠪᠡᠷᠬᠡᠨ ᠂  ᠰᠥᠨᠢ ᠳᠦᠯᠢ ᠪᠠᠷ ᠨᠡᠭᠦᠷᠡᠰᠦ ᠨᠡᠮᠡᠬᠦ ᠬᠡᠷᠡᠭ ᠦᠭᠡᠢ ᠪᠦᠭᠡᠳ ᠠᠮᠤᠷ ᠲᠦᠪᠰᠢᠨ᠂ ᠮᠠᠨ ᠤ ᠲᠣᠰᠬᠤᠨ ᠤ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠵᠡᠢ ᠭᠡᠯ᠎ᠡ᠃      2024 ᠣᠨ ᠳᠤ ᠪᠠᠶᠠᠨᠨᠠᠭᠤᠷ ᠤᠨ ᠴᠠᠬᠢᠯᠭᠠᠨ ᠬᠠᠩᠭᠠᠬᠤ ᠺᠣᠮᠫᠠᠨᠢ ᠴᠠᠬᠢᠯᠭᠠᠨ ᠬᠠᠩᠭᠠᠬᠤ ᠺᠣᠮᠫᠠᠨᠢ ᠭᠤᠷᠪᠠᠨ ᠪᠦᠯᠦᠭ ᠴᠡᠪᠡᠷ ᠳᠤᠯᠠᠭᠠᠯᠠᠭ᠎ᠠ ᠶᠢᠨ ᠢᠵᠢ ᠪᠦᠷᠢᠳᠦᠭᠦᠯᠬᠦ ᠴᠠᠬᠢᠯᠭᠠᠨ ᠤ ᠲᠣᠣᠷ ᠤᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠬᠦ ᠪᠠᠷ ᠲᠥᠯᠥᠪᠯᠡᠵᠦ᠂ ᠵᠢᠱᠢᠯᠲᠡ ᠪᠠᠷ 11.82 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠭᠤᠣᠯᠳᠠᠭᠤ 54729 ᠡᠷᠦᠬᠡ ᠶᠢᠨ ᠴᠡᠪᠡᠷ ᠳᠤᠯᠠᠭᠠᠯᠠᠭ᠎ᠠ ᠶᠢᠨ ᠬᠡᠷᠡᠭᠯᠡᠭᠴᠢ ᠪᠠ ᠨᠡᠶᠢᠭᠡᠮ ᠤᠨ ᠲᠠᠯ᠎ᠠ ᠶᠢᠨ ᠨᠢᠭᠡᠳᠦᠯᠲᠡᠢ ᠲᠥᠯᠦᠪᠵᠢᠭᠦᠯᠭᠡ ᠳᠤ ᠣᠷᠣᠭᠤᠯᠤᠭᠠᠳᠤᠢ 4775 ᠡᠷᠦᠬᠡ ᠶᠢᠨ ᠠᠰᠠᠭᠤᠳᠠᠯ ᠢ ᠰᠢᠢᠳᠪᠦᠷᠢᠯᠡᠬᠦ ᠪᠠᠷ ᠪᠠᠶᠢᠨ᠎ᠠ ᠃ ᠣᠳᠣᠬᠠᠨ ᠪᠣᠯᠲᠠᠯ᠎ᠠ᠂ ᠮᠠᠨ ᠤ ᠬᠤᠲᠠ ᠶᠢᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠵᠢ ᠪᠦᠷᠢᠳᠦᠭᠦᠯᠬᠦ ᠴᠠᠬᠢᠯᠭᠠᠨ ᠤ ᠲᠣᠣᠷ ᠤᠨ ᠥᠭᠡᠷᠡᠴᠢᠯᠡᠯᠲᠡ ᠶᠢᠨ ᠢᠨᠵᠧᠨᠧᠷᠢᠩ ᠢ ᠨᠢᠭᠡᠨᠲᠡ 2.67 ᠲᠦᠮᠡᠨ ᠡᠷᠦᠬᠡ ᠳᠠᠭᠤᠰᠬᠠᠵᠤ᠂  ᠡᠨᠡ ᠵᠢᠯ ᠤᠨ ᠡᠭᠦᠷᠭᠡ ᠶᠢᠨ 45%  ᠶᠢ ᠪᠡᠶᠡᠯᠡᠭᠦᠯᠵᠦ᠂ ᠲᠣᠨᠤᠭ ᠲᠥᠬᠦᠭᠡᠷᠦᠮᠵᠢ ᠶᠢ ᠤᠭᠰᠠᠷᠠᠬᠤ᠂ ᠴᠠᠬᠢᠯᠭᠠᠨ ᠤ ᠲᠣᠣᠷ ᠢ ᠢᠵᠢ ᠪᠦᠷᠢᠳᠦᠭᠦᠯᠬᠦ ᠵᠡᠷᠭᠡ ᠠᠵᠢᠯ ᠢ ᠶᠠᠭ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠵᠢᠱᠢᠯᠲᠡ ᠪᠠᠷ 9 ᠰᠠᠷ᠎ᠠ ᠶᠢᠨ ᠰᠡᠭᠦᠯᠴᠢ ᠪᠠᠷ ᠪᠦᠬᠦᠨ ᠢ ᠤᠷᠤᠭᠰᠢᠲᠠᠢ ᠵᠠᠯᠭᠠᠨ ᠣᠷᠣᠭᠤᠯᠵᠤ ᠴᠠᠬᠢᠯᠭᠠᠨ  ᠨᠡᠪᠳᠡᠷᠡᠭᠦᠯᠭᠦ ᠪᠠᠷ  ᠪᠠᠶᠢᠨ᠎ᠠ᠃ 
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ