︽ᠲᠠᠪᠤᠨ ᠶᠡᠭᠡ ᠡᠭᠦᠷᠭᠡ︾ ᠶᠢᠨ ᠨᠠᠶᠢᠳᠠᠪᠤᠷᠢᠵᠢᠬᠤ ᠶᠢ ᠲᠦᠷᠭᠡᠳᠬᠡᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ  — ᠱᠠᠩᠬᠠᠢ ᠶᠢᠨ ᠴᠠᠬᠢᠯᠭᠠᠨ ᠤ ᠪᠠᠶᠠᠨᠨᠠᠭᠤᠷ ᠤᠨ ᠳᠡᠭᠡᠳᠦ ᠲᠠᠰ ᠤᠨ ᠣᠶᠤᠨ ᠤ ᠦᠢᠯᠡᠳᠬᠡᠯ ᠤᠨ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠡᠬᠢᠯᠡᠨ ᠶᠠᠪᠤᠭᠳᠠᠪᠠ
ᠨᠡᠶᠢᠲᠡᠯᠡᠭᠰᠡᠨ ᠴᠠᠭ᠄
2024/8/21
      ᠤᠶᠢᠷ᠎ᠠ ᠶᠢᠨ ᠡᠳᠤᠷ᠂ ᠱᠠᠩᠬᠠᠢ ᠶᠢᠨ ᠴᠠᠬᠢᠯᠭᠠᠨ ᠤ ᠪᠠᠶᠠᠨᠨᠠᠭᠤᠷ ᠤᠨ ᠳᠡᠭᠡᠳᠦ ᠲᠠᠰ ᠤᠨ ᠣᠶᠤᠨ ᠤ ᠦᠢᠯᠡᠳᠬᠦᠨ ᠤ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ  ᠯᠢᠨ ᠾᠧ ᠲᠣᠭᠤᠷᠢᠭ ᠲᠤ ᠪᠠᠷᠢᠯᠭ᠎ᠠ ᠡᠬᠢᠯᠡᠭᠦᠯᠪᠡ᠃       ᠱᠠᠩᠬᠠᠢ ᠶᠢᠨ ᠴᠠᠬᠢᠯᠭᠠᠨ ᠤ ᠪᠠᠶᠠᠨᠨᠠᠭᠤᠷ ᠤᠨ ᠳᠡᠭᠡᠳᠦ ᠳᠡᠰ ᠤᠨ ᠣᠶᠤᠨ ᠤ ᠦᠢᠯᠡᠳᠬᠡᠯ ᠤᠨ  ᠨᠡᠭᠦᠷᠡᠰᠦᠲᠥ᠋ᠷᠥᠭᠴᠢ  ᠦᠭᠡᠢ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 40 ᠳ᠋ᠦᠩᠰᠢᠭᠤᠷ ᠲᠥᠭᠦᠷᠢᠭ ᠲᠤ ᠬᠦᠷᠴᠦ᠂ ᠲᠥᠯᠦᠪᠵᠢᠭᠦᠯᠭᠡ ᠳᠤ ᠬᠡᠷᠡᠭᠯᠡᠬᠦ ᠭᠠᠵᠠᠷ ᠤᠨ ᠲᠠᠯᠠᠪᠠᠶ ᠨᠢ ᠪᠠᠷᠤᠭ 200 ᠮᠦ ᠪᠠᠶᠢᠵᠤ᠂ ᠲᠥᠷᠥᠯ ᠵᠦᠢᠯ ᠤᠨ ᠡᠳᠦᠷ ᠲᠤ ᠬᠤᠶᠠᠷ ᠬᠤᠭᠤᠴᠠᠭ᠎ᠠ ᠬᠤᠪᠢᠶᠠᠨ ᠪᠦᠲᠦᠭᠡᠨ  ᠪᠠᠶᠢᠭᠤᠯᠬᠤ ᠪᠠᠷ  ᠪᠠᠶᠢᠨ᠎ᠠ᠃ ᠡᠭᠦᠨ ᠳᠤ ᠨᠢᠭᠡᠳᠦᠭᠡᠷ ᠬᠤᠭᠤᠴᠠᠭᠠᠨ ᠤ ᠵᠦᠢᠯᠡᠰ ᠤᠨ ᠪᠥᠬᠦ ᠪᠡᠯᠡ ᠣᠷᠣᠭᠤᠯᠤᠯᠲᠠ ᠨᠢ ᠪᠠᠷᠤᠭ 4.2 ᠳ᠋ᠦᠩᠰᠢᠭᠤᠷ ᠲᠥᠭᠦᠷᠢᠭ ᠪᠠᠶᠢᠵᠤ᠂ ᠵᠢᠱᠢᠯᠲᠡ ᠪᠠᠷ 2025 ᠣᠨ ᠤ ᠡᠬᠢ ᠪᠠᠷ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠤᠨ᠎ᠠ᠂ ᠡᠭᠦᠨ ᠳᠤ ᠰᠠᠯᠬᠢᠨ ᠬᠦᠴᠦᠨ ᠤ ᠴᠠᠬᠢᠯᠭᠠᠨ ᠤ ᠪᠦᠬᠦᠯᠢ ᠮᠠᠰᠢᠨ ᠪᠠ ᠬᠥᠳᠡᠯᠭᠡᠭᠦᠷ ᠬᠡᠯᠬᠢᠶᠡᠨ ᠤ ᠦᠢᠯᠡᠳᠬᠦ ᠠᠵᠤ ᠦᠢᠯᠡᠰ ᠤᠨ ᠲᠥᠪ᠂ ᠲᠣᠮᠣ ᠬᠡᠯᠪᠡᠷᠢ ᠶᠢᠨ ᠴᠠᠬᠢᠯᠭᠠᠨ ᠭᠠᠷᠭᠠᠬᠤ ᠮᠠᠰᠢᠨ ᠦᠢᠯᠡᠳᠬᠦ ᠠᠵᠤ ᠦᠢᠯᠡᠰ ᠤᠨ ᠲᠥᠪ᠂ ᠰᠠᠯᠬᠢᠨ ᠬᠦᠴᠦᠨ ᠤ ᠴᠠᠬᠢᠯᠭᠠᠨ ᠤ ᠳᠡᠭᠡᠳᠦ ᠲᠠᠰ ᠤᠨ ᠴᠠᠬᠢᠯᠭᠠᠨ ᠡᠵᠡᠮᠰᠢᠯ ᠤᠨ ᠰᠢᠰᠲ᠋ᠧᠮ ᠤᠨ ᠦᠢᠯᠡᠳᠬᠦ ᠠᠵᠤ ᠦᠢᠯᠡᠰ ᠤᠨ ᠲᠥᠪ ᠪᠠᠭᠲᠠᠨ᠎ᠠ᠃ ᠬᠤᠶᠠᠳᠤᠭᠠᠷ ᠬᠤᠭᠤᠴᠠᠭᠠᠨ ᠳᠤ ᠨᠢᠭᠡᠳᠦᠭᠡᠷ ᠬᠤᠭᠤᠴᠠᠭᠠᠨ ᠤ ᠭᠤᠷᠪᠠᠨ ᠲᠥᠷᠥᠯ ᠵᠦᠢᠯ ᠤᠨ ᠰᠠᠭᠤᠷᠢᠨ ᠳᠡᠭᠡᠷ᠎ᠡ᠂ ᠰᠠᠯᠬᠢᠨ ᠬᠦᠴᠦᠨ ᠤ ᠴᠠᠬᠢᠯᠭᠠᠨ ᠤ ᠢᠯᠲᠠᠰᠤ᠂ ᠨᠢᠰᠬᠡᠯ ᠤᠨ ᠥᠷᠥᠭᠡᠨ ᠤ ᠪᠦᠷᠬᠦᠭᠦᠯ ᠵᠡᠷᠭᠡ ᠨᠡᠶᠢᠯᠡᠮᠡᠯ ᠮᠠᠲ᠋ᠧᠷᠢᠶᠠᠯ ᠢ ᠡᠷᠭᠢᠯᠳᠦᠭᠦᠯᠦᠨ ᠳᠠᠬᠢᠨ ᠦᠢᠯᠡᠳᠬᠦ ᠲᠥᠷᠥᠯ ᠵᠦᠢᠯ ᠪᠠ ᠬᠡᠷᠡᠯ ᠤᠨ ᠤᠰᠤᠲᠥ᠋ᠷᠥᠭᠴᠢ ᠶᠢ ᠬᠠᠳᠠᠭᠠᠯᠠᠬᠤ ᠤᠭᠰᠠᠷᠠᠭ᠎ᠠ ᠲᠣᠨᠤᠭ ᠦᠢᠯᠡᠳᠬᠦ ᠵᠢᠴᠢ ᠪᠤᠰᠤᠳ ᠠᠮᠢ ᠠᠬᠤᠢ ᠶᠢᠨ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠬᠡᠷᠡᠯ ᠤᠨ ᠡᠨᠧᠷᠭᠢ᠂ ᠡᠨᠧᠷᠭᠢ ᠬᠠᠳᠠᠭᠠᠯᠠᠬᠤ᠂ ᠤᠰᠤᠲᠥ᠋ᠷᠥᠭᠴᠢ ᠡᠨᠧᠷᠭᠢ ᠵᠡᠷᠭᠡ ᠭᠤᠣᠯᠯᠠᠬᠤ ᠤᠭᠰᠠᠷᠠᠭ᠎ᠠ ᠲᠣᠨᠤᠭ ᠦᠢᠯᠡᠳᠬᠦ ᠠᠵᠤ ᠦᠢᠯᠡᠰ ᠢ ᠪᠦᠲᠦᠭᠡᠨ ᠪᠠᠶᠢᠭᠤᠯᠤᠨ᠎ᠠ᠃ ᠨᠢᠭᠡᠳᠦᠭᠡᠷ᠂ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠢ ᠪᠦᠬᠦᠨ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ 36 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠲᠡᠭ ᠢ ᠪᠡᠶᠡᠯᠡᠭᠦᠯᠵᠦ ᠪᠣᠯᠣᠨ᠎ᠠ᠃       ᠱᠠᠩᠬᠠᠢ ᠶᠢᠨ ᠴᠠᠬᠢᠯᠭᠠᠨ ᠰᠠᠯᠬᠢᠨ ᠬᠦᠴᠦᠨ ᠤ ᠴᠠᠬᠢᠯᠭᠠᠨ ᠤ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ  ᠤᠨ ᠬᠤᠪᠢᠶᠠᠷᠢ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢ ᠫᠧᠩ  ᠬᠡᠯᠡᠬᠦ ᠳᠤ ᠪᠠᠨ᠂ ᠢᠷᠡᠭᠡᠳᠦᠢ ᠳᠤ ᠪᠢᠳᠡ 2  ᠠᠴᠠ 3 ᠵᠢᠯ ᠤᠨ ᠳᠣᠲᠣᠷ᠎ᠠ ᠳᠡᠭᠡᠳᠦ ᠳᠣᠣᠷᠠᠳᠤ ᠤᠷᠤᠰᠬᠠᠯ ᠢᠶᠠᠨ ᠣᠷᠣᠭᠤᠯᠤᠨ ᠠᠪᠴᠢᠷᠠᠵᠤ᠂ ᠰᠠᠯᠬᠢᠨ᠂ ᠬᠡᠷᠡᠯ᠂ ᠤᠰᠤᠲᠥ᠋ᠷᠥᠭᠴᠢ᠂ ᠨᠥᠭᠡᠴᠡ ᠵᠡᠷᠭᠡ 4 ᠴᠢᠭᠯᠡᠯ ᠢᠶᠠᠷ ᠪᠠᠶᠠᠨᠨᠠᠭᠤᠷ ᠤᠨ ᠠᠵᠤ ᠦᠢᠯᠡᠰ ᠤᠨ ᠬᠦᠷᠢᠶᠡᠯᠡᠩ ᠳᠤ ᠪᠥᠬᠦ ᠭᠢᠨᠵᠢ ᠪᠠᠷ ᠢᠶᠠᠨ ᠰᠠᠭᠤᠷᠢᠰᠢᠬᠤ ᠪᠠᠷ ᠲᠥᠯᠥᠪᠯᠡᠵᠦ ᠪᠠᠶᠢᠨ᠎ᠠ ᠭᠡᠯ᠎ᠡ᠃       ︽ᠳᠤᠮᠳᠠᠳᠤ ᠤᠯᠤᠰ ᠤᠨ ᠬᠥᠳᠡᠯᠭᠡᠬᠦ ᠬᠦᠴᠦᠨ ᠤ ᠠᠵᠤ ᠦᠢᠯᠡᠳᠪᠦᠷᠢ ᠶᠢᠨ ᠥᠯᠥᠭᠡᠢ︾ ᠬᠡᠮᠡᠭᠳᠡᠭᠰᠡᠨ ᠱᠠᠩᠬᠠᠢ ᠶᠢᠨ ᠴᠠᠬᠢᠯᠭᠠᠨ ᠤ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ 120 ᠭᠠᠷᠤᠢ ᠵᠢᠯ ᠤᠨ ᠥᠨᠢ ᠤᠳᠠᠭᠠᠨ ᠲᠡᠦᠬᠡ ᠲᠠᠢ ᠪᠠᠶᠢᠵᠤ᠂ ᠮᠠᠰᠢ ᠣᠯᠠᠨ ᠳᠤᠮᠳᠠᠳᠤ ᠤᠯᠤᠰ ᠪᠠ ᠳᠡᠯᠡᠬᠡᠢ ᠶᠢᠨ ᠨᠢᠭᠡᠳᠦᠭᠡᠷ ᠲᠤ ᠣᠷᠣᠵᠤ᠂ ᠮᠠᠨ ᠤ ᠤᠯᠤᠰ ᠤᠨ ᠭᠤᠷᠪᠠᠨ ᠲᠣᠮᠣ ᠴᠠᠬᠢᠯᠭᠠᠨ ᠤ ᠲᠥᠬᠦᠭᠡᠷᠦᠮᠵᠢ ᠦᠢᠯᠡᠳᠬᠦ ᠬᠤᠳᠠᠯᠳᠤᠭᠠᠴᠢᠨ ᠤ ᠨᠢᠭᠡ ᠪᠣᠯᠵᠠᠢ᠃ 
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ