ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠪᠠᠶᠠᠨᠨᠠᠭᠤᠷ ᠬᠤᠲᠠ ᠶᠢᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠪᠥᠬᠦ ᠤᠰᠤᠯᠠᠯᠲᠠ ᠶᠢᠨ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ ᠪᠡᠯᠡ ᠮᠥᠩᠭᠦ ᠶᠢᠨ ᠱᠠᠩᠨᠠᠯ ᠨᠥᠬᠦᠪᠦᠷᠢ ᠶᠢ ᠭᠦᠢᠴᠡᠳᠬᠡᠬᠦ ᠠᠷᠭ᠎ᠠ︾᠎ ᠶᠢ ᠳᠠᠷᠤᠮᠠᠯᠯᠠᠨ ᠶᠠᠪᠤᠭᠤᠯᠬᠤ ᠲᠤᠬᠠᠶ  ᠮᠡᠳᠡᠭᠳᠡᠯ
ᠨᠡᠶᠢᠲᠡᠯᠡᠭᠰᠡᠨ ᠴᠠᠭ᠄
2024/9/14
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠲᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ︽ᠪᠠᠶᠠᠨᠨᠠᠭᠤᠷ ᠬᠤᠲᠠ ᠶᠢᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ ᠪᠠᠯᠠ ᠮᠥᠩᠭᠦ ᠶᠢᠨ ᠱᠠᠩᠨᠠᠯ ᠨᠥᠬᠦᠪᠥᠷᠢ ᠶᠢᠨ ᠠᠷᠭ᠎ᠠ ᠶᠢ ᠨᠢᠭᠡᠨᠲᠡ ᠬᠤᠲᠠ ᠶᠢᠨ ᠵᠠᠰᠠᠭ ᠤᠨ ᠣᠷᠳᠣᠨ ᠤ 9 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃                          ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                     2024 ᠣᠨ ᠤ 7 ᠰᠠᠷ᠎ᠠ ᠶᠢᠨ 4᠎ ᠤ ᠡᠳᠦᠷ                                   ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠪᠡ︶      ᠪᠠᠶᠠᠨᠨᠠᠭᠤᠷ ᠬᠤᠲᠠ ᠶᠢᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ ᠪᠠᠯᠠ ᠮᠥᠩᠭᠦ ᠶᠢᠨ ᠱᠠᠩᠨᠠᠯ ᠨᠥᠬᠦᠪᠥᠷᠢ ᠶᠢᠨ ᠠᠷᠭ᠎ᠠ      ᠨᠢᠭᠡᠳᠦᠭᠡᠷ ᠵᠦᠢᠯ ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠵᠤ᠂ ᠪᠥᠲᠥᠭᠡᠨ ᠪᠠᠶᠢᠭᠤᠯᠤᠯᠲᠠ ᠪᠠ ᠬᠠᠮᠢᠶᠠᠷᠴᠤ ᠬᠠᠮᠠᠭᠠᠯᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ︽︿ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠨᠡᠯᠡᠵᠦ ᠤᠷᠮᠠᠰᠢᠭᠤᠯᠬᠤ ᠠᠷᠭ᠎ᠠ ︵ᠲᠤᠷᠰᠢᠨ ᠬᠡᠷᠡᠭᠵᠢᠭᠦᠯᠬᠦ︶﹀᠎ ᠢ ᠳᠠᠷᠤᠮᠠᠯᠯᠠᠨ ᠲᠠᠷᠬᠠᠭᠠᠬᠤ ᠲᠤᠬᠠᠶ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠳᠡᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾᠎ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ  ᠵᠦᠢᠯ ᠲᠣᠰ ᠠᠷᠭ᠎ᠠ ᠶᠢᠨ ᠱᠠᠩᠨᠠᠵᠤ ᠲᠤᠰᠠᠯᠠᠬᠤ ᠡᠲᠡᠭᠡᠳ ᠪᠣᠯ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠷᠰᠢᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ︵ᠳᠣᠷᠣᠭᠰᠢ ︽ᠤᠳᠤᠷᠢᠳᠬᠤ ᠳᠤᠭᠤᠶᠢᠯᠠᠩ ᠤᠨ ᠠᠯᠪᠠᠨ ᠬᠡᠷ︾ ᠭᠡᠵᠦ ᠲᠣᠪᠴᠢᠯᠠᠨ᠎ᠠ︶ ᠪᠣᠯᠤᠨ᠎ᠠ᠃      ᠭᠤᠷᠪᠠᠳᠤᠭᠠᠷ ᠵᠦᠢᠯ ᠲᠤᠰ ᠠᠷᠭ᠎ᠠ ᠨᠢ ᠲᠦᠭᠡᠮᠡᠯ ᠬᠠᠷᠠᠭᠠᠯᠵᠠᠬᠤ ᠴᠢᠨᠠᠷ ᠪᠠ ᠤᠷᠮᠠᠰᠢᠭᠤᠯᠬᠤ ᠴᠢᠨᠠᠷ ᠢ ᠬᠠᠷᠢᠯᠴᠠᠨ ᠤᠶᠠᠯᠳᠤᠭᠤᠯᠵᠤ᠂ ᠪᠦᠲᠦᠭᠡᠨ ᠪᠠᠶᠢᠭᠤᠯᠬᠤ ᠡᠭᠦᠷᠭᠡ ᠪᠠ ᠬᠠᠮᠢᠶᠠᠷᠴᠤ ᠬᠠᠮᠠᠭᠠᠯᠠᠬᠤ ᠪᠡᠯᠡ ᠮᠥᠩᠭᠦ ᠶᠢ ᠬᠠᠷᠢᠯᠴᠠᠨ ᠤᠶᠠᠯᠳᠤᠭᠤᠯᠵᠤ᠂ ᠪᠠᠷᠢᠯᠭ᠎ᠠ ᠶᠢᠨ ᠶᠠᠰᠤ ᠴᠢᠨᠠᠷ ᠪᠠ ᠲᠥᠷᠥᠯ ᠵᠦᠢᠯ ᠤᠨ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠵᠤ᠂ ᠡᠩ ᠤᠨ ᠦᠶ᠎ᠡ ᠳᠤ ᠬᠢᠨᠠᠨ ᠡᠵᠡᠮᠳᠡᠬᠦ ᠪᠠ ᠬᠢᠨᠠᠨ ᠰᠢᠯᠭᠠᠵᠤ ᠰᠢᠯᠭᠠᠨ ᠠᠪᠬᠤ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠪᠠᠷᠢᠮᠲᠠᠯᠠᠨ᠎ᠠ᠃      ᠳᠥᠷᠪᠡᠳᠦᠭᠡᠷ ᠵᠦᠢᠯ ᠬᠤᠲᠠ ᠶᠢᠨ ᠵᠠᠰᠠᠭ ᠤᠨ ᠣᠷᠳᠣᠨ ᠵᠢᠯ ᠪᠦᠷᠢ 5000 ᠲᠦᠮᠡᠨ ᠲᠥᠭᠦᠷᠢᠭ ᠢ ᠤᠰᠤᠯᠠᠯᠲᠠ ᠶᠢᠨ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠠᠷ ᠨᠥᠬᠦᠪᠥᠷᠢᠯᠡᠬᠦ ᠶᠢ ᠣᠷᠣᠯᠠᠭᠤᠯᠤᠨ᠎ᠠ᠃      ᠲᠠᠪᠤᠳᠤᠭᠠᠷ ᠵᠦᠢᠯ ᠡᠯ᠎ᠡ ᠬᠤᠰᠢᠭᠤ ᠰᠢᠶᠠᠨ ᠲᠣᠭᠤᠷᠢᠭ ᠡᠷᠬᠡᠪᠰᠢ ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠦᠨ᠎ᠡ︔ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠣᠰᠣᠭᠠᠷ ᠪᠡᠯᠡ ᠮᠥᠩᠭᠦ ᠥᠭᠭᠦᠨ᠎ᠡ︔ ᠪᠠᠷᠢᠯᠭ᠎ᠠ ᠳᠠᠭᠤᠰᠤᠭᠰᠠᠨ ᠡᠳ᠋ ᠤᠨ ᠶᠠᠪᠤᠳᠠᠯ ᠤᠨ ᠲᠥᠰᠦᠪ ᠤᠨ ᠭᠦᠢᠴᠡᠳᠬᠡᠯ ᠢ ᠬᠢᠨᠠᠨ ᠪᠤᠳᠤᠬᠤ ᠶᠢ ᠴᠠᠭ ᠲᠤᠬᠠᠶ ᠳᠤᠨᠢ ᠪᠡᠶᠡᠯᠡᠭᠦᠯᠦᠨ᠎ᠡ︔ ᠬᠤᠲᠠ ᠶᠢᠨ ᠱᠠᠲᠤᠨ ᠤ ᠪᠠᠷᠢᠯᠭ᠎ᠠ ᠳᠠᠭᠤᠰᠤᠭᠰᠠᠨ ᠰᠢᠯᠭᠠᠨ ᠪᠠᠶᠢᠴᠠᠭᠠᠯᠲᠠ ᠶᠢ ᠥᠩᠭᠡᠷᠡᠭᠡᠬᠦ ᠶᠢᠨ ᠬᠠᠮᠲᠤ ᠵᠢᠷᠤᠭ ᠳᠡᠭᠡᠷ᠎ᠡ ᠬᠥᠮᠥᠷᠭᠡ ᠳᠤ ᠣᠷᠣᠭᠤᠯᠬᠤ ᠪᠠ ᠲᠥᠷᠥᠯ ᠵᠦᠢᠯ ᠢ ᠰᠢᠯᠵᠢᠭᠦᠯᠦᠨ ᠲᠤᠰᠢᠶᠠᠬᠤ ᠶᠢ ᠪᠡᠶᠡᠯᠡᠭᠦᠯᠦᠨ᠎ᠡ︔ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠮᠢᠶᠠᠷᠤᠨ ᠬᠠᠮᠠᠭᠠᠯᠠᠬᠤ ᠦᠷ᠎ᠡ ᠪᠦᠲᠦᠮᠵᠢ ᠢᠯᠡᠳᠲᠡ ᠪᠣᠯᠪᠠ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠴᠠᠭ ᠤᠨ ᠳᠠᠷᠠᠭᠠᠯᠠᠯ ᠤᠨ ᠠᠬᠢᠴᠠ ᠳᠤ ᠬᠦᠷᠦᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠣᠨ ᠤ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃      ᠵᠢᠷᠭᠤᠳᠤᠭᠠᠷ ᠵᠦᠢᠯ ᠬᠤᠰᠢᠭᠤ ᠰᠢᠶᠠᠨ ᠲᠣᠭᠤᠷᠢᠭ ᠱᠠᠩᠨᠠᠬᠤ ᠪᠠᠷ ᠨᠥᠬᠦᠪᠦᠷᠢ ᠶᠢ ᠣᠷᠣᠯᠠᠭᠤᠯᠬᠤ ᠪᠡᠯᠡ ᠮᠥᠩᠭᠦ ᠶᠢ ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ︵50%︶᠂ ᠬᠠᠮᠢᠶᠠᠷᠴᠤ ᠬᠠᠮᠠᠭᠠᠯᠠᠬᠤ ᠪᠡᠯᠡ ᠮᠥᠩᠭᠦ ᠶᠢᠨ ᠨᠠᠶᠢᠳᠠᠪᠤᠷᠢᠵᠢᠭᠤᠯᠤᠯᠲᠠ ︵20%︶᠂ ᠲᠥᠷᠥᠯ ᠵᠦᠢᠯ ᠤᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠦᠨᠡᠯᠡᠯᠲᠡ ︵30%︶ ᠵᠡᠷᠭᠡ ᠪᠠᠶᠢᠳᠠᠯ ᠢ ᠦᠨᠳᠦᠰᠦᠯᠡᠨ ᠬᠤᠪᠢᠶᠠᠷᠢᠯᠠᠵᠤ᠂ ᠱᠠᠩᠨᠠᠬᠤ ᠪᠠᠷ ᠨᠥᠬᠦᠪᠦᠷᠢ ᠶᠢ ᠣᠷᠣᠯᠠᠭᠤᠯᠬᠤ ᠪᠡᠯᠡ ᠮᠥᠩᠭᠦ ᠶᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠳᠤ ᠬᠡᠷᠡᠭᠯᠡᠵᠦ᠂ ᠪᠠᠷᠢᠯᠭ᠎ᠠ ᠶᠢᠨ ᠦᠷ᠎ᠡ ᠠᠰᠢᠭ ᠢᠶᠠᠨ ᠤᠷᠲᠤ ᠬᠤᠭᠤᠴᠠᠭ᠎ᠠ ᠪᠠᠷ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠲᠠ ᠶᠢᠨ ᠱᠠᠲᠤᠨ ᠤ ᠱᠠᠩᠨᠠᠯ ᠢᠶᠠᠷ ᠨᠥᠬᠦᠪᠥᠷᠢ ᠥᠭᠬᠦ ᠶᠢ ᠣᠷᠣᠯᠠᠭᠤᠯᠬᠤ ᠪᠡᠯᠡ ᠮᠥᠩᠭᠦ ᠶᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠶᠢᠨ ᠬᠠᠮᠢᠶᠠᠷᠤᠯᠲᠠ ᠳᠤ ᠴᠢᠬᠤᠯᠠ ᠬᠡᠷᠡᠭᠰᠡᠬᠦ ᠵᠠᠷᠤᠳᠠᠯ ᠤᠨ ᠵᠠᠷᠤᠯᠭ᠎ᠠ ᠳᠤ ᠬᠡᠷᠡᠭᠯᠡᠨ᠎ᠡ᠃ ᠱᠠᠩᠨᠠᠵᠤ ᠲᠤᠰᠠᠯᠠᠬᠤ ᠪᠡᠯᠡ ᠮᠥᠩᠭᠦ ᠶᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠵᠢᠴᠢ ᠬᠤᠪᠢ ᠬᠥᠮᠦᠨ ᠤ ᠲᠤᠰᠠᠯᠠᠮᠵᠢ ᠵᠡᠷᠭᠡ ᠡᠩ ᠤᠨ ᠴᠢᠨᠠᠷᠲᠠᠶ ᠵᠠᠷᠤᠯᠭ᠎ᠠ ᠳᠤ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠬᠤᠲᠠ ᠶᠢᠨ ᠱᠠᠲᠤᠨ ᠤ ᠱᠠᠩᠨᠠᠵᠤ ᠨᠥᠬᠦᠪᠦᠷᠢᠯᠡᠬᠦ ᠪᠡᠯᠡ ᠮᠥᠩᠭᠦ ᠨᠢ ᠲᠤᠰ ᠵᠢᠯ ᠳᠡᠭᠡᠨ ᠦᠯᠡᠳᠡᠪᠦᠷᠢ ᠲᠠᠢ ᠪᠣᠯ ᠲᠤᠰ ᠱᠠᠲᠤᠨ ᠤ ᠡᠳ᠋ ᠤᠨ ᠵᠠᠰᠠᠭ ᠢ ᠨᠢ ᠬᠤᠷᠢᠶᠠᠨ ᠠᠪᠤᠨ᠎ᠠ᠃      ᠳᠣᠯᠣᠳᠤᠭᠠᠷ ᠵᠦᠢᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠦᠨᠡᠯᠡᠯᠲᠡ ᠶᠢᠨ ᠠᠭᠤᠯᠭ᠎ᠠ ᠶᠢ ᠦᠨᠳᠦᠰᠦᠯᠡᠨ ᠲᠣᠰ ᠭᠠᠵᠠᠷ ᠣᠷᠣᠨ ᠤ ᠲᠣᠰ ᠵᠢᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠥᠪᠡᠰᠦᠪᠡᠨ ᠪᠠᠶᠢᠴᠠᠭᠠᠯᠲᠠ ᠬᠢᠵᠦ᠂ ᠥᠪᠡᠰᠦᠪᠡᠨ ᠪᠠᠶᠢᠴᠠᠭᠠᠵᠤ ᠦᠨᠡᠯᠡᠵᠦ ᠪᠠᠷᠠᠭᠰᠠᠨ ᠤ ᠳᠠᠷᠠᠭ᠎ᠠ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠭᠤᠶᠤᠴᠢᠯᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠡᠯ᠎ᠡ ᠬᠤᠰᠢᠭᠤ ᠰᠢᠶᠠᠨ ᠲᠣᠭᠤᠷᠢᠭ ᠤᠨ ᠮᠡᠳᠡᠭᠦᠯᠦᠭᠰᠡᠨ ᠮᠠᠲ᠋ᠧᠷᠢᠶᠠᠯ ᠢ ᠦᠨᠳᠦᠰᠦᠯᠡᠨ ᠶᠡᠷᠦᠩᠬᠡᠶᠢᠯᠡᠨ ᠦᠨᠡᠯᠡᠵᠦ᠂ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠬᠤᠪᠢᠶᠠᠷᠢᠯᠠᠬᠤ ᠰᠠᠨᠠᠭᠤᠯᠭ᠎ᠠ ᠳᠤᠷᠠᠳᠤᠨ᠎ᠠ︔ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠡᠯ᠎ᠡ ᠪᠦᠷᠢᠯᠳᠦᠬᠦᠨ ᠨᠢᠭᠡᠴᠡ ᠶᠢᠨ ᠠᠵᠢᠯ ᠤᠨ ᠪᠠᠶᠢᠳᠠᠯ ᠢ ᠦᠨᠳᠦᠰᠦᠯᠡᠨ᠂ ᠬᠤᠲᠠ ᠶᠢᠨ ᠱᠠᠲᠤᠨ ᠤ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢᠨ ᠬᠤᠪᠢᠶᠠᠷᠢᠯᠠᠯᠲᠠ ᠶᠢᠨ ᠰᠠᠨᠠᠭᠤᠯᠭ᠎ᠠ ᠳᠤᠷᠠᠳᠤᠨ᠎ᠠ᠃ ᠬᠤᠪᠢᠶᠠᠷᠢᠯᠠᠯᠲᠠ ᠶᠢᠨ ᠰᠠᠨᠠᠭᠤᠯᠭ᠎ᠠ ᠶᠢ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠬᠢᠨᠠᠨ ᠲᠣᠭᠲᠠᠭᠠᠯᠭᠠᠵᠤ᠂ ᠵᠠᠷᠯᠠᠨ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯ ᠵᠥᠪᠰᠢᠶᠡᠷᠡᠨ᠎ᠡ᠃      ᠨᠠᠢᠮᠠᠳᠤᠭᠠᠷ ᠵᠦᠢᠯ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠠ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠪᠡᠯᠡ ᠮᠥᠩᠭᠦ ᠬᠡᠷᠡᠭᠯᠡᠬᠦ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠲᠤᠰᠬᠠᠢ ᠵᠣᠭᠤᠰ ᠢ ᠲᠤᠰᠬᠠᠢ ᠵᠦᠢᠯ ᠳᠤᠨᠢ ᠬᠡᠷᠡᠭᠯᠡᠬᠦ ᠬᠡᠷᠡᠭᠲᠡᠢ᠃ ᠶᠠᠮᠠᠷᠪᠠ ᠨᠢᠭᠡᠴᠡ ᠭᠡᠳ ᠱᠠᠩᠨᠠᠵᠤ ᠲᠤᠰᠠᠯᠠᠬᠤ ᠪᠡᠯᠡ ᠮᠥᠩᠭᠦ ᠶᠢ ᠬᠠᠭᠤᠷᠮᠠᠭ ᠢᠶᠠᠷ ᠮᠡᠳᠡᠭᠦᠯᠵᠦ᠂ ᠬᠠᠭᠤᠷᠮᠠᠭᠯᠠᠨ ᠠᠪᠴᠤ᠂ ᠳᠤᠮᠳᠠ ᠠᠴᠠ ᠨᠢ ᠦᠯᠡᠳᠡᠭᠡᠨ ᠠᠪᠴᠤ᠂ ᠨᠡᠭᠦᠯᠭᠡᠨ ᠬᠡᠷᠡᠭᠯᠡᠵᠦ ᠪᠣᠯᠬᠤ ᠦᠭᠡᠶ᠃ ᠱᠠᠩᠨᠠᠵᠤ ᠲᠤᠰᠠᠯᠠᠬᠤ ᠪᠡᠯᠡ ᠮᠥᠩᠭᠦ ᠶᠢ ᠬᠤᠪᠢᠶᠠᠷᠢᠯᠠᠬᠤ᠂ ᠬᠡᠷᠡᠭᠯᠡᠵᠦ ᠬᠠᠮᠢᠶᠠᠷᠬᠤ ᠶᠠᠪᠤᠴᠠ ᠳᠤ᠂ ᠬᠠᠮᠢᠶ᠎ᠠ ᠪᠦᠬᠦᠢ ᠲᠣᠭᠲᠠᠭᠠᠯ ᠠᠴᠠ ᠵᠥᠷᠢᠴᠡᠭᠰᠡᠨ ᠪᠤᠶᠤ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠵᠡᠷᠭᠡ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠨᠢᠭᠡᠴᠡ ᠪᠣᠯᠤᠨ ᠬᠤᠪᠢ ᠬᠥᠮᠦᠨ ᠤ ᠬᠠᠷᠢᠭᠤᠴᠠᠯᠭ᠎ᠠ ᠶᠢ ᠰᠠᠬᠢᠯᠭ᠎ᠠ ᠪᠠᠲᠤ ᠶᠣᠰᠣᠭᠠᠷ ᠨᠡᠬᠡᠮᠵᠢᠯᠡᠬᠦ ᠬᠡᠷᠡᠭᠲᠡᠶ᠃      ᠶᠢᠰᠦᠳᠦᠭᠡᠷ ᠵᠦᠢᠯ ᠪᠡᠯᠡ ᠮᠥᠩᠭᠦ ᠶᠢ ᠬᠡᠷᠡᠭᠯᠡᠭᠰᠡᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠪᠤᠶᠤ ᠲᠤᠭ᠎ᠠ ᠪᠠᠷᠢᠮᠲᠠ ᠶᠢ ᠬᠤᠳᠠᠯ ᠢᠶᠠᠷ ᠮᠡᠳᠡᠭᠦᠯᠵᠦ᠂ ᠢᠨᠵᠧᠨᠧᠷᠢᠩ ᠤᠨ ᠶᠠᠰᠤ ᠴᠢᠨᠠᠷ ᠢ ᠨᠢᠭᠤᠨ ᠳᠠᠯᠳᠠᠯᠠᠭᠰᠠᠨ ᠵᠡᠷᠭᠡ ᠬᠦᠨᠳᠦ ᠨᠣᠴᠢᠲᠠᠢ ᠠᠰᠠᠭᠤᠳᠠᠯ ᠢ ᠱᠠᠩᠨᠠᠬᠤ ᠪᠠᠷ ᠨᠥᠬᠦᠪᠦᠷᠢ ᠶᠢ ᠣᠷᠣᠯᠠᠭᠤᠯᠬᠤ ᠬᠡᠪᠴᠢᠶᠡᠨ ᠳᠤ ᠣᠷᠣᠭᠤᠯᠵᠤ ᠪᠣᠯᠬᠤ ᠦᠭᠡᠢ᠂ ᠨᠢᠭᠡᠨᠲᠡ ᠣᠯᠭᠤᠭᠰᠠᠨ ᠱᠠᠩᠨᠠᠵᠤ ᠨᠥᠬᠦᠪᠦᠷᠢᠯᠡᠬᠦ ᠪᠡᠯᠡ ᠮᠥᠩᠭᠦ ᠶᠢ ᠴᠠᠭ ᠲᠤᠬᠠᠢ ᠳᠤᠨᠢ ᠬᠤᠷᠢᠶᠠᠨ ᠠᠪᠬᠤ ᠶᠢᠨ ᠬᠠᠮᠲᠤ ᠳᠠᠷᠠᠭ᠎ᠠ ᠵᠢᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠣᠬᠢᠷᠠᠭᠤᠯᠤᠨ ᠪᠠᠭᠠᠰᠬᠠᠨ᠎ᠠ᠃      ᠠᠷᠪᠠᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ 5 ᠵᠢᠯ ᠪᠣᠯᠤᠨ᠎ᠠ᠃       
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ