ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ | ᠬᠤᠲᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠪᠠᠶᠠᠨᠨᠠᠭᠤᠷ ᠬᠤᠲᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ | ᠬᠡᠷᠡᠭᠵᠢᠭᠦᠯᠬᠦ ᠲᠥᠰᠦᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 7 ᠰᠠᠷ᠎ᠠ ᠶᠢᠨ 10 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠪᠡ︶ | | | ᠪᠠᠶᠠᠨᠨᠠᠭᠤᠷ ᠬᠤᠲᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ | ᠬᠡᠷᠡᠭᠵᠢᠭᠦᠯᠬᠦ ᠲᠥᠰᠦᠯ | ︽︿ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠰᠠᠨᠠᠯ﹀ ᠢ ᠳᠠᠷᠤᠮᠠᠯᠯᠠᠨ | ᠶᠠᠪᠤᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠮᠡᠳᠡᠭᠳᠡᠯ︾ ︵ᠲᠥᠪ ᠠᠯᠪᠠᠨ ᠲᠠᠷᠬᠠᠭᠠᠭᠰᠠᠨ ︹2020︺ 10 ᠳ᠋ᠤᠭᠠᠷ ᠲᠣᠭᠠᠲᠤ︶ ᠪᠠ ︽ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2020︺ 61 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ | ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠠᠷᠠᠳ | ᠣᠯᠠᠨ ᠳᠤ ᠪᠥᠬᠦ ᠲᠠᠯ᠎ᠠ ᠶᠢᠨ ᠪᠥᠬᠦ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠶᠢᠨ ᠲᠤᠰᠠᠳᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ | ᠂ ᠰᠢᠨ᠎ᠡ ᠴᠠᠭ ᠦᠶ᠎ᠡ ᠶᠢᠨ ᠨᠠᠮ ᠤᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠠᠵᠢᠯ ᠤᠨ ᠴᠢᠭᠯᠡᠯᠲᠡ ᠶᠢ ᠭᠦᠨᠵᠡᠭᠡᠶ ᠲᠤᠭᠤᠰᠢᠯᠠᠭᠤᠯᠵᠤ᠂ ᠠᠷᠠᠳ | ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠡᠮᠴᠢᠯᠡᠭᠡ ᠡᠷᠡᠭᠦᠯ | ᠬᠠᠮᠠᠭᠠᠯᠠᠯ ᠤᠨ ᠬᠥᠭᠵᠢᠯᠲᠡ ᠶᠢᠨ ᠠᠷᠭ᠎ᠠ ᠬᠡᠯᠪᠡᠷᠢ ᠶᠢ ᠠᠭᠤᠯᠤᠭᠳᠠᠬᠤᠨ ᠤ ᠬᠥᠭᠵᠢᠯᠲᠡ ᠶᠢ ᠨᠠᠩ ᠴᠢᠬᠤᠯᠠᠴᠢᠯᠠᠬᠤ ᠪᠠ ᠦᠢᠯᠡᠴᠢᠯᠡᠭᠡᠨ ᠤ ᠵᠠᠭᠪᠤᠷ ᠢ ᠦᠷᠭᠦᠯᠵᠢᠯᠡᠨ | ᠰᠢᠰᠲ᠋ᠧᠮᠵᠢᠭᠦᠯᠬᠦ᠂ ᠬᠠᠮᠢᠶᠠᠷᠤᠯᠲᠠ ᠶᠢᠨ ᠠᠷᠭ᠎ᠠ ᠪᠠᠷᠢᠯ ᠢ ᠨᠠᠩ ᠴᠢᠬᠤᠯᠠᠴᠢᠯᠠᠬᠤ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠵᠠᠰᠠᠬᠤ ᠶᠢ | ᠨᠠᠩ ᠴᠢᠬᠤᠯᠠᠴᠢᠯᠠᠬᠤ ᠲᠡᠶᠢᠰᠢ ᠬᠤᠪᠢᠷᠠᠭᠤᠯᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠶᠢᠨ | ᠲᠡᠩᠴᠡᠭᠦᠷᠢᠲᠡᠶ ᠪᠠᠶᠢᠷᠢᠰᠢᠭᠤᠯᠤᠯᠲᠠ ᠶᠢ ᠠᠬᠢᠭᠤᠯᠬᠤ ᠲᠡᠶᠢᠰᠢ ᠠᠬᠢᠭᠤᠯᠤᠨ᠎ᠠ᠃ 2025 ᠤᠨ ᠪᠣᠯᠬᠤ ᠳᠤ᠂ ᠪᠥᠬᠦ ᠬᠤᠲᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠣᠭᠲᠠᠯᠴᠠᠭ᠎ᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠪᠠ ᠦᠢᠯᠡᠴᠢᠯᠡᠭᠡᠨ ᠤ ᠲᠡᠩᠴᠡᠭᠦᠷᠢᠲᠡᠶ | ᠴᠢᠨᠠᠷ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠠᠪᠤᠷᠠᠨ ᠵᠠᠰᠠᠬᠤ ᠪᠠ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢᠨ ᠬᠥᠭᠵᠢᠯᠲᠡ ᠶᠢ ᠨᠠᠩ ᠵᠣᠬᠢᠴᠠᠭᠤᠯᠤᠨ | ᠂ ᠡᠮᠬᠢ ᠵᠢᠷᠤᠮ ᠲᠠᠢ ᠪᠠᠷ ᠡᠮᠨᠡᠭᠦᠯᠬᠦ ᠪᠠ ᠣᠨᠣᠰᠢᠯᠠᠨ ᠡᠮᠨᠡᠬᠦ ᠰᠢᠰᠲ᠋ᠧᠮᠵᠢ ᠶᠢᠨ ᠪᠠᠶᠢᠭᠤᠯᠤᠯᠲᠠ ᠢᠳᠡᠪᠬᠢᠲᠡᠶ ᠦᠷ᠎ᠡ ᠪᠦᠲᠦᠮᠵᠢ ᠤᠯᠪᠠ᠃ 2035 ᠤᠨ ᠪᠣᠯᠬᠤ ᠳᠤ᠂ | ᠰᠢᠰᠲ᠋ᠧᠮ ᠨᠢ ᠪᠦᠷᠢᠨ ᠪᠦᠲᠦᠨ᠂ ᠠᠵᠢᠯ ᠤᠨ ᠬᠤᠪᠢᠶᠠᠷᠢᠯᠠᠯ ᠨᠢ ᠲᠣᠳᠣᠷᠬᠠᠢ᠂ ᠴᠢᠳᠠᠮᠵᠢ ᠨᠢ ᠬᠠᠷᠢᠯᠴᠠᠨ ᠨᠥᠬᠦᠪᠥᠷᠢᠯᠡᠭᠰᠡᠨ᠂ ᠦᠷᠭᠦᠯᠵᠢᠯᠡᠨ ᠬᠠᠮᠵᠢᠯᠴᠠᠭᠰᠠᠨ᠂ | ᠠᠵᠢᠯᠯᠠᠭᠠᠨ ᠨᠢ ᠥᠨᠳᠥᠷ ᠦᠷ᠎ᠡ ᠪᠦᠲᠦᠮᠵᠢᠲᠡᠶ᠂ ᠤᠶᠠᠨ ᠬᠠᠳᠠᠨ ᠴᠢᠨᠠᠷ ᠲᠠᠢ ᠡᠮᠬᠢᠯᠡᠨ ᠨᠡᠶᠢᠯᠡᠭᠦᠯᠦᠭᠰᠡᠨ ᠬᠡᠯᠪᠡᠷᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠰᠢᠰᠲ᠋ᠧᠮ ᠢ ᠪᠦᠷᠢᠯᠳᠦᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠡᠷᠬᠡ ᠲᠡᠭᠰᠢ ᠴᠢᠨᠠᠷ᠂ ᠭᠥᠷᠳᠡᠵᠦ ᠪᠣᠯᠬᠤᠶᠢᠴᠠ ᠴᠢᠨᠠᠷ ᠪᠠ | ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠴᠢᠳᠠᠪᠤᠷᠢ ᠶᠢ ᠢᠯᠡᠳᠲᠡ ᠴᠢᠩᠭᠠᠷᠠᠭᠤᠯᠤᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠴᠢᠳᠠᠪᠤᠷᠢ ᠶᠢᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ | 1. ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠤᠯᠤᠰ ᠤᠨ | ᠣᠷᠣᠨ ᠪᠦᠰᠡ ᠶᠢᠨ ᠡᠮᠴᠢᠯᠡᠭᠡᠨ ᠤ ᠲᠥᠪ ︵ᠪᠡᠭᠡᠵᠢᠩ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ︶᠂ ᠪᠠᠶᠠᠨᠨᠠᠭᠤᠷ | ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠬᠤᠶᠠᠷ ︽ᠭᠤᠷᠪᠠᠨ ᠬᠥᠬᠡ︾ ᠡᠮᠨᠡᠯᠭᠡ ᠶᠢᠨ ᠬᠤᠷᠢᠶ᠎ᠠ ᠪᠠ ᠯᠢᠨ ᠾᠧ ᠲᠣᠭᠤᠷᠢᠭ ᠤᠨ ᠠᠷᠠᠳ ᠤᠨ ᠡᠮᠨᠡᠯᠭᠡ ᠶᠢᠨ | ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠬᠤᠶᠠᠷ ︽ᠭᠤᠷᠪᠠᠳᠤᠭᠠᠷ ᠳᠡᠰ︾ ᠤᠨ ᠡᠮᠨᠡᠯᠭᠡ ᠶᠢᠨ ᠬᠤᠷᠢᠶ᠎ᠠ ᠳᠤ ᠲᠦᠰᠢᠭᠯᠡᠨ᠂ ᠴᠢᠨᠠᠷ ᠰᠠᠶᠢᠲᠠᠶ | ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠲᠡᠩᠴᠡᠭᠦᠷᠢᠲᠡᠶ ᠪᠠᠶᠢᠷᠢᠰᠢᠭᠤᠯᠤᠯ ᠢ ᠠᠬᠢᠭᠤᠯᠤᠨ᠎ᠠ᠃ ᠤᠯᠤᠰ ᠤᠨ ᠣᠷᠣᠨ ᠪᠦᠰᠡ ᠶᠢᠨ | ᠡᠮᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ︵ᠪᠡᠭᠡᠵᠢᠩ ᠤᠨ ᠬᠢᠲᠠᠳ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ︶ ᠶᠢ | ᠲᠦᠷᠭᠡᠳᠬᠡᠨ ᠠᠬᠢᠭᠤᠯᠵᠤ᠂ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠤᠷᠢᠳᠠᠪᠠᠷ ᠬᠥᠭᠵᠢᠬᠦ᠂ ᠣᠨᠴᠠᠯᠢᠭ ᠲᠠᠢ ᠪᠠᠷ ᠬᠥᠭᠵᠢᠬᠦ ᠶᠢ ᠳᠡᠮᠵᠢᠵᠦ᠂ | ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠪᠠ ᠨᠥᠯᠥᠭᠡᠯᠡᠨ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ︽ᠪᠡᠭᠡᠵᠢᠩ ᠥᠪᠥᠷ ᠮᠣᠩᠭᠤᠯ ᠤᠨ | ᠬᠠᠮᠵᠢᠯᠴᠠᠭ᠎ᠠ︾ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠥᠨᠳᠥᠷ ᠬᠢᠷᠢ ᠲᠦᠪᠰᠢᠨ ᠪᠦᠬᠦᠢ ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠢᠳᠡᠪᠬᠢᠲᠡᠢ ᠲᠡᠮᠡᠴᠡᠨ ᠣᠯᠵᠤ᠂ ᠪᠦᠬᠦ ᠬᠤᠲᠠ ᠶᠢᠨ ᠡᠮᠴᠢᠯᠡᠭᠡᠨ ᠤ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠥᠨᠳᠥᠷ ᠬᠢᠷᠢ | ᠲᠦᠪᠰᠢᠨ ᠪᠦᠬᠦᠢ ᠭᠤᠣᠯᠳᠠᠯᠭ᠎ᠠ ᠲᠠᠢ ᠲᠤᠰᠬᠠᠢ ᠰᠠᠯᠠᠭᠠᠨ ᠤ ᠪᠠᠶᠢᠭᠤᠯᠤᠯᠲᠠ ᠶᠢ ᠠᠬᠢᠭᠤᠯᠵᠤ᠂ 2025 ᠤᠨ ᠪᠣᠯᠬᠤ ᠳᠤ᠂ ᠪᠦᠬᠦ ᠬᠤᠲᠠ ᠳᠤ ᠤᠯᠤᠰ ᠤᠨ | ᠲᠡᠰ ᠤᠨ ᠡᠮᠴᠢᠯᠡᠭᠡᠨ ᠤ ᠭᠤᠣᠯᠳᠠᠯᠭ᠎ᠠ ᠲᠠᠢ ᠲᠤᠰᠬᠠᠢ ᠡᠮᠨᠡᠯᠭᠡ 2᠂ ᠥᠪᠡᠷᠲᠡᠭᠡᠨ ᠵᠠᠰᠠᠬᠤ ᠣᠷᠣᠨ ᠤ ᠲᠡᠰ ᠤᠨ ᠡᠮᠴᠢᠯᠡᠭᠡᠨ ᠤ ᠭᠤᠣᠯᠳᠠᠯᠭ᠎ᠠ ᠲᠠᠢ ᠲᠤᠰᠬᠠᠢ | ᠡᠮᠨᠡᠯᠭᠡ 4᠂ ᠬᠤᠲᠠ ᠶᠢᠨ ᠱᠠᠲᠤᠨ ᠤ ᠡᠮᠴᠢᠯᠡᠭᠡᠨ ᠤ ᠭᠤᠣᠯᠳᠠᠯᠭ᠎ᠠ ᠲᠠᠢ ᠲᠤᠰᠬᠠᠢ ᠡᠮᠨᠡᠯᠭᠡ 6 ᠠᠴᠠ ᠳᠤᠲᠠᠭᠤ ᠦᠭᠡᠢ᠂ ᠰᠢᠶᠠᠨ ᠤ ᠱᠠᠲᠤᠨ ᠤ ᠡᠮᠴᠢᠯᠡᠭᠡᠨ ᠤ | ᠭᠤᠣᠯᠳᠠᠯᠭ᠎ᠠ ᠲᠠᠢ ᠲᠤᠰᠬᠠᠢ ᠡᠮᠨᠡᠯᠭᠡ 2 ᠠᠴᠠ ᠳᠤᠲᠠᠭᠤ ᠦᠭᠡᠢ ᠪᠠᠶᠢᠭᠤᠯᠬᠤ ᠪᠠᠷ ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ᠂ ᠡᠯ᠎ᠡ ᠬᠤᠰᠢᠭᠤ | ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ᠃ ᠡᠯ᠎ᠡ ᠵᠦᠢᠯ ᠤᠨ | ᠡᠭᠦᠷᠭᠡ ᠬᠠᠷᠢᠭᠤᠴᠠᠯᠭᠠᠲᠤ ᠨᠢᠭᠡᠴᠢ ᠨᠢ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠪᠠᠭᠲᠠᠭᠠᠵᠤ᠂ ᠳᠠᠬᠢᠵᠤ ᠵᠢᠭᠰᠠᠭᠠᠬᠤ ᠦᠭᠡᠢ︶ | | 2. ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠰᠢᠶᠠᠨ ᠤ ᠬᠡᠪᠴᠢᠶᠡᠨ ᠤ ᠬᠥᠲᠥᠴᠢ ᠪᠣᠯᠬᠤ ᠪᠠᠶᠢᠷᠢ ᠰᠠᠭᠤᠷᠢ ᠶᠢ ᠳᠣᠪᠤᠶᠢᠯᠭᠠᠨ᠎ᠠ᠃ | ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ︵ᠬᠢᠲᠠᠳ ᠡᠮᠨᠡᠯᠭᠡ ᠪᠠᠭᠲᠠᠨ᠎ᠠ ︶ ᠲᠠᠰ ᠳᠡᠪᠰᠢᠭᠦᠯᠬᠦ ᠶᠢ ᠠᠬᠢᠭᠤᠯᠵᠤ᠂ ᠬᠤᠰᠢᠭᠤ ᠰᠢᠶᠠᠨ ᠤ ᠱᠠᠲᠤᠨ ᠤ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ | ᠬᠤᠷᠢᠶᠠᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠰᠢᠶᠠᠨ ᠤ ᠱᠠᠲᠤᠨ ᠤ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠲᠤᠰᠬᠠᠶ | ᠰᠠᠯᠠᠭ᠎ᠠ ᠪᠣᠯᠤᠨ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠦᠷᠭᠡᠨ ᠡᠮᠨᠡᠬᠦ ᠰᠠᠯᠠᠭ᠎ᠠ᠂ ᠬᠥᠩᠭᠡᠵᠢᠭᠦᠯᠬᠦ ᠰᠠᠯᠠᠭ᠎ᠠ᠂ ᠬᠡᠦᠬᠡᠳ ᠤᠨ | ᠰᠠᠯᠠᠭ᠎ᠠ᠂ ᠬᠦᠨᠳᠦ ᠡᠪᠡᠳᠴᠢᠨ ᠤ ᠡᠮᠨᠡᠯᠭᠡ ᠶᠢᠨ ᠰᠠᠯᠠᠭ᠎ᠠ᠂ ᠬᠢᠲᠠᠳ ᠡᠮᠨᠡᠯᠭᠡ ᠶᠢᠨ ᠰᠠᠯᠠᠭ᠎ᠠ᠂ ᠣᠶᠤᠨ ᠤ ᠰᠠᠯᠠᠭ᠎ᠠ᠂ ᠨᠠᠰᠤᠲᠠᠶᠢᠴᠤᠳ ᠤᠨ ᠠᠨᠠᠭᠠᠬᠤ ᠤᠬᠠᠭᠠᠨ ᠤ | ᠰᠠᠯᠠᠭ᠎ᠠ᠂ ᠡᠷᠡᠭᠦᠯᠵᠢᠭᠦᠯᠬᠦ ᠠᠨᠠᠭᠠᠬᠤ ᠤᠬᠠᠭᠠᠨ ᠤ ᠰᠢᠨᠵᠢᠯᠡᠭᠡ᠂ ᠬᠠᠯᠳᠠᠪᠤᠷᠢᠯᠠᠬᠤ ᠴᠢᠨᠠᠷᠲᠠᠶ ᠡᠪᠡᠳᠴᠢᠨ ᠤ ᠰᠠᠯᠠᠭ᠎ᠠ ᠵᠡᠷᠭᠡ ᠭᠤᠤᠯᠳᠠᠯᠭ᠎ᠠ ᠲᠠᠢ ᠲᠤᠰᠬᠠᠶ ᠰᠠᠯᠠᠭ᠎ᠠ | ᠪᠣᠯᠤᠨ ᠰᠢᠨᠵᠢᠯᠡᠭᠡᠨ ᠢ ᠬᠥᠭᠵᠢᠭᠦᠯᠦᠨ᠎ᠡ᠃ ᠭᠤᠷᠪᠠᠨ ᠲᠠᠰ ᠤᠨ ᠡᠮᠨᠡᠯᠭᠡ ᠶᠢᠨ ᠬᠤᠷᠢᠶ᠎ᠠ ᠶᠢᠨ ᠬᠠᠪᠰᠤᠷᠤᠨ ᠲᠡᠳᠬᠦᠬᠦ ᠰᠢᠶᠠᠨ ᠤ ᠱᠠᠲᠤᠨ ᠤ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠷᠴᠢᠮ ᠢ ᠴᠢᠩᠭᠠᠷᠠᠭᠤᠯᠵᠤ᠂ ᠲᠤᠰᠬᠠᠶ ᠰᠠᠯᠠᠭ᠎ᠠ ᠶᠢ ᠬᠠᠮᠲᠤᠪᠠᠷ ᠪᠠᠶᠢᠭᠤᠯᠬᠤ᠂ ᠲᠤᠬᠠᠶᠢᠯᠠᠭᠰᠠᠨ ᠠᠵᠢᠯ ᠢ | ᠵᠢᠯᠣᠭᠤᠳᠬᠤ᠂ ᠵᠢᠭᠠᠨ ᠰᠤᠷᠭᠠᠯᠲᠠ ᠶᠢᠨ ᠬᠡᠷ ᠪᠠᠶᠢᠰᠢᠩ ᠢ ᠪᠠᠶᠢᠴᠠᠭᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠲᠥᠷᠥᠯ ᠵᠦᠢᠯ ᠤᠨ ᠬᠠᠮᠵᠢᠯᠴᠠᠭ᠎ᠠ ᠵᠡᠷᠭᠡ | ᠬᠠᠮᠲᠤᠷᠠᠨ ᠡᠮᠴᠢᠯᠡᠭᠡ ᠡᠷᠭᠢᠯᠡᠬᠦ ᠬᠡᠯᠪᠡᠷᠢ ᠪᠠᠷ ᠳᠠᠮᠵᠢᠭᠤᠯᠤᠨ᠂ ᠬᠤᠰᠢᠭᠤ ᠰᠢᠶᠠᠨ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠪᠠᠭᠤᠷᠠᠶ ᠲᠤᠰᠬᠠᠶ | ᠰᠠᠯᠠᠭ᠎ᠠ ᠪᠠ ᠭᠤᠤᠯᠳᠠᠯᠭ᠎ᠠ ᠲᠠᠢ ᠲᠤᠰᠬᠠᠶ ᠰᠠᠯᠠᠭᠠᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠮᠴᠢᠯᠡᠭᠡ ᠶᠢᠨ ᠦᠢᠯᠡᠴᠢᠯᠡᠭᠡᠨ ᠤ ︽ᠲᠠᠪᠤᠨ ᠶᠡᠭᠡ | ᠲᠥᠪ︾ ᠪᠠ ᠲᠦᠷᠭᠡᠨ ᠡᠮᠨᠡᠬᠦ ᠲᠦᠷᠭᠡᠨ ᠠᠪᠤᠷᠠᠬᠤ ︽ᠲᠠᠪᠤᠨ ᠶᠡᠭᠡ ᠲᠥᠪ︾ ᠤᠨ ᠪᠠᠶᠢᠭᠤᠯᠤᠯᠲᠠ ᠶᠢ ᠠᠬᠢᠭᠤᠯᠵᠤ᠂ ᠰᠢᠶᠠᠨ ᠤ ᠬᠡᠪᠴᠢᠶᠡᠨ ᠤ ᠪᠦᠬᠦᠯᠢ | ᠴᠣᠭᠴᠠ ᠶᠢᠨ ᠡᠮᠴᠢᠯᠡᠭᠡ ᠶᠢᠨ ᠦᠢᠯᠡᠴᠢᠯᠡᠭᠡ ᠪᠠ ᠲᠦᠷᠭᠡᠨ ᠡᠮᠨᠡᠬᠦ ᠲᠦᠷᠭᠡᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ 2025 ᠤᠨ ᠪᠣᠯᠬᠤ ᠳᠤ᠂ ︽ | ᠮᠢᠩᠭᠠᠨ ᠰᠢᠶᠠᠨ ᠤ ᠢᠨᠵᠧᠨᠧᠷᠢᠩ︾ ᠢ ᠬᠡᠷᠡᠭᠵᠢᠭᠦᠯᠦᠭᠰᠡᠨ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠦᠶᠤᠸᠠᠨ ᠰᠢᠶᠠᠨ ᠤ | ᠠᠷᠠᠳ ᠤᠨ ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢᠨ ᠬᠢᠷᠢ ᠲᠦᠪᠰᠢᠨ ᠳᠤ | ᠬᠦᠷᠦᠭᠦᠯᠵᠦ᠂ ᠭᠤᠷᠪᠠ ᠳᠥᠷᠪᠡᠳᠦᠭᠡᠷ ᠳᠡᠰ ᠤᠨ ᠮᠡᠰᠡ ᠵᠠᠰᠠᠯ ᠤᠨ ᠡᠵᠡᠯᠡᠬᠦ ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠳᠤ | ᠡᠮᠨᠡᠯᠭᠡ ᠳᠤ ᠰᠠᠭᠤᠭᠰᠠᠨ ᠬᠥᠮᠥᠨ ᠤᠳᠠᠭ᠎ᠠ ᠶᠢᠨ ᠡᠵᠡᠯᠡᠬᠦ ᠬᠠᠷᠢᠴᠠᠯ ᠢ 80% ᠠᠴᠠ ᠳᠡᠭᠡᠭᠰᠢ ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 3. ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠦᠯᠵᠢᠶᠡᠨ ᠤ ᠰᠠᠭᠤᠷᠢ ᠶᠢ ᠪᠠᠬᠢᠵᠢᠭᠦᠯᠦᠨ᠎ᠡ᠃ ᠨᠥᠯᠥᠭᠡᠯᠡᠬᠦ ᠪᠠ | ᠳᠠᠶᠢᠴᠢᠯᠠᠬᠤ ᠴᠢᠳᠠᠪᠤᠷᠢ ᠲᠠᠢ ᠵᠣᠬᠢᠬᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠶᠢ ᠳᠡᠮᠵᠢᠵᠦ᠂ ᠰᠢᠶᠠᠨ ᠤ ᠬᠡᠪᠴᠢᠶᠡᠨ ᠤ ᠡᠮᠴᠢᠯᠡᠭᠡᠨ ᠤ ᠳᠡᠳ᠋ ᠲᠥᠪ ᠢ | ᠪᠠᠶᠢᠭᠤᠯᠬᠤ ᠬᠡᠷᠡᠭᠲᠡᠶ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢᠶᠠᠷ ᠭᠤᠤᠯᠳᠠᠯᠭ᠎ᠠ ᠪᠣᠯᠭᠠᠨ ᠨᠡᠶᠢᠭᠡᠮ ᠲᠣᠭᠤᠷᠢᠭ ᠤᠨ | ᠡᠮᠨᠡᠯᠭᠡ ᠶᠢᠨ ᠬᠤᠷᠢᠶ᠎ᠠ ᠶᠢ ᠡᠭᠦᠳᠦᠨ ᠪᠠᠶᠢᠭᠤᠯᠵᠤ᠂ ᠡᠮᠴᠢᠯᠡᠭᠡᠨ ᠤ ᠰᠠᠯᠠᠭ᠎ᠠ ᠲᠠᠰᠤᠭ ᠪᠠᠶᠢᠷᠢᠯᠠᠭᠤᠯᠬᠤ ᠪᠠ ᠲᠥᠬᠦᠭᠡᠷᠦᠮᠵᠢ ᠲᠣᠬᠢᠷᠠᠭᠤᠯᠬᠤ ᠶᠢ ᠪᠦᠷᠢᠨᠰᠢᠭᠦᠯᠦᠨ᠎ᠡ᠃ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠪᠠᠶᠢᠩᠭᠤ ᠲᠣᠬᠢᠶᠠᠯᠳᠤᠬᠤ | ᠡᠪᠡᠳᠴᠢᠨ᠂ ᠣᠯᠠᠨ ᠡᠭᠦᠰᠬᠦ ᠡᠪᠡᠳᠴᠢᠨ ᠢ ᠣᠨᠣᠰᠢᠯᠠᠨ ᠵᠠᠰᠠᠬᠤ᠂ ᠤᠵᠢᠭ ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠵᠢᠴᠢ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠢᠭᠡᠳ ᠳᠡᠭᠡᠳᠦ | ᠱᠠᠲᠤᠨ ᠤ ᠡᠮᠴᠢᠯᠡᠭᠡᠨ ᠤ ᠪᠠᠶᠢᠭᠤᠯᠤᠮᠵᠢ ᠯᠤᠭ᠎ᠠ ᠤᠳᠠᠭᠠᠨ ᠴᠢᠨᠠᠷᠲᠠᠶ ᠡᠪᠡᠳᠴᠢᠨ ᠤ ᠬᠠᠮᠲᠤᠷᠠᠭᠰᠠᠨ ᠡᠭᠦᠳᠡᠨ ᠡᠮᠨᠡᠯᠭᠡ ᠪᠠᠶᠢᠭᠤᠯᠬᠤ ᠶᠢ ᠰᠦᠪᠡᠭᠴᠢᠯᠡᠵᠦ᠂ ᠪᠠᠶᠢᠩᠭᠤ | ᠲᠣᠬᠢᠶᠠᠯᠳᠤᠬᠤ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠬᠦ᠂ ᠡᠮᠨᠡᠬᠦ ᠪᠠ ᠡᠷᠡᠭᠦᠯᠵᠢᠭᠦᠯᠬᠦ ᠶᠢ ᠥᠷᠨᠢᠭᠦᠯᠦᠨ᠎ᠡ᠃ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠪᠣᠯᠤᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠰᠢᠯᠢᠳᠡᠭᠵᠢᠭᠦᠯᠦᠨ ᠪᠠᠶᠢᠷᠢᠯᠠᠭᠤᠯᠵᠤ᠂ ᠨᠥᠬᠦᠴᠡᠯ ᠲᠠᠢ | ᠭᠠᠵᠠᠷ ᠣᠷᠣᠨ ᠤ ᠬᠢᠨ ᠭᠤᠤᠯ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠠᠶᠢᠭᠤᠯᠬᠤ ᠶᠢ ᠵᠣᠷᠢᠭᠵᠢᠭᠤᠯᠵᠤ᠂ ᠬᠥᠮᠦᠨ ᠠᠮᠠ ᠨᠡᠯᠢᠶᠡᠳ ᠴᠥᠭᠡᠨ ᠭᠠᠴᠠᠭ᠎ᠠ | ᠲᠣᠰᠬᠤᠨ ᠢᠶᠠᠷ ᠨᠢ ᠲᠣᠭᠤᠷᠢᠨ ᠡᠮᠴᠢᠯᠡᠬᠦ᠂ ᠬᠥᠷᠰᠢ ᠵᠡᠷᠭᠡᠯᠡᠳᠡᠭᠡ ︵ᠬᠤᠯᠪᠣᠭᠠᠯᠠᠭᠰᠠᠨ ᠲᠣᠰᠬᠤᠨ︶ ᠭᠠᠴᠠᠭ᠎ᠠ ᠲᠣᠰᠬᠤᠨ ᠢᠶᠠᠷ ᠨᠢ ᠤᠷᠲᠤᠳᠬᠠᠬᠤ᠂ ᠳᠡᠭᠡᠳᠦ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠲᠣᠰᠬᠤᠨ ᠳᠤ ᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠢᠯᠡᠴᠢᠯᠡᠭᠡ ᠬᠠᠩᠭᠠᠵᠤ | ᠪᠣᠯᠤᠨ᠎ᠠ᠃ 2025 ᠤᠨ ᠪᠣᠯᠬᠤ ᠳᠤ ᠪᠣᠶ ᠪᠥᠬᠦᠶ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠦᠢᠯᠡᠴᠢᠯᠡᠭᠡᠨ ᠤ ᠴᠢᠳᠠᠪᠤᠷᠢ ᠶᠢ ᠦᠨᠳᠦᠰᠦᠨ ᠪᠠᠷᠢᠮᠵᠢᠶ᠎ᠠ᠂ ᠲᠠᠨᠢᠯᠴᠠᠭᠤᠯᠬᠤ ᠪᠠᠷᠢᠮᠵᠢᠶ᠎ᠠ ᠶᠢᠨ ᠡᠵᠡᠯᠡᠬᠦ ᠬᠠᠷᠢᠴᠠᠯ ᠢ | 10% ᠠᠴᠠ ᠳᠡᠭᠡᠭᠰᠢ ᠳᠤ ᠬᠦᠷᠦᠭᠦᠯᠵᠦ᠂ ᠰᠢᠶᠠᠨ ᠤ ᠬᠡᠪᠴᠢᠶᠡᠨ ᠳᠤ ᠡᠮᠨᠡᠭᠦᠯᠬᠦ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 4. ᠱᠠᠲᠤ ᠪᠠ ᠳᠠᠪᠬᠤᠷᠭ᠎ᠠ ᠬᠤᠪᠢᠶᠠᠨ ᠰᠠᠯᠭᠠᠨ ᠭᠠᠷᠭᠠᠭᠰᠠᠨ ᠬᠦᠨᠳᠦ ᠶᠡᠭᠡ ᠬᠢᠵᠢᠭ ᠤᠨ ᠪᠠᠶᠢᠳᠠᠯ ᠢ ᠠᠪᠤᠷᠠᠨ ᠵᠠᠰᠠᠬᠤ ᠰᠢᠰᠲ᠋ᠧᠮᠵᠢ ᠶᠢᠨ ᠪᠠᠶᠢᠭᠤᠯᠤᠯᠲᠠ ᠶᠢ | ᠠᠬᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠣᠤᠷ᠎ᠠ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠳᠠᠶᠢᠴᠢᠯᠠᠨ ᠳᠠᠭᠠᠭᠤᠯᠤᠨ᠂ ᠣᠷᠣᠨ | ᠪᠦᠰᠡ ᠬᠤᠯᠪᠣᠭᠠᠯᠠᠨ ᠬᠥᠳᠡᠯᠦᠯᠴᠡᠵᠦ᠂ ᠬᠥᠮᠦᠰ ᠢ ᠰᠢᠯᠵᠢᠭᠦᠯᠦᠨ ᠴᠤᠭᠯᠠᠭᠤᠯᠵᠤ᠂ ᠱᠠᠲᠤ ᠬᠤᠪᠢᠶᠠᠭᠰᠠᠨ᠂ ᠲᠠᠰ ᠳᠠᠪᠬᠤᠷᠭ᠎ᠠ ᠬᠤᠪᠢᠶᠠᠭᠰᠠᠨ᠂ ᠰᠠᠯᠭᠠᠨ | ᠭᠠᠷᠭᠠᠭᠰᠠᠨ ᠬᠦᠨᠳᠦ ᠶᠡᠭᠡ ᠬᠢᠵᠢᠭ ᠤᠨ ᠪᠠᠶᠢᠳᠠᠯ ᠢ ᠠᠪᠤᠷᠠᠨ ᠵᠠᠰᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠥᠨᠳᠥᠷ ᠬᠢᠷᠢ ᠲᠦᠪᠰᠢᠨ ᠪᠥᠬᠦᠶ | ᠡᠮᠴᠢᠯᠡᠭᠡᠨ ᠤ ᠠᠪᠤᠷᠠᠨ ᠵᠠᠰᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠡᠮᠨᠡᠯᠭᠡ ᠶᠢᠨ ᠬᠤᠷᠢᠶᠠᠨ ᠳᠤ ᠭᠠᠷᠬᠤ ᠠᠴᠠ ᠡᠮᠦᠨᠡᠬᠢ ᠡᠮᠴᠢᠯᠡᠭᠡᠨ ᠤ ᠲᠦᠷᠭᠡᠨ | ᠠᠪᠤᠷᠠᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠳᠡᠭᠡᠭᠰᠢᠯᠡᠭᠦᠯᠦᠨ᠂ ᠡᠮᠨᠡᠯᠭᠡ ᠶᠢᠨ ᠬᠤᠷᠢᠶᠠᠨ ᠳᠤ ᠣᠷᠣᠬᠤ ᠠᠴᠠ ᠡᠮᠦᠨᠡᠬᠢ ᠲᠦᠷᠭᠡᠨ ᠠᠪᠤᠷᠠᠯᠲᠠ | ᠬᠢᠬᠦ ᠪᠠ ᠡᠮᠨᠡᠯᠭᠡ ᠶᠢᠨ ᠬᠤᠷᠢᠶᠠᠨ ᠳᠤ ᠲᠦᠷᠭᠡᠨ ᠡᠮᠴᠢᠯᠡᠭᠡ ᠬᠢᠬᠦ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠤᠨ᠎ᠠ᠃ ᠪᠠᠶᠠᠨᠨᠠᠭᠤᠷ ᠬᠤᠲᠠ ᠶᠢᠨ ᠬᠤᠶᠠᠳᠤᠭᠠᠷ | ᠡᠮᠨᠡᠯᠭᠡ ᠶᠢᠨ ᠬᠤᠷᠢᠶ᠎ᠠ ᠪᠠᠷ ᠲᠦᠰᠢᠭ ᠪᠣᠯᠭᠠᠨ᠂ ᠲᠥᠷᠥᠯ ᠵᠦᠢᠯ ᠢ ᠢᠳᠡᠪᠬᠢᠯᠡᠨ ᠣᠯᠵᠤ᠂ ᠪᠠᠶᠠᠨᠨᠠᠭᠤᠷ ᠬᠤᠲᠠ ᠶᠢᠨ ᠬᠦᠨᠳᠦ ᠶᠡᠭᠡ ᠬᠢᠵᠢᠭ ᠤᠨ ᠪᠠᠶᠢᠳᠠᠯ ᠢ | ᠠᠪᠤᠷᠠᠨ ᠵᠠᠰᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠤᠲᠠ ᠶᠢᠨ ᠬᠠᠯᠳᠠᠪᠤᠷᠢᠲᠤ ᠡᠪᠡᠳᠴᠢᠨ ᠤ ᠲᠣᠭᠲᠠᠭᠰᠠᠨ | ᠴᠢᠭ ᠤᠨ ᠡᠮᠨᠡᠯᠭᠡ ᠶᠢᠨ ᠬᠤᠷᠢᠶ᠎ᠠ ᠪᠣᠯᠤᠨ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶᠠᠨ ᠤ ᠬᠠᠷᠢᠴᠠᠩᠭᠤᠶ ᠪᠡᠶ᠎ᠡ ᠪᠠᠨ ᠳᠠᠭᠠᠭᠠᠭᠰᠠᠨ ᠬᠠᠯᠳᠠᠪᠤᠷᠢᠲᠤ | ᠡᠪᠡᠳᠴᠢᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠯᠳᠠᠪᠤᠷᠢᠲᠤ ᠡᠪᠡᠳᠴᠢᠨ ᠤ ᠡᠮᠴᠢᠯᠡᠭᠡᠨ ᠤ ᠪᠠᠶᠢᠭᠤᠯᠤᠮᠵᠢ ᠪᠣᠯᠤᠨ ᠲᠤᠰᠬᠠᠶ | ᠰᠠᠯᠠᠭᠠᠨ ᠤ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠪᠠᠶᠢᠭᠤᠯᠤᠮᠵᠢ ᠶᠢᠨ ᠰᠠᠭᠤᠷᠢ ᠪᠡᠯᠡᠳᠬᠡᠮᠵᠢ ᠶᠢᠨ ᠨᠥᠬᠦᠴᠡᠯ ᠢ ᠶᠡᠬᠡᠪᠡᠷ ᠰᠠᠶᠢᠵᠢᠷᠠᠭᠤᠯᠵᠤ᠂ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠣᠬᠢᠬᠤ ᠬᠡᠮᠵᠢᠶᠡᠨ ᠤ ᠲᠦᠷᠭᠡᠨ | ᠬᠤᠪᠢᠷᠠᠭᠤᠯᠬᠤ ᠬᠦᠨᠳᠦ ᠶᠡᠭᠡ ᠬᠢᠵᠢᠭ ᠤᠨ ᠪᠠᠶᠢᠳᠠᠯ ᠢ ᠠᠪᠤᠷᠠᠨ ᠵᠠᠰᠠᠬᠤ ᠪᠡᠯᠡᠳᠬᠡᠯ ᠡᠮᠨᠡᠯᠭᠡ ᠶᠢᠨ ᠬᠤᠷᠢᠶ᠎ᠠ ᠶᠢ ᠪᠠᠶᠢᠷᠢᠯᠠᠭᠤᠯᠤᠨ᠎ᠠ᠃ ᠠᠯᠪᠠᠨ ᠠᠴᠠ | ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ᠂ ᠬᠠᠯᠳᠠᠪᠤᠷᠢᠯᠠᠬᠤ ᠴᠢᠨᠠᠷᠲᠠᠶ ᠡᠪᠡᠳᠴᠢᠨ ᠤ ᠰᠠᠯᠠᠭ᠎ᠠ᠂ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ ᠲᠠᠰᠤᠭ᠂ ᠲᠤᠰᠠᠭᠠᠷᠯᠠᠵᠤ ᠦᠯᠡᠳᠡᠭᠡᠨ ᠠᠵᠢᠭᠯᠠᠬᠤ ᠣᠷᠣ ᠪᠠ ᠪᠠᠴᠢᠮ ᠠᠪᠤᠷᠠᠨ ᠲᠤᠰᠠᠯᠠᠬᠤ ᠪᠡᠯᠡᠳᠬᠡᠯ | ᠡᠮᠨᠡᠯᠭᠡ ᠶᠢᠨ ᠬᠤᠷᠢᠶ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ | ᠡᠮᠴᠢᠯᠡᠭᠡᠨ ᠤ ᠪᠠᠶᠢᠭᠤᠯᠤᠮᠵᠢ ᠶᠢᠨ ᠬᠦᠨᠳᠦ ᠡᠪᠡᠳᠴᠢᠲᠡᠨ ᠢ ᠬᠢᠨᠠᠨ ᠬᠠᠮᠠᠭᠠᠯᠠᠬᠤ ᠡᠪᠡᠳᠴᠢᠲᠡᠨ ᠤ ᠦᠷᠦᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠪᠠᠷᠢᠮᠵᠢᠶᠠᠵᠢᠭᠤᠯᠤᠭᠰᠠᠨ ᠬᠦᠨᠳᠦ ᠡᠪᠡᠳᠴᠢᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠡᠵᠡᠮᠳᠡᠬᠦ ᠬᠦᠷᠢᠶᠡᠨ ᠳᠠᠬᠢ ᠬᠢᠲᠠᠳ ᠡᠮ ᠡᠮᠨᠡᠯᠭᠡ ᠶᠢᠨ ᠥᠪᠡᠷᠮᠢᠴᠡ ᠳᠠᠪᠠᠭᠤᠯᠢᠭ ᠪᠠ ︽ᠡᠪᠡᠳᠴᠢᠯᠡᠬᠦ ᠠᠴᠠ ᠡᠮᠦᠨ᠎ᠡ ᠵᠠᠰᠠᠬᠤ︾ ᠦᠢᠯᠡᠳᠦᠯ ᠢ | ᠪᠠᠳᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 5. ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠬᠤᠲᠠ᠂ ᠰᠢᠶᠠᠨ ᠤ ᠱᠠᠲᠤᠨ ᠤ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠢ ᠳᠠᠬᠢᠨ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠠᠳᠠᠯᠢ ᠱᠠᠲᠤᠨ ᠤ ᠡᠷᠡᠭᠦᠯ ᠬᠠᠮᠠᠭᠠᠯᠠᠯ ᠤᠨ | ᠬᠢᠨᠠᠯᠲᠠ ᠲᠠᠯᠪᠢᠬᠤ ᠪᠠᠶᠢᠭᠤᠯᠤᠮᠵᠢ ᠯᠤᠭ᠎ᠠ ᠡᠮᠬᠢᠯᠡᠨ ᠨᠡᠶᠢᠯᠡᠭᠦᠯᠬᠦ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠬᠢ ᠪᠠᠶᠠᠯᠢᠭ ᠢ ᠬᠤᠯᠪᠣᠭᠠᠯᠠᠨ ᠬᠥᠳᠡᠯᠦᠯᠴᠡᠬᠦ᠂ ᠨᠢᠭᠡᠳᠦᠯᠲᠡᠶ ᠶᠠᠰᠤ ᠴᠢᠨᠠᠷ ᠢ | ᠡᠵᠡᠮᠳᠡᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠯᠭᠠᠬᠤ ᠲᠣᠤᠷ | ᠰᠦᠯᠵᠢᠶ᠎ᠡ ᠶᠢ ᠪᠠᠶᠢᠭᠤᠯᠵᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠦᠨ᠂ ᠬᠤᠲᠠ ᠵᠢᠴᠢ ᠡᠯ᠎ᠡ ᠬᠤᠰᠢᠭᠤ ᠰᠢᠶᠠᠨ | ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠨᠢ ᠪᠠᠺᠲ᠋ᠧᠷᠢ᠂ ᠸᠢᠷᠦ᠋ᠰ᠂ ᠮᠥᠭᠦ ᠪᠠ ᠰᠢᠮᠡᠭᠦᠷ ᠬᠤᠷᠣᠬᠠᠶ ᠶᠢ ᠪᠦᠷᠬᠦᠬᠦ ᠵᠡᠷᠭᠡ 15 | ᠵᠦᠢᠯ ᠠᠴᠠ ᠳᠡᠭᠡᠭᠰᠢᠬᠢ ᠡᠪᠡᠳᠴᠢᠨ ᠡᠭᠦᠰᠭᠡᠭᠴᠢ ᠶᠢ ᠪᠠᠶᠢᠴᠠᠭᠠᠨ ᠬᠡᠮᠵᠢᠬᠦ ᠴᠢᠳᠠᠪᠤᠷᠢ ᠶᠢ ᠪᠦᠷᠢᠯᠳᠦᠭᠦᠯᠵᠦ᠂ ᠬᠠᠯᠠᠭᠤᠷᠠᠬᠤ᠂ ᠠᠮᠢᠰᠬᠤᠯ ᠤᠨ ᠵᠠᠮ᠂ ᠴᠢᠴᠠᠭ᠎ᠠ | ᠠᠯᠳᠠᠬᠤ᠂ ᠬᠠᠯᠠᠭᠤᠷᠠᠬᠤ ᠶᠢ ᠳᠠᠭᠠᠯᠳᠤᠨ ᠴᠢᠰᠤ ᠭᠠᠷᠬᠤ ᠵᠢᠴᠢ ᠲᠠᠷᠢᠬᠢᠨ ᠤ ᠦᠷᠪᠢᠰᠦᠯ ᠲᠠᠷᠢᠬᠢᠨ ᠪᠦᠷᠬᠦᠪᠴᠢ ᠶᠢᠨ ᠦᠷᠪᠢᠰᠦᠯ ᠵᠡᠷᠭᠡ 5 ᠶᠡᠭᠡ ᠡᠪᠡᠳᠴᠢᠨ ᠤ | ᠡᠭᠦᠰᠦᠯ ᠢ ᠭᠤᠤᠯᠳᠠᠯᠭ᠎ᠠ ᠲᠠᠢ ᠬᠠᠮᠤᠷᠬᠤ ᠬᠡᠷᠡᠭᠲᠡᠶ᠃ ︽ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ︾ | ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠬᠠᠷᠠᠭᠤᠯ ᠤᠨ ᠴᠡᠭ ᠤᠨ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠦᠨ᠎ᠡ᠃ ᠬᠠᠯᠳᠠᠪᠤᠷᠢᠲᠤ | ᠡᠪᠡᠳᠴᠢᠨ ᠢ ᠬᠢᠨᠠᠨ ᠰᠢᠨᠵᠢᠬᠦ ᠶᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠠᠪᠴᠠᠩ ᠤᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠨᠢᠭᠡᠨᠲᠡ ᠪᠠᠶᠢᠭ᠎ᠠ ᠬᠠᠯᠳᠠᠪᠤᠷᠢᠲᠤ ᠡᠪᠡᠳᠴᠢᠨ ᠤ ᠬᠠᠮᠢᠶ᠎ᠠ ᠪᠦᠬᠦᠢ ᠬᠢᠨᠠᠨ ᠰᠢᠨᠵᠢᠬᠦ ᠰᠢᠰᠲ᠋ᠧᠮ ᠤᠨ ᠴᠤᠭᠯᠠᠷᠠᠯ ᠪᠠ ᠲᠤᠭ᠎ᠠ ᠪᠠᠷᠢᠮᠲᠠ ᠶᠢᠨ | ᠠᠭᠤᠰᠤᠯᠴᠠᠯ ᠢ ᠦᠨᠳᠦᠰᠦᠨ ᠳᠤ ᠪᠠᠨ ᠪᠡᠶᠡᠯᠡᠭᠦᠯᠵᠦ᠂ ︽ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠨᠢᠭᠡ ᠵᠢᠷᠤᠭ︾ ᠪᠠ ︽ᠪᠠᠴᠢᠮ ᠪᠠᠶᠢᠳᠠᠯ ᠢ | ᠠᠷᠭᠠᠴᠠᠬᠤ ᠶᠢ ᠵᠢᠯᠣᠭᠤᠳᠬᠤ ᠨᠢᠭᠡ ᠵᠢᠷᠤᠭ︾ ᠤᠨ ᠠᠵᠢᠯ ᠤᠨ ᠬᠠᠷᠠᠯᠲᠠ ᠶᠢ ᠪᠡᠶᠡᠯᠡᠭᠦᠯᠦᠨ᠎ᠡ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠦᠷᠢᠮ ᠢ | ᠲᠡᠭᠦᠯᠳᠡᠷᠵᠢᠭᠦᠯᠵᠦ᠂ ᠬᠤᠲᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠲᠥᠪ ᠪᠠᠶᠢᠭᠤᠯᠵᠤ᠂ ᠣᠷᠣᠨ ᠪᠦᠰᠡ ᠬᠠᠮᠵᠢᠯᠴᠠᠭᠰᠠᠨ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠬᠠᠯᠳᠠᠪᠤᠷᠢᠲᠤ | ᠡᠪᠡᠳᠴᠢᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ᠎ᠠ᠃ ᠣᠯᠡᠨ ᠨᠡᠶᠢᠲᠡ ᠶᠢᠨ ᠡᠷᠡᠬᠦᠯ ᠬᠠᠮᠠᠭᠠᠯᠠᠯ ᠤᠨ ᠪᠠᠴᠢᠮ ᠪᠠᠶᠢᠳᠡᠯ ᠢ | ᠠᠷᠭᠠᠴᠠᠬᠤ ᠬᠠᠮᠢᠶᠡᠷᠦᠯᠳᠡ ᠶᠢᠨ ᠰᠢᠰᠲ᠋ᠧᠮᠵᠢ ᠶᠢ ᠳᠡᠬᠦᠯᠳᠡᠷᠵᠢᠬᠦᠯᠵᠦ᠂ ᠣᠷᠣᠨ ᠪᠦᠰᠡ ᠶᠢᠨ ᠬᠠᠮᠵᠢᠯᠴᠠᠭ᠎ᠠ ᠪᠠ ᠰᠠᠯᠠᠭ᠎ᠠ ᠮᠦᠴᠢᠷ ᠬᠠᠮᠵᠢᠯᠴᠠᠨ ᠬᠠᠮᠳᠣᠷᠡᠨ | ᠬᠦᠳᠡᠯᠥᠯᠴᠡᠬᠦ ᠶᠢ ᠴᠢᠩᠭᠠᠳᠬᠠᠨ᠂ ᠣᠯᠡᠨ ᠨᠡᠶᠢᠲᠡ ᠶᠢᠨ ᠡᠷᠡᠬᠦᠯ ᠬᠠᠮᠠᠭᠠᠯᠠᠯ ᠤᠨ ᠪᠠᠴᠢᠮ ᠪᠠᠶᠢᠳᠡᠯ ᠢ ᠠᠷᠭᠠᠴᠠᠬᠤ ᠬᠠᠮᠢᠶᠡᠷᠦᠯᠳᠡ ᠶᠢᠨ ᠪᠠᠶᠢᠷᠢᠰᠢᠯ ᠢ ᠪᠠᠶᠢᠭᠤᠯᠥᠨ᠎ᠠ᠃ | ᠬᠤᠲᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠬᠠᠯᠳᠠᠪᠤᠷᠢᠲᠤ ᠡᠪᠡᠳᠴᠢᠨ ᠤ ᠪᠠᠴᠢᠮ ᠪᠠᠶᠢᠳᠠᠯ ᠢ ᠠᠷᠭᠠᠴᠠᠬᠤ ᠰᠠᠯᠪᠤᠷᠢ ᠪᠠᠭ᠎ᠠ ᠠᠩᠭᠢ ᠶᠢ ᠵᠣᠬᠢᠶᠠᠨ | ᠪᠠᠶᠢᠭᠤᠯᠬᠤ ᠠᠵᠢᠯ ᠢ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠬᠤᠯᠠ ᠪᠦᠬᠦᠢ ᠲᠣᠨᠤᠭ ᠲᠥᠬᠦᠭᠡᠷᠦᠮᠵᠢ ᠶᠢ ᠲᠣᠬᠢᠷᠠᠭᠤᠯᠬᠤ ᠬᠡᠷᠡᠭᠲᠡᠢ᠃ | ᠣᠶᠤᠨ ᠮᠡᠳᠡᠷᠡᠯ ᠤᠨ ᠡᠷᠡᠭᠦᠯ ᠬᠠᠮᠠᠭᠠᠯᠠᠯ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠯᠲᠠ᠂ ᠡᠷᠡᠭᠦᠯ ᠮᠡᠨᠳᠦ ᠶᠢ ᠠᠬᠢᠭᠤᠯᠬᠤ᠂ ᠡᠬᠡ ᠨᠢᠯᠬ᠎ᠠ ᠶᠢᠨ ᠡᠷᠡᠭᠦᠯ ᠮᠡᠨᠳᠦ ᠶᠢ | ᠬᠠᠮᠠᠭᠠᠯᠠᠬᠤ᠂ ᠡᠷᠬᠢᠯᠡᠭᠰᠡᠨ ᠠᠵᠢᠯ ᠤᠨ ᠡᠷᠡᠭᠦᠯ ᠬᠠᠮᠠᠭᠠᠯᠠᠯ᠂ ᠴᠢᠰᠤ ᠠᠪᠬᠤ ᠬᠠᠩᠭᠠᠬᠤ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠪᠠᠶᠢᠭᠤᠯᠤᠯᠲᠠ ᠶᠢᠨ ᠡᠷᠴᠢᠮ ᠢ ᠨᠡᠮᠡᠭᠳᠡᠭᠦᠯᠬᠦ ᠬᠡᠷᠡᠭᠲᠡᠶ᠃ ᠡᠮᠨᠡᠯᠭᠡ ᠶᠢᠨ ᠬᠤᠷᠢᠶ᠎ᠠ᠂ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ ᠲᠠᠰᠤᠭ ᠤᠨ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ | ᠪᠠ ᠬᠤᠲᠠ ᠶᠢᠨ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠠᠰᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠦᠨᠳᠦᠰᠦᠨ ᠱᠠᠲᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠳᠬᠡᠨ ᠨᠦᠬᠦᠪᠦᠷᠢᠯᠡᠨ᠎ᠡ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 6. ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃ ᠬᠢᠲᠠᠳ | ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠬᠤᠯᠠ ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ | ᠤᠯᠤᠰ ᠤᠨ ᠬᠢᠲᠠᠳ ᠡᠮᠨᠡᠯᠭᠡ ᠶᠢᠨ ᠣᠷᠣᠨ ᠪᠦᠰᠡ ᠶᠢᠨ ᠡᠮᠴᠢᠯᠡᠭᠡᠨ ᠤ ᠲᠥᠪ᠂ ᠤᠯᠤᠰ ᠤᠨ ᠬᠢᠲᠠᠳ ᠡᠮᠨᠡᠯᠭᠡ ᠶᠢᠨ ᠣᠨᠴᠠᠯᠢᠭᠲᠤ ᠭᠤᠤᠯᠳᠠᠯᠭ᠎ᠠ ᠲᠠᠢ ᠡᠮᠨᠡᠯᠭᠡ ᠶᠢᠨ | ᠬᠤᠷᠢᠶ᠎ᠠ ᠪᠣᠯᠤᠨ 2 ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠬᠤᠰᠢᠭᠤ ᠰᠢᠶᠠᠨ ᠤ ᠱᠠᠲᠤᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶ᠎ᠠ ᠪᠣᠯᠣᠨ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠰᠠᠯᠠᠭ᠎ᠠ ᠲᠠᠰᠤᠭ ᠪᠠᠶᠢᠭᠤᠯᠬᠤ ᠪᠠ ᠰᠠᠭᠤᠷᠢ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮ ᠤᠨ ᠦᠢᠯᠡᠴᠢᠯᠡᠭᠡ ᠪᠠᠷ ᠭᠤᠣᠯ ᠪᠣᠯᠭᠠᠭᠰᠠᠨ ᠡᠮᠨᠡᠯᠭᠡ ᠶᠢᠨ ᠬᠤᠷᠢᠶ᠎ᠠ | ᠡᠷᠬᠢᠯᠡᠬᠦ ᠵᠠᠭᠪᠤᠷ ᠪᠣᠯᠣᠨ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠤᠨ᠂ 90% ᠶᠢᠨ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ | ᠬᠢᠲᠠᠳ ᠡᠮᠨᠡᠯᠭᠡ ᠶᠢᠨ ᠣᠷᠳᠣᠨ ︵ᠮᠣᠩᠭᠤᠯ ᠡᠮᠨᠡᠯᠭᠡ ᠶᠢᠨ ᠣᠷᠳᠣᠨ︶ ᠢ ᠴᠢᠨᠠᠷ ᠰᠠᠶᠢᠲᠠᠢ ᠬᠡᠯᠪᠡᠷᠢ ᠶᠢᠨ ᠪᠠᠷᠢᠮᠵᠢᠶ᠎ᠠ ᠳᠤ ᠬᠦᠷᠦᠭᠦᠯᠬᠦ ᠪᠠᠷ ᠴᠢᠷᠮᠠᠶᠢᠵᠤ᠂ | 2025 ᠤᠨ ᠪᠣᠯᠬᠤ ᠳᠤ ᠪᠥᠬᠦ ᠬᠢᠲᠠᠳ ᠡᠮᠨᠡᠯᠭᠡ ᠶᠢᠨ ᠣᠷᠳᠣᠨ ︵ᠮᠣᠩᠭᠤᠯ ᠡᠮᠨᠡᠯᠭᠡ ᠶᠢᠨ ᠣᠷᠳᠣᠨ︶ ᠲᠤ ᠠᠵᠢᠯ ᠡᠷᠬᠢᠯᠡᠬᠦ ︵ᠲᠤᠰᠠᠯᠠᠬᠤ︶ ᠶᠡᠭᠡ ᠡᠮᠴᠢ ᠶᠢ | 2 ᠠᠴᠠ ᠳᠡᠭᠡᠭᠰᠢ ᠲᠣᠬᠢᠷᠠᠭᠤᠯᠤᠨ᠎ᠠ᠃ ᠬᠤᠰᠢᠭᠤ ᠰᠢᠶᠠᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠶᠡᠷᠦᠩᠬᠡᠶᠢᠯᠡᠭᠰᠡᠨ | ᠡᠮᠨᠡᠯᠭᠡ ᠶᠢᠨ ᠬᠤᠷᠢᠶ᠎ᠠ ᠶᠢᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠰᠠᠯᠠᠭ᠎ᠠ ᠶᠢ ᠪᠦᠷᠢᠨ ᠪᠦᠷᠬᠦᠭᠦᠯᠬᠦ᠂ ᠡᠬᠡ ᠨᠢᠯᠬᠠᠰ ᠤᠨ ᠡᠷᠡᠭᠦᠯᠵᠢᠯ ᠤᠨ | ᠪᠠᠶᠢᠭᠤᠯᠤᠮᠵᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠦᠨᠳᠦᠰᠦᠨ ᠱᠠᠲᠤᠨ ᠤ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭᠲᠤ ᠡᠷᠡᠭᠦᠯ ᠮᠡᠨᠳᠦ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠵᠣᠬᠢᠶᠠᠨ | ᠪᠠᠶᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠪᠡᠳᠴᠢᠯᠡᠬᠦ ᠠᠴᠠ ᠤᠷᠢᠲᠠᠬᠢ ᠶᠢ ᠵᠠᠰᠠᠬᠤ᠂ ᠡᠪᠡᠳᠴᠢᠨ ᠡᠮᠭᠡᠭ ᠢ ᠵᠠᠰᠠᠬᠤ᠂ ᠡᠷᠡᠭᠦᠯᠵᠢᠬᠦ᠂ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠵᠡᠷᠭᠡ ᠪᠦᠬᠦᠯᠢ ᠴᠣᠭᠴᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶ᠎ᠠ ᠲᠦᠷᠦᠭᠦᠯᠡᠨ ᠬᠤᠲᠠ ᠶᠢᠨ ᠡᠮᠴᠢᠯᠡᠭᠡᠨ ᠤ ᠪᠦᠯᠦᠭᠯᠡᠯ | ᠪᠠᠶᠢᠭᠤᠯᠬᠤ ᠶᠢ ᠳᠡᠮᠵᠢᠵᠦ᠂ ᠭᠤᠷᠪᠠᠳᠤᠭᠠᠷ ᠳᠡᠰ ᠤᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶ᠎ᠠ ᠤᠯᠤᠰ ᠤᠨ ᠬᠢᠲᠠᠳ ᠡᠮᠨᠡᠯᠭᠡ ᠶᠢᠨ | ᠤᠨᠴᠠᠯᠢᠭᠳᠤ ᠳᠠᠪᠠᠭᠤᠯᠢᠭ ᠲᠤᠰᠬᠠᠶ ᠰᠠᠯᠠᠭ᠎ᠠ 2᠂ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ | ᠡᠮᠨᠡᠯᠭᠡ ᠶᠢᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠬᠢᠲᠠᠳ ᠡᠮᠨᠡᠯᠭᠡ 10 ︵ᠮᠣᠩᠭᠤᠯ ᠡᠮᠨᠡᠯᠭᠡ︶ ᠶᠢᠨ ᠣᠨᠴᠠᠯᠢᠭᠲᠤ ᠳᠠᠪᠠᠭᠤᠯᠢᠭ | ᠭᠤᠤᠯᠳᠠᠯᠭ᠎ᠠ ᠲᠠᠢ ᠲᠤᠰᠬᠠᠶ ᠰᠠᠯᠠᠭ᠎ᠠ ᠪᠠᠶᠢᠭᠤᠯᠬᠤ ᠶᠢ ᠳᠡᠮᠵᠢᠨ᠎ᠡ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶᠠᠨ ᠤ ᠡᠮ ᠨᠠᠶᠢᠷᠠᠬᠤ | ᠴᠢᠳᠠᠪᠤᠷᠢ ᠶᠢᠨ ᠪᠠᠶᠢᠭᠤᠯᠤᠯᠲᠠ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ | ᠬᠠᠷᠢᠭᠤᠴᠠᠨ᠎ᠠ︶ | 7. ᠵᠠᠯᠭᠠᠮᠵᠢ ᠴᠢᠨᠠᠷᠲᠠᠶ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠡᠮᠴᠢᠯᠡᠭᠡ - ᠡᠷᠡᠭᠦᠯᠵᠢᠯ - ᠤᠷᠲᠤ | ᠬᠤᠭᠤᠴᠠᠭᠠᠨ ᠤ ᠰᠤᠪᠢᠯᠠᠯᠲᠠ ᠶᠢᠨ ᠦᠢᠯᠡᠴᠢᠯᠡᠭᠡᠨ ᠤ ᠬᠡᠯᠬᠢᠶ᠎ᠡ ᠶᠢ ᠪᠦᠷᠢᠨᠰᠢᠭᠦᠯᠵᠦ᠂ ᠬᠡᠰᠡᠭ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢ | ᠰᠤᠪᠢᠯᠠᠯᠲᠠ ᠶᠢᠨ ᠬᠦᠷᠢᠶᠡᠯᠡᠩ ᠪᠠ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠪᠣᠯᠭᠠᠨ ᠬᠤᠪᠢᠷᠠᠭᠤᠯᠬᠤ ᠶᠢ ᠰᠦᠪᠡᠭᠴᠢᠯᠡᠬᠦ ᠪᠠᠷ ᠳᠠᠮᠵᠢᠭᠤᠯᠤᠨ᠂ ᠡᠷᠡᠭᠦᠯᠵᠢᠭᠦᠯᠬᠦ᠂ | ᠰᠤᠪᠢᠯᠠᠬᠤ ᠵᠡᠷᠭᠡ ᠲᠤᠰᠬᠠᠶ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠡᠷᠡᠭᠦᠯᠵᠢᠯ ᠪᠠ ᠰᠤᠪᠢᠯᠠᠯᠲᠠ ᠵᠡᠷᠭᠡ ᠵᠠᠯᠭᠠᠮᠵᠢ | ᠴᠢᠨᠠᠷᠲᠠᠶ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ᠃ ︽ᠨᠠᠰᠤᠲᠠᠶᠢᠴᠤᠳ ᠪᠠ ᠨᠢᠯᠬᠠᠰ︾ ᠤᠨ ᠡᠷᠡᠭᠦᠯ ᠮᠡᠨᠳᠦ ᠶᠢᠨ ᠦᠢᠯᠡᠴᠢᠯᠡᠭᠡ ᠪᠠ ᠬᠠᠷᠠᠭᠠᠯᠵᠠᠨ | ᠠᠰᠠᠷᠠᠬᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠡᠭᠦᠯᠵᠢᠯ ᠤᠨ ᠡᠮᠴᠢᠯᠡᠭᠡ᠂ ᠨᠠᠰᠤᠲᠠᠶᠢᠴᠤᠳ ᠤᠨ ᠰᠤᠪᠢᠯᠠᠯᠲᠠ᠂ | ᠵᠡᠮᠳᠡᠭᠴᠦᠳ ᠤᠨ ᠰᠤᠪᠢᠯᠠᠯᠲᠠ᠂ ᠡᠬᠡ ᠨᠢᠯᠬᠠᠰ ᠤᠨ ᠰᠤᠪᠢᠯᠠᠯᠲᠠ᠂ ᠨᠡᠶᠢᠭᠡᠮ ᠲᠣᠭᠤᠷᠢᠭ ᠤᠨ ᠰᠤᠪᠢᠯᠠᠯᠲᠠ᠂ ᠠᠮᠤᠷ ᠵᠢᠮᠤᠷ ᠡᠮᠨᠡᠨ ᠰᠤᠪᠢᠯᠠᠬᠤ ᠵᠢᠴᠢ ᠰᠢᠮ᠎ᠡ | ᠲᠡᠵᠢᠭᠡᠯ ᠤᠨ ᠳᠡᠮᠵᠢᠯᠭᠡ ᠵᠡᠷᠭᠡ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠵᠦ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠠᠵᠢᠯ ᠢ ᠰᠦᠪᠡᠭᠴᠢᠯᠡᠨ ᠥᠷᠨᠢᠭᠦᠯᠬᠦ ᠶᠢ ᠢᠳᠡᠪᠬᠢᠲᠡᠶ ᠪᠠᠷ ᠠᠬᠢᠭᠤᠯᠤᠨ᠎ᠠ᠃ ᠵᠡᠮᠳᠡᠭᠴᠦᠳ ᠢ | ᠡᠷᠡᠭᠦᠯᠵᠢᠭᠦᠯᠬᠦ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠵᠡᠮᠳᠡᠭᠴᠦᠳ ᠢ ᠡᠷᠡᠭᠦᠯᠵᠢᠭᠦᠯᠬᠦ ᠪᠠ ᠨᠠᠶᠢᠳᠠᠵᠤ ᠠᠰᠠᠷᠠᠭᠤᠯᠬᠤ ᠪᠠᠶᠢᠭᠤᠯᠤᠮᠵᠢ ᠶᠢᠨ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠨᠡᠶᠢᠭᠡᠮ ᠤᠨ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠬᠢᠭᠡᠳ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢ ᠶᠠᠰᠤ ᠴᠢᠨᠠᠷᠵᠢᠭᠤᠯᠤᠨ ᠬᠠᠮᠢᠶᠠᠷᠬᠤ ᠪᠠ ᠶᠠᠰᠤ ᠴᠢᠨᠠᠷ ᠢ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ︶ | ︵ᠬᠤᠶᠠᠷ︶ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠨᠠᠶᠢᠳᠠᠪᠤᠷᠢᠵᠢᠭᠤᠯᠵᠤ᠂ ᠰᠢᠰᠲ᠋ᠧᠮ ᠤᠨ ᠡᠮᠬᠢᠯᠡᠨ ᠨᠡᠶᠢᠯᠡᠭᠦᠯᠬᠦ ᠠᠵᠢᠯᠯᠠᠭᠠᠨ ᠢ ᠠᠬᠢᠭᠤᠯᠤᠨ᠎ᠠ | ᠃ | 8. ᠨᠢᠭᠲᠠ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠰᠢᠶᠠᠨ ᠤ ᠬᠡᠪᠴᠢᠶᠡᠨ ᠳᠤ᠂ ︽ | ᠰᠢᠶᠠᠨ ᠤ ᠱᠠᠲᠤ ᠨᠢ ᠴᠢᠩᠭ᠎ᠠ᠂ ᠰᠢᠶᠠᠩ ᠨᠢ ᠠᠮᠢᠳᠤᠯᠢᠭ᠂ ᠲᠣᠰᠬᠤᠨ ᠤ ᠱᠠᠲᠤ ᠨᠢ ᠲᠣᠭᠲᠠᠭᠤᠨ᠂ ᠳᠡᠭᠡᠳᠦ ᠳᠣᠣᠷᠠᠳᠤ ᠱᠠᠲᠤ ᠨᠢ ᠬᠤᠯᠪᠣᠭᠠᠯᠠᠵᠤ᠂ ᠮᠡᠳᠡᠭᠡ | ᠵᠠᠩᠭᠢ ᠨᠡᠪᠲᠡᠷᠡᠭᠦᠯᠬᠦ︾ ᠬᠠᠷᠠᠯᠲᠠ ᠶᠢᠨ ᠲᠣᠭᠤᠷᠢᠨ ᠳᠤ᠂ ᠰᠢᠰᠲ᠋ᠧᠮ ᠢᠶᠠᠷ ᠳᠠᠮᠵᠢᠭᠤᠯᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ | ᠳᠠᠬᠢᠨ ᠴᠣᠭᠴᠠᠯᠠᠬᠤ ᠪᠠ ᠰᠢᠶᠠᠨ ᠰᠢᠶᠠᠩ ᠭᠤᠷᠪᠠᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ | ᠰᠢᠶᠠᠨ ᠤ ᠬᠡᠪᠴᠢᠶᠡᠨ ᠳᠠᠬᠢ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠯᠲᠠ᠂ ᠠᠨᠠᠭᠠᠬᠤ ᠤᠬᠠᠭᠠᠨ ᠤ ᠵᠢᠷᠤᠭ ᠳᠦᠷᠰᠦ᠂ ᠵᠢᠷᠦᠬᠡᠨ ᠤ ᠯᠤᠭᠰᠢᠯᠲᠠ ᠪᠠᠷ | ᠣᠨᠣᠰᠢᠯᠠᠬᠤ᠂ ᠡᠪᠡᠳᠴᠢᠨ ᠤ ᠵᠦᠢ ᠶᠢᠨ ᠣᠨᠣᠰᠢᠯᠠᠯᠲᠠ᠂ ᠠᠷᠢᠭᠤᠳᠬᠠᠯ ᠬᠠᠩᠭᠠᠯᠭ᠎ᠠ ᠵᠡᠷᠭᠡ ᠲᠠᠪᠤᠨ ᠶᠡᠭᠡ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠲᠥᠪ ᠢ | ᠪᠠᠶᠢᠭᠤᠯᠵᠤ᠂ ᠵᠠᠰᠠᠭ ᠵᠠᠬᠢᠷᠭᠠᠨ᠂ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ᠂ ᠲᠤᠬᠠᠶᠢᠯᠠᠭᠰᠠᠨ ᠠᠵᠢᠯ᠂ ᠡᠮ ᠬᠡᠷᠡᠭᠯᠡᠬᠦ᠂ ᠮᠡᠳᠡᠭᠡ ᠵᠠᠩᠭᠢ᠂ ᠠᠷᠤ ᠲᠠᠯ᠎ᠠ ᠶᠢᠨ | ᠦᠢᠯᠡᠴᠢᠯᠡᠭᠡ ᠵᠡᠷᠭᠡ ᠲᠠᠪᠤᠨ ᠶᠡᠭᠡ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠲᠥᠪ ᠢ ᠪᠠᠶᠢᠭᠤᠯᠤᠨ᠂ ᠵᠠᠰᠠᠭ ᠵᠠᠬᠢᠷᠭᠠᠨ᠂ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ᠂ | ᠲᠤᠬᠠᠶᠢᠯᠠᠭᠰᠠᠨ ᠠᠵᠢᠯ᠂ ᠡᠮ ᠬᠡᠷᠡᠭᠯᠡᠬᠦ᠂ ᠮᠡᠳᠡᠭᠡ ᠵᠠᠩᠭᠢ᠂ ᠠᠷᠤ ᠲᠠᠯ᠎ᠠ ᠶᠢᠨ ᠦᠢᠯᠡᠴᠢᠯᠡᠭᠡ ᠵᠡᠷᠭᠡ ᠲᠠᠪᠤᠨ ᠶᠡᠭᠡ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠲᠥᠪ ᠢ | ᠠᠯᠬᠤᠮ ᠠᠯᠬᠤᠮ ᠢᠶᠠᠷ ᠪᠠᠶᠢᠭᠤᠯᠵᠤ᠂ ᠬᠤᠲᠠ ᠪᠠᠷ ᠬᠥᠳᠡᠭᠡ ᠲᠣᠰᠬᠤᠨ ᠢ ᠳᠠᠶᠢᠴᠢᠯᠠᠬᠤ᠂ ᠰᠢᠶᠠᠨ ᠢᠶᠠᠷ ᠨᠢᠭᠡ ᠴᠤᠭᠴᠠᠵᠢᠭᠤᠯᠬᠤ᠂ ᠬᠥᠳᠡᠭᠡ ᠲᠣᠰᠬᠤᠨ ᠢ ᠨᠢᠭᠡ | ᠴᠤᠭᠴᠠᠵᠢᠭᠤᠯᠬᠤ ᠶᠢ ᠲᠦᠯᠬᠢᠨ ᠠᠬᠢᠭᠤᠯᠵᠤ᠂ ᠬᠠᠷᠢᠭᠤᠴᠠᠯᠭ᠎ᠠ᠂ ᠬᠠᠮᠢᠶᠠᠷᠤᠯᠲᠠ᠂ ᠦᠢᠯᠡᠴᠢᠯᠡᠭᠡ᠂ ᠠᠰᠢᠭ ᠲᠤᠰᠠ ᠵᠡᠷᠭᠡ ︽ᠳᠥᠷᠪᠡᠨ ᠬᠠᠮᠲᠤ ᠶᠢᠨ ᠴᠣᠭᠴᠠ︾ | ᠶᠢ ᠲᠦᠷᠭᠡᠳᠬᠡᠨ ᠪᠠᠶᠢᠭᠤᠯᠵᠤ᠂ ︽ᠰᠢᠶᠠᠨ ᠤ ᠬᠡᠪᠴᠢᠶ᠎ᠡ ᠶᠢ ᠴᠢᠩᠭᠠᠳᠬᠠᠬᠤ᠂ ᠦᠨᠳᠦᠰᠦᠨ ᠱᠠᠲᠤ ᠶᠢ ᠴᠢᠩᠭᠠᠳᠬᠠᠬᠤ︾ ᠶᠢ ᠲᠦᠯᠬᠢᠨ ᠠᠬᠢᠭᠤᠯᠵᠤ᠂ ︽ᠨᠢᠭᠲᠠ | ᠬᠡᠯᠪᠡᠷᠢ ᠶᠢᠨ᠂ ᠢᠵᠢᠯ ᠴᠢᠨᠠᠷᠵᠢᠭᠤᠨ᠂ ᠵᠠᠷᠤᠳᠠᠯ ᠢ ᠡᠵᠡᠮᠳᠡᠵᠦ᠂ ᠠᠵᠢᠯ ᠤᠨ ᠬᠤᠪᠢᠶᠠᠷᠢᠯᠠᠯ ᠢ ᠠᠬᠢᠭᠤᠯᠵᠤ᠂ ᠡᠷᠡᠭᠦᠯ ᠮᠡᠨᠳᠦ ᠶᠢ ᠪᠠᠲᠤᠯᠠᠬᠤ︾ ᠬᠥᠭᠵᠢᠯᠲᠡ ᠶᠢᠨ | ᠱᠠᠭᠠᠷᠳᠠᠯᠭ᠎ᠠ ᠶᠢ ᠪᠡᠶᠡᠯᠡᠭᠦᠯᠦᠨ᠎ᠡ᠃ ᠡᠯ᠎ᠡ ᠬᠤᠰᠢᠭᠤ ᠰᠢᠶᠠᠨ ᠲᠣᠭᠤᠷᠢᠭ ᠤᠨ ᠨᠢᠭᠲᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠪᠦᠬᠦᠨ ᠢᠶᠠᠷ ᠢᠶᠠᠨ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠴᠦ᠂ ᠡᠪᠡᠳᠴᠢᠨ ᠦᠵᠡᠭᠦᠯᠵᠦ | ᠣᠨᠣᠰᠢᠯᠠᠨ ᠡᠮᠨᠡᠬᠦ ᠰᠢᠨ᠎ᠡ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠦᠨ᠎ᠡ᠃ ᠬᠤᠲᠠ ᠶᠢᠨ ᠲᠣᠭᠤᠷᠢᠭ ᠲᠤ᠂ ᠪᠠᠶᠠᠨᠨᠠᠭᠤᠷ ᠬᠤᠲᠠ ᠶᠢᠨ ᠡᠮᠨᠡᠯᠭᠡ ᠶᠢᠨ | ᠬᠤᠷᠢᠶ᠎ᠠ᠂ ᠪᠡᠭᠡᠵᠢᠩ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠠᠴᠠ ᠲᠣᠰ ᠲᠣᠰ ᠲᠦᠷᠦᠭᠦᠯᠡᠨ ᠵᠣᠬᠢᠶᠠᠨ | ᠪᠠᠶᠢᠭᠤᠯᠤᠭᠰᠠᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠣᠤᠷᠵᠢᠭᠤᠯᠤᠭᠰᠠᠨ ᠪᠠᠶᠢᠷᠢᠰᠢᠭᠤᠯᠤᠯᠲᠠ ᠪᠠᠷ | ᠳᠠᠮᠵᠢᠭᠤᠯᠤᠨ᠂ ᠲᠠᠰ ᠬᠤᠪᠢᠶᠠᠨ ᠣᠨᠣᠰᠢᠯᠠᠨ ᠡᠮᠨᠡᠬᠦ ᠪᠠᠶᠢᠷᠢᠰᠢᠯ ᠢ ᠨᠠᠩ ᠵᠦᠶ ᠵᠣᠬᠢᠰᠲᠠᠶ ᠪᠣᠯᠭᠠᠵᠤ᠂ ᠬᠤᠲᠠ ᠪᠠᠷ ᠲᠣᠭᠤᠷᠢᠭ ᠢ ᠳᠠᠶᠢᠴᠢᠯᠠᠬᠤ᠂ ᠲᠣᠭᠤᠷᠢᠭ | ᠬᠤᠷᠰᠢᠶ᠎ᠠ ᠶᠢ ᠨᠢᠭᠡ ᠴᠤᠭᠴᠠᠵᠢᠭᠤᠯᠬᠤ᠂ ᠣᠯᠠᠨ ᠡᠰᠢᠵᠢᠭᠦᠯᠬᠦ ᠬᠥᠭᠵᠢᠯᠲᠡ ᠶᠢᠨ ᠵᠠᠭᠪᠤᠷ ᠢ ᠪᠣᠶ ᠪᠣᠯᠭᠠᠵᠤ᠂ ᠦᠷᠭᠦᠯᠵᠢᠯᠡᠨ ᠰᠠᠭᠠᠳ ᠥᠬᠡᠶ ᠨᠡᠪᠲᠡᠷᠡᠬᠦ ᠬᠤᠤᠰ | ᠴᠢᠭᠯᠡᠯ ᠢᠶᠠᠷ ᠰᠢᠯᠵᠢᠭᠦᠯᠦᠨ ᠡᠮᠨᠡᠭᠦᠯᠬᠦ ᠦᠢᠯᠡᠴᠢᠯᠡᠭᠡᠨ ᠤ ᠠᠷᠭ᠎ᠠ ᠵᠠᠮ ᠢ ᠲᠡᠭᠦᠯᠳᠡᠷᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ︶ | 9. ᠡᠮᠴᠢᠯᠡᠭᠡ ᠨᠠᠰᠤᠵᠢᠯ ᠢ ᠤᠶᠠᠯᠳᠤᠭᠤᠯᠬᠤ ᠶᠢ ᠠᠬᠢᠭᠤᠯᠤᠨ᠎ᠠ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠬᠢᠭᠡᠳ ᠡᠮᠴᠢᠯᠡᠭᠡᠨ ᠤ ᠪᠠᠶᠢᠭᠤᠯᠤᠮᠵᠢ ᠶᠢᠨ | ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ᠂ ᠠᠰᠠᠷᠠᠨ ᠰᠤᠪᠢᠯᠠᠬᠤ ᠬᠦᠷᠢᠶᠡᠯᠡᠩ᠂ ᠡᠷᠡᠭᠦᠯᠵᠢᠭᠦᠯᠬᠦ ᠰᠤᠪᠢᠯᠠᠯᠲᠠ ᠶᠢᠨ ᠪᠠᠶᠢᠭᠤᠯᠤᠮᠵᠢ᠂ ᠠᠮᠤᠷ ᠵᠢᠮᠤᠷ | ᠡᠮᠨᠡᠨ ᠰᠤᠪᠢᠯᠠᠬᠤ ᠪᠠᠶᠢᠭᠤᠯᠤᠮᠵᠢ ᠵᠡᠷᠭᠡ ᠶᠢ ᠵᠦᠢ ᠵᠣᠬᠢᠰᠲᠠᠶ ᠪᠠᠶᠢᠷᠢᠯᠠᠭᠤᠯᠤᠨ᠎ᠠ᠃ ᠡᠷᠡᠬᠦᠯ ᠡᠩᠬᠡ ᠶᠢᠨ ᠬᠠᠮᠢᠶᠡᠷᠦᠯᠳᠡ᠂ ᠡᠮᠴᠢᠯᠡᠭᠡ᠂ ᠡᠷᠡᠬᠦᠯᠵᠢᠯ᠂ | ᠰᠣᠪᠢᠯᠠᠯᠳᠡ ᠶᠢᠨ ᠦᠢᠯᠡᠴᠢᠯᠡᠭᠡᠨ ᠵᠢᠴᠢ ᠨᠠᠰᠣᠵᠢᠯ ᠤᠨ ᠬᠠᠷᠡᠭᠠᠯᠵᠠᠨ ᠰᠣᠪᠢᠯᠠᠬᠤ ᠦᠢᠯᠡᠴᠢᠯᠡᠭᠡᠨ ᠤ ᠬᠤᠭᠤᠷᠣᠨᠳᠦ ᠪᠠᠨ ᠵᠠᠪᠰᠠᠷ ᠦᠭᠡᠢ ᠵᠤᠯᠭᠠᠭᠤᠯᠬᠤ | ᠲᠣᠠᠠᠳᠡᠴᠠ ᠶᠢ ᠪᠠᠶᠢᠭᠤᠯᠥᠨ᠎ᠠ᠃ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠤᠨ ︽ᠡᠷᠡᠭᠦᠯ ᠮᠡᠨᠳᠦ ᠶᠢ ᠡᠷᠦᠬᠡ ᠳᠤ ᠣᠷᠣᠭᠤᠯᠬᠤ ᠶᠢ ᠬᠠᠯᠠᠮᠵᠢᠯᠠᠬᠤ ᠠᠵᠢᠯᠯᠠᠭ᠎ᠠ | ︾ ᠶᠢ ᠥᠷᠨᠢᠭᠦᠯᠵᠦ᠂ ᠬᠡᠷ ᠲᠤᠨᠢ ᠬᠦᠷᠴᠦ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠪᠠ᠃ ᠦᠨᠳᠣᠰᠣᠨ ᠱᠠᠳᠣᠨ ᠤ ᠨᠠᠰᠣᠵᠢᠯ ᠤᠨ ᠪᠠᠶᠢᠭᠤᠯᠥᠮᠵᠢ ᠶᠢᠨ | ᠪᠠᠶᠢᠭᠤᠯᠥᠯᠳᠡ ᠯᠤᠭ᠎ᠠ ᠣᠶᠠᠯᠳᠣᠭᠤᠯᠥᠨ᠂ ᠭᠡᠷ ᠲᠡᠭᠡᠨ ᠰᠠᠭᠤᠬᠤ᠂ ᠨᠡᠶᠢᠭᠡᠮ ᠲᠤᠭᠤᠷᠢᠭ ᠤᠨ ᠡᠮᠴᠢᠯᠡᠭᠡ ᠨᠠᠰᠣᠵᠢᠯ ᠢ ᠣᠶᠠᠯᠳᠣᠭᠤᠯᠬᠤ ᠶᠢ ᠭᠡᠷᠡᠭᠵᠢᠬᠦᠯᠬᠦ ᠭᠡᠷᠡᠭᠳᠡᠢ᠃ | ᠦᠨᠳᠣᠰᠣᠡ ᠱᠠᠳᠣᠨ ᠤ ᠡᠮᠴᠢᠯᠡᠭᠡᠨ ᠡᠷᠡᠬᠦᠯ ᠬᠠᠮᠠᠭᠠᠯᠠᠯ ᠤᠨ ᠪᠠᠢᠭᠤᠯᠥᠮᠵᠢ ᠶᠢᠨ ᠨᠠᠰᠣᠳᠡᠢᠴᠣᠳ ᠤᠨ ᠡᠮᠴᠢᠯᠡᠭᠡᠨ ᠬᠠᠷᠡᠭᠠᠯᠵᠠᠨ ᠰᠣᠪᠢᠯᠠᠬᠤ᠂ ᠭᠡᠷ ᠪᠦᠯᠢ ᠶᠢᠨ | ᠡᠪᠡᠳᠴᠢᠳᠡᠨ ᠤ ᠣᠷᠦ᠂ ᠭᠡᠷ ᠲᠡᠭᠡᠨ ᠰᠠᠭᠤᠵᠤ ᠰᠣᠪᠢᠯᠠᠬᠤ ᠵᠡᠷᠭᠡ ᠦᠢᠯᠡᠴᠢᠯᠡᠭᠡᠨ ᠢ ᠳᠡᠮᠵᠢᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠢᠭᠤᠯᠥᠮᠵᠢ ᠬᠢᠭᠡᠳ | ᠨᠠᠰᠣᠵᠢᠯ ᠤᠨ ᠪᠠᠢᠭᠤᠯᠥᠮᠵᠢ ᠶᠢᠨ ᠲᠣᠬᠠᠶᠢᠯᠬᠠᠰᠠᠨ ᠠᠵᠢᠯ ᠤᠨ ᠬᠠᠮᠵᠢᠯᠴᠠᠬᠤ ᠲᠣᠠᠠᠳᠡᠴᠠ ᠶᠢ ᠪᠠᠢᠭᠤᠯᠥᠨ ᠪᠦᠷᠢᠨᠰᠢᠬᠦᠯᠵᠦ᠂ ᠪᠤᠯᠵᠤᠵᠦ ᠡᠮᠨᠡᠬᠦᠯᠬᠦ᠂ ᠳᠥᠷᠬᠡᠨ | ᠡᠮᠨᠡᠵᠦ ᠪᠠᠴᠢᠮ ᠠᠪᠤᠷᠡᠯᠳᠡ ᠬᠢᠬᠦ ᠶᠢ ᠰᠠᠭᠠᠳ ᠦᠭᠡᠢ ᠨᠡᠪᠳᠡᠷᠡᠬᠦ ᠵᠠᠮ ᠢ ᠢᠳᠡᠪᠬᠢᠳᠡᠢ ᠪᠠᠷ ᠨᠡᠭᠡᠭᠡᠨ᠂ ᠨᠠᠰᠣᠵᠢᠯ ᠤᠨ ᠪᠠᠢᠭᠤᠯᠥᠮᠵᠢ ᠶᠢᠨ ᠡᠷᠬᠢᠯᠡᠭᠰᠡᠨ ᠡᠮᠴᠢᠯᠡᠭᠡᠨ ᠤ | ᠪᠠᠢᠭᠤᠯᠥᠮᠵᠢ ᠶᠢᠨ ᠡᠮᠴᠢᠯᠡᠭᠡᠨ ᠤ ᠦᠢᠯᠡᠴᠢᠯᠡᠬᠡᠨ ᠪᠠ ᠡᠮ ᠤᠨ ᠶᠠᠪᠤᠳᠡᠯ ᠤᠨ ᠬᠠᠮᠢᠶᠡᠷᠦᠯᠳᠡ ᠶᠢᠨ ᠴᠢᠳᠡᠪᠦᠷᠢ ᠶᠢ ᠳᠡᠭᠡᠭᠰᠢᠯᠡᠬᠦᠯᠵᠦ᠂ ᠨᠠᠰᠣᠳᠡᠢᠴᠣᠳ ᠤᠨ ᠤᠵᠢᠭ | ᠡᠪᠡᠳᠴᠢᠨ ᠢ ᠬᠠᠮᠢᠶᠡᠷᠬᠤ᠂ ᠡᠷᠡᠬᠦᠯᠵᠢᠬᠦᠯᠬᠦ ᠪᠠ ᠰᠣᠪᠢᠯᠠᠬᠤ ᠦᠢᠯᠡᠴᠢᠯᠡᠬᠡᠨ ᠢ ᠬᠠᠮᠵᠢᠯᠴᠠᠨ ᠰᠠᠢᠳᠣᠷ ᠬᠢᠨ᠎ᠠ᠃ ᠨᠠᠰᠤᠲᠠᠶᠢᠴᠤᠳ ᠤᠨ ᠨᠥᠬᠦᠷᠰᠡᠭ ᠡᠮᠴᠢᠯᠡᠭᠡᠨ ᠤ | ᠪᠠᠶᠢᠭᠤᠯᠤᠮᠵᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠨᠠᠩ ᠣᠯᠠᠨ ᠨᠠᠰᠤᠲᠠᠶᠢᠴᠤᠳ ᠢ ᠬᠠᠪᠰᠤᠷᠤᠨ ᠡᠪᠡᠳᠴᠢᠨ ᠦᠵᠡᠭᠦᠯᠬᠦ ︽ᠲᠣᠭᠠᠨ ᠤ ᠵᠠᠭᠠᠭ | ︾ ᠢ ᠳᠠᠪᠠᠭᠤᠯᠤᠨ᠎ᠠ᠃ ᠨᠠᠰᠤᠲᠠᠶᠢᠴᠤᠳ ᠤᠨ ᠡᠪᠡᠳᠴᠢᠨ ᠡᠮᠭᠡᠭ ᠢ ᠣᠨᠣᠰᠢᠯᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ 2025 ᠤᠨ ᠪᠣᠯᠬᠤ ᠳᠤ᠂ | ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠡᠮᠨᠡᠯᠭᠡ ᠶᠢᠨ ᠬᠤᠷᠢᠶ᠎ᠠ ᠳᠤ ᠨᠠᠰᠤᠲᠠᠶᠢᠴᠤᠳ ᠤᠨ | ᠠᠨᠠᠭᠠᠬᠤ ᠤᠬᠠᠭᠠᠨ ᠤ ᠰᠠᠯᠠᠭ᠎ᠠ ᠪᠠᠶᠢᠭᠤᠯᠬᠤ ᠬᠠᠷᠢᠴᠠᠯ ᠢ 90% ᠠᠴᠠ ᠳᠡᠭᠡᠭᠰᠢ ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ︶ | 10. ᠭᠡᠷ ᠪᠦᠯᠢ ᠶᠢᠨ ᠡᠮᠴᠢ ᠶᠢᠨ ᠳᠦᠷᠢᠮ ᠢ ᠪᠦᠷᠢᠨᠰᠢᠭᠦᠯᠦᠨ᠎ᠡ᠃ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠩᠬ᠎ᠠ | ᠠᠯᠬᠤᠮ ᠤᠨ ᠣᠨᠣᠰᠢᠯᠠᠨ ᠡᠮᠨᠡᠬᠦ᠂ ᠡᠷᠡᠭᠦᠯᠵᠢᠭᠦᠯᠬᠦ᠂ ᠡᠷᠡᠭᠦᠯ ᠮᠡᠨᠳᠦ ᠶᠢ ᠬᠠᠮᠠᠭᠠᠯᠠᠬᠤ ᠵᠡᠷᠭᠡ ᠴᠢᠳᠠᠮᠵᠢ ᠶᠢ ᠴᠢᠩᠭᠠᠷᠠᠭᠤᠯᠤᠨ᠂ ᠰᠤᠮᠤ ᠰᠢᠶᠠᠩ ᠪᠠᠯᠭᠠᠰᠤ ᠶᠢᠨ | ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︵ᠥᠷᠲᠡᠭᠡ︶ ᠨᠢᠭᠡᠪᠦᠷᠢ ᠳᠤ ᠠᠳᠠᠭ ᠲᠠᠭᠠᠨ | 1 ᠨᠡᠷᠡᠰ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠡᠮᠴᠢ ᠲᠣᠬᠢᠷᠠᠭᠤᠯᠤᠨ᠎ᠠ᠃ ᠰᠢᠶᠠᠨ ᠤ ᠱᠠᠲᠤᠨ ᠤ ᠡᠮᠨᠡᠯᠭᠡ ᠶᠢᠨ ᠬᠤᠷᠢᠶᠠᠨ ᠤ ᠲᠤᠰᠬᠠᠶ ᠰᠠᠯᠠᠭᠠᠨ ᠤ | ᠡᠮᠴᠢ ᠶᠢ ᠬᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠳᠤ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠰᠠᠭᠤᠵᠤ ᠡᠮᠨᠡᠭᠦᠯᠬᠦ᠂ ᠤᠳᠠᠭᠠᠨ ᠴᠢᠨᠠᠷᠲᠠᠶ | ᠡᠪᠡᠳᠴᠢᠨ ᠤ ᠬᠠᠮᠲᠤᠷᠠᠭᠰᠠᠨ ᠡᠭᠦᠳᠡᠨ ᠡᠮᠨᠡᠯᠭᠡ ᠪᠠᠶᠢᠭᠤᠯᠬᠤ᠂ ᠠᠯᠤᠰ ᠠᠴᠠ ᠣᠨᠣᠰᠢᠯᠠᠨ ᠡᠮᠨᠡᠬᠦ ᠠᠵᠢᠯ ᠢ ᠥᠷᠨᠢᠭᠦᠯᠬᠦ᠂ ᠬᠦᠴᠢᠷ ᠲᠦᠪᠡᠭᠲᠡᠶ ᠡᠪᠡᠳᠴᠢᠲᠡᠨ ᠤ | ᠭᠡᠷ᠎ᠡ ᠲᠣᠭᠲᠠᠵᠤ ᠦᠢᠯᠡᠴᠢᠯᠡᠬᠦ ᠳᠤ ᠣᠷᠣᠯᠴᠠᠭᠤᠯᠤᠨ᠎ᠠ᠃ ᠬᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠶᠢᠨ ᠬᠡᠷ ᠲᠤᠨᠢ ᠬᠦᠷᠴᠦ ᠦᠢᠯᠡᠴᠢᠯᠡᠬᠦ ᠲᠣᠭᠲᠠᠴᠠ ᠶᠢ | ᠪᠠᠶᠢᠭᠤᠯᠵᠤ᠂ ᠦᠨᠡᠨ ᠬᠦ ᠬᠡᠷᠡᠭᠴᠡᠭᠡ ᠲᠠᠢ ᠨᠠᠰᠤᠲᠠᠶᠢᠴᠤᠳ᠂ ᠴᠢᠳᠠᠯ ᠲᠡᠩᠬᠡᠭᠡ ᠪᠠᠨ ᠠᠯᠳᠠᠭᠰᠠᠨ ᠪᠤᠶᠤ ᠬᠠᠭᠠᠰ ᠠᠯᠳᠠᠭᠰᠠᠨ ᠬᠥᠮᠦᠰ᠂ ᠵᠠᠰᠠᠯ ᠤᠨ ᠳᠠᠷᠠᠭ᠎ᠠ | ᠰᠡᠷᠭᠦᠭᠰᠡᠨ ᠡᠪᠡᠳᠴᠢᠲᠡᠨ᠂ ᠵᠡᠮᠳᠡᠭᠴᠦᠳ ᠵᠡᠷᠭᠡ ᠳᠤ ᠬᠡᠷ ᠲᠤᠨᠢ ᠬᠦᠷᠴᠦ ᠡᠮᠴᠢᠯᠡᠭᠡᠨ ᠤ ᠦᠢᠯᠡᠴᠢᠯᠡᠭᠡ ᠪᠠ ᠣᠷᠳᠣ ᠬᠤᠭᠤᠴᠠᠭᠠᠨ ᠤ ᠵᠤᠷ ᠤᠨ ᠦᠢᠯᠡᠴᠢᠯᠡᠭᠡ | ᠬᠠᠩᠭᠠᠨ᠎ᠠ᠃ ᠰᠢᠯᠵᠢᠭᠦᠯᠦᠨ ᠡᠮᠨᠡᠭᠦᠯᠬᠦ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠮᠨᠡᠯᠭᠡ ᠶᠢᠨ | ᠬᠤᠷᠢᠶ᠎ᠠ ᠨᠤᠭᠤᠳ ᠶᠡᠷᠦᠩᠬᠡᠶ ᠰᠠᠯᠠᠭᠠᠨ ᠤ ᠠᠨᠠᠭᠠᠬᠤ ᠤᠬᠠᠭᠠᠨ ᠤ ᠰᠠᠯᠠᠭ᠎ᠠ ᠪᠤᠶᠤ ᠪᠤᠰᠤᠳ ᠰᠠᠯᠠᠭ᠎ᠠ ᠲᠠᠰᠤᠭ ᠬᠢᠭᠡᠳ ᠭᠡᠷ ᠪᠦᠯᠢ ᠶᠢᠨ ᠡᠮᠴᠢ ᠶᠢᠨ ᠭᠡᠷ᠎ᠡ | ᠲᠣᠭᠲᠠᠵᠤ ᠦᠢᠯᠡᠴᠢᠯᠡᠬᠦ ᠠᠵᠢᠯ ᠤᠨ ᠬᠠᠷᠢᠯᠴᠠᠨ ᠵᠣᠯᠭᠠᠯᠳᠤᠬᠤ ᠶᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠰᠢᠯᠵᠢᠭᠦᠯᠦᠨ ᠡᠮᠨᠡᠭᠦᠯᠦᠭᠰᠡᠨ ᠭᠡᠷ᠎ᠡ | ᠲᠣᠭᠲᠠᠭᠰᠠᠨ ᠡᠪᠡᠳᠴᠢᠲᠡᠨ ᠳᠤ ᠤᠷᠢᠳᠠᠪᠠᠷ ᠡᠭᠦᠳᠡᠨ ᠡᠮᠨᠡᠯᠭᠡ᠂ ᠤᠷᠢᠳᠠᠪᠠᠷ ᠡᠮᠨᠡᠯᠭᠡ ᠳᠤ ᠰᠠᠭᠤᠬᠤ᠂ ᠤᠷᠢᠳᠠᠪᠠᠷ ᠮᠡᠰᠡ ᠵᠠᠰᠠᠯ ᠬᠢᠬᠦ ᠵᠡᠷᠭᠡ ᠦᠢᠯᠡᠴᠢᠯᠡᠭᠡᠨ | ᠬᠠᠩᠭᠠᠬᠤ ᠬᠡᠷᠡᠭᠲᠡᠶ᠃ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠵᠦ᠂ ᠪᠥᠬᠦ ᠬᠥᠮᠦᠰ ᠪᠠ | ᠭᠤᠤᠯᠳᠠᠯᠭ᠎ᠠ ᠲᠠᠢ ᠬᠥᠮᠦᠰ ᠤᠨ ᠭᠡᠷ᠎ᠡ ᠲᠣᠭᠲᠠᠬᠤ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ ᠵᠢᠯ ᠪᠦᠷᠢ 1 ᠠᠴᠠ 3 ᠵᠠᠭᠤᠨ ᠤ ᠨᠢᠭᠡᠴᠢ ᠳᠡᠭᠡᠭᠰᠢᠯᠡᠭᠦᠯᠵᠦ᠂ | 2035 ᠤᠨ ᠪᠣᠯᠬᠤ ᠳᠤ ᠪᠥᠬᠦ ᠬᠥᠮᠦᠰ ᠤᠨ ᠭᠡᠷ᠎ᠡ ᠲᠣᠭᠲᠠᠬᠤ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ 75% ᠠᠴᠠ ᠳᠡᠭᠡᠭᠰᠢ ᠳᠤ ᠬᠦᠷᠦᠭᠦᠯᠵᠦ᠂ | ᠭᠤᠤᠯᠳᠠᠯᠭ᠎ᠠ ᠲᠠᠢ ᠬᠥᠮᠦᠰ ᠤᠨ ᠭᠡᠷ᠎ᠡ ᠲᠣᠭᠲᠠᠬᠤ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ 85% ᠠᠴᠠ ᠳᠡᠭᠡᠭᠰᠢ ᠳᠤ ᠬᠦᠷᠦᠭᠦᠯᠦᠨ᠎ᠡ᠃ ᠭᠡᠷ᠎ᠡ ᠲᠣᠭᠲᠠᠵᠤ | ᠦᠢᠯᠡᠴᠢᠯᠡᠬᠦ ᠬᠥᠮᠦᠨ ᠤ ᠲᠤᠭ᠎ᠠ᠂ ᠭᠤᠣᠯᠳᠠᠯᠭ᠎ᠠ ᠲᠠᠢ ᠬᠥᠮᠦᠰ ᠤᠨ ᠡᠵᠡᠯᠡᠬᠦ ᠬᠠᠷᠢᠴᠠᠯ᠂ ᠦᠷᠭᠦᠯᠵᠢᠯᠡᠭᠦᠯᠬᠦ ᠨᠣᠷᠮ᠎ᠠ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ | ᠦᠷ᠎ᠡ ᠪᠦᠲᠦᠮᠵᠢ᠂ ᠦᠢᠯᠡᠴᠢᠯᠡᠭᠡᠨ ᠤ ᠶᠠᠰᠤ ᠴᠢᠨᠠᠷ ᠵᠡᠷᠭᠡ ᠳᠤ ᠦᠨᠡᠯᠡᠯᠲᠡ ᠬᠢᠬᠦ ᠶᠢ ᠴᠢᠩᠭᠠᠳᠬᠠᠵᠤ᠂ ᠦᠨᠡᠯᠡᠭᠰᠡᠨ ᠦᠷ᠎ᠡ ᠳ᠋ᠦᠩ ᠢ ᠦᠨᠳᠦᠰᠦᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠨᠥᠬᠦᠪᠥᠷᠢ ᠪᠡᠯᠡ ᠮᠥᠩᠭᠦ ᠶᠢ ᠬᠤᠪᠢᠶᠠᠷᠢᠯᠠᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠭᠡᠷ᠎ᠡ | ᠲᠣᠭᠲᠠᠵᠤ ᠦᠢᠯᠡᠴᠢᠯᠡᠬᠦ ᠪᠡᠯᠡ ᠴᠤᠭᠯᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠨᠥᠬᠦᠴᠡᠯ ᠲᠠᠢ ᠬᠤᠰᠢᠭᠤ ᠰᠢᠶᠠᠨ ᠲᠣᠭᠤᠷᠢᠭ ᠨᠢ ᠭᠡᠷ᠎ᠡ ᠲᠣᠭᠲᠠᠭᠰᠠᠨ | ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢ ᠬᠥᠮᠦᠨ ᠤ ᠲᠤᠭ᠎ᠠ ᠪᠠᠷ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠤᠶᠤ ᠬᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠳᠤ ᠣᠯᠭᠤᠬᠤ ᠶᠢ ᠰᠦᠪᠡᠭᠴᠢᠯᠡᠵᠦ ᠪᠣᠯᠤᠨ᠎ᠠ᠃ | ᠭᠡᠷ᠎ᠡ ᠲᠣᠭᠲᠠᠵᠤ ᠦᠢᠯᠡᠴᠢᠯᠡᠬᠦ ᠰᠦᠢᠳᠬᠡᠯ ᠬᠤᠷᠢᠶᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠡᠮᠨᠡᠭᠦᠯᠬᠦ᠂ | ᠰᠢᠯᠵᠢᠭᠦᠯᠦᠨ ᠡᠮᠨᠡᠭᠦᠯᠬᠦ᠂ ᠡᠮ ᠬᠡᠷᠡᠭᠯᠡᠬᠦ᠂ ᠡᠮᠴᠢᠯᠡᠭᠡᠨ ᠤ ᠳᠠᠭᠠᠳᠬᠠᠯ ᠵᠡᠷᠭᠡ ᠲᠠᠯ᠎ᠠ ᠪᠠᠷ ᠬᠢ ᠵᠦᠷᠢᠶᠡᠴᠢᠯᠡᠭᠰᠡᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ | ᠃ ᠭᠡᠷ ᠪᠦᠯᠢ ᠶᠢᠨ ᠡᠮᠴᠢ ᠶᠢᠨ ᠭᠡᠷ᠎ᠠ ᠲᠣᠠᠠᠳᠠᠨ ᠦᠢᠯᠡᠴᠢᠯᠡᠬᠦ ᠵᠣᠷᠢᠠᠠᠵᠢᠭᠤᠯᠥᠨ ᠣᠷᠮᠠᠰᠢᠭᠤᠯᠬᠤ ᠲᠣᠠᠠᠳᠡᠴᠠ᠂ ᠵᠠᠷᠣᠳᠡᠯ ᠬᠤᠷᠢᠶᠡᠨ ᠦᠭᠬᠦ ᠲᠣᠠᠠᠳᠡᠴᠠ ᠵᠡᠷᠭᠡ | ᠪᠠᠳᠣᠯᠠᠭ᠎ᠠ ᠶᠢᠨ ᠳᠥᠷᠢᠮ ᠢ ᠨᠡᠶᠢᠳᠡᠪᠦᠷᠢᠵᠢᠭᠤᠯᠵᠦ᠂ ᠲᠣᠰ ᠭᠠᠵᠡᠷ ᠣᠷᠣᠨ ᠤ ᠪᠤᠳᠡᠳᠡᠢ ᠲᠠᠢ ᠪᠠᠨ ᠣᠶᠠᠯᠳᠣᠭᠤᠯᠥᠨ ᠦᠨᠳᠣᠰᠣᠨ ᠣᠯᠡᠨ ᠨᠡᠶᠢᠳᠡ ᠶᠢᠨ ᠡᠷᠡᠬᠦᠯ | ᠬᠠᠮᠠᠭᠠᠯᠠᠯ ᠤᠨ ᠦᠢᠯᠡᠴᠢᠯᠡᠭᠡᠨ ᠤ ᠵᠠᠷᠣᠳᠡᠯ᠂ ᠡᠮᠴᠢᠯᠡᠭᠡᠨ ᠤ ᠲᠠᠭᠠᠳᠬᠠᠯ ᠤᠨ ᠰᠠᠭᠤᠷᠢ ᠮᠦᠡᠭᠬᠦ ᠪᠤᠯᠥᠨ ᠰᠠᠭᠤᠭᠠᠯᠢ ᠠᠷᠡᠳ ᠤᠨ ᠬᠤᠪᠢ ᠬᠦᠮᠦᠨ ᠭᠡᠷ ᠪᠦᠯᠢ ᠶᠢᠨ | ᠡᠮᠴᠢ ᠶᠢᠨ ᠭᠡᠷ᠎ᠠ ᠲᠣᠠᠠᠳᠠᠨ ᠦᠢᠯᠡᠴᠢᠯᠡᠬᠦ ᠵᠠᠷᠣᠳᠡᠯ ᠢ ᠬᠠᠮᠳᠣᠪᠡᠷ ᠡᠬᠦᠷᠭᠡᠯᠡᠬᠦ ᠳᠥᠷᠥ ᠶᠢᠨ ᠪᠤᠳᠣᠯᠭ᠎ᠠ ᠶᠢ ᠲᠣᠠᠠᠳᠠᠭᠠᠵᠦ᠂ ᠵᠠᠷᠴᠢᠮ ᠳᠡᠭᠡᠷ᠎ᠠ ᠪᠠᠨ 70% ᠠᠴᠠ | ᠲᠣᠣᠷ᠎ᠠ ᠪᠠᠶᠢᠯᠭᠠᠬᠤ ᠦᠭᠡᠢ ᠭᠡᠷ᠎ᠠ ᠲᠣᠠᠠᠳ᠋ᠬᠠᠰᠠᠨ ᠦᠢᠯᠡᠴᠢᠯᠡᠭᠡᠨ ᠤ ᠵᠠᠷᠣᠳᠡᠯ ᠢ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠠᠵᠢᠯᠳᠡᠨ ᠤ ᠴᠠᠯᠢᠩ ᠬᠦᠯᠥᠰᠣ | ᠬᠤᠪᠢᠶᠡᠷᠢᠯᠡᠨᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 11. ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠬᠤ ᠳᠦᠷᠢᠮ ᠢ ᠪᠦᠷᠢᠨᠰᠢᠭᠦᠯᠦᠨ᠎ᠡ᠃ ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠬᠤ ᠲᠥᠷᠥ ᠶᠢᠨ | ᠪᠣᠳᠣᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠮᠨᠡᠬᠦ ᠪᠠ ᠰᠡᠷᠭᠡᠶᠢᠯᠡᠬᠦ ᠶᠢ ᠬᠠᠮᠵᠢᠯᠴᠠᠭᠤᠯᠬᠤ᠂ ᠡᠮᠨᠡᠬᠦ ᠪᠠ ᠰᠡᠷᠭᠡᠶᠢᠯᠡᠬᠦ ᠶᠢ | ᠠᠭᠤᠰᠤᠯᠴᠠᠭᠤᠯᠬᠤ ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠰᠠᠯᠠᠭ᠎ᠠ ᠵᠡᠷᠭᠡ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠢ ᠰᠢᠭᠤᠳ ᠬᠢᠵᠦ ᠪᠠᠶᠢᠭ᠎ᠠ ᠰᠠᠯᠠᠭ᠎ᠠ ᠲᠠᠰᠤᠭ ᠪᠠᠶᠢᠭᠤᠯᠵᠤ᠂ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠭᠲᠠᠭᠠᠨ᠂ ︽ᠡᠮᠴᠢᠯᠡᠭᠡᠨ ᠤ | ᠪᠠᠶᠢᠭᠤᠯᠤᠮᠵᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠡᠮᠴᠢᠯᠡᠭᠡᠨ ᠤ ᠪᠠᠶᠢᠭᠤᠯᠤᠮᠵᠢ ᠪᠠ ᠲᠤᠰᠬᠠᠶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠭᠦᠨᠵᠡᠭᠡᠶ ᠬᠠᠮᠵᠢᠯᠴᠠᠬᠤ ᠶᠢ ᠭᠦᠨᠵᠡᠭᠡᠶ ᠠᠬᠢᠭᠤᠯᠤᠨ᠂ | ᠴᠢᠳᠠᠪᠤᠷᠢᠲᠠᠨ ᠤ ᠰᠢᠯᠵᠢᠯᠲᠡ᠂ ᠰᠣᠯᠪᠢᠴᠠᠯ ᠪᠣᠯᠪᠠᠰᠤᠷᠠᠭᠤᠯᠤᠯ᠂ ᠦᠢᠯᠡᠴᠢᠯᠡᠭᠡ ᠶᠢ ᠠᠭᠤᠰᠤᠯᠴᠠᠭᠤᠯᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠵᠡᠷᠭᠡ | ᠲᠣᠭᠲᠠᠴᠠ ᠶᠢ ᠪᠠᠶᠢᠭᠤᠯᠵᠤ᠂ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠤᠰᠬᠠᠶ | ᠮᠡᠷᠭᠡᠵᠢᠯ ᠤᠨ ᠠᠵᠢᠯᠲᠠᠨ ᠡᠮᠴᠢᠯᠡᠭᠡᠨ ᠤ ᠬᠤᠯᠪᠣᠭᠠᠲᠤ ︵ᠡᠪ ᠬᠠᠮᠲᠤ ᠨᠠᠮ︶ ᠴᠣᠭᠴᠠ ᠳᠤ ᠣᠷᠣᠯᠴᠠᠬᠤ ᠠᠵᠢᠯ ᠢ ᠬᠠᠶᠢᠨ ᠰᠦᠪᠡᠭᠴᠢᠯᠡᠵᠦ᠂ ᠨᠡᠶᠢᠭᠡᠮ | ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠬᠡᠰᠡᠭ ᠣᠷᠣᠨ ᠤ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ᠂ ᠲᠣᠣᠷᠵᠢᠭᠤᠯᠤᠭᠰᠠᠨ ᠦᠨᠳᠦᠰᠦᠨ | ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠤᠳᠠᠭᠠᠨ | ᠴᠢᠨᠠᠷᠲᠠᠶ ᠡᠪᠡᠳᠴᠢᠨ ᠤ ᠡᠮᠨᠡᠬᠦ ᠰᠡᠷᠭᠡᠶᠢᠯᠡᠬᠦ ᠶᠢ ᠠᠭᠤᠰᠤᠯᠴᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ︽ᠡᠪᠡᠳᠴᠢᠯᠡᠬᠦ ᠠᠴᠠ | ᠡᠮᠦᠨ᠎ᠡ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠬᠦ᠂ ᠡᠪᠡᠳᠴᠢᠨ ᠤ ᠳᠠᠷᠠᠭ᠎ᠠ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠮᠥᠷᠳᠡᠨ ᠦᠢᠯᠡᠴᠢᠯᠡᠬᠦ ᠳᠤ ᠲᠠᠰᠤᠯᠳᠠᠭᠤᠯᠬᠤ | ᠥᠬᠡᠶ︾ ᠨᠢᠭᠡ ᠴᠣᠭᠴᠠᠵᠢᠭᠤᠯᠤᠭᠰᠠᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠪᠣᠶ ᠪᠣᠯᠭᠠᠨ᠎ᠠ᠃ ᠡᠷᠡᠭᠦᠯ ᠡᠩᠬᠡ ᠪᠠᠶᠠᠨᠨᠠᠭᠤᠷ ᠤᠨ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠨᠡᠶᠢᠭᠡᠮ ᠲᠣᠭᠤᠷᠢᠭ᠂ ᠬᠡᠷ ᠪᠦᠯᠢ ᠪᠠ ᠬᠤᠪᠢ ᠬᠥᠮᠦᠨ ᠢ ᠬᠥᠲᠥᠯᠦᠨ | ᠵᠢᠯᠣᠭᠤᠳᠴᠤ ᠪᠠᠶᠢᠭᠠᠳ ᠲᠣᠰ ᠲᠣᠰ ᠤᠨ ᠡᠷᠡᠭᠦᠯ ᠮᠡᠨᠳᠦ ᠶᠢᠨ ᠬᠠᠷᠢᠭᠤᠴᠠᠯᠭ᠎ᠠ ᠶᠢ ᠨᠢ ᠭᠦᠢᠴᠡᠳᠬᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ︶ | ︵ᠭᠤᠷᠪᠠ︶ ᠬᠥᠭᠵᠢᠯᠲᠡ ᠶᠢᠨ ᠠᠷᠭ᠎ᠠ ᠮᠠᠶ᠋ᠢᠭ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠬᠠᠮᠢᠶᠠᠷᠤᠯᠲᠠ ᠶᠢᠨ ᠨᠠᠷᠢᠯᠢᠬᠵᠢᠭᠤᠯᠬᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ | 12 .ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠵᠠᠰᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠬᠤ ᠪᠠ | ᠡᠷᠬᠢᠯᠡᠬᠦ ᠶᠢ ᠰᠠᠯᠭᠠᠬᠤ ᠣᠯᠠᠨ ᠵᠦᠢᠯ ᠤᠨ ᠪᠦᠲᠦᠮᠵᠢᠲᠡᠶ ᠪᠡᠶᠡᠯᠡᠭᠦᠯᠬᠦ ᠬᠡᠯᠪᠡᠷᠢ ᠶᠢ ᠪᠦᠷᠢᠨᠰᠢᠭᠦᠯᠵᠦ᠂ ᠵᠠᠰᠠᠭ ᠤᠨ ᠣᠷᠳᠣᠨ ᠤ ᠡᠮᠨᠡᠯᠭᠡ ᠡᠷᠬᠢᠯᠡᠬᠦ ᠡᠭᠦᠷᠭᠡ | ᠬᠠᠷᠢᠭᠤᠴᠠᠯᠭ᠎ᠠ ᠶᠢ ᠨᠢᠭᠡᠳᠦᠯᠲᠡᠶ ᠲᠥᠯᠥᠪᠯᠡᠨ ᠭᠦᠢᠴᠡᠳᠬᠡᠬᠦ ᠬᠡᠷᠡᠭᠲᠡᠶ᠃ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷᠠᠬᠢ ᠬᠤᠷᠢᠶᠠᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠱᠦᠵᠢ᠂ | ᠡᠮᠨᠡᠯᠭᠡ ᠶᠢᠨ ᠬᠤᠷᠢᠶᠠᠨ ᠤ ᠳᠠᠷᠤᠭ᠎ᠠ ᠶᠢ ᠰᠠᠯᠭᠠᠨ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠢ | ᠳᠦᠷᠢᠮ ᠢᠶᠠᠷ ᠶᠡᠷᠦᠩᠬᠡᠶᠢᠯᠡᠨ ᠵᠢᠯᠣᠭᠤᠳᠣᠭᠤᠯᠵᠤ᠂ ᠬᠠᠮᠢᠶᠠᠷᠤᠯᠲᠠ ᠶᠢᠨ ᠳᠦᠷᠢᠮ ᠤᠨ ᠲᠣᠭᠲᠠᠴᠠ ᠶᠢ ᠪᠦᠷᠢᠨᠰᠢᠭᠦᠯᠦᠨ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠳᠤᠲᠤᠭᠠᠲᠤ ᠵᠠᠰᠠᠯᠲᠠ ᠶᠢᠨ ᠪᠦᠲᠦᠴᠡ ᠪᠣᠯᠣᠨ ᠡᠷᠬᠡ ᠶᠢᠨ ᠠᠵᠢᠯᠯᠠᠭᠠᠨ ᠤ ᠳᠦᠷᠢᠮ ᠢ ᠵᠢᠷᠤᠮᠵᠢᠭᠤᠯᠵᠤ᠂ ᠡᠮᠨᠡᠯᠭᠡ ᠶᠢᠨ ᠬᠤᠷᠢᠶ᠎ᠠ ᠶᠢᠨ | ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠪᠦᠬᠦ ᠲᠠᠯ᠎ᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠪᠦᠬᠦ ᠲᠠᠯ᠎ᠠ ᠪᠠᠷ ᠥᠷᠨᠢᠭᠦᠯᠵᠦ᠂ ᠣᠨ ᠤ | ᠲᠤᠭ᠎ᠠ ᠪᠠᠷᠢᠮᠲᠠ ᠶᠢᠨ ᠬᠥᠳᠡᠯᠦᠩᠭᠦᠶ ᠬᠢᠨᠠᠨ ᠬᠡᠮᠵᠢᠬᠦ ᠪᠠ ᠰᠢᠯᠭᠠᠨ ᠬᠢᠨᠠᠵᠤ ᠬᠢᠨᠠᠨ ᠲᠣᠭᠲᠠᠭᠠᠬᠤ ᠳᠦᠷᠢᠮ ᠢ ᠪᠠᠶᠢᠭᠤᠯᠵᠤ᠂ ᠬᠠᠮᠢᠶᠠᠷᠤᠯᠲᠠ ᠶᠢᠨ ᠱᠠᠲᠤ ᠳᠠᠪᠬᠤᠷᠭ᠎ᠠ | ᠪᠣᠯᠤᠨ ᠪᠠᠶᠢᠭᠤᠯᠤᠮᠵᠢ ᠶᠢᠨ ᠲᠥᠷᠥᠯ ᠬᠡᠯᠪᠡᠷᠢ ᠶᠣᠰᠣᠭᠠᠷ ᠰᠢᠯᠭᠠᠨ ᠬᠢᠨᠠᠵᠤ ᠦᠨᠡᠯᠡᠬᠦ ᠶᠢ ᠬᠡᠷᠡᠭᠵᠢᠭᠦᠯᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ︶ | 13. ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠡᠩᠨᠡᠭᠡ ᠶᠢ | ᠬᠥᠭᠵᠢᠭᠦᠯᠦᠨ ᠪᠤᠵᠠᠭᠠᠶᠢᠷᠠᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠢ ᠬᠥᠮᠦᠵᠢᠭᠦᠯᠬᠦ ᠲᠤᠰᠬᠠᠶ ᠠᠵᠢᠯᠯᠠᠭ᠎ᠠ ᠶᠢ ᠬᠡᠷᠡᠭᠵᠢᠭᠦᠯᠵᠦ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ᠂ ᠶᠡᠷᠦᠩᠬᠡᠶ ᠰᠠᠯᠠᠭ᠎ᠠ᠂ ᠬᠡᠤᠬᠡᠳ ᠤᠨ ᠰᠠᠯᠠᠭ᠎ᠠ᠂ ᠬᠦᠨᠳᠦ ᠡᠪᠡᠳᠴᠢᠨ ᠤ ᠠᠨᠠᠭᠠᠬᠤ ᠤᠬᠠᠭᠠᠨ᠂ ᠠᠮᠢᠰᠬᠤᠯ ᠤᠨ ᠰᠠᠯᠠᠭ᠎ᠠ᠂ | ᠣᠶᠤᠨ ᠮᠡᠳᠡᠷᠡᠯ ᠤᠨ ᠰᠠᠯᠠᠭ᠎ᠠ᠂ ᠬᠠᠯᠳᠠᠪᠤᠷᠢᠲᠤ ᠡᠪᠡᠳᠴᠢᠨ᠂ ᠨᠠᠰᠤᠲᠠᠶᠢᠴᠤᠳ ᠤᠨ ᠠᠨᠠᠭᠠᠬᠤ ᠤᠬᠠᠭᠠᠨ ᠵᠡᠷᠭᠡ ᠬᠦᠷᠢᠶᠡᠨ ᠳᠠᠬᠢ ᠪᠠᠴᠢᠮ ᠬᠡᠷᠡᠭᠰᠡᠬᠦ ᠳᠤᠲᠠᠭᠳᠠᠵᠤ | ᠪᠠᠶᠢᠭ᠎ᠠ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠨ ᠪᠣᠯᠪᠠᠰᠤᠷᠠᠭᠤᠯᠬᠤ ᠶᠢ ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠬᠢᠭᠡᠳ | ᠡᠮᠴᠢᠯᠡᠭᠡᠨ ᠤ ᠠᠨᠠᠭᠠᠬᠤ ᠤᠬᠠᠭᠠᠨ ᠤ ᠬᠠᠮ ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠠᠵᠢᠯᠲᠠᠨ ᠤ ᠣᠷᠣᠨ | ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠬᠢᠨᠠᠨ ᠲᠣᠭᠲᠠᠭᠠᠬᠤ ᠶᠢᠨ ᠬᠠᠮᠲᠤ ᠭᠦᠢᠴᠡᠳ ᠲᠤᠭ᠎ᠠ ᠪᠠᠷ ᠲᠣᠬᠢᠷᠠᠭᠤᠯᠵᠤ᠂ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠡᠵᠡᠯᠡᠬᠦ ᠣᠷᠣᠨ ᠲᠤᠭ᠎ᠠ ᠶᠢ ᠣᠷᠣᠨ ᠲᠤᠭ᠎ᠠ ᠶᠢᠨ ᠶᠡᠷᠦᠩᠬᠡᠶ ᠲᠤᠭ᠎ᠠ ᠶᠢᠨ | 85%᠂ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ ᠢ 70% ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃ ᠦᠨᠳᠦᠰᠦᠨ ᠱᠠᠲᠤ᠂ ᠠᠯᠤᠰ ᠬᠢᠵᠠᠭᠠᠷ | ᠭᠠᠵᠠᠷ ᠣᠷᠣᠨ ᠪᠣᠯᠤᠨ ᠳᠤᠲᠠᠭᠳᠠᠵᠤ ᠪᠠᠶᠢᠭ᠎ᠠ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠨ ᠲᠡᠳᠬᠦᠬᠦ ᠡᠷᠴᠢᠮ ᠢ ᠨᠡᠮᠡᠭᠳᠡᠭᠦᠯᠦᠨ᠂ ᠦᠨᠳᠦᠰᠦᠨ | ᠱᠠᠲᠤᠨ ᠤ ᠴᠢᠳᠠᠪᠤᠷᠢᠲᠠᠨ ᠬᠥᠮᠦᠵᠢᠭᠦᠯᠬᠦ ᠵᠢᠱᠢᠶ᠎ᠡ ᠦᠵᠡᠭᠦᠯᠬᠦ ᠣᠷᠣᠨ ᠤ ᠪᠠᠶᠢᠭᠤᠯᠤᠯᠲᠠ ᠶᠢ ᠥᠷᠨᠢᠭᠦᠯᠵᠦ᠂ ᠣᠶᠤᠲᠠᠨ ᠬᠥᠳᠡᠭᠡ ᠲᠣᠰᠬᠤᠨ ᠤ ᠡᠮᠴᠢ ᠶᠢ | ᠬᠠᠨᠳᠤᠯᠭ᠎ᠠ ᠲᠠᠢ ᠪᠠᠷ ᠬᠥᠮᠦᠵᠢᠭᠦᠯᠬᠦ ᠲᠤᠰᠬᠠᠶ ᠲᠥᠯᠥᠪᠯᠡᠭᠡ ᠶᠢ ᠬᠡᠷᠡᠭᠵᠢᠭᠦᠯᠬᠦ ᠬᠡᠷᠡᠭᠲᠡᠶ᠃ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠴᠢᠳᠠᠪᠤᠷᠢᠲᠠᠨ ᠢ ᠨᠢᠭᠡ ᠴᠣᠭᠴᠠᠵᠢᠭᠤᠯᠤᠨ ᠲᠣᠬᠢᠷᠠᠭᠤᠯᠬᠤ ᠪᠠ ᠬᠠᠮᠢᠶᠠᠷᠬᠤ ᠶᠢ ᠴᠢᠩᠭᠠᠳᠬᠠᠵᠤ᠂ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠡᠯᠰᠡᠨ ᠤᠷᠢᠵᠤ ᠣᠷᠣᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠰᠢᠶᠠᠨ ᠠᠴᠠ ᠬᠠᠮᠢᠶᠠᠷᠤᠨ ᠰᠢᠶᠠᠩ ᠳᠤ | ᠬᠡᠷᠡᠭᠯᠡᠬᠦ ᠶᠢ ᠬᠡᠷᠡᠭᠵᠢᠭᠦᠯᠵᠦ᠂ 5 ᠵᠢᠯ ᠤᠨ ᠳᠣᠲᠣᠷ᠎ᠠ ᠶᠠᠳᠠᠬᠤ ᠳᠠᠭᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠣᠴᠢᠵᠤ 1 | ᠵᠢᠯ ᠠᠵᠢᠯᠯᠠᠨ᠎ᠠ᠃ ᠬᠦᠳᠡᠭᠡ ᠲᠤᠰᠬᠤᠨ ᠤ ᠡᠮᠴᠢ ᠶᠢᠨ ᠲᠤᠳᠤᠷᠠᠬᠢ ᠠᠵᠢᠯ ᠡᠷᠬᠢᠯᠡᠬᠦ ︵ᠲᠤᠰᠠᠯᠠᠬᠤ︶ ᠡᠮᠴᠢ ᠶᠢᠨ ᠬᠢᠷᠢ ᠬᠡᠮ ᠲᠠᠢ ᠬᠦᠮᠦᠰ ᠤᠨ ᠬᠠᠷᠢᠴᠠᠯ ᠢ | ᠳᠡᠭᠡᠭᠰᠢᠯᠡᠭᠦᠯᠵᠦ᠂ 2025 ᠤᠨ ᠪᠣᠯᠬᠤ ᠳᠤ 45% ᠣᠷᠴᠢᠮ ᠳᠤ ᠬᠦᠷᠦᠭᠦᠯᠦᠨ᠎ᠡ᠃ ᠬᠥᠳᠡᠭᠡ ᠲᠣᠰᠬᠤᠨ ᠤ ᠡᠮᠴᠢ ᠶᠢᠨ ᠰᠤᠷᠤᠯᠴᠠᠭᠰᠠᠨ ᠨᠠᠮᠲᠠᠷ ᠤᠨ ᠰᠤᠷᠭᠠᠨ | ᠬᠥᠮᠦᠵᠢᠯ ᠳᠤ ᠣᠷᠣᠯᠴᠠᠬᠤ᠂ ᠠᠵᠢᠯ ᠡᠷᠬᠢᠯᠡᠬᠦ ︵ᠲᠤᠰᠠᠯᠠᠬᠤ︶ ᠶᠡᠭᠡ ᠡᠮᠴᠢ ᠶᠢᠨ ᠬᠢᠷᠢ ᠭᠡᠮ ᠢ ᠰᠢᠯᠭᠠᠨ ᠠᠪᠬᠤ ᠶᠢ ᠵᠣᠷᠢᠭᠵᠢᠭᠤᠯᠤᠨ᠂ ᠬᠥᠳᠡᠭᠡ ᠲᠣᠰᠬᠤᠨ ᠤ | ᠡᠮᠴᠢ ᠶᠢᠨ ᠠᠵᠢᠯ ᠡᠷᠬᠢᠯᠡᠬᠦ ︵ᠲᠤᠰᠠᠯᠠᠬᠤ︶ ᠶᠡᠭᠡ ᠡᠮᠴᠢ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ ᠡᠮ ᠨᠡᠶᠢᠷᠬᠠᠴᠢ ᠶᠢᠨ ᠡᠩᠨᠡᠭᠡ ᠶᠢᠨ ᠪᠠᠶᠢᠭᠤᠯᠥᠯᠳᠡ ᠶᠢᠨ | ᠡᠷᠴᠢᠮ ᠢ ᠴᠢᠩᠭᠠᠷᠡᠭᠤᠯᠵᠦ᠂ ᠡᠮᠴᠢᠯᠡᠬᠡᠨ ᠤ ᠡᠮ ᠨᠡᠶᠢᠷᠬᠠᠴᠢ ᠶᠢᠨ ᠲᠣᠬᠢᠷᠡᠭᠤᠯᠥᠯᠳᠡ ᠶᠢ ᠴᠢᠩᠭᠠᠳᠬᠠᠨ᠎ᠠ᠃ ᠡᠯ᠎ᠡ ᠲᠥᠷᠥᠯ ᠤᠨ ᠲᠤᠰᠬᠠᠶ ᠮᠡᠷᠭᠡᠵᠢᠯ ᠤᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯᠲᠠᠨ ᠲᠣᠬᠢᠷᠠᠭᠤᠯᠬᠤ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠠᠵᠢᠯ ᠤᠨ ᠪᠠᠶᠢᠷᠢ ᠶᠢ ᠱᠠᠲᠤ ᠲᠥᠷᠥᠯ | ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠬᠠᠷᠢᠴᠠᠯ ᠢ ᠳᠡᠭᠡᠭᠰᠢᠯᠡᠭᠦᠯᠬᠦ ᠬᠡᠷᠡᠭᠲᠡᠶ᠃ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠪᠠ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠣᠨᠴᠠᠯᠢᠭᠲᠤ ᠴᠢᠳᠠᠪᠤᠷᠢᠲᠠᠨ ᠢ ᠬᠥᠮᠦᠵᠢᠭᠦᠯᠬᠦ ᠢᠨᠵᠧᠨᠧᠷᠢᠩ ᠢ | ᠬᠡᠷᠡᠭᠵᠢᠭᠦᠯᠵᠦ᠂ ᠨᠠᠷᠠᠲᠤ ᠠᠬᠠᠮᠠᠳ ᠬᠢᠲᠠᠳ ᠡᠮᠨᠡᠯᠭᠡ ︵ᠮᠣᠩᠭᠤᠯ ᠡᠮᠨᠡᠯᠭᠡ︶᠂ ᠬᠠᠭᠤᠴᠢᠨ ᠡᠮ ᠤᠨ ᠠᠵᠢᠯᠴᠢᠨ ᠵᠡᠷᠭᠡ ᠶᠢ ᠤᠯᠠᠮᠵᠢᠯᠠᠨ ᠵᠠᠯᠭᠠᠮᠵᠢᠯᠠᠬᠤ ᠠᠵᠢᠯ ᠤᠨ | ᠲᠠᠰᠤᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ︵ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 14. ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠨᠳᠣᠰᠣᠡ | ᠱᠠᠳᠣᠨ ᠤ ᠡᠮᠴᠢᠯᠡᠭᠡᠨ ᠤ ᠣᠨᠴᠠᠯᠢᠠᠠᠳᠦ ᠰᠠᠯᠠᠭ᠎ᠠ ᠳᠠᠰᠤᠭ ᠤᠨ ᠪᠦᠳᠦᠭᠡᠨ ᠪᠠᠶᠢᠭᠤᠯᠥᠯᠳᠡ ᠶᠢᠨ ᠢᠨᠵᠧᠨᠧᠷᠢᠩ ᠢ ᠭᠡᠷᠡᠭᠵᠢᠬᠦᠯᠵᠦ᠂ ᠪᠠᠶᠢᠩᠭᠤ ᠲᠣᠬᠢᠶᠠᠯᠳᠤᠳᠠᠭ | ᠡᠪᠡᠳᠴᠢᠨ᠂ ᠣᠯᠡᠨ ᠡᠬᠦᠰᠬᠦ ᠡᠪᠡᠳᠴᠢᠨ ᠵᠡᠷᠭᠡ ᠦᠨᠳᠣᠰᠣᠡ ᠡᠮᠴᠢᠯᠡᠭᠡᠨ ᠤ ᠦᠢᠯᠡᠴᠢᠯᠡᠭᠡᠨ ᠤ ᠴᠢᠳᠡᠪᠦᠷᠢ ᠶᠢ ᠳᠡᠭᠡᠭᠰᠢᠯᠡᠬᠦᠯᠥᠨ᠎ᠠ᠃ ᠰᠢᠶᠠᠨ ᠤ ᠬᠡᠪᠴᠢᠶᠡᠨ ᠤ | ᠡᠮᠴᠢᠯᠡᠭᠡᠨ ᠤ ᠳᠡᠳ᠋ ᠲᠥᠪ ᠤᠨ ᠡᠮᠨᠡᠯᠭᠡ ᠳᠤ ᠰᠠᠭᠤᠬᠤ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠵᠤ᠂ ᠪᠠᠶᠢᠭᠤᠯᠤᠮᠵᠢ ᠶᠢᠨ ᠠᠵᠢᠯᠲᠠᠨ ᠤ ᠬᠢᠷᠢ ᠬᠡᠮ᠂ | ᠮᠡᠷᠭᠡᠵᠢᠯ ᠤᠨ ᠵᠥᠪᠰᠢᠶᠡᠷᠡᠨ ᠣᠷᠣᠭᠤᠯᠬᠤ᠂ ᠪᠡᠯᠡᠳᠬᠡᠮᠵᠢ ᠲᠥᠬᠦᠭᠡᠷᠦᠮᠵᠢ ᠯᠦᠭᠡ ᠬᠠᠷᠢᠯᠴᠠᠨ ᠲᠣᠬᠢᠷᠠᠯᠴᠠᠭᠰᠠᠨ ᠡᠮᠨᠡᠯᠭᠡ ᠳᠤ ᠰᠠᠭᠤᠬᠤ᠂ ᠮᠡᠰᠡ ᠵᠠᠰᠠᠯ ᠵᠡᠷᠭᠡ | ᠦᠢᠯᠡᠴᠢᠯᠡᠭᠡᠨ ᠢ ᠥᠷᠨᠢᠭᠦᠯᠦᠨ᠎ᠡ᠃ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠡᠷᠡᠭᠦᠯᠵᠢᠭᠦᠯᠬᠦ᠂ ᠠᠮᠠᠨ ᠬᠥᠨᠳᠡᠶ᠂ ᠣᠶᠤᠨ | ᠰᠠᠨᠠᠭ᠎ᠠ ︵ᠰᠡᠳᠬᠢᠴᠡ︶ ᠵᠡᠷᠭᠡ ᠣᠨᠴᠠᠯᠢᠭᠲᠤ ᠲᠤᠰᠬᠠᠶ ᠮᠡᠷᠭᠡᠵᠢᠯ ᠤᠨ ᠰᠠᠯᠠᠭ᠎ᠠ ᠲᠠᠰᠤᠭ ᠢ ᠬᠥᠭᠵᠢᠭᠦᠯᠵᠦ᠂ ᠲᠦᠷᠭᠡᠨ ᠡᠮᠨᠡᠬᠦ᠂ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠵᠠᠰᠠᠬᠤ᠂ ᠡᠷᠡᠭᠦᠯᠵᠢᠭᠦᠯᠬᠦ ᠹᠢᠽᠢᠺ ᠵᠠᠰᠠᠯ᠂ ᠪᠠᠶᠢᠴᠠᠭᠠᠨ ᠰᠢᠯᠭᠠᠬᠤ ᠵᠡᠷᠭᠡ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ | ᠃ ᠬᠥᠳᠡᠭᠡ ᠲᠣᠰᠬᠤᠨ ᠤ ᠬᠠᠯᠳᠠᠪᠤᠷᠢᠲᠤ ᠡᠪᠡᠳᠴᠢᠨ ᠤ ᠬᠠᠮᠢᠶᠠᠷᠤᠯᠲᠠ ᠪᠠ ᠨᠡᠶᠢᠭᠡᠮ ᠲᠣᠭᠤᠷᠢᠭ ᠤᠨ ᠰᠡᠳᠬᠢᠴᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠴᠢᠳᠠᠪᠤᠷᠢ ᠶᠢᠨ ᠳᠡᠭᠡᠭᠰᠢᠯᠡᠯᠲᠡ ᠶᠢ ᠴᠢᠩᠭᠠᠳᠬᠠᠨ᠎ᠠ᠃ ᠦᠨᠳᠣᠰᠣᠨ ᠱᠠᠳᠣᠨ ᠤ ᠡᠮᠴᠢᠯᠡᠭᠡ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠶᠢᠨ ᠴᠢᠳᠠᠮᠵᠢ ᠶᠢᠨ ᠪᠠᠶᠢᠷᠢ | ᠲᠣᠠᠠᠳᠠᠭᠠᠯᠳᠡ ᠪᠠ ᠦᠢᠯᠡᠴᠢᠯᠡᠭᠡᠨ ᠤ ᠣᠨᠴᠠᠯᠢᠭ ᠲᠤ ᠨᠡᠶᠢᠴᠡᠭᠰᠡᠨ ᠦᠨᠡᠯᠡᠯᠳᠡ ᠪᠠ ᠬᠢᠨᠡᠨ ᠲᠣᠠᠠᠳᠠᠭᠠᠬᠤ ᠰᠢᠰᠲ᠋ᠧᠮᠵᠢ ᠶᠢ ᠪᠠᠶᠢᠭᠤᠯᠥᠨ ᠪᠦᠷᠢᠨᠰᠢᠬᠦᠯᠥᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ︶ | ︵ᠲᠦᠷᠪᠡ︶ ᠡᠮᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠦᠢᠯᠡᠴᠢᠯᠡᠭᠡᠨ ᠤ ᠰᠢᠯᠢᠳᠡᠭᠵᠢᠭᠰᠡᠨ ᠥᠩᠭᠡᠷᠡᠯᠲᠡ ᠶᠢ ᠠᠬᠢᠭᠤᠯᠤᠨ᠎ᠠ᠃ | 15. ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠨ᠎ᠠ᠃ ᠡᠮᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠬᠢᠭᠡᠳ | ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠤᠲᠠ ᠶᠢᠨ ᠱᠠᠲᠤᠨ ᠤ ᠡᠮᠴᠢᠯᠡᠭᠡᠨ ᠤ ᠶᠠᠰᠤ ᠴᠢᠨᠠᠷ ᠢ ᠡᠵᠡᠮᠳᠡᠬᠦ ᠵᠣᠬᠢᠶᠠᠨ ᠪᠠᠶᠢᠭᠤᠯᠤᠯᠲᠠ ᠶᠢ ᠪᠦᠷᠢᠨᠰᠢᠭᠦᠯᠦᠨ᠎ᠡ᠃ | ᠶᠠᠰᠤ ᠴᠢᠨᠠᠷ ᠤᠨ ᠡᠵᠡᠮᠳᠡᠯ ᠤᠨ ᠲᠥᠪ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠢᠷᠤᠮᠵᠢᠭᠤᠯᠵᠤ᠂ ᠬᠤᠲᠠ ᠶᠢᠨ ᠱᠠᠲᠤᠨ ᠤ ᠶᠠᠰᠤ ᠴᠢᠨᠠᠷ ᠤᠨ | ᠡᠵᠡᠮᠳᠡᠯ ᠤᠨ ᠲᠥᠪ ᠤᠨ ᠠᠵᠢᠯᠯᠠᠭᠠᠨ ᠢ ᠴᠢᠩᠭᠠᠳᠬᠠᠨ᠂ ᠬᠤᠰᠢᠭᠤ ᠰᠢᠶᠠᠨ ᠤ ᠱᠠᠲᠤᠨ ᠤ ᠶᠠᠰᠤ ᠴᠢᠨᠠᠷ ᠤᠨ ᠡᠵᠡᠮᠳᠡᠯ ᠤᠨ ᠲᠥᠪ ᠤᠨ ᠬᠠᠮᠤᠷᠬᠤ ᠬᠡᠪᠴᠢᠶ᠎ᠡ ᠶᠢ | ᠤᠯᠠᠮ ᠨᠢᠭᠡ ᠠᠯᠬᠤᠮ ᠥᠷᠭᠡᠳᠬᠡᠵᠦ᠂ ᠡᠯ᠎ᠡ ᠱᠠᠲᠤᠨ ᠤ ᠶᠠᠰᠤ ᠴᠢᠨᠠᠷ ᠤᠨ ᠡᠵᠡᠮᠳᠡᠯ ᠤᠨ ᠲᠥᠪ ᠤᠨ ᠴᠢᠨᠠᠷ ᠴᠢᠨᠰᠠᠭ᠎ᠠ ᠲᠠᠢ ᠪᠠᠷ ᠠᠵᠢᠯ ᠢᠶᠠᠨ ᠥᠷᠨᠢᠭᠦᠯᠬᠦ ᠶᠢ | ᠠᠬᠢᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠨᠤᠭᠤᠳ ᠪᠦᠬᠦ ᠠᠵᠢᠯᠲᠠᠨ ᠣᠷᠣᠯᠴᠠᠭᠰᠠᠨ᠂ ᠡᠮᠴᠢᠯᠡᠭᠡᠨ ᠤ ᠦᠢᠯᠡᠴᠢᠯᠡᠭᠡᠨ ᠤ ᠪᠦᠬᠦ ᠶᠠᠪᠤᠴᠠ ᠶᠢ ᠬᠠᠮᠤᠷᠤᠭᠰᠠᠨ | ᠶᠠᠰᠤ ᠴᠢᠨᠠᠷ ᠤᠨ ᠬᠠᠮᠢᠶᠠᠷᠤᠯᠲᠠ ᠬᠢᠭᠡᠳ ᠡᠵᠡᠮᠳᠡᠬᠦ ᠠᠵᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠶᠢ ᠪᠦᠬᠦ | ᠲᠠᠯ᠎ᠠ ᠪᠠᠷ ᠬᠡᠷᠡᠭᠵᠢᠭᠦᠯᠦᠨ᠎ᠡ᠃ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠭᠰᠠᠨ ᠦᠢᠯᠡᠴᠢᠯᠡᠭᠡᠨ ᠤ ᠶᠠᠰᠤ ᠴᠢᠨᠠᠷ ᠤᠨ ᠲᠤᠭ᠎ᠠ ᠪᠠᠷᠢᠮᠲᠠ ᠶᠢᠨ ᠰᠢᠰᠲ᠋ᠧᠮ ᠢ ᠦᠨᠡᠯᠡᠨ | ᠵᠢᠱᠢᠬᠦ᠂ ᠬᠠᠷᠢᠭᠤ ᠲᠤᠰᠬᠠᠬᠤ ᠪᠠ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠡᠮᠴᠢᠯᠡᠭᠡᠨ ᠤ ᠦᠢᠯᠡᠴᠢᠯᠡᠭᠡᠨ ᠢ ᠦᠨᠡᠯᠡᠬᠦ ᠳᠦᠷᠢᠮ ᠢ ᠰᠦᠪᠡᠭᠴᠢᠯᠡᠨ | ᠪᠠᠶᠢᠭᠤᠯᠵᠤ᠂ ᠡᠮ ᠤᠨ ᠵᠦᠢᠯ ᠤᠨ ᠬᠠᠩᠭᠠᠯᠭ᠎ᠠ ᠶᠢ ᠪᠠᠲᠤᠯᠠᠬᠤ ᠪᠠ ᠡᠮ ᠤᠨ ᠰᠤᠳᠤᠯᠤᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ︶ | 16. ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠰᠢᠨᠵᠢᠯᠡᠬᠦ ᠤᠬᠠᠭᠠᠨ ᠤ ᠰᠣᠳᠣᠯᠭᠠᠨ ᠤ ᠮᠡᠷᠭᠡᠵᠢᠯ ᠵᠡᠷᠭᠡ ᠲᠦᠷᠦᠯ ᠵᠦᠢᠯ ᠳᠠᠬᠢ ᠣᠷᠤᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠵᠤ᠂ ᠵᠠᠰᠠᠭ ᠤᠨ ᠣᠷᠳᠤᠨ ᠢᠶᠠᠷ ᠤᠳᠤᠷᠢᠳᠤᠮᠵᠢ ᠪᠣᠯᠭᠠᠭᠰᠠᠨ᠂ ᠣᠯᠠᠨ ᠰᠠᠯᠠᠭ᠎ᠠ ᠮᠦᠴᠢᠷ ᠬᠠᠮᠲᠤᠷᠠᠯᠴᠠᠬᠤ᠂ ᠡᠮᠨᠡᠯᠭᠡ ᠶᠢᠨ ᠬᠤᠷᠢᠶ᠎ᠠ ᠶᠢᠨ | ᠣᠷᠤᠭᠤᠯᠤᠯᠲᠠ ᠶᠢ ᠬᠠᠷᠢᠯᠴᠠᠨ ᠤᠶᠠᠯᠳᠤᠭᠤᠯᠤᠭᠰᠠᠨ ᠰᠢᠨᠵᠢᠯᠡᠬᠦ ᠤᠬᠠᠭᠠᠨ ᠤ ᠰᠣᠳᠣᠯᠭᠠᠨ ᠤ ᠵᠠᠷᠤᠳᠠᠯ ᠤᠨ ᠣᠷᠤᠭᠤᠯᠤᠯᠲᠠ ᠶᠢ ᠪᠠᠲᠤᠯᠠᠬᠤ ᠲᠣᠭᠲᠠᠴᠠ ᠶᠢ | ᠪᠠᠶᠢᠭᠤᠯᠵᠤ᠂ ᠮᠠᠨ ᠤ ᠬᠤᠲᠠ ᠶᠢᠨ ᠠᠨᠠᠭᠠᠬᠤ ᠤᠬᠠᠭᠠᠨ ᠤ ᠰᠣᠳᠣᠯᠭᠠᠨ ᠤ ᠵᠠᠷᠤᠳᠠᠯ ᠤᠨ ᠣᠷᠤᠭᠤᠯᠤᠯᠲᠠ ᠬᠢᠭᠡᠳ ᠬᠠᠮᠢᠶᠠᠷᠤᠯᠲᠠ ᠶᠢᠨ ᠰᠠᠶᠢᠨ ᠣᠷᠴᠢᠯ ᠢ | ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠶᠢ ᠢᠳᠡᠪᠬᠢᠯᠡᠨ ᠣᠯᠵᠤ᠂ | ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠬᠥᠭᠵᠢᠭᠡᠨ᠎ᠡ᠃ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠢ ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠦᠪ ᠲᠣᠭᠲᠠᠭᠠᠬᠤ ᠲᠥᠷᠥᠯ ᠵᠦᠢᠯ ᠢ 1᠄ 1 ᠶᠢᠨ ᠬᠠᠷᠢᠴᠠᠯ ᠢᠶᠠᠷ | ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠣᠷᠣᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠢ ᠵᠢᠯ ᠪᠦᠷᠢ ᠡᠷᠡᠭᠦᠯ | ᠬᠠᠮᠠᠭᠠᠯᠠᠯ ᠤᠨ ᠮᠡᠷᠭᠡᠵᠢᠯ ᠤᠨ ᠵᠠᠭᠤᠨ ᠠᠵᠢᠯᠲᠠᠨ ᠨᠢᠭᠡᠪᠦᠷᠢ ᠶᠢᠨ ᠣᠷᠣᠭᠤᠯᠤᠯᠲᠠ ᠶᠢᠨ ᠬᠠᠷᠢᠴᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠮᠨᠡᠯᠭᠡ ᠶᠢᠨ ᠬᠤᠷᠢᠶ᠎ᠠ ᠨᠢ | ᠲᠦᠷᠦᠭᠦᠦ ᠵᠢᠯ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠲᠣᠭᠲᠠᠭᠠᠭᠰᠠᠨ ᠪᠣᠳᠠᠲᠠᠶ | ᠪᠠᠶᠢᠳᠠᠯ ᠲᠠᠢ ᠤᠶᠠᠯᠳᠤᠭᠤᠯᠵᠤ᠂ ᠲᠤᠰ ᠣᠨ ᠤ ᠡᠮᠨᠡᠯᠭᠡ ᠶᠢᠨ ᠬᠤᠷᠢᠶᠠᠨ ᠤ ᠲᠥᠰᠦᠪ ᠲᠤ ᠣᠷᠣᠭᠤᠯᠤᠭᠰᠠᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ | ᠲᠣᠭᠲᠠᠭᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠲᠣᠭᠲᠠᠭᠤᠨ ᠢᠷᠡᠯᠲᠡ ᠶᠢ | ᠦᠨᠡᠨᠬᠦ ᠪᠠᠲᠤᠯᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ︶ | 17. ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠪᠡᠳᠴᠢᠨ ᠦᠵᠡᠭᠦᠯᠬᠦ ᠣᠷᠴᠢᠨ ᠲᠣᠭᠤᠷᠢᠨ ᠢ | ᠰᠠᠶᠢᠵᠢᠷᠠᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠬᠥᠲᠥᠯᠥᠨ ᠵᠢᠯᠣᠭᠤᠳᠬᠤ ᠲᠡᠮᠳᠡᠭ ᠪᠠᠶᠢᠷᠢᠯᠠᠭᠤᠯᠬᠤ ᠶᠢ ᠲᠡᠭᠦᠯᠳᠡᠷᠵᠢᠭᠦᠯᠦᠨ᠂ ᠡᠪᠡᠳᠴᠢᠨ ᠦᠵᠡᠭᠦᠯᠬᠦ | ᠣᠷᠴᠢᠨ ᠲᠣᠭᠤᠷᠢᠨ ᠤ ᠨᠠᠰᠤᠵᠢᠯᠲᠠ ᠳᠤ ᠲᠤᠬᠢᠷᠠᠬᠤ᠂ ᠰᠠᠭᠠᠳ ᠦᠭᠡᠶ ᠪᠠᠶᠢᠯᠭᠠᠬᠤ ᠵᠡᠷᠭᠡ ᠳᠤ ᠥᠭᠡᠷᠡᠴᠢᠯᠡᠯᠲᠡ ᠬᠢᠬᠦ ᠶᠢ ᠴᠢᠩᠭᠠᠳᠬᠠᠵᠤ᠂ ᠡᠮᠴᠢᠯᠡᠭᠡᠨ ᠤ | ᠪᠠᠶᠢᠭᠤᠯᠤᠮᠵᠢ ᠶᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠡᠭᠦᠳᠡᠨ ᠡᠮᠨᠡᠯᠭᠡ ᠶᠢᠨ ︽ᠨᠢᠭᠡ ᠥᠷᠲᠡᠭᠡ ᠮᠠᠶ᠋ᠢᠭ︾ ᠤᠨ | ᠦᠢᠯᠡᠴᠢᠯᠡᠭᠡᠨ ᠤ ᠲᠥᠪ ᠤᠨ ᠠᠭᠤᠯᠤᠭᠳᠠᠬᠤᠨ ᠢ ᠭᠦᠨᠵᠡᠭᠡᠶᠢᠷᠡᠭᠦᠯᠵᠦ᠂ ᠡᠭᠦᠳᠡᠨ ᠡᠮᠨᠡᠯᠭᠡ ᠶᠢᠨ ᠶᠠᠪᠤᠴᠠ ᠶᠢᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠦᠨ᠂ ︽ | ᠪᠣᠯᠵᠣᠵᠤ ᠣᠨᠣᠰᠢᠯᠠᠨ ᠡᠮᠨᠡᠬᠦ︾᠂ ︽ᠠᠮᠠᠷᠠᠯᠲᠠ ᠶᠢᠨ ᠡᠳᠦᠷ ᠤᠨ ᠡᠭᠦᠳᠡᠨ ᠡᠮᠨᠡᠯᠭᠡ︾᠂ ︽ᠬᠠᠷᠢᠮᠠᠬᠠᠶ ᠴᠢᠨᠠᠷᠲᠠᠶ ᠡᠭᠦᠳᠡᠨ ᠡᠮᠨᠡᠯᠭᠡ︾ ᠪᠠ ︽ᠤᠷᠢᠳᠴᠢᠯᠠᠨ | ᠡᠮᠨᠡᠯᠭᠡ ᠳᠤ ᠰᠠᠭᠤᠬᠤ︾ ᠦᠢᠯᠡᠴᠢᠯᠡᠭᠡ ᠶᠢ ᠠᠬᠢᠭᠤᠯᠵᠤ᠂ ︽ᠰᠥᠨᠢ ᠶᠢᠨ ᠡᠭᠦᠳᠡᠨ ᠡᠮᠨᠡᠯᠭᠡ︾ ᠶᠢ ᠰᠦᠪᠡᠭᠴᠢᠯᠡᠨ ᠪᠠᠶᠢᠭᠤᠯᠵᠤ᠂ ᠦᠷᠭᠦᠯᠵᠢᠯᠡᠬᠦ ᠴᠢᠨᠠᠷᠲᠠᠶ | ᠦᠢᠯᠡᠴᠢᠯᠡᠭᠡ ᠬᠠᠩᠭᠠᠨ᠎ᠠ᠃ ᠡᠳᠦᠷ ᠲᠤᠲᠤᠮ ᠤᠨ ᠡᠮᠴᠢᠯᠡᠭᠡ ᠶᠢᠨ ᠦᠢᠯᠡᠴᠢᠯᠡᠭᠡᠨ ᠢ ᠠᠯᠬᠤᠮ ᠠᠯᠬᠤᠮ ᠢᠶᠠᠷ ᠥᠷᠭᠡᠳᠬᠡᠵᠦ᠂ ᠭᠤᠷᠪᠠᠳᠤᠭᠠᠷ ᠲᠠᠰ ᠤᠨ | ᠡᠮᠨᠡᠯᠭᠡ ᠶᠢᠨ ᠬᠤᠷᠢᠶ᠎ᠠ ᠪᠦᠬᠦᠨ ᠢ ᠡᠳᠦᠷ ᠲᠤᠲᠤᠮ ᠤᠨ ᠮᠡᠰᠡ ᠵᠠᠰᠠᠯ ᠪᠠ ᠡᠳᠦᠷ ᠲᠤᠲᠤᠮ ᠤᠨ ᠦᠢᠯᠡᠴᠢᠯᠡᠭᠡᠨ ᠢ ᠥᠷᠨᠢᠭᠦᠯᠬᠦ ᠬᠡᠷᠡᠭᠲᠡᠶ᠃ ᠠᠯᠤᠰ ᠡᠵᠡᠮᠰᠢᠯᠲᠦ | ᠡᠮᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠪᠦᠬᠦ ᠲᠠᠯ᠎ᠠ ᠪᠠᠷ ᠠᠬᠢᠭᠤᠯᠵᠤ᠂ | ᠡᠭᠦᠳᠡᠨ ᠡᠮᠨᠡᠯᠭᠡ ᠶᠢᠨ ᠲᠦᠷᠭᠡᠨ ᠡᠮᠨᠡᠬᠦ ᠪᠠ ᠡᠮᠨᠡᠯᠭᠡ ᠳᠤ ᠰᠠᠭᠤᠬᠤ ᠡᠪᠡᠳᠬᠦ ᠣᠨᠣᠰᠢᠯᠠᠨ ᠡᠮᠨᠡᠬᠦ ᠦᠢᠯᠡᠴᠢᠯᠡᠭᠡ ᠶᠢ ᠠᠯᠬᠤᠮ ᠠᠯᠬᠤᠮ ᠢᠶᠠᠷ ᠠᠬᠢᠭᠤᠯᠬᠤ ᠬᠡᠷᠡᠭᠲᠡᠶ᠃ | ᠣᠯᠠᠨ ᠰᠢᠨᠵᠢᠯᠡᠭᠡᠨ ᠤ ᠰᠠᠯᠠᠭᠠᠨ ᠤ ᠬᠠᠮᠲᠤᠷᠠᠨ ᠣᠨᠣᠰᠢᠯᠠᠨ ᠡᠮᠨᠡᠬᠦ ᠪᠠ ᠭᠡᠷ ᠪᠠᠶᠢᠴᠠᠭᠠᠬᠤ ᠳᠦᠷᠢᠮ ᠢ ᠲᠡᠭᠦᠯᠳᠡᠷᠵᠢᠭᠦᠯᠵᠦ᠂ ᠭᠤᠷᠪᠠᠨ ᠱᠠᠲᠤᠨ ᠤ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠣᠯᠠᠨ ᠰᠢᠨᠵᠢᠯᠡᠭᠡᠨ ᠤ ᠰᠠᠯᠠᠭᠠᠨ ᠤ ᠣᠨᠣᠰᠢᠯᠠᠨ ᠡᠮᠨᠡᠬᠦ ︵MDT︶ ᠳᠦᠷᠢᠮ ᠢ ᠲᠡᠭᠦᠯᠳᠡᠷᠵᠢᠭᠦᠯᠵᠦ᠂ ᠡᠭᠦᠳᠡᠨ | ᠡᠮᠨᠡᠯᠭᠡ ᠶᠢᠨ MDT ᠠᠵᠢᠯ ᠤᠨ ᠪᠠᠶᠢᠷᠢ ᠭᠠᠷᠭᠠᠵᠤ᠂ ︽ᠡᠪᠡᠳᠴᠢᠲᠡᠨ ᠤ ᠦᠯᠦ ᠬᠥᠳᠡᠯᠬᠦ ᠶᠡᠭᠡ ᠡᠮᠴᠢ ᠶᠢᠨ ᠬᠥᠳᠡᠯᠦᠯᠴᠡᠬᠦ︾ MDT ᠦᠢᠯᠡᠴᠢᠯᠡᠭᠡ | ᠬᠠᠩᠭᠠᠨ᠎ᠠ᠃ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠨᠢ ᠡᠪᠡᠳᠴᠢᠲᠡᠨ ᠤ ᠡᠮᠨᠡᠯᠭᠡ ᠠᠴᠠ ᠭᠠᠷᠬᠤ ᠦᠢᠯᠡᠴᠢᠯᠡᠭᠡᠨ ᠤ ᠲᠥᠪ ᠢ | ᠪᠠᠶᠢᠭᠤᠯᠵᠤ᠂ ᠡᠮᠨᠡᠯᠭᠡ ᠠᠴᠠ ᠭᠠᠷᠬᠤ ᠶᠠᠪᠤᠴᠠ ᠶᠢ ᠰᠢᠯᠢᠳᠡᠭᠵᠢᠭᠦᠯᠦᠨ᠂ ᠡᠮᠨᠡᠯᠭᠡ ᠳᠤ ᠰᠠᠭᠤᠬᠤ ᠵᠠᠷᠤᠳᠠᠯ ᠢ ᠤᠷᠢᠳᠴᠢᠯᠠᠨ ᠳ᠋ᠦᠩᠨᠡᠨ ᠪᠤᠳᠤᠬᠤ᠂ ᠣᠷᠣ ᠶᠢᠨ | ᠬᠠᠵᠠᠭᠤ ᠳᠤ ᠳ᠋ᠦᠩᠨᠡᠨ ᠪᠤᠳᠤᠬᠤ ᠶᠢ ᠳᠡᠯᠭᠡᠷᠡᠭᠦᠯᠦᠨ᠎ᠡ᠃ ᠴᠢᠨᠠᠷ ᠰᠠᠶᠢᠲᠠᠶ ᠰᠤᠪᠢᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠰᠡᠳᠬᠢᠴᠡ᠂ | ᠮᠢᠨᠴᠦᠭᠦᠷᠡᠭᠦᠯᠬᠦ ᠡᠪᠡᠳᠬᠦ᠂ ᠡᠮ ᠬᠡᠷᠡᠭᠯᠡᠬᠦ ᠶᠢ ᠵᠢᠯᠤᠭᠤᠳᠬᠤ᠂ ᠰᠢᠮ᠎ᠡ ᠲᠡᠵᠢᠭᠡᠯ ᠤᠨ ᠵᠢᠯᠣᠭᠤᠳᠣᠯᠭ᠎ᠠ ᠵᠡᠷᠭᠡ ᠦᠢᠯᠡᠴᠢᠯᠡᠭᠡ ᠶᠢ ᠦᠷᠭᠦᠯᠵᠢᠯᠡᠨ ᠴᠢᠩᠭᠠᠳᠬᠠᠨ᠎ᠠ᠃ | ᠠᠷᠠᠳ ᠤᠨ ᠡᠶᠡᠳᠡᠭᠦᠯᠭᠡ ᠶᠢᠨ ᠭᠤᠤᠯ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠴᠢᠯᠡᠭᠡᠨ ᠤ ᠵᠢᠭᠤᠷᠠᠯᠳᠤᠭᠠᠨ ᠢ ᠠᠷᠢᠯᠭᠠᠬᠤ ᠤᠷᠲᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠂ ᠡᠮᠴᠢ ᠪᠠ ᠡᠪᠡᠳᠴᠢᠲᠡᠨ ᠤ ᠡᠶ᠎ᠡ ᠵᠣᠬᠢᠴᠠᠯ ᠲᠠᠢ ᠬᠠᠷᠢᠴᠠᠭ᠎ᠠ ᠶᠢ ᠪᠠᠶᠢᠭᠤᠯᠤᠨ᠎ᠠ᠃ ᠰᠠᠶ᠋ᠢ | ᠲᠦᠷᠦᠭᠰᠡᠨ ᠬᠡᠦᠬᠡᠳ ᠤᠨ ᠬᠠᠮᠢᠶ᠎ᠠ ᠪᠦᠬᠦᠢ ᠦᠨᠡᠮᠯᠡᠯ ᠢ ᠣᠯᠠᠨ ᠦᠨᠡᠮᠯᠡᠯ ᠢᠶᠠᠷ ᠬᠠᠮᠲᠤᠷᠠᠨ ᠭᠦᠢᠴᠡᠳᠭᠡᠬᠦ ᠶᠢ ᠢᠳᠡᠪᠬᠢᠲᠡᠢ ᠠᠬᠢᠭᠤᠯᠤᠨ᠎ᠠ᠃ ᠦᠯᠦ | ᠬᠠᠯᠳᠠᠭᠠᠯᠲᠠ ᠶᠢᠨ ᠲᠥᠯᠥᠪᠯᠡᠭᠡ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠳᠥᠬᠦᠮ ᠪᠣᠯᠭᠠᠬᠤ ᠶᠢ ᠬᠦᠴᠦᠲᠡᠢ ᠠᠬᠢᠭᠤᠯᠬᠤ ᠬᠡᠷᠡᠭᠲᠡᠢ᠃ | ᠸᠠᠺᠼᠢᠨ ᠬᠠᠳᠠᠭᠠᠯᠠᠵᠤ ᠵᠥᠭᠡᠭᠡᠪᠦᠷᠢᠯᠡᠬᠦ ᠬᠦᠢᠳᠡᠨ ᠬᠡᠯᠬᠢᠶᠡᠲᠦ ᠪᠡᠯᠡᠳᠬᠡᠮᠵᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠸᠠᠺᠼᠢᠨ ᠢ | ᠲᠤᠬᠢᠷᠠᠭᠤᠯᠤᠨ ᠬᠦᠷᠭᠡᠬᠦ᠂ ᠬᠠᠳᠠᠭᠠᠯᠠᠬᠤ᠂ ᠲᠠᠷᠢᠯᠭ᠎ᠠ ᠬᠢᠬᠦ ᠵᠡᠷᠭᠡ ᠡᠯ᠎ᠡ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠸᠠᠺᠼᠢᠨ ᠬᠠᠳᠠᠭᠠᠯᠠᠵᠤ | ᠵᠥᠭᠡᠭᠡᠪᠦᠷᠢᠯᠡᠬᠦ ᠪᠦᠬᠦ ᠶᠠᠪᠤᠴᠠ ᠶᠢᠨ ᠬᠦᠢᠳᠡᠨ ᠬᠡᠯᠬᠢᠶᠡᠲᠦ ᠬᠢᠨᠠᠨ ᠬᠡᠮᠵᠢᠯᠲᠡ ᠶᠢ ᠵᠠᠪᠰᠠᠷ ᠦᠭᠡᠢ ᠵᠣᠯᠭᠠᠭᠤᠯᠬᠤ ᠶᠢ ᠪᠡᠶᠡᠯᠡᠭᠦᠯᠦᠨ᠎ᠡ᠃ ᠸᠠᠺᠼᠢᠨ ᠬᠤᠳᠠᠯᠳᠤᠨ | ᠠᠪᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠦᠯᠦ ᠬᠠᠯᠳᠠᠭᠠᠬᠤ ᠪᠤᠰᠤ ᠲᠥᠯᠥᠪᠵᠢᠭᠦᠯᠭᠡ ᠶᠢᠨ ᠸᠠᠺᠼᠢᠨ ᠬᠤᠳᠠᠯᠳᠤᠨ ᠠᠪᠬᠤ ᠬᠠᠮᠢᠶᠠᠷᠤᠯᠲᠠ ᠶᠢ | ᠴᠢᠩᠭᠠᠳᠬᠠᠨ᠎ᠠ᠃ ᠸᠠᠺᠼᠢᠨ ᠤ ᠲᠠᠷᠢᠯᠭ᠎ᠠ ᠶᠢ ᠵᠢᠷᠤᠮᠵᠢᠭᠤᠯᠬᠤ ᠡᠭᠦᠳᠡᠨ ᠡᠮᠨᠡᠯᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠡᠷᠭᠡᠶᠢᠯᠡᠬᠦ ᠲᠠᠷᠢᠯᠭ᠎ᠠ ᠶᠢᠨ ᠬᠡᠪ ᠤᠨ | ᠪᠤᠰᠤ ᠢᠯᠡᠷᠡᠯ ᠢ ᠬᠢᠨᠠᠨ ᠬᠡᠮᠵᠢᠬᠦ᠂ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ︶ | ︵ᠲᠠᠪᠤ︶ ᠪᠠᠶᠢᠭᠤᠯᠤᠯ ᠲᠣᠭᠲᠠᠴᠠ ᠶᠢ ᠥᠭᠡᠷᠡᠴᠢᠯᠡᠵᠦ᠂ ᠵᠠᠰᠠᠯᠲᠠ ᠶᠢᠨ ᠰᠢᠨᠵᠢᠯᠡᠬᠦ ᠤᠬᠠᠭᠠᠨᠴᠢ ᠪᠠᠲᠤᠯᠠᠭ᠎ᠠ ᠶᠢ ᠲᠦᠯᠬᠢᠨ ᠠᠬᠢᠭᠤᠯᠤᠨ᠎ᠠ᠃ | 18. ᠣᠷᠣᠨ ᠲᠤᠭ᠎ᠠ ᠪᠣᠯᠤᠨ ᠠᠵᠢᠯᠲᠠᠨ ᠤ ᠶᠠᠪᠤᠳᠠᠯ ᠤᠨ ᠳᠦᠷᠢᠮ ᠢ ᠲᠡᠭᠦᠯᠳᠡᠷᠵᠢᠭᠦᠯᠬᠦ ᠬᠡᠷᠡᠭᠲᠡᠶ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯᠲᠠᠨ ᠤ ᠣᠷᠣᠨ ᠲᠤᠭ᠎ᠠ ᠶᠢᠨ ᠪᠠᠷᠢᠮᠵᠢᠶ᠎ᠠ ᠶᠢ ᠵᠦᠢ ᠵᠣᠬᠢᠰᠲᠠᠶ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠵᠤ᠂ ᠡᠯ᠎ᠡ | ᠭᠠᠵᠠᠷ ᠣᠷᠣᠨ᠂ ᠡᠯ᠎ᠡ ᠡᠮᠨᠡᠯᠭᠡ ᠶᠢᠨ ᠬᠤᠷᠢᠶ᠎ᠠ ᠶᠢᠨ ᠪᠣᠳᠠᠲᠠᠶ ᠪᠠᠶᠢᠳᠠᠯ ᠢ ᠦᠨᠳᠦᠰᠦᠯᠡᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠠᠵᠢᠯᠲᠠᠨ ᠤ ᠶᠡᠷᠦᠩᠬᠡᠶ ᠬᠡᠮᠵᠢᠶ᠎ᠡ ᠶᠢᠨ ᠬᠠᠮᠢᠶᠠᠷᠤᠯᠲᠠ ᠶᠢ ᠰᠦᠪᠡᠭᠴᠢᠯᠡᠨ ᠬᠡᠷᠡᠭᠵᠢᠭᠦᠯᠬᠦ ᠬᠡᠷᠡᠭᠲᠡᠶ᠃ ᠨᠢᠭᠲᠠᠷᠠᠭᠰᠠᠨ ᠬᠡᠯᠪᠡᠷᠢ ᠶᠢᠨ ᠰᠢᠶᠠᠨ ᠤ ᠬᠡᠪᠴᠢᠶᠡᠨ ᠤ | ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠠᠯᠪᠠᠨ ᠠᠴᠠ ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠷᠣᠨ | ᠲᠤᠭ᠎ᠠ ᠶᠢ ᠲᠣᠰ ᠲᠣᠰ ᠬᠢᠨᠠᠨ ᠲᠣᠭᠲᠠᠭᠠᠵᠤ᠂ ᠨᠢᠭᠡᠳᠦᠯᠲᠡᠶ ᠲᠥᠯᠥᠪᠯᠡᠨ ᠬᠡᠷᠡᠭᠯᠡᠬᠦ ᠶᠢ ᠠᠬᠢᠭᠤᠯᠵᠤ᠂ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ | ᠦᠷᠭᠦᠯᠵᠢᠯᠡᠨ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠬᠤᠰᠢᠭᠤ ᠰᠢᠶᠠᠨ ᠲᠣᠭᠤᠷᠢᠭ ᠨᠢ ᠦᠢᠯᠡᠴᠢᠯᠡᠬᠦ ᠬᠥᠮᠦᠨ ᠠᠮᠠ ᠶᠢᠨ 1‰ ᠶᠢᠨ ᠬᠠᠷᠢᠴᠠᠯ ᠶᠣᠰᠣᠭᠠᠷ᠂ 5 | ᠵᠢᠯ ᠪᠦᠷᠢ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠠᠵᠢᠯᠲᠠᠨ ᠤ ᠣᠷᠣᠨ ᠲᠤᠭ᠎ᠠ ᠶᠢᠨ ᠶᠡᠷᠦᠩᠬᠡᠶ ᠬᠡᠮᠵᠢᠶ᠎ᠡ ᠶᠢ ᠬᠥᠳᠡᠯᠦᠩᠭᠦᠶ ᠪᠠᠷ | ᠳᠣᠭᠢᠷᠠᠭᠤᠯᠵᠤ᠂ ᠦᠯᠡᠳᠡᠭᠡᠯ ᠣᠷᠣᠨ ᠲᠤᠭ᠎ᠠ ᠶᠢ ᠠᠮᠢᠳᠤᠯᠢᠭᠵᠢᠭᠤᠯᠤᠨ ᠰᠠᠶᠢᠲᠤᠷ ᠬᠡᠷᠡᠭᠯᠡᠵᠦ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ | ᠬᠤᠷᠢᠶ᠎ᠠ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠣᠷᠣᠨ ᠲᠤᠭ᠎ᠠ ᠶᠢ ᠣᠷᠣᠨ ᠲᠤᠭ᠎ᠠ ᠶᠢᠨ ᠶᠡᠷᠦᠩᠬᠡᠶ ᠲᠤᠭ᠎ᠠ ᠶᠢᠨ 90% ᠠᠴᠠ ᠳᠣᠤᠷ᠎ᠠ ᠪᠠᠶᠢᠯᠭᠠᠵᠤ ᠪᠣᠯᠬᠤ | ᠥᠬᠡᠶ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠳᠦᠷᠢᠮ ᠢ ᠦᠭᠡᠷᠡᠴᠢᠯᠡᠵᠦ᠂ ᠠᠵᠢᠯ ᠤᠨ | ᠪᠠᠶᠢᠷᠢ ᠶᠢᠨ ᠰᠢᠨᠵᠢᠯᠡᠬᠦ ᠤᠬᠠᠭᠠᠨᠴᠢ ᠪᠦᠭᠡᠳ ᠬᠦᠳᠡᠯᠦᠩᠭᠦᠢ ᠣᠷᠣᠨ ᠲᠤᠭ᠎ᠠ ᠶᠢᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠪᠢᠴᠢᠭ ᠢ ᠦᠭᠡᠷᠡᠴᠢᠯᠡᠬᠦ ᠬᠡᠷᠡᠭᠲᠡᠢ | ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠥᠮᠦᠨ ᠬᠡᠷᠡᠭᠯᠡᠬᠦ ᠶᠢᠨ ᠡᠵᠡᠨ ᠮᠡᠳᠡᠬᠦ ᠡᠷᠬᠡ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠲᠣᠭᠲᠠᠭᠠᠯ | ᠶᠣᠰᠣᠭᠠᠷ ᠠᠵᠢᠯ ᠤᠨ ᠪᠠᠶᠢᠷᠢ ᠶᠢᠨ ᠶᠡᠷᠦᠩᠬᠡᠶ ᠬᠡᠮᠵᠢᠶ᠎ᠡ ᠪᠠ ᠠᠵᠢᠯ ᠤᠨ ᠪᠠᠶᠢᠷᠢ ᠶᠢᠨ ᠪᠠᠷᠢᠮᠵᠢᠶ᠎ᠠ ᠶᠢ ᠡᠵᠡᠨ ᠮᠡᠳᠡᠵᠦ ᠲᠣᠭᠲᠠᠭᠠᠬᠤ ᠬᠡᠷᠡᠭᠲᠡᠶ᠃ ᠦᠨᠳᠦᠰᠦᠨ | ᠱᠠᠲᠤᠨ ᠤ ᠡᠮᠨᠡᠯᠭᠡ ᠶᠢᠨ ᠠᠵᠢᠯᠲᠠᠨ ᠡᠯᠰᠡᠬᠦ ᠪᠠᠷᠢᠮᠵᠢᠶ᠎ᠠ ᠪᠠ ᠲᠠᠰ ᠳᠠᠷᠠᠭᠠᠯᠠᠯ ᠢ ᠰᠢᠯᠢᠳᠡᠭᠵᠢᠭᠦᠯᠵᠦ᠂ ᠰᠢᠶᠠᠨ ᠤ ᠱᠠᠲᠤ ᠵᠢᠴᠢ ᠲᠡᠭᠦᠨ ᠠᠴᠠ ᠳᠣᠷᠣᠭᠰᠢᠬᠢ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ ᠪᠠ ᠠᠵᠢᠯᠲᠠᠨ ᠢ ᠤᠷᠢᠵᠤ ᠬᠡᠷᠡᠭᠯᠡᠬᠦ ᠲᠦᠷᠢᠮ ᠢ ᠪᠦᠷᠢᠨᠰᠢᠬᠦᠯᠵᠦ᠂ | ᠬᠤᠰᠢᠭᠤ ᠰᠢᠶᠠᠨ ᠲᠣᠭᠤᠷᠢᠭ ᠤᠨ ᠨᠢᠭᠲᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠪᠠᠷ ᠤᠷᠢᠬᠤ ᠨᠢᠭᠡᠴᠢ ᠪᠣᠯᠭᠠᠵᠤ᠂ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠤᠨ ᠪᠠᠶᠢᠷᠢ ᠶᠢ ᠨᠢᠭᠡ ᠴᠣᠭᠴᠠᠵᠢᠭᠤᠯᠤᠨ ᠳᠣᠭᠢᠷᠠᠭᠤᠯᠬᠤ ᠪᠠ ᠬᠠᠮᠢᠶᠠᠷᠤᠨ᠎ᠠ᠃ ᠵᠠᠩ ᠮᠣᠷᠠᠯ᠂ | ᠴᠢᠳᠡᠪᠦᠷᠢ᠂ ᠠᠵᠢᠯ ᠤᠨ ᠠᠮᠵᠢᠯᠳᠡ ᠪᠠᠷ ᠣᠳᠣᠷᠢᠳᠣᠮᠵᠢ ᠪᠤᠯᠭᠠᠠᠠᠰᠠᠨ ᠡᠷᠡᠬᠦᠯ ᠬᠠᠮᠠᠭᠠᠯᠠᠯ ᠤᠨ ᠲᠣᠰᠬᠠᠢ ᠮᠡᠷᠭᠡᠵᠢᠯ ᠤᠨ ᠠᠵᠢᠯᠳᠡᠨ ᠤ ᠮᠡᠷᠭᠡᠵᠢᠯ ᠤᠨ ᠴᠣᠯᠡ ᠶᠢᠨ | ᠳᠥᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠦᠪᠡᠷᠳᠡᠭᠡᠨ ᠵᠠᠰᠠᠬᠤ ᠣᠷᠣᠨ ᠤ ᠦᠨᠳᠣᠰᠣᠡ ᠱᠠᠳᠣᠨ ᠤ ᠡᠷᠡᠬᠦᠯ ᠬᠠᠮᠠᠭᠠᠯᠠᠯ ᠤᠨ ᠴᠢᠳᠡᠪᠦᠷᠢᠳᠡᠨ ᠤ | ᠮᠡᠷᠭᠡᠵᠢᠯ ᠤᠨ ᠴᠣᠯᠡ ᠳᠡᠪᠰᠢᠵᠦ ᠬᠢᠨᠡᠨ ᠲᠣᠠᠠᠳᠠᠭᠠᠬᠤ ᠪᠡᠷᠢᠮᠵᠢᠶ᠎ᠠ ᠶᠢ ᠨᠡᠶᠢᠳᠡᠪᠦᠷᠢᠵᠢᠭᠤᠯᠥᠨ᠂ ᠰᠦᠯᠵᠢᠶ᠎ᠡ ᠪᠠᠷ ᠮᠡᠳᠡᠬᠦᠯᠬᠦ᠂ ᠰᠦᠯᠵᠢᠶ᠎ᠡ ᠪᠠᠷ ᠬᠢᠨᠡᠨ ᠰᠢᠨᠵᠢᠬᠦ᠂ | ᠰᠦᠯᠵᠢᠶ᠎ᠡ ᠪᠠᠷ ᠦᠨᠡᠯᠡᠬᠦ ᠪᠦᠬᠦ ᠴᠣᠪᠤᠷᠡᠯ ᠤᠨ ᠲᠤᠭᠠᠵᠢᠭᠤᠯᠥᠠᠠᠰᠠᠨ ᠬᠠᠮᠢᠶᠡᠷᠦᠯᠳᠡ ᠶᠢ ᠰᠦᠪᠡᠭᠴᠢᠯᠡᠨ ᠭᠡᠷᠡᠭᠵᠢᠬᠦᠯᠬᠦ ᠭᠡᠷᠡᠭᠳᠡᠢ᠃ ᠰᠤᠮᠤ ᠰᠢᠶᠠᠩ ᠪᠠᠯᠭᠠᠰᠤ ᠶᠢᠨ | ᠡᠷᠡᠭᠦᠯ ᠬᠠᠮᠠᠭᠠᠯᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠲᠥᠷᠥᠯ ᠤᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠶᠢᠨ ᠬᠠᠷᠢᠴᠠᠯ ᠢ | 20% ᠲᠤ ᠬᠦᠷᠲᠡᠯ᠎ᠡ ᠳᠡᠭᠡᠭᠰᠢᠯᠡᠭᠦᠯᠵᠦ ᠪᠣᠯᠤᠨ᠎ᠠ᠃ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠦᠷᠭᠦᠯᠵᠢᠯᠡᠨ ᠪᠦᠬᠦᠯᠢ 15 ᠵᠢᠯ | ᠠᠵᠢᠯᠯᠠᠭᠰᠠᠨ ᠪᠤᠶᠤ ᠨᠡᠶᠢᠲᠡ 25 ᠵᠢᠯ ᠠᠵᠢᠯᠯᠠᠭᠰᠠᠨ ᠮᠥᠷᠲᠡᠭᠡᠨ ᠮᠥᠨ ᠬᠦ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠠᠵᠢᠯᠯᠠᠵᠤ | ᠪᠠᠶᠢᠭ᠎ᠠ ᠲᠤᠰᠬᠠᠶ ᠮᠡᠷᠭᠡᠵᠢᠯ ᠤᠨ ᠠᠵᠢᠯᠲᠠᠨ ᠢ ᠤᠷᠢᠨ ᠬᠡᠷᠡᠭᠯᠡᠬᠦ ᠨᠥᠬᠦᠴᠡᠯ ᠤᠨ ᠳᠣᠤᠷ᠎ᠠ᠂ ︽ᠬᠠᠨᠳᠤᠯᠭ᠎ᠠ ᠲᠠᠢ ᠪᠠᠷ ᠦᠨᠡᠯᠡᠬᠦ᠂ ᠬᠠᠨᠳᠤᠯᠭ᠎ᠠ ᠲᠠᠢ ᠪᠠᠷ ᠬᠡᠷᠡᠭᠯᠡᠬᠦ︾ | ᠪᠠᠷ ᠳᠠᠮᠵᠢᠭᠤᠯᠤᠨ ᠵᠣᠬᠢᠴᠠᠩᠭᠤᠶ ᠠᠵᠢᠯ ᠤᠨ ᠪᠠᠶᠢᠷᠢ ᠳᠤ ᠤᠷᠢᠨ ᠬᠡᠷᠡᠭᠯᠡᠵᠦ ᠪᠣᠯᠤᠨ᠎ᠠ᠂ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠳᠤ ᠬᠢᠵᠠᠭᠠᠷᠯᠠᠭᠳᠠᠬᠤ | ᠦᠭᠡᠶ᠃ ︵ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 19. ᠴᠠᠯᠢᠩ ᠬᠥᠯᠥᠰᠥ ᠶᠢᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠶ᠃ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷ ᠯᠤᠭ᠎ᠠ ᠬᠠᠷᠢᠯᠴᠠᠨ ᠵᠣᠬᠢᠴᠠᠯᠳᠤᠭᠰᠠᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ | ᠬᠥᠳᠡᠯᠦᠩᠭᠦᠶ ᠨᠡᠮᠡᠭᠳᠡᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠠᠯᠢᠩ ᠬᠥᠯᠥᠰᠥ ᠶᠢᠨ ᠬᠤᠪᠢᠶᠠᠷᠢᠯᠠᠯᠲᠠ ᠶᠢᠨ ᠠᠷᠭ᠎ᠠ ᠶᠢ ᠰᠢᠯᠢᠳᠡᠭᠵᠢᠭᠦᠯᠦᠨ | ᠲᠡᠭᠦᠯᠳᠡᠷᠵᠢᠭᠦᠯᠵᠦ᠂ ᠬᠢᠨᠠᠨ ᠲᠣᠭᠲᠠᠭᠠᠭᠰᠠᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢᠨ ᠳᠣᠲᠣᠷ᠎ᠠ᠂ ᠵᠢᠯ ᠤᠨ ᠴᠠᠯᠢᠩ ᠤᠨ | ᠲᠦᠷᠢᠮ᠂ ᠵᠥᠪᠯᠡᠯᠴᠡᠭᠡᠷ ᠤᠨ ᠴᠠᠯᠢᠩ ᠤᠨ ᠲᠦᠷᠢᠮ᠂ ᠲᠥᠷᠥᠯ ᠵᠦᠢᠯ ᠤᠨ ᠴᠠᠯᠢᠩ ᠵᠡᠷᠭᠡ ᠠᠮᠢᠳᠤᠯᠢᠭ ᠣᠯᠠᠨ ᠶᠠᠩᠵᠤ ᠶᠢᠨ ᠬᠤᠪᠢᠶᠠᠷᠢᠯᠠᠯᠲᠠ ᠶᠢᠨ ᠬᠡᠯᠪᠡᠷᠢ ᠶᠢ | ᠰᠦᠪᠡᠭᠴᠢᠯᠡᠨ ᠬᠡᠷᠡᠭᠵᠢᠭᠦᠯᠵᠦ᠂ ᠬᠥᠳᠡᠯᠮᠦᠷᠢ ᠶᠢᠨ ᠮᠡᠷᠭᠡᠵᠢᠯ ᠤᠨ ᠦᠨ᠎ᠡ ᠥᠷᠲᠡᠭ ᠪᠠ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠢᠯᠡᠷᠡᠭᠦᠯᠦᠨ᠎ᠡ᠃ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠰᠬᠠᠶ ᠠᠵᠢᠯ ᠤᠨ ᠪᠠᠶᠢᠭᠤᠯᠤᠮᠵᠢ ᠶᠢᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠪᠣᠯᠤᠨ ᠬᠢᠷᠢ | ᠬᠡᠮᠵᠢᠶ᠎ᠡ ᠶᠢ ᠵᠦᠢ ᠵᠣᠬᠢᠰᠲᠠᠶ ᠬᠢᠨᠠᠨ ᠲᠣᠭᠲᠠᠭᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠡᠮᠴᠢ ᠶᠢᠨ ᠣᠯᠭᠤᠮᠵᠢ ᠶᠢ ᠦᠨᠡᠨᠬᠦ ᠪᠠᠲᠤᠯᠠᠨ᠂ ᠤᠯᠤᠰ ᠤᠨ | ᠵᠣᠬᠢᠴᠠᠩᠭᠤᠶ ᠨᠡᠮᠡᠭᠦᠷᠢ ᠨᠥᠬᠦᠪᠥᠷᠢ ᠶᠢᠨ ᠳᠦᠷᠢᠮ ᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠰᠠᠯᠠᠭ᠎ᠠ ᠲᠠᠰᠤᠭ ᠤᠨ ᠠᠵᠢᠯᠲᠠᠨ ᠤ ᠣᠷᠣᠯᠭ᠎ᠠ ᠶᠢ ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠲᠠᠨ ᠤ ᠳᠤᠮᠳᠠᠴᠢ ᠴᠠᠯᠢᠩ ᠤᠨ ᠬᠢᠷᠢ ᠬᠡᠮᠵᠢᠶ᠎ᠡ ᠠᠴᠠ ᠳᠣᠤᠷ᠎ᠠ | ᠦᠭᠡᠶ ᠪᠠᠶᠢᠯᠭᠠᠨ᠎ᠠ᠃ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠯ᠎ᠡ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠲᠤᠰᠢᠶᠠᠯ ᠤᠨ ᠬᠤᠭᠤᠴᠠᠭᠠᠨ ᠤ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠲᠡᠭᠦᠨ ᠳᠤ ᠣᠨ ᠤ | ᠴᠠᠯᠢᠩ ᠤᠨ ᠲᠦᠷᠢᠮ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ︽ᠨᠡᠶᠢᠲᠡ ᠶᠢᠨ | ᠠᠰᠠᠷᠠᠮᠵᠢ ᠶᠢᠨ ᠨᠢᠭᠡᠳᠦᠭᠡᠷ ᠲᠥᠷᠥᠯ ᠤᠨ ᠡᠳ᠋ ᠤᠨ ᠵᠠᠰᠠᠭ ᠤᠨ ᠪᠠᠲᠤᠯᠠᠭ᠎ᠠ᠂ ᠨᠡᠶᠢᠲᠡ ᠶᠢᠨ ᠠᠰᠠᠷᠠᠮᠵᠢ ᠶᠢᠨ ᠬᠤᠶᠠᠳᠤᠭᠠᠷ ᠲᠥᠷᠥᠯ ᠤᠨ ᠠᠵᠢᠯ ᠦᠢᠯᠡᠰ ᠤᠨ | ᠨᠢᠭᠡᠴᠡ ᠶᠢᠨ ᠬᠠᠮᠢᠶᠠᠷᠤᠯᠲᠠ︾ ᠶᠢ ᠬᠡᠷᠡᠭᠵᠢᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠢᠭᠡᠳ ᠲᠤᠬᠠᠶ ᠶᠢᠨ ᠭᠠᠵᠠᠷ ᠤᠨ | ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠮᠵᠢᠯᠲᠠ ᠪᠦᠲᠦᠮᠵᠢ ᠶᠢᠨ ᠴᠠᠯᠢᠩ ᠤᠨ ᠬᠢᠷᠢ ᠬᠡᠮᠵᠢᠶ᠎ᠡ ᠯᠦᠭᠡ ᠶᠢᠨ | ᠬᠠᠷᠢᠴᠠᠭ᠎ᠠ ᠶᠢ ᠨᠢᠭᠡᠳᠦᠯᠲᠡᠶ ᠲᠥᠯᠥᠪᠯᠡᠨ ᠲᠡᠩᠴᠡᠭᠦᠯᠬᠦ ᠬᠡᠷᠡᠭᠲᠡᠶ᠃ ᠬᠥᠳᠡᠭᠡ ᠲᠣᠰᠬᠤᠨ ᠤ ᠡᠮᠴᠢ ᠶᠢᠨ ᠣᠯᠭᠤᠮᠵᠢ ᠶᠢ ᠪᠠᠲᠤᠯᠠᠵᠤ᠂ ᠬᠥᠳᠡᠭᠡ ᠲᠣᠰᠬᠤᠨ ᠤ | ᠡᠮᠴᠢ ᠶᠢᠨ ᠨᠠᠰᠤᠵᠢᠯ ᠪᠠ ᠡᠮᠴᠢᠯᠡᠭᠡᠨ ᠤ ᠪᠠᠲᠤᠯᠠᠭ᠎ᠠ ᠶᠢᠨ ᠠᠰᠠᠭᠤᠳᠠᠯ ᠢ ᠲᠥᠷᠥᠯ ᠬᠤᠪᠢᠶᠠᠨ ᠰᠢᠢᠳᠪᠦᠷᠢᠯᠡᠬᠦ ᠬᠡᠷᠡᠭᠲᠡᠶ᠃ ︵ᠬᠤᠲᠠ ᠶᠢᠨ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠵᠡᠷᠭᠡ | ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 20. ᠵᠠᠰᠠᠭ ᠤᠨ ᠣᠷᠳᠣᠨ ᠤ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠪᠦᠲᠦᠴᠡ ᠨᠢ ᠵᠦᠢ ᠵᠣᠬᠢᠰᠲᠠᠢ ᠵᠠᠰᠠᠭ ᠤᠨ ᠣᠷᠳᠣᠨ ᠤ | ᠣᠷᠣᠭᠤᠯᠤᠯᠲᠠ ᠶᠢᠨ ᠲᠣᠭᠲᠠᠴᠠ ᠶᠢ ᠰᠤᠳᠤᠯᠤᠨ ᠪᠠᠶᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠢ ᠬᠥᠭᠵᠢᠯᠲᠡ ᠪᠠ | ᠮᠠᠨ ᠤ ᠬᠤᠲᠠ ᠶᠢᠨ ᠭᠠᠵᠠᠷ ᠣᠷᠣᠨ ᠤ ᠣᠨᠴᠠᠯᠢᠭ᠂ ᠨᠡᠶᠢᠭᠡᠮ ᠤᠨ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠵᠢᠴᠢ ᠡᠳ᠋ ᠤᠨ ᠵᠠᠰᠠᠭ ᠤᠨ ᠳᠠᠭᠠᠭᠠᠬᠤ | ᠴᠢᠳᠠᠪᠤᠷᠢ ᠯᠤᠭ᠎ᠠ ᠵᠣᠬᠢᠴᠠᠭᠰᠠᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠪᠦᠷᠢᠨᠰᠢᠭᠦᠯᠵᠦ᠂ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠯᠳᠠᠭᠳᠠᠯ ᠢ ᠨᠥᠬᠦᠪᠦᠷᠢᠯᠡᠬᠦ ᠠᠷᠭ᠎ᠠ ᠪᠠ ᠥᠷᠢ ᠥᠭᠴᠡᠭᠡ ᠶᠢ | ᠠᠷᠢᠯᠭᠠᠬᠤ ᠪᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ᠢ ᠲᠡᠭᠦᠯᠳᠡᠷᠵᠢᠭᠦᠯᠦᠨ᠎ᠡ᠃ ᠭᠠᠵᠠᠷ ᠣᠷᠣᠨ ᠤ ᠬᠥᠭᠵᠢᠯᠲᠡ ᠳᠤ ᠳᠣᠭᠢᠷᠬᠠᠰᠠᠨ ᠲᠣᠭᠲᠠᠭᠤᠨ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠰ ᠤᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠲᠤᠰᠬᠠᠶ ᠠᠵᠢᠯ ᠤᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠪᠣᠯᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠤᠨ ᠣᠷᠣᠭᠤᠯᠤᠯᠲᠠ ᠶᠢ ᠪᠠᠲᠤᠯᠠᠬᠤ | ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠮᠴᠢᠯᠡᠭᠡᠨ ᠤ ᠪᠠᠶᠢᠭᠤᠯᠤᠮᠵᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠡᠭᠦᠷᠭᠡ ᠶᠢ ᠡᠭᠦᠷᠭᠡᠯᠡᠬᠦ ᠵᠠᠷᠤᠳᠠᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ | ᠲᠥᠯᠥᠪᠵᠢᠭᠦᠯᠭᠡ ᠳᠤ ᠨᠡᠶᠢᠴᠡᠬᠦ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠳᠤ ︽ᠵᠢᠷᠭᠤᠭᠠᠨ ᠵᠦᠢᠯ ᠤᠨ ᠣᠷᠣᠭᠤᠯᠤᠯᠲᠠ︾ ᠶᠢᠨ ᠲᠥᠷᠥ ᠶᠢᠨ | ᠪᠣᠳᠣᠯᠭ᠎ᠠ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ᠎ᠠ᠃ ᠦᠷᠬᠦᠯᠵᠢᠯᠡᠨ ᠲᠣᠠᠠᠳᠠᠭᠤᠨ ᠬᠢᠳᠡᠳ ᠡᠮ ᠡᠮᠨᠡᠯᠬᠡ ︵ᠮᠣᠩᠭᠤᠯ ᠡᠮ ᠡᠮᠨᠡᠯᠬᠡ︶ ᠶᠢᠨ | ᠬᠦᠭᠵᠢᠯᠳᠡ ᠶᠢᠨ ᠣᠷᠣᠭᠤᠯᠥᠯᠳᠡ ᠶᠢᠨ ᠲᠣᠠᠠᠳᠡᠴᠠ ᠶᠢ ᠪᠠᠶᠢᠭᠤᠯᠵᠦ᠂ ᠣᠷᠣᠭᠤᠯᠥᠯᠳᠡ ᠬᠢᠬᠦ ᠶᠢᠨ ᠭᠡᠯᠪᠠᠶᠢᠯᠳᠡ ᠶᠢᠨ ᠡᠷᠴᠢᠮ ᠢ ᠴᠢᠩᠭᠠᠷᠡᠭᠤᠯᠥᠨ᠎ᠠ᠃ ︵ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 21. ᠦᠢᠯᠡᠴᠢᠯᠡᠭᠡ ᠬᠤᠳᠠᠯᠳᠤᠨ ᠠᠪᠬᠤ ᠲᠣᠭᠲᠠᠴᠠ ᠶᠢ ᠪᠦᠷᠢᠨᠰᠢᠭᠦᠯᠦᠨ᠎ᠡ᠃ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠲᠥᠷᠥᠯ ᠬᠤᠪᠢᠶᠠᠨ ᠬᠠᠮᠢᠶᠠᠷᠬᠤ᠂ ᠡᠮᠨᠡᠯᠭᠡ ᠶᠢᠨ ᠬᠤᠷᠢᠶ᠎ᠠ ᠣᠷᠣᠯᠴᠠᠬᠤ᠂ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ᠂ ᠬᠥᠳᠡᠯᠦᠩᠭᠦᠶ ᠪᠠᠷ | ᠳᠣᠭᠢᠷᠠᠭᠤᠯᠬᠤ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠲᠣᠭᠲᠠᠴᠠ ᠶᠢ ᠪᠠᠶᠢᠭᠤᠯᠤᠨ᠂ ︽ᠢᠨᠲ᠋ᠧᠷ ᠰᠦᠯᠵᠢᠶ᠎ᠡ︾ ᠶᠢᠨ ᠡᠮᠴᠢᠯᠡᠭᠡᠨ ᠤ ᠦᠢᠯᠡᠴᠢᠯᠡᠭᠡ | ᠂ ᠬᠡᠷ ᠲᠤᠨᠢ ᠬᠦᠷᠴᠦ ᠡᠮᠴᠢᠯᠡᠭᠡᠨ ᠤ ᠦᠢᠯᠡᠴᠢᠯᠡᠭᠡ ᠬᠠᠩᠭᠠᠬᠤ ᠵᠡᠷᠭᠡ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠮᠴᠢᠯᠡᠭᠡᠨ ᠤ | ᠦᠢᠯᠡᠴᠢᠯᠡᠭᠡᠨ ᠤ ᠦᠨ᠎ᠡ ᠬᠠᠩᠰᠢ ᠶᠢᠨ ᠬᠥᠳᠡᠯᠦᠩᠭᠦᠶ ᠲᠣᠬᠢᠷᠠᠭᠤᠯᠤᠯᠲᠠ ᠶᠢ ᠦᠷᠭᠦᠯᠵᠢᠯᠡᠨ ᠠᠬᠢᠭᠤᠯᠵᠤ᠂ ᠣᠯᠠᠨ ᠡᠰᠢᠲᠦ ᠨᠡᠶᠢᠯᠡᠮᠡᠯ ᠮᠠᠶ᠋ᠢᠭ ᠤᠨ ᠡᠮᠴᠢᠯᠡᠭᠡᠨ ᠤ | ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭ ᠲᠤ | ᠨᠡᠶᠢᠴᠡᠭᠰᠡᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠢ ᠪᠦᠷᠢᠨᠰᠢᠭᠦᠯᠦᠨ᠎ᠡ᠃ ᠨᠥᠬᠦᠴᠡᠯ ᠳᠤ ᠨᠡᠶᠢᠴᠡᠬᠦ ᠰᠢᠶᠠᠨ ᠤ ᠬᠡᠪᠴᠢᠶᠡᠨ ᠤ | ᠡᠮᠴᠢᠯᠡᠭᠡᠨ ᠤ ᠬᠠᠮᠲᠤ ᠶᠢᠨ ᠴᠣᠭᠴᠠ ᠳᠤ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠰᠦᠪᠡᠭᠴᠢᠯᠡᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠠᠷᠢᠴᠠᠯ ᠶᠣᠰᠣᠭᠠᠷ ᠡᠮᠴᠢᠯᠡᠭᠡᠨ ᠤ ᠬᠠᠮᠲᠤ ᠶᠢᠨ ᠴᠣᠭᠴᠠ ᠳᠤ ᠳᠠᠭᠠᠭᠠᠴᠢᠯᠠᠭᠤᠯᠤᠨ | ᠥᠭᠬᠦ ᠶᠢ ᠵᠣᠷᠢᠭᠵᠢᠭᠤᠯᠤᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ ᠲᠤᠭ᠎ᠠ ᠪᠠᠷ ᠵᠠᠷᠤᠳᠠᠯ ᠲᠤᠰᠢᠶᠠᠬᠤ᠂ ᠦᠯᠡᠳᠡᠪᠦᠷᠢ ᠶᠢ ᠦᠯᠡᠳᠡᠭᠡᠨ | ᠬᠡᠷᠡᠭᠯᠡᠬᠦ᠂ ᠵᠦᠶ ᠵᠣᠬᠢᠰᠲᠠᠶ ᠬᠡᠲᠦᠷᠡᠭᠦᠯᠦᠨ ᠵᠠᠷᠤᠭᠰᠠᠨ ᠵᠠᠷᠤᠯᠭ᠎ᠠ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠪᠠᠶᠢᠭᠤᠯᠤᠨ᠎ᠠ᠃ ᠦᠨᠳᠣᠰᠣᠡ ᠱᠠᠳᠣᠨ ᠤ | ᠡᠮᠴᠢᠯᠡᠭᠡᠨ ᠤ ᠪᠠᠢᠭᠤᠯᠥᠮᠵᠢ ᠶᠢᠨ ᠡᠮᠴᠢᠯᠡᠭᠡᠨ ᠤ ᠲᠠᠭᠠᠳᠬᠠᠯ ᠤᠨ ᠲᠣᠭᠠᠴᠠᠭ᠎ᠠ ᠬᠢᠬᠦ ᠳᠥᠷᠥ ᠶᠢᠨ ᠪᠤᠳᠣᠯᠭ᠎ᠠ ᠶᠢ ᠰᠢᠯᠢᠳᠡᠭᠵᠢᠬᠦᠯᠵᠦ᠂ ᠡᠮᠴᠢᠯᠡᠭᠡᠨ ᠤ | ᠲᠠᠭᠠᠳᠬᠠᠯ ᠤᠨ ᠳᠡᠩᠰᠡ ᠳᠡᠢᠯᠬᠤ ᠭᠠᠷᠴᠠᠭ ᠲᠤ ᠮᠠᠯᠵᠢᠬᠤ ᠳᠡᠷᠢᠶᠡᠯᠡᠬᠤ ᠣᠷᠣᠨ ᠤ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠳᠥᠷᠦᠯ ᠵᠦᠢᠯ ᠢ ᠨᠡᠮᠡᠵᠦ᠂ ᠡᠮ ᠤᠨ | ᠵᠦᠢᠯ ᠢ ᠲᠤᠭ᠎ᠠ ᠬᠡᠮᠵᠢᠶ᠎ᠠ ᠶᠢ ᠨᠢ ᠬᠤᠳᠠᠯᠳᠣᠨ ᠠᠪᠴᠥ ᠡᠮᠴᠢᠯᠡᠭᠡᠨ ᠤ ᠲᠠᠭᠠᠳᠬᠠᠯ ᠤᠨ ᠪᠡᠯᠡ ᠮᠦᠡᠭᠬᠦ ᠶᠢᠨ ᠦᠯᠡᠳᠡᠪᠦᠷᠢ ᠪᠠᠨ ᠦᠯᠡᠳᠡᠭᠡᠨ ᠭᠡᠷᠡᠭᠯᠡᠬᠦ ᠳᠥᠷᠥ ᠶᠢᠨ | ᠪᠤᠳᠣᠯᠭ᠎ᠠ ᠶᠢ ᠦᠨᠳᠣᠰᠣᠡ ᠱᠠᠳᠣᠨ ᠤ ᠡᠮᠴᠢᠯᠡᠭᠡᠨ ᠡᠷᠡᠬᠦᠯ ᠬᠠᠮᠠᠭᠠᠯᠠᠯ ᠤᠨ ᠪᠠᠢᠭᠤᠯᠥᠮᠵᠢ ᠲᠡᠰᠢ ᠭᠡᠯᠪᠠᠢᠯᠬᠡᠵᠦ᠂ ᠦᠨᠳᠣᠰᠣᠡ ᠱᠠᠳᠣᠨ ᠤ ᠡᠮᠴᠢᠯᠡᠭᠡᠨ ᠡᠷᠡᠬᠦᠯ | ᠬᠠᠮᠠᠭᠠᠯᠠᠯ ᠤᠨ ᠪᠠᠢᠭᠤᠯᠥᠮᠵᠢ ᠶᠢᠨ ᠬᠠᠩᠭᠠᠬᠤ ᠦᠢᠯᠡᠴᠢᠯᠡᠬᠡᠨ ᠢ ᠡᠮᠴᠢᠯᠡᠭᠡᠨ ᠤ ᠦᠢᠯᠡᠴᠢᠯᠡᠬᠡᠨ ᠤ ᠶᠡᠷᠦᠩᠭᠡᠢ ᠭᠡᠮᠵᠢᠶ᠎ᠠ ᠪᠠ ᠡᠮᠴᠢᠯᠡᠭᠡᠨ ᠤ ᠲᠠᠭᠠᠳᠬᠠᠯ ᠤᠨ ᠰᠠᠭᠤᠷᠢ | ᠮᠦᠡᠭᠬᠦ ᠶᠢᠨ ᠲᠣᠭᠠᠴᠠᠭ᠎ᠠ ᠬᠢᠬᠦ ᠲᠣᠮᠳᠡᠬᠢ ᠡᠵᠡᠯᠡᠬᠦ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠬᠦᠯᠥᠨ᠎ᠠ᠃ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠤᠨ ᠡᠮᠨᠡᠯᠭᠡ ᠶᠢᠨ ᠳᠠᠭᠠᠳᠬᠠᠯ ᠤᠨ ᠳ᠋ᠦᠩᠨᠡᠨ ᠪᠣᠳᠣᠬᠤ ᠶᠢ ᠲᠦᠯᠬᠢᠨ ᠠᠬᠢᠭᠤᠯᠵᠤ᠂ ᠨᠥᠬᠦᠴᠡᠯ ᠳᠤ ᠨᠡᠶᠢᠴᠡᠬᠦ ᠭᠠᠴᠠᠭ᠎ᠠ ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠢ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠢᠭ ᠤᠨ ᠬᠠᠮᠢᠶᠠᠷᠤᠯᠲᠠ ᠳᠤ ᠣᠷᠣᠭᠤᠯᠤᠨ᠎ᠠ᠃ ᠭᠡᠷ ᠪᠦᠯᠢ ᠶᠢᠨ ᠡᠮᠴᠢ ᠶᠢᠨ ᠭᠡᠷ᠎ᠠ | ᠲᠣᠠᠠᠳᠠᠨ ᠦᠢᠯᠡᠴᠢᠯᠡᠬᠦ ᠶᠠᠪᠤᠳᠡᠯ ᠢ ᠡᠮᠴᠢᠯᠡᠭᠡᠨ ᠤ ᠲᠠᠭᠠᠳᠬᠠᠯ ᠤᠨ ᠲᠣᠭᠠᠴᠠᠭ᠎ᠠ ᠬᠢᠬᠦ ᠲᠣᠷᠰᠢᠯᠳᠡ ᠶᠢᠨ ᠴᠢᠬ ᠲᠤ ᠣᠷᠣᠭᠤᠯᠬᠤ ᠶᠢ ᠰᠦᠪᠡᠭᠴᠢᠯᠡᠵᠦ᠂ | ᠭᠤᠤᠯᠳᠡᠯᠭ᠎ᠠ ᠲᠠᠢ ᠬᠦᠮᠦᠰ ᠤᠨ ᠬᠦᠮᠦᠨ ᠤ ᠲᠤᠭ᠎ᠠ ᠪᠠᠷ ᠵᠠᠷᠣᠳᠡᠯ ᠲᠣᠰᠢᠶᠡᠬᠤ ᠶᠢ ᠰᠦᠪᠡᠭᠴᠢᠯᠡᠨ᠂ ᠵᠢᠯ ᠤᠨ ᠰᠡᠬᠦᠯᠴᠢ ᠶᠢᠨ ᠦᠯᠡᠳᠡᠪᠦᠷᠢ ᠶᠢ ᠦᠯᠡᠳᠡᠭᠡᠨ | ᠭᠡᠷᠡᠭᠯᠡᠵᠦ᠂ ᠭᠡᠷ ᠪᠦᠯᠢ ᠶᠢᠨ ᠡᠮᠴᠢ ᠶᠢᠨ ᠭᠡᠷ᠎ᠠ ᠲᠣᠠᠠᠳᠠᠨ ᠦᠢᠯᠡᠴᠢᠯᠡᠬᠦ ᠢᠳᠡᠪᠬᠢᠵᠢᠯ ᠢ ᠳᠡᠭᠡᠭᠰᠢᠯᠡᠬᠦᠯᠦᠨ᠎ᠡ᠃ ᠣᠷᠳᠣ ᠬᠤᠭᠤᠴᠠᠭᠠᠨ ᠤ ᠰᠣᠪᠢᠯᠠᠯᠳᠡ ᠶᠢᠨ | ᠲᠠᠭᠠᠳᠬᠠᠯ ᠤᠨ ᠳᠥᠷᠢᠮ ᠢ ᠴᠠᠭ ᠲᠤᠨᠢ ᠵᠤᠬᠢᠴᠠᠭᠤᠯᠥᠨ ᠪᠠᠶᠢᠭᠤᠯᠵᠦ᠂ ᠭᠡᠷ ᠲᠡᠭᠡᠨ ᠰᠠᠭᠤᠵᠦ ᠪᠠᠶᠢᠭ᠎ᠠ ᠠᠯᠥᠰ ᠡᠵᠡᠮᠰᠢᠯᠳᠦ ᠡᠮᠴᠢᠯᠡᠭᠡ ᠪᠠ ᠬᠢᠨᠡᠨ ᠬᠠᠮᠠᠭᠠᠯᠠᠬᠤ᠂ | ᠭᠡᠷ ᠪᠦᠯᠢ ᠶᠢᠨ ᠡᠪᠡᠳᠴᠢᠳᠡᠨ ᠤ ᠣᠷᠦ᠂ ᠭᠡᠷ ᠲᠡᠭᠡᠨ ᠰᠠᠭᠤᠵᠤ ᠰᠣᠪᠢᠯᠠᠬᠤ᠂ ᠭᠡᠷ ᠢᠶᠠᠨ ᠲᠣᠭᠲᠠᠭᠠᠵᠤ ᠦᠢᠯᠡᠴᠢᠯᠡᠬᠦ ᠵᠡᠷᠭᠡ ᠭᠡᠷ ᠲᠡᠭᠡᠨ ᠰᠠᠭᠤᠵᠤ ᠡᠮᠴᠢᠯᠡᠬᠦ | ᠦᠢᠯᠡᠴᠢᠯᠡᠭᠡ ᠪᠠᠷ ᠲᠣᠭᠠᠴᠠᠭ᠎ᠠ ᠬᠢᠬᠦ ᠳᠥᠷᠥ ᠶᠢᠨ ᠪᠤᠳᠣᠯᠭ᠎ᠠ ᠶᠢ ᠳᠡᠬᠦᠯᠳᠡᠷᠵᠢᠬᠦᠯᠥᠨ᠎ᠠ᠃ ︵ᠬᠤᠲᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 22. ᠮᠡᠳᠡᠭᠡ ᠵᠠᠩᠭᠢ ᠶᠢᠨ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ ︽ᠢᠨᠲ᠋ᠧᠷ ᠰᠦᠯᠵᠢᠶ᠎ᠡ ᠶᠢᠨ ᠡᠮᠴᠢᠯᠡᠭᠡ | ᠡᠷᠡᠭᠦᠯ ᠮᠡᠨᠳᠦ︾ ᠶᠢ ᠭᠦᠭᠵᠢᠬᠦᠯᠵᠦ᠂ ᠢᠨᠲ᠋ᠧᠷ ᠰᠦᠯᠵᠢᠶ᠎ᠡ᠂ ᠬᠡᠰᠡᠭ ᠲᠠᠬᠢ ᠬᠡᠯᠬᠢᠶ᠎ᠡ᠂ ᠪᠣᠳᠠᠰᠯᠢᠭ ᠬᠤᠯᠪᠣᠭᠠᠲᠤ ᠰᠦᠯᠵᠢᠶ᠎ᠡ᠂ ᠬᠢᠮᠡᠯ ᠤᠶᠤᠨ᠂ ᠡᠭᠦᠯᠡᠨ | ᠪᠤᠳᠤᠯᠲᠠ᠂ ᠲᠤᠮᠤ ᠳ᠋ᠠᠶᠢᠲ᠋ᠠ ᠵᠡᠷᠭᠡ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠬᠡᠷᠡᠭᠯᠡᠯᠲᠡ ᠶᠢ ᠲᠦᠷᠬᠡᠳᠬᠡᠨ ᠠᠬᠢᠭᠤᠯᠤᠨ᠎ᠠ᠃ ᠤᠶᠤᠨᠴᠢ ᠡᠮᠨᠡᠯᠭᠡ ᠶᠢᠨ | ᠬᠤᠷᠢᠶ᠎ᠠ ᠶᠢ ᠲᠦᠷᠭᠡᠳᠬᠡᠨ ᠪᠠᠶᠢᠭᠤᠯᠵᠤ᠂ ᠴᠠᠭ ᠬᠤᠪᠢᠶᠠᠨ ᠪᠣᠯᠵᠣᠵᠤ ᠣᠨᠣᠰᠢᠯᠠᠨ ᠡᠮᠨᠡᠬᠦ ᠪᠠ ᠪᠠᠶᠢᠴᠠᠭᠠᠨ ᠰᠢᠯᠭᠠᠬᠤ ᠳᠤ ᠲᠥᠪᠯᠡᠷᠡᠭᠦᠯᠦᠨ ᠪᠣᠯᠵᠣᠬᠤ | ᠦᠢᠯᠡᠴᠢᠯᠡᠭᠡ ᠶᠢ ᠳᠡᠮᠵᠢᠵᠦ᠂ ᠡᠮᠴᠢᠯᠡᠭᠡᠨ ᠤ ᠲᠠᠰᠤᠯᠭ᠎ᠠ ᠳᠤ ᠳ᠋ᠦᠩᠨᠡᠨ ᠪᠤᠳᠤᠬᠤ᠂ ᠰᠢᠯᠵᠢᠮᠡᠯ ᠲᠣᠭᠠᠴᠠᠭ᠎ᠠ ᠬᠢᠬᠦ᠂ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ᠂ | ᠡᠮ ᠤᠨ ᠵᠦᠢᠯ ᠢ ᠳᠣᠭᠢᠷᠠᠭᠤᠯᠤᠨ ᠬᠦᠷᠭᠡᠬᠦ ᠵᠡᠷᠭᠡ ᠦᠢᠯᠡᠴᠢᠯᠡᠭᠡ ᠶᠢ ᠳᠡᠯᠭᠡᠷᠡᠭᠦᠯᠦᠨ᠎ᠡ᠃ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ | ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠳᠤ ᠲᠦᠰᠢᠭᠯᠡᠨ᠂ ᠦᠨᠳᠦᠰᠦᠨ ᠱᠠᠲᠤᠨ ᠤ ᠨᠢᠭᠡ ᠴᠣᠭᠴᠠᠵᠢᠭᠤᠯᠤᠭᠰᠠᠨ ᠮᠡᠳᠡᠭᠡ ᠵᠠᠩᠭᠢ ᠶᠢᠨ ᠰᠢᠰᠲ᠋ᠧᠮ ᠢ | ᠪᠠᠶᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠦᠷᠢᠶᠡᠨ ᠳᠠᠬᠢ ᠮᠡᠳᠡᠭᠡ ᠵᠠᠩᠭᠢ ᠶᠢᠨ ᠰᠢᠰᠲ᠋ᠧᠮ ᠬᠢᠭᠡᠳ ᠦᠨᠳᠦᠰᠦᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠲᠤᠭ᠎ᠠ ᠪᠠᠷᠢᠮᠲᠠ ᠪᠠᠨ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠪᠥᠬᠦ ᠠᠷᠠᠳ ᠤᠨ ᠡᠷᠡᠭᠦᠯ ᠮᠡᠨᠳᠦ ᠶᠢᠨ | ᠮᠡᠳᠡᠭᠡ ᠵᠠᠩᠭᠢ ᠶᠢᠨ ᠲᠠᠪᠴᠠᠩ᠂ ᠪᠥᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ᠂ ᠡᠯᠧᠺᠲᠷᠣᠨ ᠡᠪᠡᠳᠴᠢᠨ ᠤ ᠥᠩᠭᠡᠷᠡᠯᠲᠡ᠂ ᠡᠷᠡᠭᠦᠯ | ᠮᠡᠨᠳᠦ ᠶᠢᠨ ᠡᠯᠧᠺᠲᠷᠣᠨ ᠲᠠᠩᠰᠠ ᠡᠪᠬᠡᠮᠡᠯ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠮᠡᠳᠡᠭᠡ ᠵᠠᠩᠭᠢ ᠯᠤᠭ᠎ᠠ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠬᠦ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠎ᠡ᠃ ᠰᠠᠯᠠᠭ᠎ᠠ ᠮᠦᠴᠢᠷ ᠠᠯᠥᠰᠯᠬᠠᠰᠠᠨ᠂ ᠪᠠᠶᠢᠭᠤᠯᠥᠮᠵᠢ ᠠᠯᠥᠰᠯᠬᠠᠰᠠᠨ | ᠣᠯᠡᠨ ᠨᠡᠶᠢᠲᠡ ᠶᠢᠨ ᠡᠷᠡᠬᠦᠯ ᠬᠠᠮᠠᠭᠠᠯᠠᠯ ᠤᠨ ᠲᠤᠭ᠎ᠠ ᠪᠡᠷᠢᠮᠳᠡ ᠶᠢ ᠬᠠᠮᠳᠣᠪᠡᠷ ᠬᠦᠷᠲᠡᠵᠦ ᠲᠣᠬᠢᠷᠡᠭᠤᠯᠬᠤ ᠲᠣᠠᠠᠳᠡᠴᠠ ᠪᠠ ᠣᠶᠣᠨᠵᠢᠭᠤᠯᠥᠠᠠᠰᠠᠨ ᠣᠷᠢᠳᠴᠢᠯᠡᠨ | ᠰᠡᠷᠡᠮᠵᠢᠯᠡᠬᠦᠯᠬᠦ ᠣᠯᠡᠨ ᠴᠢᠬ ᠲᠤ ᠬᠦᠨᠳᠡᠬᠦ ᠲᠣᠠᠠᠳᠡᠴᠠ ᠶᠢ ᠪᠠᠶᠢᠭᠤᠯᠥᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠲᠦᠷᠦᠭᠦᠯᠡᠨ ᠬᠠᠷᠢᠭᠤᠴᠠᠨ᠎ᠠ︶ | 23. ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠪᠣᠯᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ | ᠦᠢᠯᠡᠴᠢᠯᠡᠭᠡᠨ ᠤ ᠬᠦᠴᠦᠨ ᠵᠦᠢᠯ ᠤᠨ ᠵᠥᠪᠰᠢᠶᠡᠷᠡᠨ ᠣᠷᠣᠭᠤᠯᠬᠤ᠂ ᠶᠠᠰᠤ ᠴᠢᠨᠠᠷ ᠪᠠ ᠠᠮᠤᠷ ᠲᠦᠪᠰᠢᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ | ᠪᠠᠶᠢᠭᠤᠯᠤᠮᠵᠢ ᠶᠢᠨ ᠠᠵᠢᠯᠯᠠᠭᠠᠨ᠂ ᠠᠵᠢᠯᠯᠠᠭᠰᠠᠳ᠂ ᠦᠢᠯᠡᠴᠢᠯᠡᠭᠡᠨ ᠤ ᠦᠢᠯᠡ ᠠᠵᠢᠯᠯᠠᠭ᠎ᠠ᠂ ᠡᠮᠴᠢᠯᠡᠭᠡᠨ ᠤ ᠵᠠᠷᠤᠳᠠᠯ᠂ ᠠᠵᠢᠯ ᠲᠥᠷᠥᠯ ᠤᠨ ᠡᠮᠬᠢ ᠳᠢᠭᠯᠢᠮ ᠪᠠ | ᠡᠷᠡᠭᠦᠯ ᠮᠡᠨᠳᠦ ᠶᠢᠨ ᠠᠵᠤ ᠦᠢᠯᠡᠰ ᠤᠨ ᠬᠢᠨᠠᠯᠲᠠ ᠬᠠᠮᠢᠶᠠᠷᠤᠯᠲᠠ ᠶᠢ ᠭᠤᠤᠯᠳᠠᠯᠭ᠎ᠠ ᠲᠠᠢ ᠴᠢᠩᠭᠠᠳᠬᠠᠬᠤ ᠬᠡᠷᠡᠭᠲᠡᠶ᠃ ᠵᠠᠰᠠᠭ ᠤᠨ ᠣᠷᠳᠣᠨ ᠤ ᠬᠢᠨᠠᠯᠲᠠ | ᠬᠠᠮᠢᠶᠠᠷᠤᠯᠲᠠ ᠪᠠᠷ ᠭᠤᠤᠯᠯᠠᠭᠰᠠᠨ᠂ ᠭᠤᠷᠪᠠᠳᠠᠬᠢ ᠡᠲᠡᠭᠡᠳ ᠤᠨ ᠬᠢᠨ ᠥᠷᠭᠡᠨ ᠢᠶᠠᠷ ᠣᠷᠣᠯᠴᠠᠭᠰᠠᠨ᠂ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠪᠡᠷ ᠢ ᠪᠠᠨ ᠬᠠᠮᠢᠶᠠᠷᠬᠤ ᠪᠠ ᠨᠡᠶᠢᠭᠡᠮ ᠤᠨ ᠬᠢᠨᠠᠯᠲᠠ ᠲᠠᠯᠪᠢᠬᠤ ᠪᠠᠷ ᠨᠥᠬᠦᠪᠥᠷᠢ ᠪᠣᠯᠭᠠᠭᠰᠠᠨ ᠣᠯᠠᠨ ᠡᠰᠢᠵᠢᠭᠰᠡᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ | ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠠᠵᠢᠯ ᠲᠥᠷᠥᠯ ᠤᠨ ᠰᠤᠷᠲᠠᠯ ᠤᠨ | ᠪᠠᠶᠢᠭᠤᠯᠤᠯᠲᠠ ᠶᠢᠨ ᠠᠵᠢᠯ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠡᠮ ᠡᠮᠨᠡᠯᠭᠡ ᠶᠢᠨ ᠬᠦᠷᠢᠶᠡᠨ ᠤ ᠢᠯᠵᠠᠷᠠᠯ ᠤᠨ ᠠᠰᠠᠭᠤᠳᠠᠯ ᠢ ᠵᠠᠰᠠᠬᠤ ᠤᠷᠲᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠠᠷᠢᠭᠤᠨ ᠴᠢᠬᠡᠴᠢ ᠪᠠᠷ ᠠᠵᠢᠯ ᠡᠷᠬᠢᠯᠡᠬᠦ ᠲᠤᠰᠬᠠᠶ ᠠᠵᠢᠯᠯᠠᠭ᠎ᠠ ᠶᠢ | ᠥᠷᠨᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ᠂ ᠰᠠᠬᠢᠯᠭ᠎ᠠ ᠪᠠᠲᠤ ᠶᠢ ᠬᠡᠷᠡᠭᠵᠢᠭᠦᠯᠵᠦ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠂ ᠠᠯᠪᠠᠨ ᠠᠴᠠ | ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷ ᠢ ᠬᠠᠮᠠᠭᠠᠯᠠᠵᠤ᠂ ᠨᠡᠶᠢᠭᠡᠮ ᠠᠴᠠ ᠡᠷᠬᠢᠯᠡᠭᠰᠡᠨ | ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ︶ | ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠭᠦᠨ ᠢ ᠵᠠᠰᠠᠭ ᠤᠨ ᠣᠷᠳᠣᠨ ᠤ ᠠᠵᠢᠯ ᠤᠨ ᠬᠠᠷᠠᠯᠲᠠ ᠪᠣᠯᠤᠨ ᠬᠢᠨᠠᠨ | ᠰᠢᠯᠭᠠᠬᠤ ᠬᠠᠷᠠᠯᠲᠠ ᠳᠤ ᠣᠷᠣᠭᠤᠯᠵᠤ᠂ ᠪᠣᠳᠠᠲᠠᠶ ᠬᠡᠷᠡᠭᠵᠢᠭᠦᠯᠬᠦ ᠲᠥᠰᠦᠯ ᠲᠣᠭᠲᠠᠭᠠᠵᠤ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ᠂ ᠭᠠᠵᠠᠷ | ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠬᠤ ᠬᠡᠷᠡᠭᠲᠡᠶ᠃ | ︵ᠬᠤᠶᠠᠷ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ | ᠬᠢᠨᠠᠮᠠᠭᠠᠶ ᠭᠦᠢᠴᠡᠳᠬᠡᠵᠦ᠂ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠨᠠᠷᠢᠯᠢᠭᠵᠢᠭᠤᠯᠤᠨ᠂ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ | ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠪᠠᠶᠠᠨᠨᠠᠭᠤᠷ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ | ᠬᠠᠮᠵᠢᠯᠴᠠᠨ ᠠᠬᠢᠭᠤᠯᠬᠤ ᠬᠡᠷᠡᠭᠲᠡᠶ᠃ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠬᠢᠨᠠᠨ ᠰᠢᠨᠵᠢᠵᠦ ᠦᠨᠡᠯᠡᠬᠦ ᠲᠣᠭᠲᠠᠴᠠ ᠶᠢ | ᠪᠠᠶᠢᠭᠤᠯᠵᠤ᠂ ᠰᠢᠮᠳᠠᠭᠤᠯᠤᠨ ᠪᠠᠶᠢᠴᠠᠭᠠᠵᠤ ᠦᠨᠡᠯᠡᠨ ᠵᠢᠱᠢᠬᠦ ᠶᠢ ᠴᠢᠩᠭᠠᠳᠬᠠᠨ᠂ ᠲᠣᠭᠲᠠᠮᠠᠯ ᠬᠤᠭᠤᠴᠠᠭ᠎ᠠ ᠲᠠᠢ ᠪᠠᠷ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ | ᠠᠰᠠᠭᠤᠬᠤ ᠬᠡᠷᠡᠭᠲᠡᠢ᠃ | ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠦᠭᠡᠷᠡᠴᠢᠯᠡᠯᠳᠡ ᠶᠢᠨ ᠬᠠᠷᠡᠯᠳᠡ ᠪᠠ ᠭᠤᠤᠯᠳᠡᠯᠭ᠎ᠠ ᠲᠠᠢ ᠡᠬᠦᠷᠭᠡ ᠶᠢᠨ | ᠲᠤᠭᠤᠷᠢᠨ ᠳᠤ ᠠᠵᠢᠯ ᠤᠨ ᠠᠬᠢᠴᠠ ᠪᠠ ᠦᠷ᠎ᠠ ᠪᠦᠳᠦᠮᠵᠢ ᠶᠢ ᠢᠳᠡᠪᠬᠢᠳᠡᠢ ᠪᠠᠷ ᠣᠬᠠᠭᠤᠯᠵᠦ᠂ ᠳᠥᠷᠥ ᠶᠢᠨ ᠪᠤᠳᠣᠯᠭ᠎ᠠ ᠶᠢᠨ ᠳᠡᠶᠢᠯᠥᠮᠵᠢ ᠪᠠ ᠬᠠᠮᠢᠶ᠎ᠠ ᠪᠦᠬᠦᠢ | ᠪᠤᠯᠪᠠᠰᠣᠷᠡᠭᠤᠯᠥᠯ ᠢ ᠰᠠᠶᠢᠳᠣᠷ ᠬᠢᠵᠦ᠂ ᠰᠠᠶᠢᠨ ᠠᠷᠭ᠎ᠠ ᠪᠠᠷᠢᠯ ᠪᠠ ᠲᠣᠷᠰᠢᠯᠭ᠎ᠠ ᠶᠢ ᠴᠠᠭ ᠲᠣᠬᠠᠢ ᠳᠤᠨᠢ ᠳ᠋ᠦᠩᠨᠡᠨ ᠳᠡᠯᠭᠡᠷᠡᠬᠦᠯᠵᠦ᠂ ᠨᠡᠶᠢᠭᠡᠮ ᠤᠨ ᠠᠩᠬᠠᠷᠴᠥ | ᠪᠦᠬᠦᠢ ᠵᠦᠢᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠦᠭᠴᠥ᠂ ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠦᠭᠡᠷᠡᠴᠢᠯᠡᠯᠳᠡ | ᠬᠦᠭᠵᠢᠯᠳᠡ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠤᠭᠤᠷᠢᠨ ᠢ ᠪᠤᠢ ᠪᠤᠯᠭᠠᠨ᠎ᠠ᠃ | | | | | | | | | | |