9 ᠰᠠᠷ᠎ᠠ ᠶᠢᠨ 9 ᠤ ᠡᠳᠦᠷ᠂ ᠮᠠᠨ ᠤ ᠬᠤᠲᠠ ᠶᠢᠨ 2024 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ | ᠡᠬᠢᠯᠡᠯᠲᠡ ᠶᠢᠨ ᠶᠣᠰᠣᠯᠠᠯ ᠤᠷᠠᠳ ᠤᠨ ᠬᠤᠶᠢᠲᠤ ᠬᠤᠰᠢᠭᠤᠨ ᠳᠤ ᠶᠠᠪᠤᠭᠳᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ︽ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ ᠰᠦᠯᠵᠢᠶᠡᠨ ᠤ ᠪᠣᠯᠪᠠᠰᠤᠨ ᠤ ᠨᠡᠶᠢᠲᠡ ᠶᠢᠨ ᠭᠡᠷ᠎ᠡ︾᠂ ︽ | ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ ᠨᠡᠶᠢᠲᠡᠯᠡᠵᠦ᠂ ᠠᠵᠢᠯᠲᠠᠳ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠤᠬᠠᠭᠤᠯᠪᠠ᠃ | ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ ᠮᠠᠨ ᠤ ᠬᠤᠲᠠ ᠡᠯᠪᠡᠭ ᠪᠠᠶᠠᠯᠢᠭ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠭᠤᠷᠬᠢ ᠠᠵᠢᠯᠯᠠᠭ᠎ᠠ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠡᠳᠦᠷ᠂ ᠴᠠᠬᠢᠯᠭᠠᠨ ᠬᠤᠯᠪᠣᠭᠠᠨ ᠤ ᠡᠳᠦᠷ᠂ ᠬᠠᠤᠯᠢ ᠪᠠᠷ ᠵᠠᠰᠠᠬᠤ | ᠡᠳᠦᠷ᠂ ᠮᠥᠩᠭᠦᠨ ᠭᠦᠢᠯᠭᠡᠭᠡᠨ ᠤ ᠡᠳᠦᠷ᠂ ᠵᠠᠯᠠᠭᠤᠴᠤᠳ ᠪᠠᠭᠠᠴᠤᠳ ᠤᠨ ᠡᠳᠦᠷ᠂ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠡᠳᠦᠷ ᠵᠡᠷᠭᠡ ᠬᠤᠪᠢᠶᠠᠷᠢ | ᠬᠦᠷᠢᠶ᠎ᠡ ᠴᠠᠷᠠᠭ᠎ᠠ᠂ ᠣᠯᠠᠨ ᠲᠠᠯᠠᠪᠤᠷ ᠭᠤᠤᠯ ᠰᠡᠳᠦᠪᠲᠦ ᠡᠳᠦᠷ ᠤᠨ ᠠᠵᠢᠯᠯᠠᠭ᠎ᠠ ᠥᠷᠨᠢᠭᠦᠯᠬᠦ ᠪᠠᠷ ᠪᠠᠶᠢᠨ᠎ᠠ᠃ | ᠠᠵᠢᠯᠯᠠᠭ᠎ᠠ ᠶᠢᠨ ᠵᠣᠷᠢᠯᠭ᠎ᠠ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠰᠦᠯᠵᠢᠶᠡᠨ ᠤ | ᠠᠮᠤᠷ ᠲᠦᠪᠰᠢᠨ ᠢ ᠠᠷᠠᠳ ᠲᠦᠮᠡᠨ ᠤ ᠲᠥᠯᠥᠭᠡ ᠪᠣᠯᠭᠠᠬᠤ᠂ ᠰᠦᠯᠵᠢᠶᠡᠨ ᠤ ᠠᠮᠤᠷ ᠲᠦᠪᠰᠢᠨ ᠢ ᠠᠷᠠᠳ ᠲᠦᠮᠡᠨ ᠳᠤ ᠲᠦᠰᠢᠭᠯᠡᠬᠦ ᠶᠢ ᠪᠠᠷᠢᠮᠲᠠᠯᠠᠵᠤ᠂ | ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠪᠠ ᠤᠷ᠎ᠠ ᠴᠢᠳᠠᠪᠤᠷᠢ ᠶᠢ ᠥᠷᠭᠡᠨ ᠢᠶᠠᠷ ᠤᠬᠠᠭᠤᠯᠤᠨ ᠲᠦᠭᠡᠮᠡᠯᠵᠢᠭᠦᠯᠬᠦ ᠪᠠᠷ ᠳᠠᠮᠵᠢᠭᠤᠯᠤᠨ᠂ ᠪᠦᠬᠦ ᠨᠡᠶᠢᠭᠡᠮ ᠤᠨ | ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠪᠠ ᠰᠦᠯᠵᠢᠶᠡᠨ ᠤ ᠪᠣᠯᠪᠠᠰᠤᠨ ᠤ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠮᠲᠤᠪᠠᠷ | ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠰᠦᠯᠵᠢᠶᠡᠨ ᠤ ᠣᠷᠣᠨ ᠵᠠᠢ ᠶᠢᠨ ᠰᠦᠷ ᠳᠠᠯᠠᠶᠢᠴᠠᠲᠠᠢ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠶᠢᠨ | ᠲᠥᠯᠥᠭᠡ ᠶᠤᠮ᠃ | |